2025 ᠣᠨ ᠤ ᠮᠠᠨ ᠤ ᠤᠷᠤᠨ ᠤ ᠲᠠᠷᠢᠶᠠᠯᠠᠩ ᠤᠨ ᠭᠤᠣᠯᠯᠠᠬᠤ ᠡᠭᠦᠯᠳᠡᠷ ᠪᠠ ᠭᠤᠣᠯ ᠮᠡᠷᠭᠡᠵᠢᠯ ᠢ ᠲᠠᠨᠢᠯᠴᠠᠭᠤᠯᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/11/5
      ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠤᠷᠭᠠᠨ ᠤ ︽2025 ᠣᠨ ᠤ ᠲᠠᠷᠢᠶᠠᠯᠠᠩ ᠤᠨ ᠭᠤᠣᠯᠯᠠᠬᠤ ᠡᠭᠦᠯᠳᠡᠷ ᠭᠤᠣᠯ ᠮᠡᠷᠭᠡᠵᠢᠯ ᠢ ᠰᠢᠯᠢᠨ ᠰᠣᠩᠭᠤᠵᠤ ᠲᠠᠨᠢᠯᠴᠠᠭᠤᠯᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠲᠢᠩᠬᠢᠮ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠳᠡᠭᠡᠳᠦ ᠰᠤᠷᠭᠠᠭᠤᠯᠢ ᠪᠠ ᠳᠡᠯᠭᠡᠷᠡᠭᠦᠯᠬᠦ ᠪᠠᠶᠢᠭᠤᠯᠤᠮᠵᠢ ᠠᠴᠠ 2025 ᠣᠨ ᠤ ᠲᠠᠷᠢᠶᠠᠯᠠᠩ ᠤᠨ ᠭᠤᠣᠯᠯᠠᠬᠤ ᠡᠭᠦᠯᠳᠡᠷ ᠪᠠ ᠭᠤᠣᠯ ᠮᠡᠷᠭᠡᠵᠢᠯ ᠢ ᠡᠯᠰᠡᠨ ᠴᠤᠭᠯᠠᠭᠤᠯᠵᠤ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠪᠠᠶᠢᠭᠠᠳ ᠡᠯᠰᠡᠨ ᠴᠤᠭᠯᠠᠭᠤᠯᠤᠭᠰᠠᠨ 133 ᠬᠤᠪᠢ ᠮᠡᠳᠡᠭᠦᠯᠦᠯᠲᠡ ᠶᠢᠨ ᠮᠠᠲ᠋ᠧᠷᠢᠶᠠᠯ ᠢ ᠰᠢᠯᠢᠨ ᠰᠤᠩᠭᠤᠵᠤ ᠬᠢᠨᠠᠨ ᠰᠢᠯᠭᠠᠷᠠᠭᠤᠯᠪᠠ᠃ ᠬᠢᠨᠠᠨ ᠰᠢᠯᠭᠠᠷᠠᠭᠤᠯᠬᠤ ᠪᠠᠷ ᠳᠡᠮᠵᠢᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠳᠤ 10 ᠭᠤᠣᠯᠯᠠᠬᠤ ᠡᠭᠦᠯᠳᠡᠷ᠂ 10 ᠵᠦᠢᠯ ᠤᠨ ᠭᠤᠣᠯ ᠮᠡᠷᠭᠡᠵᠢᠯ ᠢ ᠲᠠᠨᠢᠯᠴᠠᠭᠤᠯᠬᠤ ᠪᠠᠷ ᠪᠣᠶ᠂ ᠡᠳᠦᠭᠡ ᠵᠠᠷᠯᠠᠨ ᠨᠡᠶᠢᠲᠡᠯᠡᠵᠤ ᠪᠠᠶᠢᠨ᠎ᠠ᠃       ᠵᠠᠷᠯᠠᠨ ᠨᠡᠶᠢᠲᠡᠯᠡᠬᠦ ᠬᠤᠭᠤᠴᠠᠭ᠎ᠠ ᠨᠢ 2024 ᠣᠨ ᠤ 11 ᠰᠠᠷ᠎ᠠ ᠶᠢᠨ 5 ᠤ ᠡᠳᠦᠷ ᠠᠴᠠ 11 ᠰᠠᠷ᠎ᠠ ᠶᠢᠨ 11 ᠤ ᠡᠳᠦᠷ ᠪᠣᠯᠲᠠᠯ᠎ᠠ᠂ ᠬᠡᠷᠪᠡ ᠣᠨᠳᠣᠣ ᠰᠠᠨᠠᠯ ᠲᠠᠢ ᠪᠣᠯ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠪᠠᠶᠢᠭᠤᠯᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠤᠶᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠵᠠᠷ ᠲᠤ ᠳᠤᠰᠬᠠᠭᠠᠷᠠᠢ᠃      ᠨᠢᠭᠡ᠂ ᠭᠤᠣᠯᠯᠠᠬᠤ ᠡᠭᠦᠯᠳᠡᠷ ︵10︶      ︵ᠨᠢᠭᠡ︶ ᠲᠠᠷᠢᠮᠠᠯ ᠤᠨ ᠭᠤᠣᠯᠯᠠᠬᠤ ᠡᠭᠦᠯᠳᠡᠷ ︵6︶      1.ᠡᠷᠳᠡᠨᠢ ᠰᠢᠰᠢ ︽ᠯᠢ ᠾᠧ 1D︾      2.ᠡᠷᠳᠡᠨᠢ ᠰᠢᠰᠢ ︽ᠢᠦᠢ ᠹᠧᠩ 303D︾      3.ᠪᠤᠭᠤᠳᠠᠢ ︽ᠪᠠᠮᠠᠢ 13 ᠳ᠋ᠤᠭᠠᠷ︾      4.ᠰᠢᠷ᠎ᠠ ᠪᠤᠷᠴᠠᠭ ︽ᠳ᠋ᠧᠩ ᠺᠧ 5 ᠳ᠋ᠤᠭᠠᠷ︾      5.ᠰᠢᠷ᠎ᠠ ᠪᠤᠷᠴᠠᠭ ︽ᠮᠧᠩ ᠳ᠋ᠸᠦ 1137︾      6.ᠨᠠᠷᠢᠮᠤ ︽ ᠶᠢᠨ ᠮᠢᠶᠣᠣ K1︾      ︵ᠬᠤᠶᠠᠷ︶ ᠮᠠᠯ ᠵᠢᠭᠦᠷᠲᠡᠨ ᠤᠰᠤᠨ ᠭᠠᠷᠤᠯᠲᠠ ᠶᠢᠨ ᠭᠤᠣᠯᠯᠠᠬᠤ ᠡᠭᠦᠯᠳᠡᠷ ︵4︶      1.ᠬᠤᠸᠠ ᠮᠧᠩ ᠠᠯᠠᠰᠢᠨ ᠬᠤᠨᠢ      2.ᠵᠤᠤ ᠤᠳᠠ ᠠᠯᠠᠰᠢᠨ ᠬᠤᠨᠢ      3.ᠳ᠋ᠦ᠋ ᠮᠧᠩ ᠬᠤᠨᠢ      4.ᠬᠤᠸᠠ ᠰᠢ ᠦᠬᠡᠷ       ᠬᠤᠶᠠᠷ᠂ ᠭᠤᠣᠯ ᠲᠠᠨᠢᠯᠴᠠᠭᠤᠯᠬᠤ ᠮᠡᠷᠭᠡᠵᠢᠯ ︵10 ᠵᠦᠢᠯ︶      1.ᠪᠤᠭᠤᠳᠠᠢ ᠶᠢᠨ ᠲᠠᠷᠠᠭ᠎ᠠ ᠨᠣᠭᠤᠭᠠᠨ ᠪᠤᠷᠳᠤᠭ᠎ᠠ ᠶᠢ ᠳᠠᠬᠢᠨ ᠲᠠᠷᠢᠵᠦ ᠲᠡᠵᠢᠭᠡᠯ ᠪᠣᠷᠳᠤᠭ᠎ᠠ ᠶᠢ ᠥᠷᠭᠡᠳᠬᠡᠨ ᠪᠡᠯᠴᠢᠭᠡᠷ ᠢ ᠨᠡᠮᠡᠭᠳᠡᠭᠦᠯᠵᠦ ᠭᠠᠵᠠᠷ ᠤᠨ ᠰᠢᠮ᠎ᠡ ᠶᠢ ᠳᠡᠭᠡᠭᠰᠢᠯᠡᠭᠦᠯᠬᠦ ᠮᠡᠷᠭᠡᠵᠢᠯ      2.ᠨᠣᠬᠠᠢ ᠶᠢᠨ ᠬᠤᠰᠢᠭᠤ ᠶᠢᠨ ︽ᠰᠢᠨ᠎ᠡ ᠡᠭᠦᠯᠳᠡᠷ + ᠰᠢᠨ᠎ᠡ ᠦᠢᠯᠡᠳᠬᠦᠨ + ᠰᠢᠨ᠎ᠡ ᠮᠡᠷᠭᠡᠵᠢᠯ︾ ᠤᠨ ᠭᠠᠩ ᠢ ᠡᠰᠡᠷᠭᠦᠴᠡᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ ᠪᠣᠬᠢᠷᠲᠤᠯ ᠦᠭᠡᠢ ᠳᠠᠷᠢᠵᠤ ᠪᠣᠶᠢᠵᠢᠭᠤᠯᠬᠤ ᠮᠡᠷᠭᠡᠵᠢᠯ      3.ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠶᠢᠨ ᠮᠡᠷᠭᠡᠵᠢᠯ ᠢ ᠣᠨᠣᠴᠢᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ      4.ᠡᠷᠳᠡᠨᠢ ᠰᠢᠰᠢ ᠶᠢ ᠪᠦᠷᠬᠦᠬᠦᠪᠴᠢ ᠦᠭᠡᠢ ᠪᠠᠷ ᠭᠦᠢᠬᠡᠨ ᠪᠤᠯᠠᠵᠤ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ      5.ᠰᠢᠷ᠎ᠠ ᠪᠤᠷᠴᠠᠭ ᠤᠨ ᠲᠣᠮᠣ ᠳᠠᠯᠠᠩ ᠳᠤ ᠨᠢᠭᠲᠠ ᠲᠠᠷᠢᠵᠤ ᠭᠦᠢᠬᠡᠨ ᠪᠤᠯᠠᠵᠤ ᠳᠤᠰᠤᠯᠭᠠᠨ ᠤᠰᠤᠯᠠᠬᠤ ᠳᠠᠷᠢᠵᠤ ᠪᠣᠶᠢᠵᠢᠭᠤᠯᠬᠤ ᠮᠡᠷᠭᠡᠵᠢᠯ      6.ᠲᠠᠷᠢᠶᠠᠯᠠᠩ ᠤᠨ ᠦᠯᠡᠳᠡᠪᠦᠷᠢ ᠪᠣᠳᠠᠰ ᠢ ᠠᠭᠤᠷᠰᠢᠭᠤᠯᠤᠨ ᠢᠰᠬᠡᠬᠦ ᠤᠷᠠᠯᠠᠯ ᠵᠢᠴᠢ ᠥᠨᠳᠥᠷ ᠪᠦᠲᠦᠮᠵᠢᠲᠡᠶ ᠪᠠᠷ ᠠᠰᠢᠭᠯᠠᠬᠤ ᠮᠡᠷᠭᠡᠵᠢᠯ      7.ᠠᠯᠠᠰᠢᠨ ᠦᠬᠡᠷ ᠤᠨ ᠪᠣᠬᠢᠷᠲᠤᠯ ᠦᠭᠡᠢ ᠥᠨᠳᠥᠷ ᠪᠦᠲᠦᠮᠵᠢᠲᠡᠶ ᠠᠮᠢ ᠠᠬᠤᠢ ᠶᠢᠨ ᠲᠡᠵᠢᠭᠡᠨ ᠦᠷᠡᠵᠢᠭᠦᠯᠬᠦ ᠮᠡᠷᠭᠡᠵᠢᠯ      8.ᠠᠯᠠᠰᠢᠨ ᠬᠤᠨᠢᠨ ᠤ ᠲᠣᠭᠠᠴᠢᠯᠠᠭᠰᠠᠨ ᠡᠭᠦᠯᠳᠡᠷ ᠪᠣᠶᠢᠵᠢᠭᠤᠯᠬᠤ ᠵᠢᠴᠢ ᠣᠶᠤᠨᠴᠢ ᠪᠠᠷ ᠲᠡᠵᠢᠭᠡᠨ ᠦᠷᠡᠵᠢᠭᠦᠯᠬᠦ ᠮᠡᠷᠭᠡᠵᠢᠯ      9.ᠦᠨᠢᠶ᠎ᠡ ᠶᠢ ᠥᠨᠳᠥᠷ ᠦᠷ᠎ᠡ ᠠᠰᠢᠭ ᠲᠠᠢ ᠦᠷᠡᠵᠢᠭᠦᠯᠦᠨ ᠪᠣᠶᠢᠵᠢᠭᠤᠯᠬᠤ ᠮᠡᠷᠭᠡᠵᠢᠯ      10.ᠡᠮᠦᠨᠡᠲᠦ ᠠᠮᠧᠷᠢᠺᠠ ᠶᠢᠨ ᠰᠠᠮ ᠬᠤᠷᠣᠬᠠᠢ ᠶᠢᠨ ᠬᠦᠯᠡᠮᠵᠢ ᠴᠦᠬᠦᠷᠦᠮ ᠳᠤ ᠬᠦᠴᠦᠨ ᠵᠠᠯᠭᠠᠨ ᠲᠡᠵᠢᠭᠡᠵᠦ ᠦᠷᠡᠵᠢᠭᠦᠯᠬᠦ ᠵᠠᠭᠪᠤᠷ      ᠭᠤᠷᠪᠠ᠂ ᠬᠦᠯᠢᠶᠡᠨ ᠠᠪᠤᠭᠴᠢ ᠪᠠ ᠬᠠᠷᠢᠯᠴᠠᠬᠤ ᠠᠷᠭ᠎ᠠ      ᠬᠦᠯᠢᠶᠡᠨ ᠠᠪᠤᠭᠴᠢ᠄ ᠵᠠᠩ ᠰᠢᠶᠣᠣ ᠮᠢᠨ      ᠬᠠᠷᠢᠯᠴᠠᠬᠤ ᠤᠲᠠᠰᠤ᠄ 0471-6652061᠂ 15849187834                        ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                      ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                              2024 ᠣᠨ ᠤ 11 ᠰᠠᠷ᠎ᠠ ᠶᠢᠨ 5 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号