︽ᠮᠠᠯ ᠤᠨ ᠡᠮ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠡᠮ ᠤᠨ ᠡᠵᠡᠩᠨᠡᠯᠲᠡ ᠶᠢᠨ ᠶᠠᠰᠤ ᠴᠢᠨᠠᠷ ᠤᠨ | ᠬᠠᠮᠢᠶᠠᠷᠤᠯᠲᠠ ᠶᠢᠨ ᠵᠢᠷᠤᠮᠵᠢᠯ ᠢ ᠬᠡᠷᠡᠭᠵᠢᠭᠦᠯᠬᠦ ᠨᠠᠷᠢᠨ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠠᠯ ᠤᠨ ᠡᠮ ᠤᠨ GSP ᠪᠠᠶᠢᠴᠠᠭᠠᠵᠤ ᠰᠢᠯᠭᠠᠨ ᠲᠣᠭᠲᠠᠭᠠᠬᠤ ᠪᠠᠷᠢᠮᠵᠢᠶ᠎ᠠ︾ ᠵᠡᠷᠭᠡ ᠬᠠᠮᠢᠶ᠎ᠠ ᠪᠦᠬᠦᠢ | ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠣᠮᠢᠯᠠᠵᠤ ᠥᠪᠥᠷ | ᠮᠣᠩᠭᠤᠯ ᠤᠨ ᠴᠢᠩ ᠴᠧᠩ ᠶᠦᠨ ᠮᠦ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠢᠵᠠᠭᠠᠷᠲᠤ ᠺᠣᠮᠫᠠᠨᠢ ᠵᠡᠷᠭᠡ ᠮᠠᠯ ᠤᠨ ᠡᠮ ᠤᠨ ᠡᠵᠡᠩᠨᠡᠯᠲᠡ ᠶᠢᠨ 17 ᠠᠵᠤ ᠠᠬᠤᠶᠢᠯᠠᠯ ᠳᠤ ᠲᠤᠬᠠᠢ ᠶᠢᠨ | ᠲᠠᠯᠠᠪᠤᠷ ᠤᠨ ᠪᠠᠶᠢᠴᠠᠭᠠᠯᠲᠠ᠂ ᠮᠠᠲ᠋ᠧᠷᠢᠶᠠᠯ ᠤᠨ ᠬᠢᠨᠠᠨ ᠪᠠᠶᠢᠴᠠᠭᠠᠯᠲᠠ ᠬᠢᠪᠡ᠃ ᠡᠳᠦᠭᠡ ᠦᠷ᠎ᠡ ᠳ᠋ᠦᠩ ᠢ ᠵᠠᠷᠯᠠᠨ | ᠨᠡᠶᠢᠲᠡᠯᠡᠵᠦ ᠪᠠᠶᠢᠨ᠎ᠠ᠃ | ᠵᠠᠷᠯᠠᠨ ᠨᠡᠶᠢᠲᠡᠯᠡᠬᠦ ᠬᠤᠭᠤᠴᠠᠭ᠎ᠠ ᠨᠢ 2024 ᠣᠨ ᠤ 11 ᠰᠠᠷ᠎ᠠ ᠶᠢᠨ 7 ᠤ ᠡᠳᠦᠷ ᠠᠴᠠ 11 | ᠰᠠᠷ᠎ᠠ ᠶᠢᠨ 13 ᠤ ᠡᠳᠦᠷ ᠪᠣᠯᠲᠠᠯ᠎ᠠ᠂ ᠰᠠᠨᠠᠭᠤᠯᠭ᠎ᠠ ᠰᠠᠨᠠᠯ ᠢᠶᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠡᠮᠨᠡᠯᠭᠡ ᠶᠢᠨ ᠲᠣᠪᠴᠢᠶ᠎ᠠ ᠳᠤ | ᠬᠠᠷᠢᠭᠤ ᠳᠤᠰᠬᠠᠭᠠᠷᠠᠢ᠃ ᠬᠠᠷᠢᠯᠴᠠᠬᠤ ᠠᠷᠭ᠎ᠠ ᠨᠢ ᠳᠣᠣᠷᠠᠬᠢ ᠮᠡᠲᠦ᠄ | ᠬᠠᠷᠢᠯᠴᠠᠬᠤ ᠬᠥᠮᠥᠨ᠄ ᠴᠧᠨ ᠬᠠᠢ ᠫᠢᠩ | ᠬᠢᠨᠠᠯᠲᠠ ᠲᠠᠯᠪᠢᠬᠤ ᠤᠲᠠᠰᠤ᠄ 0471-6651798 | ᠹᠠᠺᠰ᠄ 0471-6652269 | ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠣᠮᠧᠷ | ᠳᠠᠭᠠᠯᠳᠤᠭᠤᠯᠤᠯ᠄ ᠮᠠᠯ ᠤᠨ ᠡᠮ ᠤᠨ ᠡᠵᠡᠩᠨᠡᠯᠲᠡ ᠶᠢᠨ ᠠᠵᠤ ᠠᠬᠤᠶᠢᠯᠠᠯ ᠤᠨ GSP ᠶᠢ ᠪᠠᠶᠢᠴᠠᠭᠠᠵᠤ | ᠰᠢᠯᠭᠠᠨ ᠠᠪᠤᠭᠰᠠᠨ ᠪᠠᠶᠢᠳᠠᠯ ᠢ ᠵᠠᠷᠯᠠᠨ ᠨᠡᠶᠢᠲᠡᠯᠡᠬᠦ ᠬᠦᠰᠦᠨᠦᠭᠲᠦ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | 2024 ᠣᠨ ᠤ 11 ᠰᠠᠷ᠎ᠠ ᠶᠢᠨ 7 ᠤ ᠡᠳᠦᠷ | |