ᠥᠪᠡᠷᠲᠡᠭᠡᠨ ᠵᠠᠰᠠᠬᠤ ᠣᠷᠣᠨ ᠤ ᠲᠠᠷᠢᠮᠠᠯ ᠡᠪᠡᠰᠦ ᠶᠢ ᠪᠠᠷᠢᠮᠵᠢᠶᠠᠵᠢᠭᠤᠯᠤᠨ ᠦᠢᠯᠡᠳᠪᠦᠷᠢᠯᠡᠬᠦ ᠴᠠᠭ ᠠᠭᠤᠷ | ᠤᠨ ᠦᠢᠯᠡᠴᠢᠯᠡᠭᠡᠨ ᠤ ᠲᠥᠪ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠪᠣᠯᠣᠨ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠮᠠᠭᠠᠳᠯᠠᠨ ᠲᠣᠭᠲᠠᠭᠠᠯᠲᠠ ᠪᠠᠷ | ᠳᠡᠮᠵᠢᠨ ᠵᠥᠪᠰᠢᠶᠡᠷᠡᠭᠳᠡᠵᠦ᠂ ᠣᠶᠢᠷ᠎ᠠ ᠳᠤ ᠬᠥᠬᠡᠬᠤᠲᠠᠨ᠎ᠠ ᠪᠠᠶᠢᠭᠤᠯᠤᠭᠳᠠᠪᠠ᠃ | ᠥᠪᠡᠷᠲᠡᠭᠡᠨ ᠵᠠᠰᠠᠬᠤ ᠣᠷᠣᠨ ᠤ ᠲᠠᠷᠢᠮᠠᠯ ᠡᠪᠡᠰᠦ ᠶᠢ ᠪᠠᠷᠢᠮᠵᠢᠶᠠᠵᠢᠭᠤᠯᠤᠨ ᠦᠢᠯᠡᠳᠪᠦᠷᠢᠯᠡᠬᠦ ᠴᠠᠭ ᠠᠭᠤᠷ | ᠤᠨ ᠦᠢᠯᠡᠴᠢᠯᠡᠭᠡᠨ ᠤ ᠲᠥᠪ ᠪᠠᠶᠢᠭᠤᠯᠤᠭᠳᠠᠭᠰᠠᠨ ᠤ ᠳᠠᠷᠠᠭ᠎ᠠ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ᠂ | ᠣᠨᠴᠠᠯᠢᠭᠲᠤ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠴᠠᠭ ᠠᠭᠤᠷ ᠤᠨ ᠦᠢᠯᠡᠴᠢᠯᠡᠭᠡᠨ ᠤ | ᠬᠡᠷᠡᠭᠴᠡᠭᠡ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢᠨ ᠬᠡᠷᠡᠭᠴᠡᠭᠡ ᠶᠢᠨ ᠲᠣᠭᠤᠷᠢᠨ ᠳᠤ | ︽ᠰᠠᠭᠤᠷᠢᠨ ᠭᠠᠵᠠᠷ᠂ ᠬᠢᠨᠠᠨ ᠬᠡᠮᠵᠢᠯᠲᠡ᠂ ᠡᠷᠳᠡᠮ ᠰᠢᠨᠵᠢᠯᠡᠭᠡᠨ᠂ ᠣᠶᠤᠨᠲᠤ ᠮᠡᠷᠭᠡᠵᠢᠯ᠂ ᠦᠢᠯᠡᠴᠢᠯᠡᠭᠡ᠂ ᠴᠢᠳᠠᠪᠤᠷᠢᠲᠠᠨ︾ | ᠢ ᠨᠢᠭᠡ ᠴᠣᠭᠴᠠᠵᠢᠭᠤᠯᠤᠭᠰᠠᠨ᠂ ᠲᠡᠷᠢᠭᠦᠨ ᠤ ᠲᠥᠬᠦᠭᠡᠷᠦᠮᠵᠢ ᠲᠠᠢ᠂ ᠴᠢᠳᠠᠮᠵᠢ ᠪᠠᠷ ᠪᠦᠷᠢᠨ ᠭᠦᠢᠴᠡᠳ ᠲᠠᠷᠢᠮᠠᠯ | ᠡᠪᠡᠰᠦ ᠶᠢᠨ ᠴᠠᠭ ᠠᠭᠤᠷ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠬᠤ ᠪᠣᠯᠣᠨ᠎ᠠ᠃ | ᠣᠶᠢᠷ᠎ᠠ ᠶᠢᠨ ᠵᠢᠯ ᠳᠤ ᠭᠦᠭᠡᠬᠤᠲᠠ ᠶᠢᠨ ᠴᠠᠭ ᠠᠭᠤᠷ ᠤᠨ ᠲᠣᠪᠴᠢᠶ᠎ᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠵᠢᠴᠢ ᠠᠵᠤ ᠠᠬᠤᠶᠢᠯᠠᠯ ᠲᠠᠢ ᠬᠠᠮᠲᠤᠷᠠᠵᠤ᠂ ᠲᠠᠷᠢᠮᠠᠯ ᠡᠪᠡᠰᠦ ᠶᠢ ᠠᠵᠢᠭᠯᠠᠨ ᠬᠡᠮᠵᠢᠬᠦ ᠮᠡᠷᠭᠡᠵᠢᠯ ᠤᠨ | ᠰᠢᠰᠲ᠋ᠧᠮ᠂ ᠴᠠᠭ ᠠᠭᠤᠷ ᠤᠨ ᠦᠢᠯᠡᠴᠢᠯᠡᠭᠡᠨ ᠤ ᠭᠦᠢᠴᠡᠳᠬᠡᠯ ᠲᠤᠭ᠎ᠠ ᠶᠢᠨ ᠰᠢᠰᠲ᠋ᠧᠮ᠂ ᠲᠣᠭᠠᠴᠢᠯᠠᠭᠰᠠᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠤᠷᠢᠳ ᠬᠤᠵᠢᠳ ᠪᠡᠶᠡᠯᠡᠭᠦᠯᠪᠡ᠃ ᠳᠤᠮᠳᠠᠳᠤ ᠤᠯᠤᠰ ᠤᠨ | ᠴᠠᠭ ᠠᠭᠤᠷ ᠤᠨ ᠲᠣᠪᠴᠢᠶ᠎ᠠ ᠶᠢᠨ ᠴᠠᠭ ᠠᠭᠤᠷ ᠤᠨ ᠬᠠᠶᠢᠨ ᠬᠡᠮᠵᠢᠯᠲᠡ ᠶᠢᠨ ᠲᠥᠪ ᠪᠣᠯᠣᠨ ᠥᠪᠡᠷᠲᠡᠭᠡᠨ ᠵᠠᠰᠠᠬᠤ | ᠣᠷᠣᠨ ᠤ ᠴᠠᠭ ᠠᠭᠤᠷ ᠤᠨ ᠲᠣᠪᠴᠢᠶ᠎ᠠ ᠶᠢᠨ ᠳᠡᠮᠵᠢᠯᠭᠡ ᠳᠣᠣᠷ᠎ᠠ᠂ ᠭᠦᠭᠡᠬᠤᠲᠠ ᠶᠢᠨ ᠴᠠᠭ ᠠᠭᠤᠷ ᠤᠨ ᠲᠣᠪᠴᠢᠶ᠎ᠠ | ᠲᠠᠷᠢᠮᠠᠯ ᠡᠪᠡᠰᠦ ᠶᠢᠨ ᠴᠠᠭ ᠠᠭᠤᠷ ᠢ ᠠᠵᠢᠭᠯᠠᠨ ᠬᠡᠮᠵᠢᠬᠦ ᠵᠢᠱᠢᠶ᠎ᠡ ᠦᠵᠡᠭᠦᠯᠭᠦ ᠣᠷᠣᠨ ᠢ ᠡᠭᠦᠳᠦᠨ ᠪᠠᠶᠢᠭᠤᠯᠵᠤ᠂ | ᠲᠠᠷᠢᠮᠠᠯ ᠡᠪᠡᠰᠦ ᠶᠢ ᠠᠩᠬ᠎ᠠ ᠤᠳᠠᠭ᠎ᠠ ᠪᠦᠭᠦ ᠤᠯᠤᠰ ᠤᠨ ᠲᠠᠷᠢᠶᠠᠯᠠᠩ ᠤᠨ ᠴᠠᠭ ᠠᠭᠤᠷ ᠤᠨ ᠠᠵᠢᠭᠯᠠᠯᠲᠠ ᠶᠢᠨ | ᠰᠢᠰᠲ᠋ᠧᠮ ᠳᠤ ᠣᠷᠣᠭᠤᠯᠤᠨ᠂ ᠲᠠᠷᠢᠮᠠᠯ ᠡᠪᠡᠰᠦ ᠶᠢ ᠪᠠᠷᠢᠮᠵᠢᠶᠠᠵᠢᠭᠤᠯᠤᠨ ᠦᠢᠯᠡᠳᠪᠦᠷᠢᠯᠡᠬᠦ ᠳᠤ ᠴᠢᠨᠠᠷ ᠰᠠᠶᠢᠲᠠᠢ | ᠪᠥᠭᠡᠳ ᠥᠨᠳᠥᠷ ᠪᠦᠲᠦᠮᠵᠢᠲᠡᠶ ᠬᠠᠮᠢᠶᠠᠷᠤᠯᠲᠠ ᠶᠢᠨ ᠮᠡᠷᠭᠡᠵᠢᠯ ᠤᠨ ᠵᠢᠱᠢᠶ᠎ᠡ ᠦᠵᠡᠭᠦᠯᠵᠦ᠂ ᠮᠡᠷᠭᠡᠵᠢᠯ ᠤᠨ | ᠵᠢᠯᠣᠭᠤᠳᠤᠯᠭ᠎ᠠ ᠵᠢᠴᠢ ᠲᠤᠰᠬᠠᠶᠢᠵᠢᠭᠰᠠᠨ ᠨᠠᠷᠢᠯᠢᠭᠵᠢᠭᠤᠯᠤᠭᠰᠠᠨ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡ | ᠬᠠᠩᠭᠠᠨ᠂ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ᠂ ᠤᠨᠠᠯᠳᠠ ᠶᠢ ᠲᠠᠭᠡᠭᠰᠢᠯᠡᠭᠦᠯᠵᠤ ᠣᠷᠣᠯᠭ᠎ᠠ ᠶᠢ | ᠨᠡᠮᠡᠭᠳᠡᠭᠦᠯᠬᠦ ᠪᠠ ᠤᠰᠤ ᠠᠷᠪᠢᠯᠠᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃ |