12 ᠰᠠᠷ᠎ᠠ ᠶᠢᠨ 28 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠤᠨ ᠠᠩᠬᠠᠳᠤᠭᠠᠷ | ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠵᠤ᠂ ᠲᠢᠩᠬᠢᠮ ︵ᠲᠣᠪᠴᠢᠶ᠎ᠠ︶ ᠤᠨ ᠠᠩᠬᠠᠳᠤᠭᠠᠷ | ᠬᠤᠭᠤᠴᠠᠭᠠᠨ ᠤ ᠪᠠᠶᠢᠭᠤᠯᠭ᠎ᠠ ᠶᠢᠨ ᠬᠤᠷᠢᠶ᠎ᠠ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠰᠣᠩᠭᠤᠨ ᠭᠠᠷᠭᠠᠪᠠ ᠃ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ | ︽ᠵᠢᠱᠢᠶᠡᠴᠢ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠢ ᠡᠭᠦᠳᠦᠨ | ᠪᠠᠶᠢᠭᠤᠯᠬᠤ ᠶᠢ ᠭᠦᠨᠵᠡᠭᠡᠶᠢᠷᠡᠭᠦᠯᠵᠦ᠂ ᠨᠠᠮ ᠤᠨ ᠪᠠᠶᠢᠭᠤᠯᠤᠯᠲᠠ ᠪᠠᠷ ᠲᠠᠷᠢᠶᠠᠯᠠᠩ ᠮᠠᠯ ᠠᠵᠤ ᠠᠬᠤᠢ ᠶᠢᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠤᠶ᠎ᠠ︾ ᠭᠡᠬᠦ ᠰᠡᠳᠦᠪ ᠢᠶᠠᠷ ᠠᠵᠢᠯ ᠤᠨ | ᠮᠡᠳᠡᠭᠦᠯᠦᠯᠲᠡ ᠬᠢᠪᠡ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ | ᠬᠤᠷᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ | | | | | ᠶᠡᠭᠡ ᠬᠤᠷᠠᠯ ᠠᠴᠠ ᠲᠠᠪᠤᠨ ᠵᠢᠯ ᠤᠨ ᠲᠤᠷᠰᠢᠬᠢ ᠠᠵᠢᠯ ᠢᠶᠠᠨ ᠡᠷᠭᠢᠴᠡᠭᠦᠯᠵᠦ᠂ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ | ᠰᠢᠵᠢᠮ ᠪᠣᠯᠭᠠᠵᠤ ᠂ ᠶᠡᠭᠡ ᠨᠠᠮ ᠤᠨ ᠪᠠᠶᠢᠭᠤᠯᠤᠯᠲᠠ ᠪᠠᠷ ᠶᠡᠭᠡ ᠬᠥᠭᠵᠢᠯᠲᠡ ᠶᠢ ᠠᠬᠢᠭᠤᠯᠵᠤ ᠶᠡᠭᠡ ᠳᠡᠭᠡᠭᠰᠢᠯᠡᠯᠲᠡ ᠶᠢ | ᠪᠡᠶᠡᠯᠡᠭᠦᠯᠬᠦ ᠶᠢ ᠪᠠᠷᠢᠮᠲᠠᠯᠠᠵᠤ ᠂ ᠪᠦᠬᠦ ᠰᠢᠰᠲ᠋ᠧᠮ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠂ ᠰᠢᠨ᠎ᠡ ᠵᠠᠮ ᠢ ᠨᠡᠭᠡᠭᠡᠵᠦ ᠳᠤᠮᠳᠠ | ᠤᠷᠤᠰᠬᠠᠯ ᠳᠤ ᠣᠷᠣᠵᠤ ᠂ ᠡᠯ᠎ᠡ ᠵᠦᠢᠯ ᠤᠨ ᠦᠢᠯᠡᠰ ᠤᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠪᠠ ᠃ | ᠶᠡᠭᠡ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠂ ᠴᠢᠨᠠᠷ ᠰᠠᠶᠢᠲᠠᠢ ᠬᠥᠭᠵᠢᠭᠦᠯᠬᠦ ᠂ ᠺᠠᠳ᠋ᠷ ᠤᠨ | ᠡᠩᠨᠡᠭᠡᠨ ᠤ ᠪᠠᠶᠢᠭᠤᠯᠤᠯᠲᠠ ᠂ ᠳᠦᠷᠢᠮ ᠲᠣᠭᠲᠠᠴᠠ ᠶᠢᠨ ᠰᠢᠨ᠎ᠡ ᠶᠢ ᠡᠭᠦᠳᠬᠦ ᠵᠡᠷᠭᠡ ᠳᠦᠷᠪᠡᠨ ᠲᠠᠯ᠎ᠠ ᠪᠠᠷ ᠰᠢᠨ᠎ᠡ | ᠰᠢᠪᠲᠤᠯᠤᠯᠲᠠ ᠲᠠᠢ ᠪᠣᠯᠪᠠ ᠃ ᠶᠡᠭᠡ ᠬᠤᠷᠠᠯ ᠠᠴᠠ ᠴᠢᠬᠤᠯᠠᠴᠢᠯᠠᠭᠰᠠᠨ ᠨᠢ᠂ ᠬᠤᠶᠢᠰᠢᠳᠠ ᠶᠢᠨ ᠲᠠᠪᠤᠨ ᠵᠢᠯ ᠤᠨ | ᠠᠵᠢᠯ ᠤᠨ ᠳᠤᠮᠳᠠ ᠂ ᠶᠡᠭᠡ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ 7 | ᠲᠠᠯ᠎ᠠ ᠠᠴᠠ ᠵᠢᠱᠢᠶᠡᠴᠢ ᠪᠠᠶᠢᠭᠤᠯᠭ᠎ᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ | ᠭᠡᠪᠡ᠃ | ᠶᠡᠭᠡ ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠰᠢᠰᠲ᠋ᠧᠮ ᠤᠨ ᠬᠢᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠂ ᠬᠥᠳᠡᠭᠡ ᠲᠣᠰᠬᠤᠨ ᠤ ᠠᠵᠢᠯ ᠤᠨ | ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ | ᠤᠳᠠᠭ᠎ᠠ ᠶᠢᠨ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ ᠲᠠᠪᠤ ᠶᠢ ᠡᠷᠬᠡᠪᠰᠢ ᠨᠢᠭᠡᠳᠦᠯᠲᠡᠢ | ᠲᠥᠯᠥᠪᠵᠢᠭᠦᠯᠬᠦ ︾ ᠶᠢᠨ ᠪᠠᠶᠠᠯᠢᠭ ᠠᠭᠤᠯᠤᠭᠳᠠᠬᠤᠨ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ | ᠣᠶᠢᠯᠠᠭᠠᠵᠤ ᠂ ︽ ᠵᠢᠷᠭᠤᠭᠠᠨ ᠠᠵᠢᠯᠯᠠᠭ᠎ᠠ ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ ᠃ ᠴᠢᠬᠤᠯᠠ | ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠳᠡᠭᠡᠷ᠎ᠡ ᠂ ᠲᠦᠷᠦᠯ ᠵᠦᠢᠯ ᠢᠶᠠᠷ ᠭᠤᠣᠯ ᠪᠣᠯᠭᠠᠬᠤ ᠶᠢ | ᠪᠠᠷᠢᠮᠲᠠᠯᠠᠵᠤ ᠂ ᠬᠤᠳᠠᠯᠳᠤᠭᠠᠴᠢᠨ ᠢ ᠤᠷᠢᠵᠤ ᠪᠡᠯᠡ ᠣᠷᠣᠭᠤᠯᠬᠤ ᠶᠢ ᠴᠢᠩᠭᠠᠳᠬᠠᠵᠤ ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠬᠥᠮᠥᠷᠭᠡ ᠳᠤ 5400 ᠠᠴᠠ ᠳᠡᠭᠡᠭᠰᠢᠬᠢ ᠲᠦᠷᠦᠯ ᠵᠦᠢᠯ ᠢ | ᠨᠥᠭᠡᠴᠡᠯᠡᠬᠦ ᠬᠡᠷᠡᠭᠲᠡᠢ ᠃ ︽ ᠬᠤᠶᠠᠷ ᠭᠤᠣᠯ ︾᠂ ︽ᠬᠤᠶᠠᠷ ᠰᠢᠨ᠎ᠡ︾ ᠲᠥᠷᠥᠯ ᠵᠦᠢᠯ ᠢ ᠴᠢᠩᠭ᠎ᠠ ᠠᠩᠬᠠᠷᠴᠤ᠂ | ᠤᠮᠠᠷᠠᠲᠤ ᠬᠢᠯᠢ ᠶᠢᠨ ᠠᠮᠢᠲᠠᠨ ᠤ ᠡᠷᠡᠭᠦᠯ ᠮᠡᠨᠳᠦ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ᠂ ᠮᠢᠩᠭᠠᠨ | ᠳ᠋ᠦᠩᠰᠢᠭᠤᠷ ᠵᠢᠩ ᠤᠨ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ᠂ | ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠥᠷᠥᠯ ᠵᠦᠢᠯ ᠢ | ᠤᠯᠤᠰ ᠤᠨ ᠲᠥᠯᠦᠪᠵᠢᠭᠦᠯᠭᠡ ᠳᠤ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ ᠃ | ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠲᠠᠯ᠎ᠠ ᠪᠠᠷ ᠂ ᠲᠢᠩᠬᠢᠮ ᠤᠨ ᠲᠡᠰ ᠤᠨ ᠺᠠᠳ᠋ᠷ ᠳᠠᠭᠠᠭᠠᠴᠢᠯᠠᠨ | ᠬᠤᠯᠪᠣᠭᠠᠯᠠᠬᠤ ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠠ ︽ ᠡᠭᠦᠳᠡ ᠪᠠᠨ ᠨᠡᠭᠡᠭᠡᠵᠦ | ᠢᠳᠬᠠᠯ ᠠᠪᠬᠤ ︾ ᠵᠡᠷᠭᠡ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠠᠵᠤ ᠠᠬᠤᠶᠢᠯᠠᠯ ᠢ ᠬᠠᠪᠰᠤᠷᠤᠨ | ᠪᠡᠯᠡ ᠮᠥᠩᠭᠦ ᠂ ᠲᠦᠭᠦᠬᠡᠢ ᠮᠠᠲ᠋ᠧᠷᠢᠶᠠᠯ ᠂ ᠵᠠᠬ᠎ᠠ ᠳᠡᠯᠭᠡᠭᠦᠷ ᠡᠷᠢᠭᠦᠯᠵᠦ ᠂ ᠳᠠᠷᠠᠭ᠎ᠠ ᠵᠢᠯ ᠳᠤ ᠪᠣᠷᠤᠯᠠᠭᠤᠯᠭ᠎ᠠ ᠶᠢᠨ | ᠣᠷᠣᠯᠭ᠎ᠠ ᠨᠢ 10 ᠳ᠋ᠦᠩᠰᠢᠭᠤᠷ ᠲᠥᠭᠦᠷᠢᠭ ᠢ ᠳᠠᠪᠠᠭᠰᠠᠨ 2 ᠠᠵᠤ ᠠᠬᠤᠶᠢᠯᠠᠯ ᠂ ᠳ᠋ᠦᠩᠰᠢᠭᠤᠷ ᠲᠥᠭᠦᠷᠢᠭ ᠢ | ᠳᠠᠪᠠᠭᠰᠠᠨ 8 ᠠᠵᠤ ᠠᠬᠤᠶᠢᠯᠠᠯ ᠢ ᠪᠣᠶᠢᠵᠢᠭᠤᠯᠬᠤ ᠪᠠᠷ ᠴᠢᠷᠮᠠᠶᠢᠬᠤ ᠬᠡᠷᠡᠭᠲᠡᠢ᠃ ᠠᠵᠢᠯ ᠣᠯᠭᠤᠯᠲᠠ ᠶᠢ ᠠᠬᠢᠭᠤᠯᠬᠤ | ᠠᠵᠢᠯᠯᠠᠭ᠎ᠠ ᠶᠢᠨ ᠲᠠᠯ᠎ᠠ ᠪᠠᠷ ᠂ ᠤᠯᠠᠨ ᠠᠷᠭ᠎ᠠ ᠵᠠᠮ ᠢᠶᠠᠷ ᠴᠡᠪᠡᠷᠯᠡᠭᠴᠢ ᠂ ᠤᠢ ᠰᠢᠭᠤᠢ ᠬᠠᠮᠠᠭᠠᠯᠠᠭᠴᠢ ᠵᠡᠷᠭᠡ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ 8.5 ᠲᠦᠮᠡ ᠠᠴᠠ ᠳᠡᠭᠡᠭᠰᠢ ᠨᠡᠭᠡᠭᠡᠨ ᠬᠦᠭᠵᠢᠭᠦᠯᠬᠦ | ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠂ ᠲᠦᠭᠦᠭᠡᠷᠦᠮᠵᠢᠲᠦ ᠲᠠᠷᠢᠶᠠᠯᠠᠩ ᠵᠡᠷᠭᠡ ᠲᠦᠷᠦᠯ ᠵᠦᠢᠯ ᠤᠨ | ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ ᠂ ᠢᠷᠡᠬᠦ ᠵᠢᠯ ᠳᠤ | 20 ᠳ᠋ᠦᠩᠰᠢᠭᠤᠷ ᠲᠥᠭᠦᠷᠢᠭ ᠠᠴᠠ ᠳᠡᠭᠡᠭᠰᠢ ᠨᠠᠶᠢᠳᠠᠪᠤᠷᠢᠵᠢᠭᠤᠯᠬᠤ ᠬᠡᠷᠡᠭᠲᠡᠢ᠃ 72 ᠠᠵᠤ ᠦᠢᠯᠡᠰ ᠤᠨ | ᠬᠦᠷᠢᠶᠡᠯᠡᠩ ᠲᠣᠭᠤᠷᠢᠭ ᠢ ᠲᠥᠪᠯᠡᠷᠡᠭᠦᠯᠦᠨ ᠪᠠᠶᠢᠭᠤᠯᠵᠤ ᠂ ᠲᠤᠰ ᠭᠠᠵᠠᠷ ᠤᠨ ᠠᠵᠢᠯᠴᠢᠨ ᠤ ᠠᠵᠢᠯᠴᠢᠨ ᠬᠡᠷᠡᠭᠯᠡᠬᠦ | ᠬᠠᠷᠢᠴᠠᠯ ᠢ ᠤᠯᠠᠮ ᠨᠢᠭᠡ ᠠᠯᠬᠤᠮ ᠦᠷᠭᠡᠳᠭᠡᠬᠦ ᠬᠡᠷᠡᠭᠲᠡᠢ᠃ ᠤᠰᠤ ᠠᠷᠪᠢᠯᠠᠬᠤ ᠠᠵᠢᠯᠯᠠᠭ᠎ᠠ ᠶᠢᠨ ᠲᠠᠯ᠎ᠠ ᠪᠠᠷ᠂ | ᠢᠨᠵᠧᠨᠧᠷᠢᠩ᠂ ᠲᠠᠷᠢᠶᠠᠯᠠᠩ ᠤᠨ ᠮᠡᠷᠭᠡᠵᠢᠯ᠂ ᠡᠭᠦᠯᠳᠡᠷ ᠂ ᠪᠦᠲᠦᠴᠡ᠂ ᠲᠣᠭᠲᠠᠴᠠ ᠶᠢᠨ ᠤᠰᠤ ᠠᠷᠪᠢᠯᠠᠬᠤ ᠠᠷᠭ᠎ᠠ | ᠬᠡᠮᠵᠢᠶ᠎ᠡ ᠶᠢ ᠦᠷᠭᠦᠯᠵᠢᠯᠡᠨ ᠠᠬᠢᠭᠤᠯᠵᠤ᠂ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ | ᠢᠨᠵᠧᠨᠧᠷᠢᠩ ᠢ 200 ᠲᠦᠮᠡᠨ ᠮᠦ ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ ᠬᠤᠭᠤᠯᠠᠢ ᠪᠠᠷ ᠤᠰᠤᠯᠠᠬᠤ | ᠥᠭᠡᠷᠡᠴᠢᠯᠡᠯᠲᠡ ᠶᠢ 150 ᠲᠦᠮᠡᠨ ᠮᠦ ᠠᠴᠠ ᠳᠡᠭᠡᠭᠰᠢ ᠬᠡᠷᠡᠭᠵᠢᠭᠦᠯᠵᠦ᠂ ᠤᠰᠤ ᠪᠣᠷᠳᠣᠭᠤᠷ ᠢ ᠨᠢᠭᠡ | ᠴᠣᠭᠴᠠᠵᠢᠭᠤᠯᠬᠤ ᠶᠢ 270 ᠲᠦᠮᠡᠨ ᠮᠦ ᠠᠴᠠ ᠳᠡᠭᠡᠭᠰᠢ ᠳᠡᠯᠭᠡᠷᠡᠭᠦᠯᠵᠦ᠂ ᠤᠰᠤ ᠠᠷᠪᠢᠯᠠᠬᠤ ᠬᠡᠮᠵᠢᠶ᠎ᠡ ᠶᠢ 2.7 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠢ ᠃ | ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢᠨ ᠲᠠᠯ᠎ᠠ ᠪᠠᠷ᠂ ︽ᠵᠢᠷᠭᠤᠭ᠎ᠠ ᠶᠢ | ᠳᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠪᠠ ︽ᠳᠥᠷᠪᠡᠨ ᠵᠦᠢᠯ ᠤᠨ ᠠᠵᠢᠯᠯᠠᠭ᠎ᠠ︾ ᠶᠢ ᠨᠢᠭᠡᠳᠦᠯᠲᠡᠢ | ᠲᠥᠯᠥᠪᠯᠡᠨ ᠵᠣᠬᠢᠴᠠᠭᠤᠯᠤᠨ ᠠᠬᠢᠭᠤᠯᠵᠤ᠂ ᠨᠠᠩ ᠣᠯᠠᠨ ᠪᠡᠭᠡᠵᠢᠩ ᠤᠨ ᠠᠵᠤ ᠠᠬᠤᠶᠢᠯᠠᠯ ᠤᠨ ᠮᠠᠨ ᠤ ᠣᠷᠣᠨ ᠳᠤ | ᠢᠷᠡᠵᠦ ᠪᠡᠯᠡ ᠣᠷᠣᠭᠤᠯᠤᠨ ᠦᠢᠯᠡᠰ ᠬᠥᠭᠵᠢᠭᠦᠯᠬᠦ ᠶᠢ ᠬᠥᠲᠥᠯᠥᠨ ᠵᠢᠯᠤᠭᠤᠳᠴᠤ᠂ ᠦᠪᠦᠷ ᠮᠣᠩᠭᠤᠯ ᠤᠨ | ᠪᠦᠲᠦᠭᠡᠭᠳᠡᠬᠦᠨ ᠢ ᠪᠡᠭᠡᠵᠢᠩ ᠳᠤ ᠣᠷᠤᠭᠤᠯᠵᠤ 300 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠷᠣᠯᠠᠭᠤᠯᠬᠤ ᠶᠢ | ᠠᠬᠢᠭᠤᠯᠬᠤ ᠬᠡᠷᠡᠭᠲᠡᠢ ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢᠨ | ᠲᠠᠯ᠎ᠠ ᠪᠠᠷ ᠂ ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭ ᠲᠠᠢ ᠤᠮᠠᠷᠠᠲᠤ ᠬᠢᠯᠢ ᠶᠢᠨ ᠰᠣᠶᠣᠯ ᠤᠨ ᠨᠡᠷᠡᠲᠦ | ᠲᠡᠮᠳᠡᠭᠲᠦ ᠶᠢ ᠪᠠᠶᠢᠭᠤᠯᠵᠤ ᠂ ᠬᠦᠴᠦ ᠪᠠᠨ ᠬᠠᠮᠲᠤᠳᠬᠠᠨ ᠲᠠᠷᠢᠶᠠᠯᠠᠩ ᠪᠣᠯᠣᠨ ᠮᠠᠯ ᠠᠵᠤ ᠠᠬᠤᠢ ᠂ ᠲᠠᠷᠢᠶᠠᠴᠢᠨ | ᠪᠣᠯᠣᠨ ᠮᠠᠯᠴᠢᠨ ᠂ ᠬᠥᠳᠡᠭᠡ ᠲᠣᠰᠬᠤᠨ ᠪᠣᠯᠣᠨ ᠮᠠᠯᠵᠢᠬᠤ ᠣᠷᠣᠨ ᠤ ᠠᠭᠤᠰᠤᠯᠴᠠᠨ ᠬᠥᠭᠵᠢᠬᠦ ᠶᠢ ᠠᠬᠢᠭᠤᠯᠬᠤ | ᠬᠡᠷᠡᠭᠲᠡᠢ ᠭᠡᠪᠡ᠃ | | | | | ᠶᠡᠭᠡ ᠬᠤᠷᠠᠯ ᠠᠴᠠ ᠴᠢᠬᠤᠯᠠᠴᠢᠯᠠᠭᠰᠠᠨ ᠨᠢ ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ | ᠮᠠᠯᠵᠢᠬᠤ᠂ ᠬᠠᠳᠤᠨ ᠭᠤᠣᠯ ᠤᠨ ᠰᠠᠪᠠ ᠭᠠᠵᠠᠷ ᠤᠨ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠂ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠲᠠᠯ᠎ᠠ ᠪᠠᠷ ᠬᠦᠷᠦᠯᠴᠡᠬᠦ ᠦᠭᠡᠢ ᠂ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠰᠢᠯᠤᠭᠤᠨ ᠪᠤᠰᠤ ᠂ ᠨᠤᠲᠤᠭ ᠤᠨ ᠣᠨᠴᠠ | ᠭᠠᠷᠤᠯᠲᠠ ᠶᠢ ᠪᠣᠶᠢᠵᠢᠭᠤᠯᠬᠤ ᠡᠷᠴᠢᠮ ᠬᠦᠷᠦᠯᠴᠡᠬᠦ ᠦᠭᠡᠢ ᠂ ᠬᠡᠰᠡᠭ ᠲᠦᠷᠦᠯ ᠵᠦᠢᠯ ᠤᠨ ᠪᠡᠯᠡ ᠮᠥᠩᠭᠦ ᠶᠢᠨ | ᠬᠡᠷᠡᠭᠯᠡᠯᠲᠡ ᠶᠢᠨ ᠦᠷ᠎ᠡ ᠠᠰᠢᠭ ᠳᠣᠣᠷ᠎ᠠ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ | ᠬᠤᠪᠢᠷᠠᠭᠤᠯᠤᠯᠲᠠ ᠬᠦᠷᠦᠯᠴᠡᠬᠦ ᠦᠭᠡᠢ ᠂ ᠮᠥᠩᠭᠦᠨ ᠭᠦᠢᠯᠭᠡᠭᠡ ᠳᠠᠭᠠᠳᠬᠠᠯ ᠤᠨ ᠳᠡᠮᠵᠢᠯᠭᠡ ᠬᠦᠷᠦᠯᠴᠡᠬᠦ ᠦᠭᠡᠢ ᠂ | ᠭᠤᠣᠯᠳᠠᠯᠭ᠎ᠠ ᠲᠠᠢ ᠠᠵᠢᠯ ᠤᠨ ᠪᠠᠲᠤᠯᠠᠭ᠎ᠠ ᠬᠦᠷᠦᠯᠴᠡᠬᠦ ᠦᠭᠡᠢ ᠵᠡᠷᠭᠡ ᠶᠢᠰᠦᠨ ᠶᠡᠭᠡ ᠲᠣᠪᠣᠶᠢᠮ᠎ᠠ ᠠᠰᠠᠭᠤᠳᠠᠯ ᠢ | ᠰᠢᠢᠳᠪᠦᠷᠢᠯᠡᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠃ ᠲᠡᠮᠦᠷ ᠢ ᠠᠳᠬᠤᠬᠤ ᠳᠤ ᠤᠷᠤᠮ ᠲᠠᠢ ᠡᠷᠴᠢ | ᠵᠣᠷᠢᠭ ᠢᠶᠠᠷ ᠠᠰᠠᠭᠤᠳᠠᠯ ᠢ ᠰᠢᠢᠳᠪᠦᠷᠢᠯᠡᠬᠦ ᠳᠤᠮᠳᠠ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠲᠠᠷᠢᠶᠠᠯᠠᠩ ᠮᠠᠯ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ | ᠣᠷᠣᠨ ᠤ ᠪᠦᠲᠦᠭᠡᠨ ᠪᠠᠶᠢᠭᠤᠯᠤᠯᠲᠠ ᠪᠣᠯᠣᠨ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ | ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠪᠡ᠃ | |