ᠲᠦᠩᠯᠢᠶᠣᠣ ᠬᠤᠲᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ | ︽ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ︾ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢᠨ | ᠲᠣᠭᠤᠷᠢᠨ ᠳᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ | ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠠᠮᠤ ᠪᠤᠳᠠᠭ᠎ᠠ ᠶᠢ ᠬᠠᠳᠠᠭᠠᠯᠠᠬᠤ ᠳᠤ ᠭᠠᠵᠠᠷ ᠰᠢᠷᠣᠢ ᠳᠤ | ᠲᠦᠰᠢᠭᠯᠡᠬᠦ᠂ ᠠᠮᠤ ᠪᠤᠳᠠᠭ᠎ᠠ ᠶᠢ ᠬᠠᠳᠠᠭᠠᠯᠠᠬᠤ ᠳᠤ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ ᠪᠣᠳᠣᠯᠭ᠎ᠠ ᠶᠢ | ᠭᠦᠨᠵᠡᠭᠡᠢ ᠨᠠᠶᠢᠳᠠᠪᠤᠷᠢᠵᠢᠭᠤᠯᠤᠨ᠂ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠵᠦ᠂ ᠬᠥᠭᠵᠢᠯᠲᠡ ᠶᠢᠨ | ᠪᠣᠳᠠᠲᠠᠢ ᠲᠠᠢ ᠪᠠᠨ ᠤᠶᠠᠯᠳᠤᠭᠤᠯᠤᠨ᠂ ︽ᠥᠨᠳᠥᠷ ᠪᠠᠷᠢᠮᠵᠢᠶ᠎ᠠ ᠶᠢ ᠪᠠᠶᠢᠭᠤᠯᠬᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢ ᠴᠢᠩᠭᠠᠳᠬᠠᠬᠤ᠂ ᠦᠢᠯᠡᠴᠢᠯᠡᠭᠡ ᠶᠢ ᠴᠢᠬᠤᠯᠠᠴᠢᠯᠠᠬᠤ᠂ ᠭᠠᠷᠤᠯᠲᠠ ᠶᠢ ᠭᠠᠷᠭᠠᠨ ᠠᠪᠬᠤ᠂ ᠶᠡᠷᠦᠩᠬᠡᠢ | ᠬᠡᠮᠵᠢᠶ᠎ᠡ ᠶᠢ ᠥᠷᠭᠡᠳᠬᠡᠬᠦ︾ ︽ᠲᠦᠩᠯᠢᠶᠣᠣ ᠶᠢᠨ ᠵᠠᠭᠪᠤᠷ︾ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠠᠮᠤ | ᠪᠤᠳᠠᠭᠠᠨ ᠤ ᠤᠨᠠᠯᠲᠠ ᠶᠢᠨ ᠬᠡᠮᠵᠢᠶ᠎ᠡ ᠳᠠᠬᠢᠨᠲᠠ ᠰᠢᠨ᠎ᠡ ᠲᠡᠮᠳᠡᠭᠯᠡᠯ ᠢ ᠡᠭᠦᠳᠪᠡ᠃ ᠪᠦᠷᠢᠳᠬᠡᠯ ᠤᠨ ᠲᠤᠭ᠎ᠠ | ᠪᠠᠷᠢᠮᠲᠠ ᠶᠢ ᠦᠨᠳᠦᠰᠦᠯᠡᠪᠡᠯ᠂ 2024 ᠣᠨ ᠳᠤ ᠲᠦᠩᠯᠢᠶᠣᠣ ᠬᠤᠲᠠ ᠶᠢᠨ ᠶᠡᠷᠦᠩᠬᠡᠢ ᠭᠠᠷᠤᠯᠲᠠ 194.1 | ᠳ᠋ᠦᠩᠰᠢᠭᠤᠷ ᠵᠢᠩ ᠳᠤ ᠬᠦᠷᠴᠦ᠂ ᠲᠦᠷᠦᠭᠦᠸ ᠵᠢᠯ ᠤᠨ ᠬᠢ ᠠᠴᠠ 5.1 ᠳ᠋ᠦᠩᠰᠢᠭᠤᠷ ᠵᠢᠩ ᠨᠡᠮᠡᠭᠳᠡᠨ᠂ | ᠨᠡᠮᠡᠭᠳᠡᠯ ᠤᠨ ᠬᠡᠮᠵᠢᠶ᠎ᠡ ᠨᠢ 2.7% ᠳᠤ ᠬᠦᠷᠴᠡᠢ︔ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠮᠦ | ᠪᠦᠷᠢ ᠳᠤ 1018.8 ᠵᠢᠩ ᠬᠦᠷᠴᠦ᠂ ᠳᠡᠭᠡᠷ᠎ᠡ ᠵᠢᠯ ᠤᠨ ᠬᠢ ᠠᠴᠠ ᠮᠦ ᠪᠦᠷᠢ ᠳᠤ 20.4 ᠵᠢᠩ ᠨᠡᠮᠡᠭᠳᠡᠵᠦ᠂ | 2.1% ᠨᠡᠮᠡᠭᠳᠡᠵᠦ᠂ ᠠᠮᠤ ᠪᠤᠳᠠᠭᠠᠨ ᠤ ᠦᠢᠯᠡᠳᠪᠦᠷᠢᠯᠡᠯ ᠢ ᠬᠤᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠳᠠ | ᠤᠯᠪᠠ᠃ | ᠲᠥᠯᠦᠪᠵᠢᠭᠦᠯᠭᠡ ᠪᠠᠷ ᠶᠡᠷᠦᠩᠬᠡᠶᠢᠯᠡᠨ ᠵᠢᠯᠤᠭᠤᠳᠬᠤ ᠶᠢ ᠪᠠᠷᠢᠮᠲᠠᠯᠠᠵᠠᠢ᠃ ᠲᠦᠩᠯᠢᠶᠣᠣ ᠬᠤᠲᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠥᠪᠡᠷ ᠤᠨ ᠪᠡᠶ᠎ᠡ ᠪᠠᠷ ᠢᠶᠠᠨ ᠰᠤᠳᠤᠯᠭᠠᠨ ᠢ ᠡᠷᠭᠢᠯᠡᠨ | ᠬᠢᠵᠦ᠂ ︽ᠲᠦᠩᠯᠢᠶᠣᠣ ᠬᠤᠲᠠ ᠶᠢᠨ ᠮᠢᠩᠭᠠᠨ ᠲᠦᠮᠡᠨ ᠮᠦ ᠶᠢᠨ ᠣᠲᠣ ᠦᠶ᠎ᠡ ᠶᠢᠨ ᠤᠰᠤ ᠠᠷᠪᠢᠯᠠᠬᠤ ᠥᠨᠳᠥᠷ | ᠤᠨᠠᠯᠲᠠ ᠲᠠᠢ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠰᠥᠯ︾ ᠢ | ᠳᠠᠷᠤᠮᠠᠯᠯᠠᠨ ᠲᠠᠷᠬᠠᠭᠠᠵᠤ᠂ ᠠᠮᠤ ᠪᠤᠳᠠᠭ᠎ᠠ ᠶᠢ ᠨᠡᠮᠡᠭᠳᠡᠭᠦᠯᠦᠨ ᠬᠠᠩᠭᠠᠯᠭ᠎ᠠ ᠶᠢ ᠪᠠᠲᠤᠯᠠᠬᠤ᠂ ᠤᠰᠤ ᠠᠷᠪᠢᠯᠠᠵᠤ ᠦᠷ᠎ᠡ | ᠠᠰᠢᠭ ᠢ ᠨᠡᠮᠡᠭᠳᠡᠭᠦᠯᠬᠦ ᠪᠠᠷ ᠬᠠᠷᠠᠯᠲᠠ ᠪᠣᠯᠭᠠᠨ᠂ ᠭᠠᠵᠠᠷ ᠰᠢᠷᠣᠢ ᠶᠢ ᠡᠮᠬᠢᠯᠡᠨ ᠨᠡᠶᠢᠯᠡᠭᠦᠯᠬᠦ᠂ ᠬᠡᠪᠴᠢᠶᠡᠵᠢᠭᠦᠯᠦᠨ | ᠡᠵᠡᠩᠨᠡᠬᠦ ᠪᠠᠷ ᠭᠠᠷᠳᠠᠴᠠ ᠪᠣᠯᠭᠠᠵᠤ᠂ 2026 ᠣᠨ ᠪᠣᠯᠬᠤ ᠳᠤ ᠪᠥᠬᠦ ᠬᠤᠲᠠ ᠶᠢᠨ ᠥᠨᠳᠥᠷ ᠦᠷ᠎ᠡ ᠠᠰᠢᠭ ᠲᠠᠢ | ᠤᠰᠤ ᠠᠷᠪᠢᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 1500 ᠲᠦᠮᠡᠨ ᠮᠦ ᠠᠴᠠ ᠳᠡᠭᠡᠭᠰᠢ ᠳᠤ | ᠬᠦᠷᠦᠭᠦᠯᠵᠦ᠂ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ᠂ ᠨᠡᠶᠢᠭᠡᠮᠴᠢᠯᠡᠭᠰᠡᠨ ᠦᠢᠯᠡᠴᠢᠯᠡᠭᠡ ᠶᠢ ᠪᠦᠬᠦᠨ ᠢ | ᠬᠠᠮᠤᠷᠬᠤ ᠶᠢ ᠵᠡᠷᠭᠡ ᠳᠤᠨᠢ ᠠᠬᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠪᠤᠷᠢ ᠶᠢ 30 ᠳ᠋ᠦᠩᠰᠢᠭᠤᠷ | ᠵᠢᠩ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ | ᠥᠨᠳᠥᠷ ᠪᠠᠷᠢᠮᠵᠢᠶ᠎ᠠ ᠪᠠᠷ ᠰᠠᠭᠤᠷᠢ ᠪᠣᠯᠭᠠᠬᠤ ᠶᠢ ᠪᠠᠷᠢᠮᠲᠠᠯᠠᠵᠠᠢ᠃ ᠡᠭᠦᠷᠢᠳᠡ ᠶᠢᠨ ᠦᠨᠳᠦᠰᠦᠨ ᠲᠠᠷᠢᠶᠠᠨ | ᠭᠠᠵᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ᠂ | ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠪᠠ ᠡᠯᠡᠰᠦᠷᠬᠡᠭᠵᠢᠭᠰᠡᠨ ᠲᠠᠷᠢᠶᠠᠨ ᠭᠠᠵᠠᠷ | ᠲᠥᠪᠯᠡᠷᠡᠭᠰᠡᠨ ᠣᠷᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠤᠷᠢᠳᠠᠪᠠᠷ ᠪᠦᠲᠦᠭᠡᠨ ᠪᠠᠶᠢᠭᠤᠯᠵᠤ᠂ | ᠶᠡᠷᠦᠩᠬᠡᠶᠢᠯᠡᠭᠰᠡᠨ ᠥᠨᠳᠥᠷ ᠦᠷ᠎ᠡ ᠠᠰᠢᠭᠲᠤ ᠤᠰᠤ ᠠᠷᠪᠢᠯᠠᠬᠤ᠂ ᠣᠶᠤᠨᠲᠤ ᠲᠠᠷᠢᠶᠠᠯᠠᠩ᠂ ᠲᠠᠯᠠᠪᠠᠢ ᠨᠢᠭᠡᠴᠢ ᠶᠢᠨ | ᠤᠨᠠᠯᠲᠠ ᠶᠢ ᠳᠡᠭᠡᠭᠰᠢᠯᠡᠭᠦᠯᠬᠦ᠂ ᠭᠠᠵᠠᠷ ᠤᠨ ᠬᠦᠴᠦ ᠶᠢ ᠳᠡᠭᠡᠭᠰᠢᠯᠡᠭᠦᠯᠬᠦ ᠵᠡᠷᠭᠡ ᠡᠯᠧᠮᠧᠨ᠋ᠲ ᠢ ᠨᠢᠭᠡᠳᠦᠯᠲᠡᠢ | ᠲᠥᠯᠥᠪᠵᠢᠭᠦᠯᠦᠨ ᠵᠢᠷᠤᠵᠤ ᠲᠥᠯᠥᠪᠯᠡᠵᠦ᠂ ︽ᠭᠤᠷᠪᠠ ᠶᠢ ᠡᠪᠳᠡᠬᠦ᠂ ᠲᠠᠪᠤ ᠶᠢ ᠨᠢᠭᠡᠳᠬᠡᠬᠦ᠂ ᠨᠢᠭᠡ ᠶᠢ ᠰᠢᠨ᠎ᠡ ᠪᠠᠷ | ᠪᠠᠶᠢᠭᠤᠯᠬᠤ︾ ᠪᠦᠲᠦᠭᠡᠨ ᠪᠠᠶᠢᠭᠤᠯᠤᠯᠲᠠ ᠶᠢᠨ ᠠᠷᠭ᠎ᠠ ᠬᠡᠯᠪᠡᠷᠢ ᠶᠢ ᠬᠡᠷᠡᠭᠵᠢᠭᠦᠯᠵᠦ᠂ ᠪᠦᠬᠦᠨ ᠢ ᠭᠦᠢᠬᠡᠨ ᠪᠤᠯᠠᠵᠤ | ᠳᠤᠰᠤᠯᠭᠠᠨ ᠤᠰᠤᠯᠠᠬᠤ ᠥᠨᠳᠥᠷ ᠦᠷ᠎ᠡ ᠠᠰᠢᠭᠲᠤ ᠤᠰᠤ ᠠᠷᠪᠢᠯᠠᠬᠤ ᠢᠨᠵᠧᠨᠧᠷᠢᠩ ᠢ ᠪᠦᠲᠦᠭᠡᠨ ᠪᠠᠶᠢᠭᠤᠯᠵᠤ᠂ | ᠣᠶᠤᠨᠲᠤ ᠬᠤᠳᠳᠤᠭ ᠤᠨ ᠭᠡᠷ ᠪᠠᠶᠢᠰᠢᠩ᠂ ᠲᠠᠷᠢᠶᠠᠨ ᠭᠠᠵᠠᠷ ᠤᠨ ᠣᠶᠤᠨᠲᠤ ᠤᠰᠤᠯᠠᠯᠲᠠ ᠶᠢ ᠡᠵᠡᠮᠳᠡᠬᠦ ᠰᠢᠰᠲ᠋ᠧᠮ ᠢ | ᠢᠵᠢ ᠪᠦᠷᠢᠳᠦᠭᠦᠯᠵᠦ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠨᠠᠷᠢᠯᠢᠭ ᠣᠨᠣᠴᠠᠲᠠᠢ ᠬᠠᠮᠢᠶᠠᠷᠬᠤ ᠶᠢ | ᠪᠡᠶᠡᠯᠡᠭᠦᠯᠵᠡᠢ︔ ᠭᠠᠴᠠᠭ᠎ᠠ ᠪᠠᠷ ᠨᠢᠭᠡᠴᠢ ᠪᠣᠯᠭᠠᠨ ᠭᠠᠵᠠᠷ ᠰᠢᠷᠣᠢ ᠶᠢ ᠡᠮᠬᠢᠯᠡᠨ ᠨᠡᠶᠢᠯᠡᠭᠦᠯᠵᠦ᠂ ᠵᠢᠵᠢᠭ ᠲᠠᠷᠢᠶ᠎ᠠ ᠶᠢ | ᠶᠡᠭᠡ ᠲᠠᠷᠢᠶ᠎ᠠ ᠪᠣᠯᠭᠠᠵᠤ᠂ ᠲᠣᠮᠣ ᠬᠡᠯᠪᠡᠷᠢ ᠶᠢᠨ ᠮᠧᠬᠠᠨᠢᠭ ᠢᠶᠠᠷ ᠠᠵᠢᠯᠯᠠᠬᠤ ᠳᠤ ᠲᠦᠭᠦᠮ ᠪᠣᠯᠭᠠᠵᠠᠢ︔ ᠲᠠᠷᠢᠶᠠᠨ | ᠭᠠᠵᠠᠷ ᠤᠨ ᠪᠣᠷᠳᠣᠭᠤᠷ ᠨᠡᠮᠡᠵᠦ ᠣᠷᠣᠭᠤᠯᠬᠤ᠂ ᠭᠦᠨ ᠰᠤᠯᠠᠷᠠᠭᠤᠯᠵᠤ ᠭᠦᠶᠦᠬᠡᠨ ᠤᠷᠪᠠᠭᠤᠯᠬᠤ ᠵᠡᠷᠭᠡ ᠠᠷᠭ᠎ᠠ | ᠬᠡᠮᠵᠢᠶ᠎ᠡ ᠠᠪᠴᠤ᠂ ᠲᠠᠷᠢᠶᠠᠨ ᠭᠠᠵᠠᠷ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠡᠢ᠃ 2024 ᠣᠨ ᠳᠤ᠂ | ᠲᠥᠷᠥᠯ ᠵᠦᠢᠯ ᠤᠨ ᠪᠡᠯᠡ ᠮᠥᠩᠭᠦ ᠶᠢ 77 ᠳ᠋ᠦᠩᠰᠢᠭᠤᠷ ᠲᠥᠭᠦᠷᠢᠭ ᠣᠯᠵᠤ᠂ 313 ᠲᠦᠮᠡᠨ ᠮᠦ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠵᠤ᠂ ᠪᠦᠬᠦᠨ ᠢ | ᠪᠠᠶᠢᠭᠤᠯᠵᠤ ᠳᠠᠭᠤᠰᠬᠠᠭᠰᠠᠨ ᠤ ᠳᠠᠷᠠᠭ᠎ᠠ᠂ ᠪᠥᠬᠦ ᠬᠤᠲᠠ ᠶᠢᠨ ᠭᠠᠩᠳᠠᠵᠤ ᠤᠰᠤᠲᠤᠪᠠᠴᠤ ᠬᠤᠷᠢᠶᠠᠯᠲᠠ ᠶᠢ | ᠪᠠᠲᠤᠯᠠᠬᠤ᠂ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ᠂ ᠲᠣᠭᠲᠠᠭᠤᠨ ᠪᠥᠭᠡᠳ ᠥᠨᠳᠥᠷ ᠤᠨᠠᠯᠲᠠ ᠲᠠᠢ | ᠲᠠᠷᠢᠶᠠᠨ ᠭᠠᠵᠠᠷ 1000 ᠲᠦᠮᠡᠨ ᠮᠦ ᠳᠤ ᠬᠦᠷᠬᠦ ᠪᠣᠯᠣᠨ᠎ᠠ᠃ | ᠰᠢᠨᠵᠢᠯᠡᠬᠦ ᠤᠬᠠᠭᠠᠨ ᠮᠡᠷᠭᠡᠵᠢᠯ ᠢᠶᠠᠷ ᠲᠦᠰᠢᠭ ᠲᠤᠯᠭᠠᠭᠤᠷᠢ ᠪᠣᠯᠭᠠᠬᠤ ᠶᠢ ᠪᠠᠷᠢᠮᠲᠠᠯᠠᠵᠠᠢ᠃ ᠳᠤᠮᠳᠠᠳᠤ | ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠭᠠᠵᠠᠷ ᠯᠤᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠢ ᠴᠢᠩᠭᠠᠳᠬᠠᠵᠤ᠂ ᠡᠷᠳᠡᠨᠢ ᠰᠢᠰᠢ ᠶᠢᠨ ᠲᠠᠯᠠᠪᠠᠢ | ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠢ ᠪᠦᠬᠦ ᠬᠤᠳᠠ ᠪᠠᠷ ᠢᠶᠠᠨ ᠲᠦᠯᠬᠢᠨ ᠠᠬᠢᠭᠤᠯᠵᠤ᠂ ᠨᠠᠷᠢᠯᠢᠭ | ᠣᠨᠣᠴᠠᠲᠠᠢ ᠪᠠᠷ ᠭᠠᠵᠠᠷ ᠲᠡᠭᠰᠢᠯᠡᠬᠦ᠂ ᠵᠠᠮᠴᠢᠯᠠᠨ ᠲᠠᠷᠢᠬᠤ᠂ ᠳᠤᠰᠤᠯ ᠤᠰᠤ ᠪᠠᠷ ᠴᠢᠬᠢ ᠶᠢ ᠵᠡᠷᠭᠡᠴᠡᠭᠦᠯᠬᠦ᠂ ᠬᠢᠮᠢ ᠶᠢᠨ | ᠡᠵᠡᠮᠳᠡᠯ ᠢᠶᠠᠷ ᠨᠤᠷᠠᠬᠤ ᠶᠢ ᠰᠡᠷᠭᠡᠶᠢᠯᠡᠬᠦ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠡᠪᠡᠳᠴᠢᠨ ᠬᠤᠷᠣᠬᠠᠢ ᠶᠢᠨ | ᠬᠥᠨᠥᠭᠡᠯ ᠢ ᠰᠡᠷᠭᠡᠶᠢᠯᠡᠨ ᠡᠵᠡᠮᠳᠡᠬᠦ᠂ ᠦᠷ᠎ᠡ ᠶᠢᠨ ᠮᠥᠬᠦᠯᠢᠭ ᠢ ᠰᠢᠭᠤᠳ ᠬᠤᠷᠢᠶᠠᠬᠤ ᠵᠡᠷᠭᠡ 11 ᠵᠦᠢᠯ ᠤᠨ | ᠮᠡᠷᠭᠡᠵᠢᠯ ᠤᠨ ᠠᠷᠭ᠎ᠠ ᠬᠡᠮᠵᠢᠶ᠎ᠡ ᠶᠢ ᠲᠥᠪᠯᠡᠷᠡᠭᠦᠯᠦᠨ ᠳᠡᠯᠭᠡᠷᠡᠭᠦᠯᠵᠦ᠂ ᠬᠠᠭᠠᠯᠪᠤᠷᠢᠯᠠᠬᠤ᠂ ᠲᠠᠷᠢᠬᠤ᠂ ᠰᠡᠷᠭᠡᠶᠢᠯᠡᠬᠦ᠂ | ᠬᠤᠷᠢᠶᠠᠬᠤ ᠪᠦᠬᠦ ᠶᠠᠪᠤᠴᠠ ᠶᠢᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠵᠡᠢ᠃ ︽ᠲᠠᠷᠢᠶ᠎ᠠ ᠶᠢ ᠦᠵᠡᠵᠦ | ᠦᠷ᠎ᠡ ᠰᠣᠩᠭᠤᠬᠤ︾ 10 ᠲᠠᠪᠴᠠᠩ ᠢ ᠪᠠᠶᠢᠭᠤᠯᠵᠤ᠂ ᠥᠨᠳᠥᠷ ᠤᠨᠠᠯᠲᠠ ᠲᠠᠢ᠂ ᠨᠢᠭᠲᠠ ᠳᠠᠭᠠᠭᠠᠮᠠᠭᠠᠢ᠂ ᠰᠥᠷᠬᠦ ᠳᠤ | ᠳᠠᠭᠠᠭᠠᠮᠠᠭᠠᠢ᠂ ᠮᠠᠰᠢᠨ ᠢᠶᠠᠷ ᠬᠤᠷᠢᠶᠠᠬᠤ ᠳᠤ ᠲᠣᠬᠢᠷᠠᠮᠵᠢᠲᠠᠢ 11 ᠡᠭᠦᠯᠳᠡᠷ ᠢ ᠰᠢᠯᠭᠠᠨ ᠰᠣᠩᠭᠤᠨ ᠲᠠᠨᠢᠯᠴᠠᠭᠤᠯᠵᠤ᠂ | ︽ᠲᠦᠷᠪᠡᠨ ᠰᠢᠨ᠎ᠡ︾ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 209᠂ ᠲᠠᠯᠠᠪᠠᠢ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ 14 ᠪᠠᠶᠢᠭᠤᠯᠵᠤ᠂ ᠤᠶᠤᠯᠢᠭ ᠤᠰᠤ ᠪᠣᠷᠳᠣᠭᠤᠷ ᠢ | ᠨᠢᠭᠡ ᠴᠣᠭᠴᠠᠵᠢᠭᠤᠯᠬᠤ ᠵᠡᠷᠭᠡ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ 80 ᠭᠠᠷᠤᠢ | ᠥᠷᠨᠢᠭᠦᠯᠵᠦ᠂ ᠡᠷᠳᠡᠨᠢ ᠰᠢᠰᠢ ᠶᠢ ᠨᠢᠭᠲᠠ ᠲᠠᠷᠢᠵᠦ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠥᠨᠳᠥᠷ | ᠤᠨᠠᠯᠲᠠ ᠶᠢᠨ ᠮᠡᠷᠭᠡᠵᠢᠯ ᠢ 602 ᠲᠦᠮᠡᠨ ᠮᠤ ᠳᠡᠯᠭᠡᠷᠡᠭᠦᠯᠵᠦ᠂ ᠡᠷᠳᠡᠨᠢ ᠰᠢᠰᠢ ᠶᠢᠨ ᠵᠢᠱᠢᠶ᠎ᠡ ᠦᠵᠡᠭᠦᠯᠬᠦ ᠣᠷᠣᠨ ᠤ | ᠲᠠᠯᠠᠪᠠᠢ ᠨᠢᠭᠡᠴᠢ ᠶᠢᠨ ᠤᠨᠠᠯᠲᠠ ᠶᠢ ᠲᠠᠶᠢᠴᠢᠯᠠᠨ ᠲᠡᠦᠬᠡ ᠶᠢᠨ ᠰᠢᠨ᠎ᠡ ᠲᠡᠮᠳᠡᠭᠯᠡᠯ ᠢ ᠲᠠᠬᠢᠨ ᠡᠭᠦᠳᠪᠡ᠃ ᠲᠤᠰᠬᠠᠢ | ᠮᠡᠷᠭᠡᠵᠢᠯᠲᠡᠨ ᠤ ᠬᠡᠮᠵᠢᠭᠰᠡᠨ ᠢᠶᠠᠷ᠂ ᠲᠦᠮᠡᠨ ᠮᠦ ᠬᠡᠰᠡᠭ ᠤᠨ ᠬᠠᠮᠤᠭ ᠤᠨ ᠥᠨᠳᠥᠷ ᠳᠤᠮᠳᠠᠴᠢ ᠤᠨᠠᠯᠲᠠ ᠨᠢ | 1247.22 kg/ᠮᠦ ᠪᠠᠶᠢᠵᠤ᠂ ᠠᠷᠪᠠᠨ ᠲᠦᠮᠡᠨ ᠮᠦ ᠡᠷᠳᠡᠨᠢ ᠰᠢᠰᠢ ᠶᠢᠨ ︽ᠲᠣᠨ ᠠᠮᠤ ᠶᠢᠨ ᠲᠠᠷᠢᠶᠠᠨ ᠭᠠᠵᠠᠷ︾ | ᠤᠨ ᠳᠤᠮᠳᠠᠴᠢ ᠤᠨᠠᠯᠲᠠ ᠨᠢ 1042.1 ᠺᠢᠯᠣᠭ᠍ᠷᠠᠮ/ᠮᠦ ᠳᠤ ᠬᠦᠷᠴᠦ᠂ ᠵᠠᠭᠤᠨ ᠲᠦᠮᠡᠨ ᠮᠦ ᠡᠷᠳᠡᠨᠢ ᠰᠢᠰᠢ ᠶᠢᠨ | ᠳᠤᠮᠳᠠᠴᠢ ᠤᠨᠠᠯᠲᠠ ᠨᠢ 945.29 ᠺᠢᠯᠣᠭ᠍ᠷᠠᠮ/ᠮᠦ ᠳᠤ ᠬᠦᠷᠴᠦ᠂ ᠳᠡᠭᠡᠷᠡᠬᠢ ᠤᠨᠠᠯᠲᠠ ᠨᠢ ᠲᠣᠰ ᠲᠣᠰ ᠪᠥᠬᠦ | ᠤᠯᠤᠰ ᠤᠨ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠲᠦᠮᠡᠨ ᠮᠦ᠂ ᠠᠷᠪᠠᠨ ᠲᠦᠮᠡᠨ ᠮᠦ᠂ ᠵᠠᠭᠤᠨ | ᠲᠦᠮᠡᠨ ᠮᠦ ᠨᠢᠭᠡᠴᠢ ᠶᠢᠨ ᠤᠨᠠᠯᠲᠠ ᠶᠢᠨ ᠲᠡᠮᠳᠡᠭᠯᠡᠯ ᠢ ᠡᠭᠦᠳᠪᠡ᠃ | ᠨᠡᠶᠢᠭᠡᠮᠴᠢᠯᠡᠭᠰᠡᠨ ᠦᠢᠯᠡᠴᠢᠯᠡᠭᠡ ᠪᠠᠷ ᠪᠠᠲᠤᠯᠠᠭ᠎ᠠ ᠪᠣᠯᠭᠠᠬᠤ ᠶᠢ ᠪᠠᠷᠢᠮᠲᠠᠯᠠᠵᠠᠢ᠃ ︽ᠭᠠᠴᠠᠭ᠎ᠠ ᠲᠣᠰᠬᠤᠨ ᠤ | ᠵᠣᠬᠢᠶᠠᠨ ᠪᠠᠶᠢᠭᠤᠯᠤᠯᠲᠠ ᠶᠢᠨ ᠭᠠᠵᠠᠷ ᠰᠢᠷᠣᠢ ᠶᠢ ᠡᠮᠬᠢᠯᠡᠨ ᠨᠡᠶᠢᠯᠡᠭᠦᠯᠬᠦ᠂ ᠲᠤᠰᠬᠠᠢ ᠠᠵᠢᠯ ᠤᠨ ᠬᠤᠷᠰᠢᠶ᠎ᠠ ᠶᠢᠨ | ᠬᠡᠪᠴᠢᠶᠡᠵᠢᠭᠦᠯᠦᠨ ᠡᠵᠡᠩᠨᠡᠬᠦ᠂ ᠲᠠᠷᠢᠶᠠᠯᠠᠩ ᠤᠨ ᠠᠵᠤ ᠠᠬᠤᠶᠢᠯᠠᠯ ᠢ ᠨᠢᠭᠲᠠ ᠬᠤᠯᠪᠣᠬᠤ᠂ ᠨᠡᠶᠢᠭᠡᠮᠴᠢᠯᠡᠭᠰᠡᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠪᠥᠬᠦ ᠶᠠᠪᠤᠴᠠ ᠳᠤ ᠦᠢᠯᠡᠴᠢᠯᠡᠬᠦ︾ ᠬᠠᠮᠲᠤᠷᠠᠯᠴᠠᠭᠠᠨ ᠤ ᠵᠠᠭᠪᠤᠷ ᠢ | ᠪᠠᠶᠢᠭᠤᠯᠵᠤ᠂ ︽ᠲᠠᠪᠤ ᠶᠢ ᠨᠢᠭᠡᠳᠬᠡᠵᠦ ᠭᠤᠷᠪᠠ ᠶᠢ ᠣᠳᠣᠬᠢᠴᠢᠯᠠᠬᠤ︾ ᠶᠢ ᠪᠡᠶᠡᠯᠡᠭᠦᠯᠪᠡ᠃ ᠪᠥᠬᠦ ᠬᠤᠲᠠ ᠶᠢᠨ | ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ 4500 ᠪᠣᠯᠭᠠᠨ ᠬᠥᠭᠵᠢᠭᠦᠯᠵᠦ᠂ 416 | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠲᠠᠷᠢᠶᠠᠯᠠᠩ ᠤᠨ ᠮᠠᠰᠢᠨ᠂ ᠮᠥᠩᠭᠦᠨ ᠭᠦᠢᠯᠭᠡᠭᠡ ᠳᠠᠭᠠᠳᠬᠠᠯ᠂ | ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠡ᠂ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠵᠡᠷᠭᠡ | ᠲᠠᠷᠢᠶᠠᠯᠠᠩ ᠳᠤ ᠬᠤᠯᠪᠣᠭᠳᠠᠬᠤ ᠭᠤᠣᠯ ᠴᠣᠭᠴᠠ ᠶᠢ ᠰᠢᠯᠢᠳᠡᠭᠴᠢᠯᠡᠨ ᠰᠣᠩᠭᠤᠵᠤ᠂ ᠪᠥᠬᠦ ᠬᠤᠲᠠ ᠶᠢᠨ ᠲᠠᠷᠢᠶᠠᠯᠠᠩ | ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠤᠯᠪᠣᠭ᠎ᠠ ᠶᠢ ᠪᠠᠶᠢᠭᠤᠯᠵᠤ᠂ ᠡᠬᠢ ᠪᠠᠶᠠᠯᠢᠭ ᠢ | ᠬᠠᠮᠲᠤᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠲᠦᠭᠰᠢᠭᠦᠷᠢ ᠶᠢ ᠬᠠᠮᠲᠤᠪᠠᠷ ᠡᠭᠦᠷᠭᠡᠯᠡᠬᠦ᠂ | ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ ᠶᠢ ᠪᠡᠶᠡᠯᠡᠭᠦᠯᠵᠡᠢ᠃ ᠪᠥᠬᠦ ᠬᠤᠲᠠ ᠶᠢᠨ ᠨᠡᠶᠢᠭᠡᠮᠴᠢᠯᠡᠭᠰᠡᠨ | ᠦᠢᠯᠡᠴᠢᠯᠡᠭᠡ ᠬᠢᠭᠡᠳ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠢ ᠤᠶᠠᠯᠳᠤᠭᠤᠯᠤᠭᠰᠠᠨ ᠲᠠᠯᠠᠪᠠᠶ 858 | ᠲᠦᠮᠡᠨ ᠮᠦ ᠳᠤ ᠬᠦᠷᠴᠦ᠂ 93 ᠰᠤᠮᠤ ᠰᠢᠶᠠᠩ ᠪᠠᠯᠭᠠᠰᠤ᠂ 1393 ᠭᠠᠴᠠᠭ᠎ᠠ ᠲᠣᠰᠬᠤᠨ ᠢ ᠬᠠᠮᠤᠷᠪᠠ᠃ ᠡᠭᠦᠨ ᠤ | ᠬᠠᠮᠲᠤ᠂ ᠱᠠᠲᠤ ᠬᠤᠪᠢᠶᠠᠨ ᠲᠥᠷᠥᠯ ᠬᠤᠪᠢᠶᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠵᠡᠷᠭᠡ ᠪᠠᠷ | ᠲᠠᠷᠢᠶᠠᠯᠠᠩ ᠤᠨ ᠮᠡᠷᠭᠡᠵᠢᠯᠲᠡᠨ ᠪᠠ ᠮᠠᠯᠴᠢᠨ ᠲᠠᠷᠢᠶᠠᠴᠢᠨ ᠤ ᠪᠣᠯᠪᠠᠰᠤᠷᠠᠯ ᠵᠢᠴᠢ ᠦᠵᠡᠭᠦᠯᠭᠡ ᠶᠢᠨ ᠠᠵᠢᠯᠯᠠᠭ᠎ᠠ ᠶᠢ | ᠥᠷᠨᠢᠭᠦᠯᠵᠦ᠂ ᠨᠡᠶᠢᠲᠡ 70 ᠲᠦᠮᠡᠨ ᠬᠥᠮᠥᠨ ᠤᠳᠠᠭ᠎ᠠ ᠪᠣᠯᠪᠠᠰᠤᠷᠠᠭᠤᠯᠵᠤ᠂ ︽ᠭᠤᠷᠪᠠᠨ ᠮᠢᠨᠦ᠋ᠲ ᠤᠨ ᠬᠥᠳᠡᠭᠡ | ᠲᠣᠰᠬᠤᠨ ᠤ ᠲᠧᠯᠸᠢᠰ ᠬᠤᠷᠢᠶ᠎ᠠ︾ ᠶᠢ 925 ᠬᠤᠭᠤᠴᠠᠭ᠎ᠠ ᠨᠡᠶᠢᠲᠡᠯᠡᠵᠦ᠂ ᠲᠠᠷᠤᠮ ᠤᠨ ᠲᠤᠭ᠎ᠠ ᠨᠢ 818 ᠲᠦᠮᠡᠨ | ᠤᠳᠠᠭ᠎ᠠ ᠬᠦᠷᠦᠭᠰᠡᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠲᠦᠩᠯᠢᠶᠣᠣ ᠬᠤᠲᠠ ᠠᠮᠤ ᠪᠤᠳᠠᠭ᠎ᠠ ᠪᠣᠯᠣᠨ ᠴᠢᠬᠤᠯᠠ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠮᠤᠷ ᠲᠦᠪᠰᠢᠨ ᠬᠠᠩᠭᠠᠯᠭ᠎ᠠ ᠶᠢ ᠪᠠᠲᠤᠯᠠᠬᠤ ᠶᠢ ᠭᠤᠣᠯᠳᠠᠯᠭ᠎ᠠ ᠶᠢᠨ | ᠳᠣᠲᠣᠷᠠᠬᠢ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ︽ᠲᠦᠩᠯᠢᠶᠣᠣ ᠶᠢᠨ ᠵᠠᠭᠪᠤᠷ︾ ᠢ ᠦᠷᠭᠦᠯᠵᠢᠯᠡᠨ | ᠲᠡᠭᠦᠯᠳᠡᠷᠵᠢᠭᠦᠯᠵᠦ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠢ ᠪᠥᠬᠦ | ᠬᠤᠲᠠ ᠪᠠᠷ ᠢᠶᠠᠨ ᠠᠬᠢᠭᠤᠯᠵᠤ᠂ ᠮᠢᠩᠭᠠᠨ ᠲᠦᠮᠡᠨ ᠮᠦ ᠳᠤᠮᠳᠠᠳᠤ ᠤᠯᠤᠰ ᠤᠨ ᠤᠮᠠᠷᠠᠲᠤ ᠶᠢᠨ ᠲᠠᠩ ᠤᠯᠠᠷᠢᠯ ᠤᠨ | ︽ᠲᠣᠨ ᠠᠮᠤ ᠶᠢᠨ ᠲᠠᠷᠢᠶ᠎ᠠ︾ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠵᠤ᠂ ᠠᠮᠤ ᠪᠤᠳᠠᠭᠠᠨ ᠤ | ᠦᠢᠯᠡᠳᠪᠦᠷᠢᠯᠡᠬᠦ ᠴᠢᠳᠠᠪᠤᠷᠢ ᠪᠠ ᠤᠨᠠᠯᠲᠠ ᠶᠢ ᠦᠷᠭᠦᠯᠵᠢᠯᠡᠨ ᠳᠡᠭᠡᠭᠰᠢᠯᠡᠭᠦᠯᠵᠦ᠂ ︽ᠳᠤᠮᠳᠠᠳᠤ ᠤᠯᠤᠰ ᠤᠨ | ᠠᠶᠠᠭ᠎ᠠ︾ ᠳᠤ ᠨᠠᠩ ᠣᠯᠠᠨ ︽ᠲᠦᠩᠯᠢᠶᠣᠣ ᠶᠢᠨ ᠠᠮᠤ ᠪᠤᠳᠠᠭ᠎ᠠ︾ ᠠᠶᠠᠭᠠᠯᠠᠬᠤ ᠪᠠᠷ ᠴᠢᠷᠮᠠᠶᠢᠵᠤ᠂ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃ |