ᠤᠯᠤᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠴᠤᠭᠯᠠᠷᠠᠯ ᠤᠨ ᠲᠥᠷᠥᠯ ᠵᠦᠢᠯ ᠤᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠴᠢᠩᠭᠠᠳᠬᠠᠵᠤ ᠂ 2025 ᠣᠨ ᠤ ᠠᠵᠤ ᠦᠢᠯᠡᠰ ᠤᠨ | ᠴᠤᠭᠯᠠᠷᠠᠯ ᠢ ᠡᠷᠲᠡ ᠠᠴᠠ ᠲᠥᠯᠥᠪᠯᠡᠵᠦ᠂ ᠡᠷᠲᠡ ᠠᠴᠠ ᠡᠬᠢᠯᠡᠭᠦᠯᠵᠦ ᠂ ᠴᠢᠨᠠᠷ ᠰᠠᠶᠢᠲᠠᠢ ᠠᠬᠢᠭᠤᠯᠬᠤ ᠶᠢ ᠦᠨᠡᠨᠬᠦ | ᠪᠠᠲᠤᠯᠠᠬᠤ ᠶᠢᠨ ᠲᠦᠯᠦᠭᠡ᠂ 12 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠡᠳ᠋ ᠤᠨ ᠵᠠᠰᠠᠭ ᠤᠨ ᠲᠢᠩᠬᠢᠮ ᠲᠠᠢ | ᠬᠠᠮᠲᠤᠷᠠᠨ ᠲᠦᠭᠦᠭᠡᠷᠦᠮᠵᠢᠲᠦ ᠢᠳᠡᠰᠢᠨ ᠨᠣᠭᠤᠭ᠎ᠠ᠂ ᠪᠤᠭᠤᠳᠠᠢ᠂ ᠰᠢᠬᠢᠷ ᠯᠤᠤᠪᠠᠩ᠂ ᠲᠡᠮᠡᠭᠡ ᠵᠡᠷᠭᠡ 4 ᠴᠤᠭᠯᠠᠷᠠᠯ ᠂ | 8 ᠠᠶᠢᠮᠠᠭ ᠬᠤᠲᠠ ᠶᠢᠨ 22 ᠬᠤᠰᠢᠭᠤ ᠰᠢᠶᠠᠨ ︵ᠬᠤᠲᠠ᠂ ᠲᠣᠭᠤᠷᠢᠭ︶ ᠳᠤ 2025 ᠣᠨ ᠤ ᠤᠯᠤᠰ ᠤᠨ | ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠴᠤᠭᠯᠠᠷᠠᠯ ᠤᠨ ᠸᠢᠳᠢᠤ᠋ ᠮᠠᠷᠭᠤᠯᠳᠤᠭᠠᠨ ᠤ ᠬᠤᠷᠠᠯ ᠥᠷᠨᠢᠭᠦᠯᠪᠡ᠃ | | | | | ᠸᠢᠳᠢᠤ᠋ ᠮᠠᠷᠭᠤᠯᠳᠤᠭᠠᠨ ᠤ ᠬᠤᠷᠠᠯ ᠳᠡᠭᠡᠷ᠎ᠡ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ | ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ | ᠲᠥᠪ ᠵᠡᠷᠭᠡ ᠬᠠᠮᠢᠶ᠎ᠠ ᠪᠦᠬᠦᠢ ᠣᠷᠣᠨ ᠪᠦᠰᠡ ᠶᠢᠨ ᠲᠤᠰᠬᠠᠢ ᠮᠡᠷᠭᠡᠵᠢᠯᠲᠡᠳ ᠢ ᠤᠷᠢᠵᠤ ᠰᠢᠯᠭᠠᠷᠠᠭᠤᠯᠬᠤ ᠺᠣᠮᠢᠰ ᠤᠨ | ᠳᠤᠭᠤᠶᠢᠯᠠᠩ ᠢ ᠪᠦᠷᠢᠯᠳᠦᠭᠦᠯᠵᠦ᠂ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠤ ᠠᠵᠤ ᠦᠢᠯᠡᠰ ᠤᠨ | ᠴᠤᠭᠯᠠᠷᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠵᠢᠷᠤᠭ ᠲᠥᠯᠥᠪᠯᠡᠭᠡ ᠶᠢᠨ | ᠰᠡᠳᠬᠢᠮᠵᠢ᠂ ᠠᠵᠤ ᠦᠢᠯᠡᠰ ᠤᠨ ᠰᠠᠭᠤᠷᠢ᠂ ᠳᠤᠲᠠᠭᠤᠳᠠᠯ ᠪᠠᠭᠤᠷᠠᠢ ᠵᠦᠢᠯ᠂ ᠴᠢᠳᠠᠮᠵᠢ ᠶᠢᠨ ᠪᠠᠶᠢᠷᠢᠰᠢᠭᠤᠯᠤᠯᠲᠠ᠂ | ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠵᠡᠷᠭᠡ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠪᠠ᠃ ᠡᠭᠦᠨ ᠤ ᠬᠠᠮᠲᠤ ᠂ ᠡᠯ᠎ᠡ ᠭᠠᠵᠠᠷ ᠤᠨ ᠭᠤᠶᠤᠴᠢᠯᠠᠨ ᠮᠡᠳᠡᠭᠦᠯᠬᠦ ᠵᠦᠢᠯᠡᠰ ᠤᠨ | ᠪᠣᠯᠣᠮᠵᠢᠲᠤ ᠴᠢᠨᠠᠷ᠂ ᠵᠦᠢ ᠶᠣᠰᠣᠴᠢ ᠴᠢᠨᠠᠷ᠂ ᠪᠦᠲᠦᠮᠵᠢᠲᠦ ᠴᠢᠨᠠᠷ ᠠᠴᠠ ᠠᠰᠠᠭᠤᠨ ᠮᠠᠷᠭᠤᠯᠳᠠᠬᠤ ᠪᠠ ᠡᠭᠦᠳᠦᠨ | ᠪᠠᠶᠢᠭᠤᠯᠬᠤ ᠶᠢ ᠵᠢᠷᠤᠮᠵᠢᠭᠤᠯᠬᠤ ᠵᠢᠯᠣᠭᠤᠳᠤᠯᠭ᠎ᠠ ᠬᠢᠵᠦ᠂ ᠡᠯ᠎ᠡ ᠭᠠᠵᠠᠷ ᠤᠨ ᠴᠤᠭᠯᠠᠷᠠᠯ ᠤᠨ ᠪᠦᠲᠦᠭᠡᠨ ᠪᠠᠶᠢᠭᠤᠯᠬᠤ | ᠶᠠᠪᠤᠴᠠ ᠳᠤ ᠠᠵᠤ ᠦᠢᠯᠡᠰ ᠤᠨ ᠨᠠᠷᠢᠯᠢᠭ ᠣᠨᠣᠴᠠᠲᠠᠢ ᠪᠠᠷ ᠣᠷᠣᠨ ᠪᠠᠶᠢᠷᠢ ᠲᠣᠭᠲᠠᠭᠠᠬᠤ᠂ ᠡᠬᠢ ᠪᠠᠶᠠᠯᠢᠭ ᠤᠨ | ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠪᠡᠶᠡᠯᠡᠭᠦᠯᠬᠦ ᠶᠢ ᠦᠨᠡᠨ ᠬᠦ ᠪᠠᠲᠤᠯᠠᠪᠠ᠃ | | | | | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠠᠷᠢᠭᠤ ᠮᠡᠳᠡᠭᠦᠯᠬᠦ ᠂ ᠮᠠᠷᠭᠤᠯᠳᠠᠬᠤ ᠳᠤ ᠣᠷᠣᠯᠴᠠᠭᠰᠠᠨ ᠠᠶᠢᠮᠠᠭ | ᠬᠤᠳᠠ ᠂ ᠬᠤᠰᠢᠭᠤ ᠰᠢᠶᠠᠨ ︵ ᠬᠤᠳᠠ ᠂ ᠲᠣᠭᠤᠷᠢᠭ ︶ ᠤ ᠬᠢᠨ ᠰᠢᠯᠭᠠᠷᠠᠭᠤᠯᠬᠤ ᠺᠣᠮᠢᠰ ᠤᠨ ᠳᠤᠭᠤᠶᠢᠯᠠᠩ ᠤᠨ | ᠳᠤᠷᠠᠳᠤᠭᠰᠠᠨ ᠰᠠᠨᠠᠯ ᠰᠠᠨᠠᠭᠤᠯᠭ᠎ᠠ ᠳᠤ ᠴᠢᠭᠯᠡᠭᠦᠯᠦᠨ ᠪᠦᠲᠦᠭᠡᠨ ᠪᠠᠶᠢᠭᠤᠯᠬᠤ ᠲᠥᠰᠥᠯ ᠢᠶᠠᠨ ᠤᠯᠠᠮ ᠴᠢᠨᠠᠭᠰᠢᠳᠠ | ᠵᠠᠰᠠᠨ ᠲᠡᠭᠦᠯᠳᠡᠷᠵᠢᠭᠦᠯᠵᠦ ᠂ ᠠᠰᠠᠭᠤᠳᠠᠯ ᠢ ᠰᠢᠢᠳᠪᠦᠷᠢᠯᠡᠬᠦ ᠶᠢ ᠴᠢᠩᠭ᠎ᠠ ᠠᠩᠬᠠᠷᠴᠤ ᠂ ᠳᠤᠲᠠᠭᠤᠳᠠᠯ ᠪᠠᠭᠤᠷᠠᠢ | ᠵᠦᠢᠯ ᠢᠶᠠᠨ ᠨᠥᠬᠦᠪᠦᠷᠢᠯᠡᠵᠦ ᠂ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠳᠡᠮᠵᠢᠬᠦ ᠴᠢᠭᠯᠡᠯ ᠢ | ᠲᠣᠳᠣᠷᠬᠠᠶᠢᠯᠠᠵᠤ ᠂ ᠮᠡᠳᠡᠭᠦᠯᠦᠭᠰᠡᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠨᠢ ᠲᠤᠬᠠᠢ ᠶᠢᠨ ᠭᠠᠵᠠᠷ ᠤᠨ | ᠠᠵᠤ ᠦᠢᠯᠡᠰ ᠪᠣᠯᠣᠨ ᠠᠵᠤ ᠠᠬᠤᠢ ᠶᠢᠨ ᠬᠥᠭᠵᠢᠯᠲᠡ ᠳᠤ ᠨᠡᠯᠢᠶᠡᠳ ᠴᠢᠩᠭ᠎ᠠ ᠲᠤᠯᠭᠠᠭᠤᠷᠢᠯᠠᠬᠤ ᠦᠢᠯᠡᠳᠦᠯ | ᠦᠵᠡᠭᠦᠯᠬᠦ ᠬᠡᠷᠡᠭᠲᠡᠢ ᠃ ᠡᠭᠦᠨ ᠤ ᠬᠠᠮᠲᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ | ᠣᠨᠴᠠᠯᠢᠭᠲᠤ ᠠᠵᠤ ᠦᠢᠯᠡᠰ ᠤᠨ ᠴᠤᠭᠯᠠᠷᠠᠯ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ | ᠬᠡᠷᠡᠭᠵᠢᠭᠦᠯᠬᠦ︶︾ ᠶᠣᠰᠣᠭᠠᠷ᠂ ᠭᠤᠶᠤᠴᠢᠯᠠᠨ ᠮᠡᠳᠡᠭᠦᠯᠬᠦ ᠭᠤᠣᠯ ᠴᠣᠭᠴᠠ ᠶᠢᠨ ᠬᠢᠷᠢ ᠬᠡᠮ ᠢ ᠬᠢᠨᠠᠨ | ᠬᠠᠷᠭᠤᠭᠤᠯᠬᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ᠂ ᠬᠢᠨᠠᠯᠲᠠ ᠲᠠᠯᠪᠢᠬᠤ ᠪᠠ | ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠬᠠᠮᠢᠶᠠᠷᠬᠤ ᠵᠡᠷᠭᠡ ᠠᠵᠢᠯ ᠢ ᠴᠢᠩᠭᠠᠳᠬᠠᠵᠤ᠂ ᠠᠵᠤ ᠦᠢᠯᠡᠰ ᠤᠨ | ᠴᠤᠭᠯᠠᠷᠠᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ | ᠠᠬᠢᠭᠤᠯᠵᠤ᠂ ᠲᠠᠰ ᠳᠡᠪᠰᠢᠬᠦ ᠬᠠᠷᠠᠯᠲᠠ ᠶᠢ ᠪᠡᠶᠡᠯᠡᠭᠦᠯᠬᠦ ᠬᠡᠷᠡᠭᠲᠡᠢ ᠭᠡᠪᠡ ᠃ | | | | | ᠬᠤᠷᠠᠯ ᠠᠴᠠ ᠴᠢᠬᠤᠯᠠᠴᠢᠯᠠᠭᠰᠠᠨ ᠨᠢ᠂ ᠬᠤᠯᠪᠣᠭᠳᠠᠯ ᠪᠦᠬᠦᠢ ᠠᠶᠢᠮᠠᠭ ᠬᠤᠳᠠ ᠶᠢᠨ ᠬᠢᠨ ᠲᠤᠰ | ᠤᠳᠠᠭ᠎ᠠ ᠶᠢᠨ ᠸᠢᠳᠢᠤ᠋ ᠶᠢᠨ ᠮᠠᠷᠭᠤᠯᠳᠤᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ ᠂ ᠠᠵᠤ ᠦᠢᠯᠡᠰ ᠤᠨ | ᠴᠤᠭᠯᠠᠷᠠᠯ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ ᠂ ᠠᠵᠤ ᠦᠢᠯᠡᠰ ᠤᠨ | ᠴᠤᠭᠯᠠᠷᠠᠯ ᠤᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠂ ᠬᠠᠷᠠᠯᠲᠠ ᠂ ᠠᠴᠢ | ᠬᠤᠯᠪᠣᠭᠳᠠᠯ ᠵᠢᠴᠢ ᠦᠷᠭᠦᠯᠵᠢᠯᠡᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠰᠢᠰᠲ᠋ᠧᠮ ᠲᠠᠢ | ᠭᠦᠨᠵᠡᠭᠡᠢ ᠰᠤᠳᠤᠯᠵᠤ ᠂ ᠠᠵᠤ ᠦᠢᠯᠡᠰ ᠤᠨ ᠴᠤᠭᠯᠠᠷᠠᠯ ᠤᠨ ᠪᠦᠲᠦᠭᠡᠨ ᠪᠠᠶᠢᠭᠤᠯᠤᠯᠲᠠ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢᠨ ᠰᠢᠪᠲᠤᠯᠤᠯᠲᠠ ᠶᠢᠨ ᠴᠡᠭ ᠪᠠ ᠠᠵᠤ ᠦᠢᠯᠡᠰ ᠢ ᠬᠥᠭᠵᠢᠭᠦᠯᠦᠨ | ᠮᠠᠨᠳᠤᠭᠤᠯᠬᠤ ᠶᠢᠨ ᠪᠦᠲᠦᠮᠵᠢᠲᠡᠢ ᠭᠠᠷᠳᠠᠴᠠ ᠪᠣᠯᠭᠠᠨ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠬᠤ ᠬᠡᠷᠡᠭᠲᠡᠢ ᠃ | ᠳᠠᠪᠠᠭᠤᠯᠢᠭ ᠣᠨᠴᠠᠯᠢᠭᠲᠤ ᠠᠵᠤ ᠦᠢᠯᠡᠰ ᠢᠶᠠᠷ ᠵᠢᠯᠣᠭᠤᠳᠤᠯᠭ᠎ᠠ ᠪᠣᠯᠭᠠᠵᠤ᠂ ᠰᠢᠶᠠᠨ ᠤ ᠪᠦᠰᠡ᠂ ᠬᠤᠲᠠ ᠶᠢᠨ | ᠪᠦᠰᠡ ᠶᠢᠨ ᠠᠵᠤ ᠦᠢᠯᠡᠰ ᠤᠨ ᠴᠤᠭᠯᠠᠷᠠᠨ ᠰᠦᠷᠦᠭᠵᠢᠬᠦ ᠶᠢ ᠠᠬᠢᠭᠤᠯᠤᠨ᠂ ᠤᠯᠠᠮᠵᠢᠯᠠᠯᠲᠤ ᠣᠨᠴᠠᠯᠢᠭᠲᠤ ᠠᠵᠤ | ᠦᠢᠯᠡᠰ ᠢ ᠥᠭᠡᠷᠡᠴᠢᠯᠡᠨ ᠲᠠᠰ ᠳᠡᠪᠰᠢᠭᠦᠯᠬᠦ ᠶᠢ ᠲᠦᠷᠭᠡᠳᠬᠡᠵᠦ᠂ ᠠᠵᠤ ᠦᠢᠯᠡᠰ ᠤᠨ ᠳᠡᠭᠡᠳᠦ ᠳᠡᠰᠵᠢᠭᠰᠡᠨ ᠂ | ᠣᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠂ ᠠᠵᠤ ᠦᠢᠯᠡᠰ ᠤᠨ ᠴᠤᠭᠯᠠᠷᠠᠯ ᠤᠨ ᠨᠠᠷᠠᠲᠤ | ᠲᠡᠮᠳᠡᠭᠲᠦ ᠶᠢᠨ ᠨᠥᠯᠥᠭᠡᠯᠡᠬᠦ ᠬᠦᠴᠦᠨ ᠢ ᠥᠷᠭᠡᠳᠬᠡᠵᠦ᠂ ᠳᠠᠪᠠᠭᠤᠯᠢᠭ ᠣᠨᠴᠠᠯᠢᠭᠲᠤ ᠠᠵᠤ ᠦᠢᠯᠡᠰ ᠨᠢᠭᠡᠪᠦᠷᠢ ᠶᠢ | ᠦᠨᠡᠨ ᠬᠦ ᠣᠷᠣᠨ ᠪᠦᠰᠡ ᠶᠢᠨ ᠴᠢᠨᠠᠷᠲᠠᠢ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠴᠤᠭᠯᠠᠷᠠᠯ ᠢ ᠪᠣᠶ | ᠪᠣᠯᠭᠠᠬᠤ ᠬᠡᠷᠡᠭᠲᠡᠢ ᠭᠡᠪᠡ ᠃ | |