ᠲᠤᠷᠰᠢᠯᠲᠠ ᠶᠢᠨ ᠪᠣᠳᠠᠲᠤ ᠪᠣᠯᠪᠠᠰᠤᠷᠠᠯ ᠤᠨ ᠡᠭᠡᠯᠵᠢᠯᠡᠨ ᠪᠣᠯᠪᠠᠰᠤᠷᠠᠭᠤᠯᠬᠤ ᠶᠢ ᠴᠢᠩᠭᠠᠳᠬᠠᠵᠤ ᠬᠢᠨᠠᠨ ᠬᠡᠮᠵᠢᠵᠦ ᠪᠠᠶᠢᠴᠠᠭᠠᠨ ᠬᠡᠮᠵᠢᠬᠦ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/12/31
      ᠦᠨᠳᠦᠰᠦᠨ ᠱᠠᠲᠤᠨ ᠤ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠮᠡᠷᠭᠡᠵᠢᠯᠲᠡᠨ ᠤ ᠬᠢᠨᠠᠨ ᠬᠡᠮᠵᠢᠬᠦ ᠮᠡᠷᠭᠡᠵᠢᠯ ᠤᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠮᠣᠯᠧᠺᠦ᠋ᠯ ᠤᠨ ᠠᠮᠢᠳᠤ ᠪᠣᠳᠠᠰ ᠤᠨ ᠤᠬᠠᠭᠠᠨ ᠪᠠ ᠴᠢᠰᠤᠨ ᠲᠤᠩᠭᠠᠯᠠᠭ ᠤᠨ ᠰᠤᠳᠤᠯᠤᠯ ᠤᠨ ᠪᠠᠶᠢᠴᠠᠭᠠᠨ ᠰᠢᠯᠭᠠᠬᠤ ᠴᠢᠳᠠᠪᠤᠷᠢ ᠶᠢ ᠪᠦᠬᠦᠯᠢ ᠴᠣᠭᠴᠠ ᠪᠠᠷ ᠨᠢ ᠳᠡᠭᠡᠭᠰᠢᠯᠡᠬᠦᠯᠬᠦ ᠶᠢᠨ ᠲᠦᠯᠦᠭᠡ ᠂ 12 ᠰᠠᠷ᠎ᠠ ᠶᠢᠨ 17 ︱ 23 ᠤ ᠡᠳᠦᠷ ᠪᠣᠯᠲᠠᠯ᠎ᠠ᠂ ᠤᠯᠠᠭᠠᠨᠴᠠᠪ ᠬᠤᠲᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠲᠤᠷᠰᠢᠯᠲᠠ ᠶᠢᠨ ᠲᠠᠰᠤᠭ ᠠᠴᠠ 2024 ᠣᠨ ᠤ ᠳᠣᠣᠷ᠎ᠠ ᠬᠠᠭᠠᠰ ᠵᠢᠯ ᠤᠨ ᠦᠨᠳᠦᠰᠦᠨ ᠱᠠᠲᠤᠨ ᠤ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠮᠡᠷᠭᠡᠵᠢᠯᠲᠡᠨ ᠤ ᠪᠣᠳᠠᠲᠠᠢ ᠠᠵᠢᠯᠯᠠᠬᠤ ᠴᠢᠳᠠᠪᠤᠷᠢ ᠶᠢ ᠳᠡᠭᠡᠭᠰᠢᠯᠡᠭᠦᠯᠬᠦ ᠡᠭᠡᠯᠵᠢᠯᠡᠨ ᠪᠣᠯᠪᠠᠰᠤᠷᠠᠭᠤᠯᠬᠤ ᠠᠵᠢᠯ ᠢ ᠥᠷᠨᠢᠭᠦᠯᠵᠦ᠂ ᠬᠡᠰᠡᠭ ᠬᠤᠰᠢᠭᠤ ᠰᠢᠶᠠᠨ ᠬᠤᠲᠠ ᠲᠣᠭᠤᠷᠢᠭ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ 1︱2 ᠮᠡᠷᠭᠡᠵᠢᠯᠲᠡᠨ ᠢ ᠰᠣᠩᠭᠤᠨ ᠲᠣᠮᠢᠯᠠᠵᠤ ᠣᠷᠣᠯᠴᠠᠭᠤᠯᠪᠠ᠃      ᠪᠣᠯᠪᠠᠰᠤᠷᠠᠯ ᠤᠨ ᠠᠭᠤᠯᠭ᠎ᠠ ᠳᠤ᠄ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠤ ᠴᠠᠷᠤᠯᠲᠠ ᠶᠢᠨ ᠡᠰᠡᠷᠭᠦᠴᠡᠭᠴᠢ ᠶᠢ ᠥᠪᠡᠰᠦᠪᠡᠨ ᠪᠠᠶᠢᠴᠠᠭᠠᠬᠤ ᠬᠢᠨᠠᠨ ᠬᠡᠮᠵᠢᠬᠦ ᠮᠡᠷᠭᠡᠵᠢᠯ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠤ ᠡᠪᠡᠳᠴᠢᠨ ᠡᠭᠦᠰᠬᠡᠭᠴᠢ ᠶᠢ ᠪᠠᠶᠢᠴᠠᠭᠠᠨ ᠬᠡᠮᠵᠢᠬᠦ ᠮᠡᠷᠭᠡᠵᠢᠯ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠤᠨ ᠥᠯᠢᠭᠡᠷ ᠡᠳ᠋ ᠠᠪᠬᠤ ᠪᠠ ᠬᠢᠨᠠᠨ ᠬᠡᠮᠵᠢᠬᠦ ᠮᠡᠷᠭᠡᠵᠢᠯ᠂ 2024 ᠣᠨ ᠤ ᠪᠥᠬᠦ ᠬᠤᠲᠠ ᠶᠢᠨ ᠨᠠᠮᠤᠷ ᠤᠨ ᠰᠡᠷᠭᠡᠶᠢᠯᠡᠯᠲᠡ ᠶᠢᠨ ᠥᠯᠢᠭᠡᠷ ᠡᠳ᠋ ᠤᠨ ᠴᠠᠷᠤᠯᠲᠠ ᠶᠢᠨ ᠡᠰᠡᠷᠭᠦᠴᠡᠭᠴᠢ ᠶᠢ ᠬᠢᠨᠠᠨ ᠬᠡᠮᠵᠢᠬᠦ ᠵᠢᠴᠢ ᠡᠪᠡᠳᠴᠢᠨ ᠡᠭᠦᠰᠬᠡᠭᠴᠢ ᠶᠢ ᠪᠠᠶᠢᠴᠠᠭᠠᠨ ᠬᠡᠮᠵᠢᠬᠦ ᠠᠵᠢᠯ ᠢ ᠪᠡᠶᠡᠯᠡᠭᠦᠯᠬᠦ ᠵᠡᠷᠭᠡ ᠪᠠᠭᠲᠠᠨ᠎ᠠ᠃      ᠲᠣᠰ ᠤᠳᠠᠭᠠᠨ ᠤ ᠪᠣᠯᠪᠠᠰᠤᠷᠠᠯ ᠢ ᠣᠨᠣᠯ ᠤᠨ ᠲᠠᠶᠢᠯᠤᠮᠵᠢ ᠶᠢ ᠪᠣᠳᠠᠲᠠᠢ ᠲᠠᠢ ᠤᠶᠠᠯᠳᠤᠭᠤᠯᠤᠨ ᠬᠢᠬᠦ ᠬᠡᠯᠪᠡᠷᠢ ᠪᠠᠷ ᠥᠷᠨᠢᠭᠦᠯᠵᠦ᠂ ᠡᠯ᠎ᠡ ᠪᠣᠯᠪᠠᠰᠤᠷᠠᠯ ᠳᠤ ᠣᠷᠣᠯᠴᠠᠭᠰᠠᠳ ᠤᠨ ᠲᠤᠷᠰᠢᠯᠲᠠ ᠶᠢᠨ ᠲᠠᠰᠤᠭ ᠤᠨ ᠮᠣᠯᠧᠺᠦ᠋ᠯ ᠤᠨ ᠠᠮᠢᠳᠤ ᠪᠣᠳᠠᠰ ᠤᠨ ᠤᠬᠠᠭᠠᠨ ᠪᠠ ᠴᠢᠰᠤᠨ ᠲᠤᠩᠭᠠᠯᠠᠭ ᠤᠨ ᠤᠬᠠᠭᠠᠨ ᠤ ᠪᠠᠶᠢᠴᠠᠭᠠᠨ ᠰᠢᠯᠭᠠᠬᠤ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠂ ᠡᠯ᠎ᠡ ᠱᠠᠲᠤᠨ ᠤ ᠲᠤᠷᠰᠢᠯᠲᠠ ᠶᠢᠨ ᠲᠠᠰᠤᠭ ᠤᠨ ᠮᠡᠷᠭᠡᠵᠢᠯᠲᠡᠨ ᠤ ᠰᠤᠷᠤᠯᠴᠠᠯᠭ᠎ᠠ ᠰᠣᠯᠢᠯᠴᠠᠭ᠎ᠠ ᠶᠢ ᠴᠢᠩᠭᠠᠳᠬᠠᠵᠤ᠂ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠭᠰᠡᠨ ᠪᠠ ᠪᠠᠶᠢᠴᠠᠭᠠᠨ ᠬᠡᠮᠵᠢᠭᠰᠡᠨ ᠦᠷ᠎ᠡ ᠳ᠋ᠦᠩ ᠤᠨ ᠦᠨᠡᠨ ᠪᠣᠳᠠᠲᠠᠢ ᠪᠥᠭᠡᠳ ᠪᠦᠲᠦᠮᠵᠢᠲᠡᠶ ᠪᠠᠶᠢᠬᠤ ᠶᠢ ᠪᠠᠲᠤᠯᠠᠭᠰᠠᠨ ᠪᠠᠶᠢᠨ᠎ᠠ᠃
 
ᠢᠷᠡᠯᠲᠡ᠄ ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号