ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠪᠠ ᠡᠳ᠋ ᠤᠨ ᠵᠠᠰᠠᠭ ᠤᠨ ᠲᠢᠩᠬᠢᠮ ᠤᠨ ︽ᠲᠥᠬᠦᠭᠡᠷᠥᠮᠵᠢᠲᠦ ᠮᠠᠯ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾ ᠤᠨ ᠬᠠᠮᠢᠶ᠎ᠠ ᠪᠦᠬᠦᠢ ᠬᠡᠷᠡᠭᠵᠢᠭᠦᠯᠬᠦ ᠨᠠᠷᠢᠨ ᠳᠦᠷᠢᠮ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/12/4
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠳᠤ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠲᠥᠬᠦᠭᠡᠷᠥᠮᠵᠢᠲᠦ ᠲᠠᠷᠢᠶᠠᠯᠠᠩ᠂ ᠲᠥᠬᠦᠭᠡᠷᠥᠮᠵᠢᠲᠦ ᠮᠠᠯ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2024﹈ 4 ᠳ᠋ᠦ᠋ᠭᠡᠷ ᠲᠣᠭᠠᠲᠤ︾ ᠤᠨ ᠲᠣᠭᠲᠠᠭᠠᠯ ᠶᠣᠰᠣᠭᠠᠷ᠂ ᠲᠥᠬᠦᠭᠡᠷᠥᠮᠵᠢᠲᠦ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ︽ᠲᠥᠬᠦᠭᠡᠷᠥᠮᠵᠢᠲᠦ ᠮᠠᠯ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠤᠨ ᠳᠡᠭᠡᠭᠰᠢᠯᠡᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠨᠠᠷᠢᠨ ᠳᠦᠷᠢᠮ ︵2024 ᠣᠨ ᠤ ᠬᠡᠪᠯᠡᠯ︶︾ ᠢ ᠲᠣᠭᠲᠠᠭᠠᠪᠠ᠃ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ ᠬᠡᠷᠡᠭᠵᠢᠭᠦᠯᠦᠭᠡᠷᠡᠢ᠃                                 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                                ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ                                ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                                 ᠡᠳ᠋ ᠤᠨ ᠵᠠᠰᠠᠭ ᠤᠨ ᠲᠢᠩᠬᠢᠮ                                               2024 ᠣᠨ ᠤ 12 ᠰᠠᠷ᠎ᠠ ᠶᠢᠨ 4 ᠤ ᠡᠳᠦᠷ            ᠲᠥᠬᠦᠭᠡᠷᠥᠮᠵᠢᠲᠦ ᠮᠠᠯ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠶᠢ ᠠᠬᠢᠭᠤᠯᠬᠤ ᠲᠤᠬᠠᠢ ᠬᠡᠷᠡᠭᠵᠢᠭᠦᠯᠬᠦ ᠨᠠᠷᠢᠨ ᠳᠥ᠋ᠷᠢᠮ       ︵2024 ᠣᠨ ᠤ ᠬᠡᠪᠯᠡᠯ︶      ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠲᠥᠬᠦᠭᠡᠷᠥᠮᠵᠢᠲᠦ ᠲᠠᠷᠢᠶᠠᠯᠠᠩ᠂ ᠲᠥᠬᠦᠭᠡᠷᠥᠮᠵᠢᠲᠦ ᠮᠠᠯ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2024﹈ 4 ᠳ᠋ᠦ᠋ᠭᠡᠷ ᠲᠣᠭᠠᠲᠤ᠂ ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠲᠣᠪᠴᠢᠯᠠᠨ᠎ᠠ︶ ᠳᠤ᠄ ᠲᠥᠬᠦᠭᠡᠷᠥᠮᠵᠢᠲᠦ ᠮᠠᠯ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠤᠨ ᠳᠡᠭᠡᠭᠰᠢᠯᠡᠯᠲᠡ ᠶᠢ ᠠᠬᠢᠭᠤᠯᠤᠨ᠎ᠠ ᠭᠡᠵᠦ ᠲᠣᠭᠲᠠᠭᠠᠵᠠᠢ᠃ ᠬᠠᠰᠢᠶᠠᠯᠠᠨ ᠲᠡᠵᠢᠭᠡᠬᠦ ᠶᠢ ᠶᠡᠬᠡᠪᠡᠷ ᠠᠬᠢᠭᠤᠯᠵᠤ᠂ ᠪᠣᠳᠠᠲᠤ ᠵᠢᠯ ᠤᠨ ᠭᠠᠷᠭᠠᠯᠲᠠ ᠨᠢ 500 ᠲᠣᠯᠣᠭᠠᠢ ᠲᠡᠵᠢᠭᠡᠨ ᠦᠷᠡᠵᠢᠭᠦᠯᠦᠭᠰᠡᠨ ᠠᠯᠠᠰᠢᠨ ᠦᠬᠡᠷ ᠪᠤᠶᠤ 3000 ᠲᠣᠯᠣᠭᠠᠢ  ᠠᠴᠠ ᠳᠡᠭᠡᠭᠰᠢ ᠲᠡᠵᠢᠭᠡᠨ ᠦᠷᠡᠵᠢᠭᠦᠯᠦᠭᠰᠡᠨ ᠠᠯᠠᠰᠢᠨ ᠬᠤᠨᠢ ᠶᠢᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ᠂ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠢ ᠪᠣᠳᠠᠲᠠᠢ ᠪᠣᠷᠣᠯᠠᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠠᠯᠠᠵᠤ ᠨᠢᠲᠤᠯᠤᠭᠰᠠᠨ ᠮᠥᠷᠲᠡᠭᠡᠨ ᠭᠠᠷᠤᠯᠲᠠ ᠶᠢᠨ ᠣᠷᠣᠨ ᠤ ᠬᠢᠵᠢᠭ ᠪᠠᠶᠢᠴᠠᠭᠠᠭᠰᠠᠨ ᠭᠡᠷᠡᠴᠢ ᠲᠠᠢ ᠪᠠᠶᠢᠪᠠᠯ᠂ ᠬᠤᠳᠠᠯᠳᠤᠭᠰᠠᠨ ᠠᠯᠠᠰᠢᠨ ᠦᠬᠡᠷ ᠨᠢᠭᠡᠪᠦᠷᠢ ᠳᠤ 300 ᠲᠥᠭᠦᠷᠢᠭ᠂ ᠠᠯᠠᠰᠢᠨ ᠬᠤᠨᠢ ᠨᠢᠭᠡᠪᠦᠷᠢ ᠳᠤ 60 ᠲᠥᠭᠦᠷᠢᠭ ᠢᠶᠠᠷ ᠱᠠᠩᠨᠠᠨ᠎ᠠ᠃ ᠱᠠᠩᠨᠠᠯ ᠤᠨ ᠪᠡᠯᠡ ᠮᠥᠩᠭᠦ ᠶᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠪᠠᠭᠠᠰᠤᠨ ᠪᠣᠬᠢᠷᠲᠤᠯ ᠢ ᠰᠢᠢᠳᠪᠦᠷᠢᠯᠡᠬᠦ ᠲᠥᠬᠦᠭᠡᠷᠦᠮᠵᠢ ᠶᠢ ᠢᠵᠢ ᠪᠦᠷᠢᠳᠦᠭᠦᠯᠬᠦ ᠵᠢᠴᠢ ᠣᠲᠣ ᠦᠶ᠎ᠡ ᠶᠢᠨ ᠲᠡᠵᠢᠭᠡᠨ ᠦᠷᠡᠵᠢᠭᠦᠯᠬᠦ ᠲᠣᠨᠤᠭ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠳᠤ ᠭᠤᠣᠯᠳᠠᠯᠭ᠎ᠠ ᠲᠠᠢ ᠬᠡᠷᠡᠭᠯᠡᠵᠦ᠂ ᠦᠬᠡᠷ ᠬᠤᠨᠢᠨ ᠤ ᠪᠣᠷᠳᠣᠵᠤ ᠲᠠᠷᠭᠤᠯᠠᠭᠤᠯᠬᠤ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠤᠶᠤᠨᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠵᠣᠬᠢᠬᠤ ᠬᠡᠪᠴᠢᠶ᠎ᠡ ᠲᠠᠢ ᠦᠬᠡᠷ ᠬᠤᠨᠢ ᠶᠢ ᠪᠣᠷᠳᠣᠵᠤ ᠪᠣᠷᠳᠣᠬᠤ ᠶᠢ ᠬᠥᠭᠵᠢᠭᠦᠯᠦᠨ᠎ᠡ᠃ ᠲᠠᠬᠢᠶ᠎ᠠ᠂ ᠨᠤᠭᠤᠰᠤ᠂ ᠭᠠᠯᠠᠭᠤ ᠶᠢᠨ ᠬᠡᠪᠴᠢᠶᠡᠵᠢᠭᠰᠡᠨ ᠥᠨᠳᠥᠷ ᠦᠷ᠎ᠡ ᠠᠰᠢᠭ ᠲᠠᠢ ᠲᠥᠬᠦᠭᠡᠷᠥᠮᠵᠢᠲᠦ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠲᠡᠮᠵᠢᠨ᠎ᠡ᠃ ᠮᠣᠷᠢ᠂ ᠡᠯᠵᠢᠭᠡ᠂ ᠲᠡᠮᠡᠭᠡ᠂ ᠪᠤᠭᠤ᠂ ᠲᠡᠮᠡᠭᠡᠨ ᠬᠢᠷᠭᠤᠤᠯ ᠵᠡᠷᠭᠡ ᠣᠨᠴᠠᠯᠢᠭᠲᠤ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠣᠨᠴᠠᠯᠢᠭᠲᠤ ᠪᠦᠲᠦᠭᠡᠭᠳᠡᠬᠦᠨ ᠡᠳ᠋ᠰᠢᠭᠦᠯᠬᠦ ᠬᠡᠯᠬᠢᠶᠡᠰᠦ ᠶᠢ ᠤᠷᠲᠤᠳᠬᠠᠨ ᠪᠣᠶ ᠪᠣᠯᠭᠠᠨ᠎ᠠ᠃ ᠲᠣᠰ ᠠᠷᠭ᠎ᠠ ᠬᠡᠮᠵᠢᠶ᠎ᠡ ᠳᠤ ᠬᠤᠯᠪᠣᠭᠳᠠᠬᠤ ᠲᠤᠰᠬᠠᠢ ᠵᠦᠢᠯ ᠤᠨ ᠳᠡᠮᠵᠢᠯᠭᠡ ᠶᠢᠨ ᠪᠡᠯᠡ ᠮᠥᠩᠭᠦ ᠶᠢ ᠴᠥᠮ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ᠂ ᠱᠠᠲᠤ ᠬᠤᠪᠢᠶᠠᠨ ᠡᠭᠦᠷᠭᠡᠯᠡᠬᠦ᠂ ᠪᠣᠳᠠᠲᠠᠢ ᠪᠠᠷ ᠨᠥᠬᠦᠪᠦᠷᠢ ᠥᠭᠬᠦ᠂ ᠡᠷᠭᠢᠯᠳᠦᠭᠦᠯᠦᠨ ᠬᠡᠷᠡᠭᠵᠢᠭᠦᠯᠬᠦ︾ ᠠᠷᠭ᠎ᠠ ᠮᠠᠶ᠋ᠢᠭ ᠢᠶᠠᠷ ᠰᠠᠯᠭᠠᠨ ᠥᠭᠭᠦᠨ᠎ᠡ᠃ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠵᠤ᠂ ᠬᠠᠮᠢᠶ᠎ᠠ ᠪᠦᠬᠦᠢ ᠪᠠᠷᠢᠮᠵᠢᠶ᠎ᠠ᠂ ᠮᠡᠳᠡᠭᠦᠯᠬᠦ ᠲᠠᠰ ᠳᠠᠷᠠᠭᠠᠯᠠᠯ᠂ ᠪᠦᠲᠦᠭᠡᠨ ᠪᠠᠶᠢᠭᠤᠯᠬᠤ ᠠᠭᠤᠯᠭ᠎ᠠ᠂ ᠰᠢᠯᠭᠠᠨ ᠬᠢᠨᠠᠵᠤ ᠰᠢᠯᠭᠠᠨ ᠠᠪᠬᠤ ᠵᠡᠷᠭᠡ ᠶᠢ ᠲᠣᠳᠣᠷᠬᠠᠶᠢᠯᠠᠬᠤ ᠬᠡᠷᠡᠭᠲᠡᠢ᠃      ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠡᠳᠦᠭᠡ ᠲᠥᠷᠥᠯ ᠵᠦᠢᠯ ᠢ ᠰᠢᠯᠭᠠᠨ ᠠᠪᠬᠤ ᠪᠠᠷᠢᠮᠵᠢᠶ᠎ᠠ᠂ ᠱᠠᠩᠨᠠᠵᠤ ᠨᠥᠬᠦᠪᠦᠷᠢᠯᠡᠬᠦ ᠡᠲᠡᠭᠡᠳ ᠵᠢᠴᠢ ᠠᠷᠭ᠎ᠠ ᠮᠠᠶ᠋ᠢᠭ᠂ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ ᠵᠡᠷᠭᠡ ᠬᠠᠮᠢᠶ᠎ᠠ ᠪᠦᠬᠦᠢ ᠵᠦᠢᠯᠡᠰ ᠢ ᠳᠣᠣᠷᠠᠬᠢ ᠮᠡᠲᠦ ᠲᠣᠳᠣᠷᠬᠠᠶᠢᠯᠠᠶ᠎ᠠ᠄      ᠨᠢᠭᠡ᠂ ᠬᠠᠮᠢᠶ᠎ᠠ ᠪᠦᠬᠦᠢ ᠪᠠᠷᠢᠮᠵᠢᠶ᠎ᠠ      ︵ᠨᠢᠭᠡ︶ ︽ᠪᠣᠳᠠᠲᠠᠢ ᠵᠢᠯ ᠤᠨ ᠭᠠᠷᠭᠠᠯᠲᠠ︾ ᠶᠢ ᠰᠢᠯᠭᠠᠨ ᠠᠪᠬᠤ ᠪᠠᠷᠢᠮᠵᠢᠶ᠎ᠠ      1. ᠲᠠᠯᠠᠪᠠᠢ ᠶᠢ ᠰᠢᠯᠭᠠᠨ ᠠᠪᠬᠤ᠃ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ᠂ ᠬᠤᠷᠰᠢᠶ᠎ᠠ᠂ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠨᠢ ᠡᠳᠦᠢ ᠲᠡᠳᠦᠢ ᠠᠷᠭ᠎ᠠ ᠬᠡᠮᠵᠢᠶ᠎ᠡ ᠳᠤ ᠲᠣᠳᠣᠷᠬᠠᠶᠢᠯᠠᠭᠰᠠᠨ ᠱᠠᠩᠨᠠᠵᠤ ᠨᠥᠬᠦᠪᠦᠷᠢᠯᠡᠬᠦ ᠪᠣᠷᠣᠯᠠᠭᠤᠯᠤᠨ ᠭᠠᠷᠭᠠᠬᠤ ᠲᠡᠵᠢᠭᠡᠨ ᠦᠷᠡᠵᠢᠭᠦᠯᠬᠦ ᠬᠡᠪᠴᠢᠶ᠎ᠡ ᠳᠤ ᠬᠡᠷᠡᠭᠰᠡᠬᠦ ᠫᠧᠩ ᠰᠠᠷᠠᠪᠴᠢ᠂ ᠡᠪᠡᠰᠦ ᠬᠠᠳᠠᠭᠠᠯᠠᠬᠤ ᠫᠧᠩ᠂ ᠲᠡᠵᠢᠭᠡᠯ ᠪᠣᠷᠳᠤᠭ᠎ᠠ ᠶᠢᠨ ᠬᠥᠮᠥᠷᠭᠡ ᠵᠡᠷᠭᠡ ᠰᠠᠭᠤᠷᠢ ᠲᠥᠬᠦᠭᠡᠷᠦᠮᠵᠢ ᠶᠢ ᠪᠦᠷᠢᠳᠦᠭᠦᠯᠵᠦ᠂ ᠪᠠᠭᠠᠰᠤᠨ ᠪᠣᠬᠢᠷᠲᠤᠯ ᠢ ᠰᠢᠢᠳᠪᠦᠷᠢᠯᠡᠬᠦ᠂ ᠲᠡᠵᠢᠭᠡᠬᠦ᠂ ᠤᠰᠤ ᠤᠮᠳᠠ᠂ ᠬᠢᠵᠢᠭ ᠢ ᠰᠡᠷᠭᠡᠶᠢᠯᠡᠬᠦ ᠵᠡᠷᠭᠡ ᠢᠵᠢ ᠪᠦᠷᠢᠳᠦᠭᠦᠯᠦᠭᠰᠡᠨ ᠲᠡᠵᠢᠭᠡᠨ ᠦᠷᠡᠵᠢᠭᠦᠯᠬᠦ ᠲᠥᠬᠦᠭᠡᠷᠦᠮᠵᠢ ᠶᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠃      2. ᠲᠠᠩᠰᠠ ᠡᠪᠬᠡᠮᠡᠯ ᠢ ᠰᠢᠯᠭᠠᠨ ᠠᠪᠬᠤ᠃ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ᠂ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠮᠠᠯ ᠵᠢᠭᠦᠷᠲᠡᠨ ᠤ ᠢᠯᠭᠠᠬᠤ ᠲᠡᠮᠳᠡᠭ ᠪᠠ ᠲᠡᠵᠢᠭᠡᠨ ᠦᠷᠡᠵᠢᠭᠦᠯᠬᠦ ᠲᠠᠩᠰᠠ ᠡᠪᠬᠡᠮᠡᠯ ᠤᠨ ᠬᠠᠮᠢᠶᠠᠷᠤᠯᠲᠠ ᠶᠢᠨᠠᠷᠭ᠎ᠠ︾ ᠶᠢᠨ ᠱᠠᠭᠠᠷᠳᠠᠯᠭ᠎ᠠ ᠶᠣᠰᠣᠭᠠᠷ ᠲᠡᠵᠢᠭᠡᠨ ᠦᠷᠡᠵᠢᠭᠦᠯᠬᠦ ᠲᠠᠩᠰᠠ ᠡᠪᠬᠡᠮᠡᠯ ᠪᠠᠶᠢᠭᠤᠯᠬᠤ ᠶᠢᠨ ᠬᠠᠮᠲᠤ ᠵᠢᠷᠤᠮᠵᠢᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠲᠠᠪᠴᠠᠩ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠢ᠃ ︽ᠬᠠᠷ᠎ᠠ ᠮᠢᠬᠠᠯᠠᠭᠤᠯᠬᠤ ᠬᠠᠨᠳᠠ︾ ᠶᠢ ᠬᠠᠤᠯᠢ ᠠᠴᠠ ᠵᠥᠷᠢᠴᠡᠨ ᠨᠡᠮᠡᠵᠦ ᠬᠡᠷᠡᠭᠯᠡᠭᠰᠡᠨ ᠵᠡᠷᠭᠡ ᠴᠠᠭᠠᠵᠠ ᠠᠴᠠ ᠵᠥᠷᠢᠴᠡᠨ ᠨᠡᠮᠡᠵᠦ ᠬᠡᠷᠡᠭᠯᠡᠭᠰᠡᠨ ᠥᠢᠯᠡ ᠠᠵᠢᠯᠯᠠᠭ᠎ᠠ ᠭᠠᠷᠤᠭᠰᠠᠨ ᠦᠭᠡᠢ᠂ ᠬᠤᠯᠪᠣᠭᠳᠠᠯ ᠪᠦᠬᠦᠢ ᠮᠠᠭᠤ ᠲᠡᠮᠳᠡᠭᠯᠡᠯ ᠪᠠᠶᠢᠬᠤ ᠦᠭᠡᠢ᠃      3. ᠲᠤᠬᠠᠢ ᠶᠢᠨ ᠲᠠᠯᠠᠪᠤᠷ ᠲᠤᠨᠢ ᠬᠠᠷᠭᠤᠭᠤᠯᠤᠨ ᠪᠠᠶᠢᠴᠠᠭᠠᠨ᠎ᠠ᠃ ᠨᠥᠬᠦᠪᠦᠷᠢ ᠥᠭᠬᠦ ᠪᠠᠷ ᠮᠡᠳᠡᠭᠦᠯᠬᠦ ᠳᠠᠯᠳᠠ ᠬᠦᠴᠦᠨ ᠲᠠᠢ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ᠂ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠲᠤ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠵᠢᠯ ᠪᠦᠷᠢ 2 ᠤᠳᠠᠭ᠎ᠠ ᠠᠴᠠ ᠳᠤᠲᠠᠭᠤ ᠦᠭᠡᠢ ᠲᠤᠬᠠᠢ ᠶᠢᠨ ᠲᠠᠯᠠᠪᠠᠶ ᠶᠢᠨ ᠬᠢᠨᠠᠨ ᠰᠢᠯᠭᠠᠯᠲᠠ ᠬᠢᠵᠦ᠂ ᠪᠣᠷᠳᠣᠵᠤ ᠲᠠᠷᠭᠤᠯᠠᠭᠤᠯᠤᠭᠰᠠᠨ ᠠᠯᠠᠰᠢᠨ ᠦᠬᠡᠷ᠂ ᠠᠯᠠᠰᠢᠨ ᠬᠤᠨᠢᠨ ᠤ ᠲᠤᠭ᠎ᠠ ᠬᠡᠮᠵᠢᠶ᠎ᠡ ᠨᠢ ᠱᠠᠩᠨᠠᠵᠤ ᠨᠥᠬᠦᠪᠦᠷᠢᠯᠡᠬᠦ ᠨᠥᠬᠦᠴᠡᠯ ᠳᠤ ᠨᠡᠶᠢᠴᠡᠬᠦ ᠮᠥᠷᠲᠡᠭᠡᠨ ᠪᠣᠷᠳᠣᠵᠤ ᠲᠠᠷᠭᠤᠯᠠᠭᠤᠯᠤᠭᠰᠠᠨ ᠠᠯᠠᠰᠢᠨ ᠬᠤᠨᠢ ᠶᠢᠨ ᠪᠣᠷᠳᠣᠵᠤ ᠲᠠᠷᠭᠤᠯᠠᠭᠤᠯᠬᠤ ᠬᠤᠭᠤᠴᠠᠭ᠎ᠠ ᠶᠢ 3 ᠰᠠᠷ᠎ᠠ  ᠠᠴᠠ ᠳᠤᠲᠠᠭᠤ ᠦᠭᠡᠢ ᠪᠠᠶᠢᠯᠭᠠᠵᠤ᠂ ᠪᠣᠷᠳᠣᠵᠤ ᠲᠠᠷᠭᠤᠯᠠᠭᠤᠯᠤᠭᠰᠠᠨ ᠠᠯᠠᠰᠢᠨ ᠦᠬᠡᠷ ᠤᠨ ᠪᠣᠷᠳᠣᠵᠤ ᠲᠠᠷᠭᠤᠯᠠᠭᠤᠯᠬᠤ ᠬᠤᠭᠤᠴᠠᠭ᠎ᠠ ᠶᠢ 6 ᠰᠠᠷ᠎ᠠ ᠠᠴᠠ ᠳᠤᠲᠠᠭᠤ ᠦᠭᠡᠢ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃      ︵ᠬᠤᠶᠠᠷ︶ ︽ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠨᠢᠲᠤᠯᠤᠭᠰᠠᠨ ᠮᠥᠷᠲᠡᠭᠡᠨ ᠦᠢᠯᠡᠳᠪᠦᠷᠢᠯᠡᠭᠰᠡᠨ ᠭᠠᠵᠠᠷ ᠤᠨ ᠬᠢᠵᠢᠭ ᠪᠠᠶᠢᠴᠠᠭᠠᠭᠰᠠᠨ ᠭᠡᠷᠡᠴᠢ︾ ᠶᠢ ᠰᠢᠯᠭᠠᠨ ᠠᠪᠬᠤ ᠪᠠᠷᠢᠮᠵᠢᠶ᠎ᠠ      ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ᠂ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ ᠭᠠᠷᠭᠠᠭᠰᠠᠨ ᠠᠯᠠᠰᠢᠨ ᠦᠬᠡᠷ᠂ ᠠᠯᠠᠰᠢᠨ ᠬᠤᠨᠢᠨ ᠤ ᠪᠣᠷᠤᠯᠠᠭᠤᠯᠭ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠠᠯᠠᠵᠤ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠪᠠᠶᠢᠬᠤ ᠬᠡᠷᠡᠭᠲᠡᠢ ᠪᠥᠭᠡᠳ ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ ᠶᠢᠨ ᠭᠡᠷᠡᠴᠢᠯᠡᠯ ︽ᠠᠮᠢᠲᠠᠨ ᠤ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢᠯᠡᠯ ︵ᠠᠮᠢᠲᠠᠨ B︶︾ ᠢ ᠣᠯᠬᠤ ᠬᠡᠷᠡᠭᠲᠡᠢ᠃ ᠡᠭᠦᠨ ᠳᠤ᠂ ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ ᠶᠢᠨ ᠭᠡᠷᠡᠴᠢᠯᠡᠯ ᠭᠡᠳᠡᠭ ᠨᠢ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠠᠯᠪᠠᠨ ᠤ ᠮᠠᠯ ᠤᠨ ᠡᠮᠴᠢ ᠠᠴᠠ ᠭᠠᠷᠭᠠᠵᠤ ᠥᠭᠭᠦᠭᠰᠡᠨ᠂ ᠶᠠᠮᠠᠷ ᠨᠢᠭᠡᠨ ᠠᠮᠢᠲᠠᠨ ᠵᠢᠴᠢ ᠲᠡᠭᠦᠨ ᠤ ᠪᠦᠲᠦᠭᠡᠭᠳᠡᠬᠦᠨ ᠤ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠢ ᠲᠣᠳᠣᠷᠬᠠᠶᠢᠯᠠᠭᠰᠠᠨ ᠭᠡᠷᠡᠴᠢᠯᠡᠯ ᠢ ᠵᠢᠭᠠᠵᠤ ᠪᠠᠶᠢᠨ᠎ᠠ᠂ ᠲᠤᠬᠠᠶᠢᠯᠠᠪᠠᠯ ᠠᠮᠢᠲᠠᠨ ᠤ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢᠯᠡᠯ ︵ᠠᠮᠢᠲᠠᠨ B︶ ᠢ ᠬᠡᠷᠡᠭᠯᠡᠨ᠎ᠡ᠂ ᠲᠡᠭᠦᠨ ᠳᠤ ᠬᠡᠷᠡᠭᠯᠡᠬᠦ ᠣᠷᠣᠨ ᠤ ᠳᠣᠲᠣᠷ᠎ᠠ ᠠᠮᠢᠲᠠᠨ ᠢ ᠬᠤᠳᠠᠯᠳᠤᠬᠤ ᠪᠤᠶᠤ ᠵᠥᠭᠡᠭᠡᠪᠦᠷᠢᠯᠡᠨ᠎ᠡ᠃      ︵ᠭᠤᠷᠪᠠ︶ ᠱᠠᠩᠨᠠᠵᠤ ᠨᠥᠬᠦᠪᠦᠷᠢᠯᠡᠬᠦ ᠪᠠᠷᠢᠮᠵᠢᠶ᠎ᠠ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠲᠥᠬᠦᠭᠡᠷᠥᠮᠵᠢᠲᠦ ᠲᠠᠷᠢᠶᠠᠯᠠᠩ᠂ ᠲᠥᠬᠦᠭᠡᠷᠥᠮᠵᠢᠲᠦ ᠮᠠᠯ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2024﹈ 4 ᠳ᠋ᠦ᠋ᠭᠡᠷ ᠲᠣᠭᠠᠲᠤ︶ ᠤᠨ ᠲᠣᠭᠲᠠᠭᠠᠯ ᠶᠣᠰᠣᠭᠠᠷ ᠱᠠᠩᠨᠠᠵᠤ ᠨᠥᠬᠦᠪᠦᠷᠢᠯᠡᠨ᠎ᠡ᠃      ᠬᠤᠶᠠᠷ᠂ ᠱᠠᠩᠨᠠᠵᠤ ᠲᠤᠰᠠᠯᠠᠬᠤ ᠡᠲᠡᠭᠡᠳ ᠬᠢᠭᠡᠳ ᠱᠠᠩᠨᠠᠵᠤ ᠲᠤᠰᠠᠯᠠᠬᠤ ᠠᠷᠭ᠎ᠠ ᠬᠡᠯᠪᠡᠷᠢ       ︵ᠨᠢᠭᠡ︶ ᠱᠠᠩᠨᠠᠵᠤ ᠲᠤᠰᠠᠯᠠᠬᠤ ᠡᠲᠡᠭᠡᠳ      ᠱᠠᠩᠨᠠᠵᠤ ᠨᠥᠬᠦᠪᠦᠷᠢᠯᠡᠬᠦ ᠡᠲᠡᠭᠡᠳ ᠪᠣᠯ ᠪᠣᠳᠠᠲᠠᠢ ᠵᠢᠯ ᠳᠤ 500 ᠲᠣᠯᠣᠭᠠᠢ ᠠᠯᠠᠰᠢᠨ ᠦᠬᠡᠷ ᠪᠤᠶᠤ 3000 ᠲᠣᠯᠣᠭᠠᠢ ᠠᠴᠠ ᠳᠡᠭᠡᠭᠰᠢ ᠠᠯᠠᠰᠢᠨ ᠬᠤᠨᠢ ᠶᠢ ᠭᠠᠷᠭᠠᠵᠤ᠂ ᠰᠢᠯᠭᠠᠨ ᠠᠪᠬᠤ ᠪᠠᠷᠢᠮᠵᠢᠶ᠎ᠠ ᠳᠤ ᠬᠦᠷᠦᠭᠰᠡᠨ ᠮᠥᠷᠲᠡᠭᠡᠨ ᠲᠤᠬᠠᠢ ᠶᠢᠨ ᠭᠠᠵᠠᠷ ᠲᠤᠨᠢ ᠰᠢᠯᠭᠠᠨ ᠠᠪᠬᠤ ᠶᠢ ᠥᠩᠭᠡᠷᠡᠭᠡᠭᠰᠡᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ ᠪᠠ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠪᠣᠯᠣᠨ᠎ᠠ᠃ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ ᠪᠣᠯᠣᠨ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠵᠡᠷᠭᠡ ᠡᠯ᠎ᠡ ᠲᠥᠷᠥᠯ ᠤᠨ ᠭᠤᠣᠯ ᠴᠣᠭᠴᠠ ᠲᠥᠬᠦᠮ ᠬᠤᠷᠠᠮᠳᠤᠯ ᠮᠠᠯ ᠢᠶᠠᠷ ᠳᠡᠮᠵᠢᠨ ᠱᠠᠩᠨᠠᠵᠤ ᠨᠥᠬᠦᠪᠦᠷᠢᠯᠡᠬᠦ ᠭᠠᠷᠭᠠᠯᠲᠠ ᠶᠢᠨ ᠬᠡᠪᠴᠢᠶᠡᠨ ᠳᠤ ᠬᠦᠷᠦᠭᠰᠡᠨ ᠪᠠᠶᠢᠪᠠᠯ᠂ ᠱᠠᠩᠨᠠᠵᠤ ᠨᠥᠬᠦᠪᠦᠷᠢᠯᠡᠬᠦ ᠡᠲᠡᠭᠡᠳ ᠪᠣᠯᠭᠠᠬᠤ ᠦᠭᠡᠢ᠃      ︵ᠬᠤᠶᠠᠷ︶ ᠪᠡᠯᠡ ᠮᠥᠩᠭᠦᠨ ᠤ ᠪᠠᠲᠤᠯᠠᠭ᠎ᠠ ᠵᠢᠴᠢ ᠲᠥᠰᠥᠪ ᠤᠨ ᠲᠣᠬᠢᠷᠠᠭᠤᠯᠤᠯᠲᠠ ᠶᠢᠨ ᠳᠦᠷᠢᠮ      ᠱᠠᠩᠨᠠᠵᠤ ᠲᠤᠰᠠᠯᠠᠬᠤ ᠪᠡᠯᠡ ᠮᠥᠩᠭᠦ ᠶᠢ ᠴᠥᠮ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ᠂ ᠱᠠᠲᠤ ᠬᠤᠪᠢᠶᠠᠨ ᠡᠭᠦᠷᠭᠡᠯᠡᠬᠦ᠂ ᠪᠣᠳᠠᠲᠠᠢ ᠪᠠᠷ ᠨᠥᠬᠦᠪᠦᠷᠢᠯᠡᠬᠦ᠂ ᠡᠷᠭᠢᠯᠳᠦᠭᠦᠯᠦᠨ ᠬᠡᠷᠡᠭᠵᠢᠭᠦᠯᠬᠦ︾ ᠠᠷᠭ᠎ᠠ ᠮᠠᠶ᠋ᠢᠭ ᠢᠶᠠᠷ ᠰᠠᠯᠭᠠᠨ ᠥᠭᠭᠦᠨ᠎ᠡ᠃ ︽ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠭᠰᠡᠨ ᠤ ᠳᠠᠷᠠᠭ᠎ᠠ ᠱᠠᠩᠨᠠᠵᠤ ᠨᠥᠬᠦᠪᠦᠷᠢᠯᠡᠬᠦ ᠶᠢᠨ ᠭᠠᠷᠭᠠᠯᠲᠠ ᠶᠢᠨ ᠬᠡᠪᠴᠢᠶ᠎ᠡ ᠳᠤ ᠬᠦᠷᠦᠭᠰᠡᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ ᠪᠠ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠢ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠪᠣᠳᠠᠲᠠᠢ ᠪᠠᠶᠢᠳᠠᠯ ᠢ ᠦᠨᠳᠦᠰᠦᠯᠡᠨ ᠪᠠᠷᠢᠮᠵᠢᠶ᠎ᠠ ᠶᠣᠰᠣᠭᠠᠷ ᠱᠠᠩᠨᠠᠵᠤ ᠨᠥᠬᠦᠪᠦᠷᠢᠯᠡᠨ᠎ᠡ᠃ ᠱᠠᠩᠨᠠᠵᠤ ᠲᠤᠰᠠᠯᠠᠬᠤ ᠪᠡᠯᠡ ᠮᠥᠩᠭᠦ ᠶᠢ ᠥᠪᠡᠷᠲᠡᠭᠡᠨ ᠵᠠᠰᠠᠭ ᠣᠷᠣᠨ ᠤ ᠡᠳ᠋ ᠤᠨ ᠵᠠᠰᠠᠭ ᠠᠴᠠ 80% ᠶᠢ ᠡᠭᠦᠷᠭᠡᠯᠡᠵᠦ᠂ ᠦᠯᠡᠳᠡᠭᠰᠡᠨ ᠬᠡᠰᠡᠭ ᠢ ᠠᠶᠢᠮᠠᠭ ᠬᠤᠳᠠ ᠵᠢᠴᠢ ᠲᠡᠭᠦᠨ ᠠᠴᠠ ᠳᠣᠷᠣᠭᠰᠢᠬᠢ ᠡᠳ᠋ ᠤᠨ ᠵᠠᠰᠠᠭ ᠠᠴᠠ ᠡᠭᠦᠷᠭᠡᠯᠡᠨ᠎ᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠡᠭᠦᠷᠭᠡᠯᠡᠬᠦ ᠬᠡᠰᠡᠭ ᠨᠢ᠂ ᠡᠳ᠋ ᠤᠨ ᠵᠠᠰᠠᠭ ᠤᠨ ᠲᠥᠰᠥᠪ ᠢ ᠨᠠᠶᠢᠷᠠᠭᠤᠯᠤᠨ ᠵᠣᠬᠢᠶᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ 2024 ᠣᠨ ᠤ 9 ᠰᠠᠷ᠎ᠠ ᠶᠢᠨ 30 ᠤ ᠡᠳᠦᠷ︵ᠪᠠᠭᠲᠠᠨ᠎ᠠ︶  ᠠᠴᠠ ᠡᠮᠦᠨ᠎ᠡ ᠡᠳᠦᠢ ᠲᠡᠳᠦᠢ ᠠᠷᠭ᠎ᠠ ᠬᠡᠮᠵᠢᠶ᠎ᠡ ᠳᠤ ᠲᠣᠭᠲᠠᠭᠠᠭᠰᠠᠨ ᠱᠠᠩᠨᠠᠬᠤ ᠨᠥᠬᠦᠪᠦᠷᠢᠯᠡᠬᠦ ᠭᠠᠷᠭᠠᠯᠲᠠ ᠶᠢᠨ ᠬᠡᠪᠴᠢᠶ᠎ᠡ ᠳᠤ ᠬᠦᠷᠦᠭᠰᠡᠨ ᠪᠠᠶᠢᠪᠠᠯ᠂ 12 ᠰᠠᠷ᠎ᠠ ᠶᠢᠨ 31 ᠤ ᠡᠳᠦᠷ ᠠᠴᠠ ᠡᠮᠦᠨ᠎ᠡ ᠰᠢᠯᠭᠠᠨ ᠬᠤᠷᠢᠶᠠᠵᠤ ᠳᠠᠭᠤᠰᠬᠠᠨ᠂ ᠬᠡᠷᠡᠭᠰᠡᠬᠦ ᠱᠠᠩᠨᠠᠬᠤ ᠨᠥᠬᠦᠪᠦᠷᠢᠯᠡᠬᠦ ᠪᠡᠯᠡ ᠮᠥᠩᠭᠦ ᠶᠢ 2025 ᠣᠨ ᠤ ᠲᠥᠰᠥᠪ ᠤᠨ ᠲᠣᠬᠢᠷᠠᠭᠤᠯᠤᠯᠲᠠ ᠳᠤ ᠣᠷᠣᠭᠤᠯᠤᠨ᠎ᠠ︔ 2024 ᠣᠨ ᠤ 10 ᠰᠠᠷ᠎ᠠ ᠶᠢᠨ 1 ᠤ ᠡᠳᠦᠷ ︵ᠪᠠᠭᠲᠠᠨ᠎ᠠ︶ ᠠᠴᠠ 12 ᠰᠠᠷ᠎ᠠ ᠶᠢᠨ 31 ᠤ ᠡᠳᠦᠷ ︵ᠪᠠᠭᠲᠠᠨ᠎ᠠ︶ ᠨᠢ ᠡᠳᠦᠢ ᠲᠡᠳᠦᠢ ᠠᠷᠭ᠎ᠠ ᠬᠡᠮᠵᠢᠶ᠎ᠡ ᠳᠤ ᠲᠣᠭᠲᠠᠭᠠᠭᠰᠠᠨ ᠱᠠᠩᠨᠠᠵᠤ ᠨᠥᠬᠦᠪᠦᠷᠢᠯᠡᠬᠦ ᠭᠠᠷᠭᠠᠯᠲᠠ ᠶᠢᠨ ᠬᠡᠪᠴᠢᠶ᠎ᠡ ᠳᠤ ᠬᠦᠷᠦᠭᠰᠡᠨ ᠪᠠᠶᠢᠪᠠᠯ᠂ ᠱᠠᠩᠨᠠᠵᠤ ᠨᠥᠬᠦᠪᠦᠷᠢᠯᠡᠬᠦ ᠪᠡᠯᠡ ᠮᠥᠩᠭᠦ ᠶᠢ 2026 ᠣᠨ ᠤ ᠲᠥᠰᠥᠪ ᠤᠨ ᠲᠣᠬᠢᠷᠠᠭᠤᠯᠤᠯᠲᠠ ᠳᠤ ᠣᠷᠣᠭᠤᠯᠤᠨ᠎ᠠ᠃ 2024 ᠣᠨ ᠤ 12 ᠰᠠᠷ᠎ᠠ ᠶᠢᠨ 31 ᠤ ᠡᠳᠦᠷ ᠠᠴᠠ ᠡᠮᠦᠨᠡᠬᠢ ᠲᠦᠷᠦᠭᠦᠸ ᠪᠦᠯᠦᠭ ᠤᠨ ᠰᠢᠯᠭᠠᠨ ᠬᠤᠷᠢᠶᠠᠵᠤ ᠱᠠᠩᠨᠠᠵᠤ ᠨᠥᠬᠦᠪᠦᠷᠢᠯᠡᠬᠦ ᠶᠢ ᠥᠩᠭᠡᠷᠡᠭᠡᠭᠰᠡᠨ ᠭᠤᠣᠯ ᠴᠣᠭᠴᠠ ᠶᠢᠨ 2024 ᠣᠨ ᠤ 10 ᠰᠠᠷ᠎ᠠ ᠶᠢᠨ 1 ᠤ ᠡᠳᠦᠷ ︵ᠪᠠᠭᠲᠠᠨ᠎ᠠ︶  ᠠᠴᠠ 12 ᠰᠠᠷ᠎ᠠ ᠶᠢᠨ 31 ᠤ ᠡᠳᠦᠷ ︵ᠪᠠᠭᠲᠠᠨ᠎ᠠ︶ ᠤᠨ ᠬᠤᠭᠤᠴᠠᠭᠠᠨ ᠳᠤ ᠭᠠᠷᠭᠠᠭᠰᠠᠨ ᠠᠯᠠᠰᠢᠨ ᠦᠬᠡᠷ᠂ ᠠᠯᠠᠰᠢᠨ ᠬᠤᠨᠢᠨ ᠤ ᠱᠠᠩᠨᠠᠵᠤ ᠨᠥᠬᠦᠪᠦᠷᠢᠯᠡᠬᠦ ᠪᠡᠯᠡ ᠮᠥᠩᠭᠦ ᠶᠢ 2026 ᠣᠨ ᠤ ᠲᠥᠰᠥᠪ ᠲᠤ ᠣᠷᠣᠭᠤᠯᠤᠨ᠎ᠠ᠃ 2025 ᠣᠨ ᠤ 1 ᠰᠠᠷ᠎ᠠ ᠶᠢᠨ 1 ᠤ ᠡᠳᠦᠷ ︵ᠪᠠᠭᠲᠠᠨ᠎ᠠ︶ ᠠᠴᠠ 2025 ᠣᠨ ᠤ 9 ᠰᠠᠷ᠎ᠠ ᠶᠢᠨ 30 ᠤ ᠡᠳᠦᠷ ︵ᠪᠠᠭᠲᠠᠨ᠎ᠠ︶ ᠨᠢ ᠡᠳᠦᠢ ᠲᠡᠳᠦᠢ ᠠᠷᠭ᠎ᠠ ᠬᠡᠮᠵᠢᠶ᠎ᠡ ᠶᠢᠨ ᠲᠣᠭᠲᠠᠭᠠᠯ ᠳᠤ ᠬᠦᠷᠦᠭᠦᠯᠬᠦ ᠳᠤ ᠬᠡᠷᠡᠭᠰᠡᠬᠦ ᠱᠠᠩᠨᠠᠵᠤ ᠨᠥᠬᠦᠪᠦᠷᠢᠯᠡᠬᠦ ᠪᠡᠯᠡ ᠮᠥᠩᠭᠦ ᠶᠢ 2026 ᠣᠨ ᠤ ᠲᠥᠰᠥᠪ ᠲᠤ ᠣᠷᠣᠭᠤᠯᠤᠨ᠎ᠠ᠃ ᠬᠤᠶᠢᠰᠢᠳᠠ ᠶᠢᠨ ᠣᠨ ᠤ ᠡᠷᠭᠢᠯᠳᠦᠭᠦᠯᠦᠨ ᠬᠡᠷᠡᠭᠵᠢᠭᠦᠯᠵᠦ᠂ ᠰᠢᠯᠭᠠᠨ ᠠᠪᠬᠤ ᠴᠠᠭ ᠬᠤᠭᠤᠴᠠᠭ᠎ᠠ ᠶᠢ ᠵᠢᠯ ᠪᠦᠷᠢ ᠶᠢᠨ 10 ᠰᠠᠷ᠎ᠠ ᠶᠢᠨ 15 ᠤ ᠡᠳᠦᠷ ᠠᠴᠠ ᠡᠮᠦᠨ᠎ᠡ᠂ᠬᠠᠮᠲᠤ ᠳᠤᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠳᠠᠩᠰᠠᠯᠠᠭᠤᠯᠬᠤ ᠬᠡᠷᠡᠭᠲᠡᠢ᠃      ᠭᠤᠷᠪᠠ᠂ ᠮᠡᠳᠡᠭᠦᠯᠬᠦ ᠲᠠᠰ ᠳᠠᠷᠠᠭᠠᠯᠠᠯ      ︵ᠨᠢᠭᠡ︶ ᠲᠥᠷᠥᠯ ᠵᠦᠢᠯ ᠮᠡᠳᠡᠭᠦᠯᠬᠦ      ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤᠰ ᠬᠡᠷᠡᠭᠵᠢᠭᠦᠯᠬᠦ ᠨᠠᠷᠢᠨ ᠳᠦᠷᠢᠮ ᠤᠨ ᠱᠠᠭᠠᠷᠳᠠᠯᠭ᠎ᠠ ᠶᠣᠰᠣᠭᠠᠷ᠂ ᠨᠥᠬᠦᠴᠡᠯ ᠳᠤ ᠨᠡᠶᠢᠴᠡᠬᠦ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ᠂ ᠬᠤᠷᠰᠢᠶ᠎ᠠ ᠪᠣᠯᠣᠨ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠢ ᠵᠣᠬᠢᠶᠠᠨ ᠪᠠᠶᠢᠭᠤᠯᠤᠨ ︽ᠦᠬᠡᠷ ᠬᠤᠨᠢ ᠶᠢᠨ ᠬᠡᠪᠴᠢᠶᠡᠵᠢᠭᠦᠯᠦᠨ ᠭᠠᠷᠭᠠᠯᠲᠠ ᠶᠢᠨ ᠱᠠᠩᠨᠠᠯ ᠨᠥᠬᠦᠪᠦᠷᠢ ᠶᠢᠨ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ 1︶ ᠶᠢ ᠲᠠᠭᠯᠠᠨ ᠪᠢᠴᠢᠬᠦ ᠶᠢᠨ ᠬᠠᠮᠲᠤ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠵᠣᠬᠢᠴᠠᠩᠭᠤᠢ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ᠃      1. ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ ᠪᠠ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ ᠭᠠᠵᠠᠷ ᠵᠦᠢ ᠶᠢᠨ ᠪᠠᠶᠢᠷᠢᠯᠠᠯ ︵ᠳᠥᠷᠪᠡᠨ ᠵᠠᠬ᠎ᠠ ᠶᠢᠨ ᠮᠡᠳᠡᠭᠡ ᠵᠠᠩᠭᠢ ᠵᠢᠴᠢ ᠤᠷᠲᠤᠷᠢᠭ ᠥᠷᠭᠡᠷᠢᠭ ᠪᠠᠭᠲᠠᠨ᠎ᠠ︶︔      2. ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠪᠤᠶᠤ ᠲᠡᠵᠢᠭᠡᠨ ᠦᠷᠡᠵᠢᠭᠦᠯᠬᠦ ᠲᠠᠯᠠᠪᠠᠢ︵ᠡᠷᠦᠬᠡ︶ ᠶᠢᠨ ᠪᠡᠶ᠎ᠡ ᠶᠢᠨ ᠦᠨᠡᠮᠯᠡᠯ︔      3. ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ ᠪᠠ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠨᠢ ᠪᠠᠷᠢᠮᠵᠢᠶᠠᠨ ᠳᠤ ᠬᠦᠷᠬᠦ ᠦᠭᠡᠢ ᠬᠤᠨᠢ᠂ ᠪᠠᠷᠢᠮᠵᠢᠶᠠᠨ ᠳᠤ ᠬᠦᠷᠬᠦ ᠦᠭᠡᠢ ᠦᠬᠡᠷ ᠬᠤᠳᠠᠯᠳᠤᠨ ᠠᠪᠴᠤ ᠲᠠᠷᠭᠤᠯᠠᠭᠤᠯᠤᠭᠰᠠᠨ ᠪᠠᠶᠢᠪᠠᠯ᠂ ᠬᠤᠳᠠᠯᠳᠤᠨ ᠠᠪᠬᠤ ᠭᠡᠷ᠎ᠡ᠂ ᠪᠠᠷᠢᠮᠲᠠ ᠪᠤᠶᠤ ᠲᠣᠭᠠᠴᠠᠭ᠎ᠠ ᠬᠢᠭᠰᠡᠨ ᠭᠡᠷᠡᠴᠢ ᠪᠠᠷᠢᠮᠲᠠ ᠵᠡᠷᠭᠡ ᠬᠤᠳᠠᠯᠳᠤᠨ ᠠᠪᠤᠭᠰᠠᠨ ᠭᠡᠷᠡᠴᠢ ᠮᠠᠲ᠋ᠧᠷᠢᠶᠠᠯ ᠢ ᠬᠠᠩᠭᠠᠵᠤ᠂ ᠥᠪᠡᠷ ᠢᠶᠠᠨ ᠦᠷᠡᠵᠢᠭᠦᠯᠵᠦ ᠥᠪᠡᠷ ᠢᠶᠠᠨ ᠪᠣᠶᠢᠵᠢᠭᠤᠯᠤᠭᠰᠠᠨ ᠨᠢ ᠰᠠᠭᠤᠷᠢ ᠡᠬᠡ ᠮᠠᠯ ᠤᠨ ᠲᠡᠵᠢᠭᠡᠵᠦ ᠪᠠᠶᠢᠭ᠎ᠠ ᠭᠡᠷᠡᠴᠢ ᠪᠠᠷᠢᠮᠲᠠ ᠶᠢ ᠬᠠᠩᠭᠠᠨ᠎ᠠ᠃      4. ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠤᠨ ᠠᠯᠠᠰᠢᠨ ᠦᠬᠡᠷ᠂ ᠠᠯᠠᠰᠢᠨ ᠬᠤᠨᠢ ᠶᠢ ᠬᠤᠳᠠᠯᠳᠤᠨ ᠠᠪᠤᠭᠰᠠᠨ ᠤ ᠲᠥᠯᠥᠬᠦ ᠭᠡᠷᠡᠴᠢ ᠪᠠᠷᠢᠮᠲᠠ︔      5. ᠠᠯᠠᠰᠢᠨ ᠦᠬᠡᠷ᠂ ᠠᠯᠠᠰᠢᠨ ᠬᠤᠨᠢᠨ ᠤ ᠭᠠᠷᠤᠯᠲᠠ ᠶᠢᠨ ᠣᠷᠣᠨ ᠤ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠨᠡᠮᠯᠡᠯ ︽ᠠᠮᠢᠲᠠᠨ ᠤ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ︵ᠠᠮᠢᠲᠠᠨ B︶︾ ᠶᠢ ᠬᠤᠳᠠᠯᠳᠤᠬᠤ ᠳᠤ᠂ ᠪᠠᠷᠠᠭᠠᠨ ᠤ ᠡᠵᠡᠨ ᠨᠢ ᠱᠠᠩᠨᠠᠵᠤ ᠨᠥᠬᠦᠪᠦᠷᠢᠯᠡᠬᠦ ᠪᠠᠷ ᠮᠡᠳᠡᠭᠦᠯᠦᠭᠰᠡᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ ᠪᠠ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠪᠠᠶᠢᠬᠤ ᠬᠡᠷᠡᠭᠲᠡᠢ︔      6. ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ ᠪᠠ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ ᠪᠡᠯᠡ ᠣᠷᠣᠭᠤᠯᠤᠨ ᠲᠠᠯᠠᠪᠠᠶ ᠪᠠᠶᠢᠭᠤᠯᠤᠭᠰᠠᠨ ᠬᠠᠮᠢᠶ᠎ᠠ ᠪᠦᠬᠦᠢ ᠭᠡᠷᠡᠴᠢ᠂ ᠡᠭᠦᠨ ᠳᠤ ᠭᠤᠣᠯᠳᠠᠭᠤ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠠᠯᠠᠪᠠᠶ ᠪᠠᠶᠢᠭᠤᠯᠤᠭᠰᠠᠨ ᠭᠠᠵᠠᠷ ᠰᠢᠷᠣᠢ ᠶᠢᠨ ᠭᠠᠷᠳᠠᠮ᠂ ᠲᠣᠨᠤᠭ ᠲᠥᠬᠦᠭᠡᠷᠦᠮᠵᠢ ᠬᠤᠳᠠᠯᠳᠤᠨ ᠠᠪᠤᠭᠰᠠᠨ ᠪᠠᠷᠢᠮᠲᠠ ᠪᠤᠶᠤ ᠵᠣᠭᠤᠰ ᠥᠭᠭᠦᠭᠰᠡᠨ ᠭᠡᠷᠡᠴᠢ ᠵᠡᠷᠭᠡ ᠪᠠᠭᠲᠠᠨ᠎ᠠ᠃      7. ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ ᠪᠠ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ᠂ ᠲᠥᠬᠦᠭᠡᠷᠦᠮᠵᠢ ᠶᠢᠨ ᠬᠡᠷᠡᠯ ᠵᠢᠷᠤᠭ᠂ ᠰᠠᠭᠤᠷᠢ ᠡᠬᠡ ᠮᠠᠯ ᠤᠨ ᠲᠤᠭ᠎ᠠ ᠲᠣᠯᠣᠭᠠᠢ ᠵᠡᠷᠭᠡ ᠬᠡᠷᠡᠯ ᠵᠢᠷᠤᠭ ᠤᠨ ᠮᠠᠲ᠋ᠧᠷᠢᠶᠠᠯ᠃      ︵ᠬᠤᠶᠠᠷ︶ ᠬᠠᠷᠭᠤᠭᠤᠯᠤᠨ ᠪᠠᠶᠢᠴᠠᠭᠠᠵᠤ ᠵᠠᠷᠯᠠᠨ ᠨᠡᠶᠢᠲᠡᠯᠡᠬᠦ      ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠴᠠ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ ᠪᠠ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ ᠮᠡᠳᠡᠭᠦᠯᠦᠭᠰᠡᠨ ᠮᠠᠲ᠋ᠧᠷᠢᠶᠠᠯ ᠢ ᠠᠩᠬ᠎ᠠ ᠠᠯᠬᠤᠮ ᠬᠢᠨᠠᠨ ᠰᠢᠯᠭᠠᠵᠤ᠂ ᠡᠭᠦᠨ ᠤ ᠬᠠᠮᠲᠤ ᠭᠤᠶᠤᠴᠢᠯᠠᠨ ᠮᠡᠳᠡᠭᠦᠯᠬᠦ ᠭᠤᠣᠯ ᠴᠣᠭᠴᠠ ᠳᠤ ᠲᠤᠬᠠᠢ ᠶᠢᠨ ᠲᠠᠯᠠᠪᠠᠶ ᠶᠢᠨ ᠬᠢᠨᠠᠨ ᠪᠠᠶᠢᠴᠠᠭᠠᠯᠲᠠ ᠬᠢᠵᠦ᠂ ᠲᠡᠵᠢᠭᠡᠨ ᠦᠷᠡᠵᠢᠭᠦᠯᠬᠦ ᠲᠣᠨᠤᠭ ᠲᠥᠬᠦᠭᠡᠷᠦᠮᠵᠢ ᠶᠢᠨ ᠪᠠᠶᠢᠳᠠᠯ᠂ ᠲᠡᠵᠢᠭᠡᠵᠦ ᠪᠠᠶᠢᠭ᠎ᠠ ᠪᠠ ᠭᠠᠷᠭᠠᠵᠤ ᠪᠠᠶᠢᠭ᠎ᠠ ᠪᠠᠶᠢᠳᠠᠯ ᠢ ᠭᠤᠣᠯᠳᠠᠯᠭ᠎ᠠ ᠲᠠᠢ ᠬᠢᠨᠠᠨ ᠪᠠᠶᠢᠴᠠᠭᠠᠵᠤ᠂ ᠡᠴᠦᠰ ᠤᠨ ᠰᠢᠯᠭᠠᠨ ᠬᠤᠷᠢᠶᠠᠭᠰᠠᠨ ᠦᠷ᠎ᠡ ᠳ᠋ᠦᠩ ᠢ ᠬᠤᠰᠢᠭᠤ ᠰᠢᠶᠠᠨ  ᠠᠴᠠ ᠳᠡᠭᠡᠭᠰᠢᠬᠢ ᠰᠣᠨᠢᠨ ᠰᠡᠳᠬᠦᠯ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠰᠦᠯᠵᠢᠶᠡᠨ ᠥᠷᠲᠡᠭᠡ ᠪᠠ ᠭᠠᠴᠠᠭ᠎ᠠ ᠲᠣᠰᠬᠤᠨ ᠤ ᠢᠯᠡ ᠨᠡᠶᠢᠲᠡᠯᠡᠬᠦ ᠪᠤᠯᠤᠩ ᠳᠤ ᠵᠡᠷᠭᠡ ᠳᠤᠨᠢ ᠢᠯᠡ ᠨᠡᠶᠢᠲᠡᠯᠡᠵᠦ᠂ ᠢᠯᠡ ᠨᠡᠶᠢᠲᠡᠯᠡᠬᠦ ᠴᠠᠭ ᠢ 5 ᠠᠵᠢᠯᠯᠠᠬᠤ ᠡᠳᠦᠷ ᠠᠴᠠ ᠳᠤᠲᠠᠭᠤ ᠦᠭᠡᠢ ᠪᠠᠶᠢᠯᠭᠠᠨ᠎ᠠ᠃ ᠨᠡᠶᠢᠲᠡ ᠳᠤ ᠵᠠᠷᠯᠠᠬᠤ ᠳᠤ ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ᠂ ︽ᠦᠬᠡᠷ ᠬᠤᠨᠢ ᠶᠢᠨ ᠬᠡᠪᠴᠢᠶᠡᠵᠢᠭᠦᠯᠦᠨ ᠭᠠᠷᠭᠠᠯᠲᠠ ᠶᠢᠨ ᠱᠠᠩᠨᠠᠯ ᠨᠥᠬᠦᠪᠦᠷᠢ ᠶᠢᠨ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ 1︶᠂ ︽ᠦᠬᠡᠷ ᠬᠤᠨᠢ ᠶᠢ ᠬᠡᠪᠴᠢᠶᠡᠵᠢᠭᠦᠯᠦᠨ ᠭᠠᠷᠭᠠᠯᠲᠠ ᠶᠢᠨ ᠱᠠᠩᠨᠠᠯ ᠨᠥᠬᠦᠪᠦᠷᠢ ᠶᠢᠨ ᠰᠢᠯᠭᠠᠨ ᠠᠪᠬᠤ ᠬᠠᠭᠤᠳᠠᠰᠤ︾ ︵ᠳᠠᠭᠠᠯᠳᠤᠭᠤᠯᠤᠯ 2︶ ᠳᠤ ᠰᠠᠨᠠᠯ ᠭᠠᠷᠭᠠᠬᠤ ᠶᠢᠨ ᠬᠠᠮᠲᠤ᠂ ︽ᠦᠬᠡᠷ ᠬᠤᠨᠢ ᠶᠢᠨ ᠬᠡᠪᠴᠢᠶᠡᠵᠢᠭᠦᠯᠦᠨ ᠭᠠᠷᠭᠠᠯᠲᠠ ᠶᠢᠨ ᠱᠠᠩᠨᠠᠯ ᠨᠥᠬᠦᠪᠦᠷᠢ ᠶᠢᠨ ᠬᠤᠰᠢᠭᠤ ᠰᠢᠶᠠᠨ ᠤ ᠰᠢᠯᠭᠠᠨ ᠠᠪᠬᠤ ᠬᠤᠷᠢᠶᠠᠩᠭᠤᠢ ᠬᠦᠰᠦᠨᠦᠭᠲᠦ︾ ︵ᠳᠠᠭᠠᠯᠳᠤᠭᠤᠯᠤᠯ 3︶ ᠶᠢ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃      ︵ᠭᠤᠷᠪᠠ︶ ᠲᠠᠬᠢᠨ ᠬᠠᠷᠭᠤᠭᠤᠯᠵᠤ ᠬᠢᠨᠠᠨ ᠰᠢᠯᠭᠠᠬᠤ      ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠬᠤᠰᠢᠭᠤ ᠰᠢᠶᠠᠨ ᠤ ᠳᠡᠭᠡᠭᠰᠢ ᠮᠡᠳᠡᠭᠦᠯᠦᠭᠰᠡᠨ ᠮᠠᠲ᠋ᠧᠷᠢᠶᠠᠯ ᠵᠢᠴᠢ ᠰᠢᠯᠭᠠᠨ ᠠᠪᠤᠭᠰᠠᠨ ᠦᠷ᠎ᠡ ᠳ᠋ᠦᠩ ᠳᠤ ᠳᠠᠬᠢᠨ ᠬᠢᠨᠠᠯᠲᠠ ᠬᠢᠵᠦ᠂ ᠬᠤᠰᠢᠭᠤ ᠰᠢᠶᠠᠨ ᠨᠢᠭᠡᠪᠦᠷᠢ ᠶᠢᠨ ᠲᠠᠰᠢᠷᠠᠮ ᠳᠠᠭᠠᠤ ᠰᠤᠭᠤᠴᠢᠨ ᠪᠠᠶᠢᠴᠠᠭᠠᠭᠰᠠᠨ 30% ᠶᠢᠨ ᠮᠡᠳᠡᠭᠦᠯᠬᠦ ᠭᠤᠣᠯ ᠴᠣᠭᠴᠠ ᠳᠤ ᠲᠤᠬᠠᠢ ᠶᠢᠨ ᠭᠠᠵᠠᠷ ᠲᠤᠨᠢ ᠳᠠᠬᠢᠨ ᠬᠢᠨᠠᠯᠲᠠ ᠬᠢᠵᠦ᠂ ᠲᠤᠬᠠᠢ ᠶᠢᠨ ᠭᠠᠵᠠᠷ ᠲᠤᠨᠢ ᠳᠠᠬᠢᠨ ᠬᠢᠨᠠᠭᠠᠳ ᠬᠤᠳᠠᠯ ᠢᠶᠠᠷ ᠵᠤᠬᠢᠶᠠᠬᠰᠠᠨ ᠬᠠᠭᠤᠷᠮᠠᠬᠯᠠᠨ ᠵᠣᠬᠢᠶᠠᠭᠰᠠᠨ ᠢ ᠣᠯᠵᠤ ᠮᠡᠳᠡᠪᠡᠯ᠂ ᠲᠣᠰ ᠬᠤᠰᠢᠭᠤ ᠰᠢᠶᠠᠨ ᠤ ᠪᠣᠶ ᠪᠦᠬᠦᠢ ᠮᠡᠳᠡᠭᠦᠯᠬᠦ ᠭᠤᠣᠯ ᠴᠣᠭᠴᠠ ᠳᠤ ᠨᠢᠭᠡᠳ ᠨᠢᠭᠡ ᠪᠠᠷ ᠲᠤᠬᠠᠢ ᠶᠢᠨ ᠭᠠᠵᠠᠷ ᠲᠤᠨᠢ ᠳᠠᠬᠢᠨ ᠬᠢᠨᠠᠯᠲᠠ ᠬᠢᠨ᠎ᠡ᠃ ᠳᠠᠬᠢᠨ ᠬᠢᠨᠠᠵᠤ ᠳᠠᠭᠤᠰᠤᠭᠰᠠᠨ ᠤ ᠳᠠᠷᠠᠭ᠎ᠠ᠂ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠰᠤᠭᠤᠴᠢᠨ ᠪᠠᠶᠢᠴᠠᠭᠠᠭᠰᠠᠨ ︽ᠦᠬᠡᠷ ᠬᠤᠨᠢ ᠶᠢᠨ ᠬᠡᠪᠴᠢᠶᠡᠵᠢᠭᠦᠯᠦᠨ  ᠭᠠᠷᠭᠠᠯᠲᠠ ᠶᠢᠨ ᠱᠠᠩᠨᠠᠯ ᠨᠥᠬᠦᠪᠦᠷᠢ ᠶᠢ ᠰᠢᠯᠭᠠᠨ ᠠᠪᠬᠤ ᠬᠠᠭᠤᠳᠠᠰᠤ︾ ︵ᠳᠠᠭᠠᠯᠳᠤᠭᠤᠯᠤᠯ 1︶ ᠳᠤ ᠰᠠᠨᠠᠯ ᠭᠠᠷᠭᠠᠵᠤ᠂ ︽ᠦᠬᠡᠷ ᠬᠤᠨᠢ ᠶᠢᠨ ᠬᠡᠪᠴᠢᠶᠡᠵᠢᠭᠦᠯᠦᠨ ᠭᠠᠷᠭᠠᠯᠲᠠ ᠶᠢᠨ ᠱᠠᠩᠨᠠᠯ ᠨᠥᠬᠦᠪᠦᠷᠢ ᠶᠢᠨ ᠠᠶᠢᠮᠠᠭ ᠬᠤᠲᠠ ᠶᠢᠨ ᠳᠠᠬᠢᠨ ᠬᠢᠨᠠᠭᠰᠠᠨ ᠬᠤᠷᠢᠶᠠᠩᠭᠤᠢ ᠬᠦᠰᠦᠨᠦᠭᠲᠦ︾ ︵ᠳᠠᠭᠠᠯᠳᠤᠭᠤᠯᠤᠯ 4︶ ᠶᠢ ᠬᠤᠷᠢᠶᠠᠩᠭᠤᠶᠢᠯᠠᠨ ᠲᠠᠭᠯᠠᠵᠤ᠂ ᠱᠠᠩᠨᠠᠵᠤ ᠨᠥᠬᠦᠪᠦᠷᠢ ᠥᠭᠬᠦ ᠭᠤᠣᠯ ᠴᠣᠭᠴᠠ᠂ ᠱᠠᠩᠨᠠᠵᠤ ᠨᠥᠬᠦᠪᠦᠷᠢ ᠥᠭᠬᠦ ᠲᠤᠭ᠎ᠠ ᠬᠡᠮᠵᠢᠶ᠎ᠡ ᠵᠡᠷᠭᠡ ᠮᠡᠳᠡᠭᠡ ᠵᠠᠩᠭᠢ ᠶᠢ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠳᠠᠷᠤᠢ ᠲᠦᠷᠭᠡᠨ ᠠᠯᠪᠠᠨ ᠪᠢᠴᠢᠭ ᠶᠠᠪᠤᠭᠤᠯᠵᠤ ᠳᠡᠭᠡᠭᠰᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠬᠠᠭᠤᠯᠤᠨ ᠬᠦᠷᠭᠡᠬᠦ ᠬᠡᠷᠡᠭᠲᠡᠢ᠃       ︵ᠳᠥᠷᠪᠡ︶ ᠥᠪᠡᠷᠲᠡᠭᠡᠨ ᠵᠠᠰᠠᠬᠤ ᠣᠷᠣᠨ ᠤ ᠬᠤᠷᠢᠶᠠᠩᠭᠤᠶᠢᠯᠠᠨ ᠬᠢᠨᠠᠬᠤ ᠵᠢᠴᠢ ᠲᠥᠰᠥᠪ ᠤᠨ ᠲᠣᠬᠢᠷᠠᠭᠤᠯᠤᠯᠲᠠ᠂ ᠪᠡᠯᠡ ᠮᠥᠩᠭᠦ ᠪᠠᠭᠤᠯᠭᠠᠬᠤ      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢ ᠡᠯ᠎ᠡ ᠠᠶᠢᠮᠠᠭ ᠬᠤᠲᠠ ᠶᠢᠨ ᠳᠡᠭᠡᠭᠰᠢ ᠮᠡᠳᠡᠭᠦᠯᠦᠭᠰᠡᠨ ᠮᠠᠲ᠋ᠧᠷᠢᠶᠠᠯ ᠵᠢᠴᠢ ᠰᠢᠯᠭᠠᠨ ᠠᠪᠤᠭᠰᠠᠨ᠂ ᠳᠠᠬᠢᠨ ᠬᠢᠨᠠᠭᠰᠠᠨ ᠦᠷ᠎ᠡ ᠳ᠋ᠦᠩ ᠢ ᠬᠠᠷᠭᠤᠭᠤᠯᠤᠨ ᠪᠠᠶᠢᠴᠠᠭᠠᠵᠤ᠂ ᠳᠠᠩᠰᠠᠯᠠᠬᠤ ᠶᠢᠨ ᠬᠠᠮᠲᠤ᠂ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠬᠤ ᠪᠤᠶᠤ ᠭᠤᠷᠪᠠᠳᠠᠭᠢ ᠡᠲᠡᠭᠡᠳ ᠤᠨ ᠲᠤᠰᠬᠠᠢ ᠪᠠᠶᠢᠭᠤᠯᠤᠮᠵᠢ ᠳᠤ ᠨᠠᠶᠢᠳᠠᠵᠤ ᠰᠤᠭᠤᠴᠢᠨ ᠪᠠᠶᠢᠴᠠᠭᠠᠯᠲᠠ ᠬᠢᠯᠭᠡᠵᠦ᠂ ᠰᠤᠭᠤᠴᠢᠨ ᠪᠠᠶᠢᠴᠠᠭᠠᠭᠰᠠᠨ ᠬᠠᠷᠢᠴᠠᠯ ᠢ 20%  ᠠᠴᠠ ᠳᠣᠣᠷ᠎ᠠ ᠪᠠᠶᠢᠯᠭᠠᠬᠤ ᠦᠭᠡᠢ ᠪᠥᠭᠡᠳ ᠬᠠᠮᠤᠭ ᠡᠴᠦᠰ ᠤᠨ ᠳᠠᠩᠰᠠᠯᠠᠭᠤᠯᠤᠭᠰᠠᠨ ᠪᠠᠶᠢᠳᠠᠯ ᠢ ᠦᠨᠳᠦᠰᠦᠯᠡᠨ᠂ ᠵᠢᠯ ᠪᠦᠷᠢ ᠶᠢᠨ 10 ᠰᠠᠷ᠎ᠠ ᠳᠤ ᠳᠠᠷᠠᠭ᠎ᠠ ᠵᠢᠯ ᠤᠨ ᠲᠥᠰᠥᠪ ᠲᠤ ᠵᠢᠭᠰᠠᠭᠠᠨ ᠣᠷᠣᠭᠤᠯᠬᠤ ᠪᠡᠯᠡ ᠮᠥᠩᠭᠦ ᠶᠢᠨ ᠲᠤᠭ᠎ᠠ ᠬᠡᠮᠵᠢᠶ᠎ᠡ ᠶᠢ ᠳᠤᠷᠠᠳᠬᠤ ᠬᠡᠷᠡᠭᠲᠡᠢ᠃ ᠲᠥᠰᠥᠪ ᠤᠨ ᠲᠤᠭ᠎ᠠ ᠬᠡᠮᠵᠢᠶ᠎ᠡ ᠶᠢ ᠲᠣᠭᠲᠠᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢ ︽ᠲᠥᠰᠥᠪ ᠤᠨ ᠬᠠᠤᠯᠢ︾ ᠳᠤ ᠲᠣᠭᠲᠠᠭᠠᠭᠰᠠᠨ ᠴᠠᠭ ᠬᠤᠭᠤᠴᠠᠭᠠᠨ ᠤ ᠳᠣᠲᠣᠷ᠎ᠠ᠂ ᠪᠡᠯᠡ ᠮᠥᠩᠭᠦ ᠬᠤᠪᠢᠶᠠᠷᠢᠯᠠᠬᠤ ᠲᠥᠰᠥᠯ ᠢ ᠴᠠᠭ ᠲᠤᠬᠠᠢ ᠳᠤᠨᠢ ᠳᠤᠷᠠᠳᠬᠤ ᠶᠢᠨ ᠬᠠᠮᠲᠤ ᠲᠡᠭᠦᠨ ᠤ ᠦᠨᠡᠨ ᠪᠣᠳᠠᠲᠤ ᠴᠢᠨᠠᠷ᠂ ᠲᠣᠭᠲᠠᠭᠠᠯ ᠳᠤ ᠨᠡᠶᠢᠴᠡᠬᠦ ᠴᠢᠨᠠᠷ᠂ ᠵᠦᠢ ᠵᠣᠬᠢᠰᠲᠠᠢ ᠴᠢᠨᠠᠷ ᠲᠤ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠪᠡᠯᠡ ᠮᠥᠩᠭᠦ ᠬᠤᠪᠢᠶᠠᠷᠢᠯᠠᠬᠤ ᠲᠥᠰᠥᠯ ᠢ ᠦᠨᠳᠦᠰᠦᠯᠡᠨ ᠪᠡᠯᠡ ᠮᠥᠩᠭᠦ ᠪᠠᠭᠤᠯᠭᠠᠬᠤ ᠬᠡᠷᠡᠭᠲᠡᠢ᠃      ᠳᠥᠷᠪᠡ᠂ ᠪᠤᠰᠤᠳ ᠵᠦᠢᠯᠡᠰ ᠤᠳ      ᠠᠷᠭ᠎ᠠ ᠬᠡᠮᠵᠢᠶ᠎ᠡ ᠨᠦᠭᠦᠳ ᠲᠤ ᠬᠤᠯᠪᠣᠭᠳᠠᠭᠰᠠᠨ ᠲᠤᠰᠬᠠᠢ ᠵᠦᠢᠯ ᠤᠨ ᠳᠡᠮᠵᠢᠯᠭᠡ ᠶᠢᠨ ᠪᠡᠯᠡ ᠮᠥᠩᠭᠦ ᠶᠢ ᠤᠷᠢᠳᠠᠪᠠᠷ ᠨᠢᠭᠡᠳᠦᠯᠲᠡᠢ ᠲᠥᠯᠥᠪᠯᠡᠵᠦ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠰᠢᠰᠲ᠋ᠧᠮᠵᠢᠭᠦᠯᠦᠨ ᠬᠤᠪᠢᠶᠠᠷᠢᠯᠠᠬᠤ᠂ ᠬᠠᠮᠢᠶᠠᠷᠬᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠤᠯᠪᠣᠭᠳᠠᠬᠤ ᠲᠤᠰᠬᠠᠢ ᠵᠦᠢᠯ ᠤᠨ ᠪᠡᠯᠡ ᠮᠥᠩᠭᠦ ᠪᠠᠷ ᠰᠢᠢᠳᠪᠦᠷᠢᠯᠡᠨ᠎ᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠶᠢ ᠨᠢᠭᠡᠨᠲᠡ ᠣᠯᠣᠭᠰᠠᠨ ᠵᠢᠴᠢ ᠪᠤᠰᠤᠳ ᠠᠷᠭ᠎ᠠ ᠵᠠᠮ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠳᠡᠮᠵᠢᠯᠭᠡ ᠶᠢᠨ ᠲᠤᠭ᠎ᠠ ᠬᠡᠮᠵᠢᠶ᠎ᠡ ᠨᠢ ᠪᠡᠯᠡ ᠣᠷᠣᠭᠤᠯᠵᠤ ᠲᠠᠯᠠᠪᠠᠶ ᠪᠠᠶᠢᠭᠤᠯᠬᠤ ᠪᠡᠯᠡ ᠮᠥᠩᠭᠦ ᠶᠢᠨ ᠣᠷᠣᠭᠤᠯᠤᠯᠲᠠ  ᠠᠴᠠ ᠳᠠᠪᠠᠭᠰᠠᠨ ᠪᠠᠶᠢᠪᠠᠯ᠂ ᠳᠠᠭᠢᠵᠤ ᠡᠳᠦᠢ ᠲᠡᠳᠦᠢ ᠠᠷᠭ᠎ᠠ ᠬᠡᠮᠵᠢᠶ᠎ᠡ ᠳᠤ ᠲᠣᠭᠲᠠᠭᠠᠭᠰᠠᠨ ᠭᠠᠷᠭᠠᠯᠲᠠ ᠶᠢᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠭᠤᠶᠤᠴᠢᠯᠠᠵᠤ ᠪᠣᠯᠬᠤ ᠦᠭᠡᠢ᠃ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ᠂ ᠬᠤᠷᠰᠢᠶ᠎ᠠ᠂ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠣᠶᠢᠷ᠎ᠠ ᠶᠢᠨ 5 ᠵᠢᠯ ᠤᠨ ᠲᠤᠷᠰᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠶᠢ ᠬᠦᠷᠲᠡᠵᠦ ᠥᠩᠭᠡᠷᠡᠭᠰᠡᠨ ᠪᠣᠯ ᠳᠠᠪᠬᠤᠷᠳᠠᠭᠤᠯᠤᠨ ᠨᠥᠬᠦᠪᠦᠷᠢᠯᠡᠵᠦ ᠪᠣᠯᠬᠤ ᠦᠭᠡᠢ᠂ ᠰᠢᠭᠰᠢᠭᠳᠡᠭᠦᠯᠦᠭᠰᠡᠨ ᠰᠠᠭᠠᠯᠢ ᠶᠢᠨ ᠦᠨᠢᠶ᠎ᠡ ᠶᠢ ᠪᠣᠷᠳᠣᠵᠤ ᠲᠠᠷᠭᠤᠯᠠᠭᠤᠯᠬᠤ ᠳᠤ ᠨᠥᠬᠦᠪᠦᠷᠢ ᠬᠥᠷᠳᠡᠬᠦ ᠦᠭᠡᠢ᠃ ᠠᠶᠢᠮᠠᠭ ᠬᠤᠲᠠ ᠬᠤᠰᠢᠭᠤ ᠰᠢᠶᠠᠨ ᠨᠢ ᠳᠡᠭᠡᠳᠦ ᠱᠠᠲᠤᠨ ᠤ ᠪᠠᠭᠤᠯᠭᠠᠭᠰᠠᠨ ᠪᠡᠯᠡ ᠮᠥᠩᠭᠦ ᠶᠢ ᠭᠥᠯᠢᠶᠡᠨ ᠠᠪᠤᠭᠰᠠᠨ ᠤ ᠳᠠᠷᠠᠭ᠎ᠠ᠂ ᠲᠣᠭᠲᠠᠭᠠᠯ ᠶᠣᠰᠣᠭᠠᠷ ᠢᠵᠢ ᠪᠦᠷᠢᠳᠦᠭᠦᠯᠬᠦ ᠬᠠᠷᠢᠭᠤᠴᠠᠯᠭ᠎ᠠ ᠶᠢ ᠭᠦᠢᠴᠡᠳᠬᠡᠵᠦ᠂ ᠬᠠᠤᠯᠢ ᠪᠠᠷ ᠲᠣᠭᠲᠠᠭᠠᠭᠰᠠᠨ ᠴᠠᠭ ᠬᠤᠭᠤᠴᠠᠭᠠᠨ ᠤ ᠳᠣᠲᠣᠷ᠎ᠠ ᠪᠡᠯᠡ ᠮᠥᠩᠭᠦ ᠶᠢ ᠳᠠᠷᠤᠶᠢᠬᠠᠨ ᠰᠠᠯᠭᠠᠨ ᠥᠭᠴᠦ᠂ ᠨᠥᠬᠦᠴᠡᠯ ᠳᠤ ᠨᠡᠶᠢᠴᠡᠬᠦ ᠱᠠᠩᠨᠠᠵᠤ ᠲᠤᠰᠠᠯᠠᠬᠤ ᠡᠲᠡᠭᠡᠳ ᠤᠨ ᠱᠠᠩᠨᠠᠵᠤ ᠲᠤᠰᠠᠯᠠᠬᠤ ᠪᠡᠯᠡ ᠮᠥᠩᠭᠦ ᠶᠢ ᠴᠠᠭᠲᠤᠬᠠᠢ ᠳᠤᠨᠢ ᠲᠤᠭ᠎ᠠ ᠶᠣᠰᠣᠭᠠᠷ ᠭᠦᠢᠴᠡᠳ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠡᠷᠪᠡ ᠠᠶᠢᠮᠠᠭ ᠬᠤᠲᠠ ᠬᠤᠰᠢᠭᠤ ᠰᠢᠶᠠᠨ ᠨᠢ ᠲᠣᠭᠲᠠᠭᠠᠯ ᠶᠣᠰᠣᠭᠠᠷ ᠢᠵᠢ ᠪᠦᠷᠢᠳᠦᠭᠦᠯᠬᠦ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠣᠯ᠂ ︽ᠲᠥᠰᠥᠪ ᠤᠨ ᠬᠠᠤᠯᠢ︾ ᠵᠢᠴᠢ ᠬᠡᠷᠡᠭᠵᠢᠭᠦᠯᠬᠦ ᠳᠦᠷᠢᠮ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ᠃ ᠡᠳ᠋ ᠤᠨ ᠶᠠᠪᠤᠳᠠᠯ ᠤᠨ ᠨᠢᠭᠲᠠᠯᠠᠨ ᠪᠤᠳᠤᠭᠴᠢ ᠶᠢᠨ ᠬᠢᠨᠠᠯᠲᠠ ᠪᠠᠶᠢᠴᠠᠭᠠᠯᠲᠠ᠂ ᠬᠢᠨᠠᠨ ᠪᠣᠳᠣᠯᠲᠠ ᠶᠢᠨ ᠲᠣᠭᠤᠷᠢᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ ᠰᠤᠭᠤᠴᠢᠨ ᠪᠠᠶᠢᠴᠠᠭᠠᠵᠤ ᠳᠠᠬᠢᠨ ᠬᠢᠨᠠᠬᠤ ᠵᠡᠷᠭᠡ ᠭᠤᠭᠴᠤᠭ᠎ᠠ ᠳᠤ᠂ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠵᠢᠴᠢ ᠰᠢᠯᠭᠠᠨ ᠠᠪᠬᠤ ᠳᠠᠭᠠᠨ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠬᠤᠳᠠᠯ ᠢᠶᠠᠷ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ ᠵᠡᠷᠭᠡ ᠠᠷᠭ᠎ᠠ ᠪᠠᠷᠢᠯ ᠢᠶᠠᠷ ᠡᠳ᠋ ᠤᠨ ᠵᠠᠰᠠᠭ ᠤᠨ ᠲᠤᠰᠠᠯᠠᠮᠵᠢ ᠶᠢᠨ ᠪᠡᠯᠡ ᠮᠥᠩᠭᠦ ᠶᠢ ᠤᠬᠠᠭᠠᠯᠠᠨ ᠠᠪᠤᠭᠰᠠᠨ ᠪᠠᠶᠢᠳᠠᠯ ᠢ ᠣᠯᠵᠤ ᠮᠡᠳᠡᠪᠡᠯ᠂ ᠲᠣᠭᠲᠠᠭᠠᠭᠰᠠᠨ ᠲᠠᠰ ᠳᠠᠷᠠᠭᠠᠯᠠᠯ ᠢᠶᠠᠷ ᠨᠢᠭᠡᠨᠲᠡ ᠪᠠᠭᠤᠯᠭᠠᠭᠰᠠᠨ ᠪᠡᠯᠡ ᠮᠥᠩᠭᠦ ᠶᠢ ᠬᠤᠷᠢᠶᠠᠨ ᠠᠪᠬᠤ ᠶᠢᠨ ᠬᠠᠮᠲᠤ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠥᠮᠥᠰ ᠠᠴᠠ ᠬᠠᠷᠢᠭᠤᠴᠠᠯᠭ᠎ᠠ ᠨᠡᠬᠡᠮᠵᠢᠯᠡᠵᠦ ᠰᠢᠢᠳᠪᠦᠷᠢᠯᠡᠨ᠎ᠡ᠂ ᠲᠣᠭᠲᠠᠭᠠᠯ ᠠᠴᠠ ᠵᠥᠷᠢᠴᠡᠨ ᠭᠤᠶᠤᠴᠢᠯᠠᠨ ᠮᠡᠳᠡᠭᠦᠯᠬᠦ ᠭᠤᠣᠯ ᠴᠣᠭᠴᠠ ᠶᠢᠵᠡᠷᠭᠡ ᠳᠤᠨᠢ ᠮᠠᠭᠤ ᠦᠶᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠲᠤ ᠣᠷᠣᠭᠤᠯᠵᠤ᠂ ᠬᠤᠶᠢᠰᠢᠳᠠ ᠶᠢᠨ ᠣᠨ ᠤ ᠭᠤᠶᠤᠴᠢᠯᠠᠨ ᠮᠡᠳᠡᠭᠦᠯᠬᠦ ᠬᠠᠮᠢᠶ᠎ᠠ ᠪᠦᠬᠦᠢ ᠲᠠᠷᠢᠶᠠᠯᠠᠩ ᠳᠤ ᠬᠤᠯᠪᠣᠭᠳᠠᠬᠤ ᠲᠥᠷᠥᠯ ᠵᠦᠢᠯ ᠤᠨ ᠬᠢᠷᠢ ᠬᠡᠮ ᠢ ᠬᠦᠴᠦᠨ ᠦᠭᠡᠢ ᠪᠣᠯᠭᠠᠨ᠎ᠠ᠃      ᠡᠯ᠎ᠡ ᠭᠠᠵᠠᠷ ᠲᠤᠰ ᠨᠠᠷᠢᠨ ᠳᠦᠷᠢᠮ ᠢ ᠬᠡᠷᠡᠭᠵᠢᠭᠦᠯᠬᠦ ᠶᠠᠪᠤᠴᠠ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠥᠬᠦᠭᠡᠷᠤᠮᠵᠢᠲᠦ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠵᠢᠭᠡᠯᠡᠯᠭᠡ ᠶᠢᠨ ᠳᠠᠮ ᠬᠦᠦ ᠶᠢᠨ ᠲᠤᠰᠬᠠᠢ ᠠᠵᠢᠯ ᠤᠨ ᠲᠥᠰᠥᠯ ︵2024 ᠣᠨ ᠤᠬᠡᠪᠯᠡᠯ︶︾ ᠲᠠᠢ ᠬᠠᠮᠵᠢᠯᠴᠠᠨ ᠬᠠᠮᠵᠢᠯᠴᠠᠬᠤ ᠶᠢ ᠴᠢᠩᠭᠠᠳᠬᠠᠵᠤ᠂ ᠡᠳ᠋ ᠤᠨ ᠵᠠᠰᠠᠭ ᠤᠨ ᠨᠥᠬᠦᠪᠦᠷᠢ ᠪᠠ ᠳᠠᠮ ᠬᠦᠦ ᠶᠢᠨ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠨᠥᠬᠦᠪᠦᠷᠢ ᠭᠥᠷᠳᠡᠬᠦ ᠡᠲᠡᠭᠡᠳ᠂ ᠨᠥᠬᠦᠪᠦᠷᠢ ᠪᠡᠯᠡ ᠮᠥᠩᠭᠦ ᠵᠡᠷᠭᠡ ᠮᠡᠳᠡᠭᠡ ᠵᠠᠩᠭᠢ ᠶᠢ ᠬᠠᠷᠢᠯᠴᠠᠨ ᠭᠡᠷᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠡᠳ᠋ ᠤᠨ ᠵᠠᠰᠠᠭ ᠤᠨ ᠪᠡᠯᠡ ᠮᠥᠩᠭᠦ ᠶᠢ ᠨᠠᠷᠢᠯᠢᠭ ᠣᠨᠣᠴᠠᠲᠠᠢ ᠪᠠᠷ ᠪᠦᠲᠦᠮᠵᠢᠲᠡᠶ ᠬᠡᠷᠡᠭᠯᠡᠬᠦ ᠶᠢ ᠦᠨᠡᠨ ᠬᠦ ᠪᠠᠲᠤᠯᠠᠵᠤ᠂ ᠲᠥᠬᠦᠭᠡᠷᠤᠮᠵᠢᠲᠦ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ᠃      ᠲᠣᠰ ᠨᠠᠷᠢᠨ ᠳᠦᠷᠢᠮ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ ᠲᠠᠶᠢᠯᠪᠤᠷᠢᠯᠠᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠣᠰ ᠨᠠᠷᠢᠨ ᠳᠦᠷᠢᠮ ᠢ ᠦᠨᠳᠦᠰᠦᠯᠡᠨ᠂ ᠲᠤᠬᠠᠢ ᠶᠢᠨ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠨᠥᠬᠦᠪᠦᠷᠢ ᠲᠣᠭᠲᠠᠭᠠᠯ ᠭᠠᠷᠭᠠᠬᠤ ᠪᠤᠶᠤ ᠪᠣᠳᠠᠲᠠᠢ ᠠᠵᠢᠯᠯᠠᠬᠤ ᠠᠷᠭ᠎ᠠ ᠶᠢ ᠲᠣᠭᠲᠠᠭᠠᠵᠤᠪᠣᠯᠣᠨ᠎ᠠ᠃      ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠪᠠ ᠡᠳ᠋ ᠤᠨ ᠵᠠᠰᠠᠭ ᠤᠨ ᠲᠢᠩᠬᠢᠮ ᠤᠨ ︽ᠲᠥᠬᠦᠭᠡᠷᠥᠮᠵᠢᠲᠦ ᠮᠠᠯ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾ ᠤᠨ ᠬᠠᠮᠢᠶ᠎ᠠ ᠪᠦᠬᠦᠢ ᠬᠡᠷᠡᠭᠵᠢᠭᠦᠯᠬᠦ ᠨᠠᠷᠢᠨ ᠳᠦᠷᠢᠮ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号