ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ  ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠲᠦᠷᠢᠮ
ᠨᠡᠶᠢᠲᠡᠯᠡᠭᠰᠡᠨ ᠴᠠᠭ᠄
2024/3/14
︵2021 ᠣᠨ ᠤ 7 ᠰᠠᠷ᠎ᠠ ᠶᠢᠨ 29 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠣᠯᠣᠳᠤᠭᠠᠷ ᠬᠤᠷᠠᠯ ᠠᠴᠠ ᠪᠠᠲᠤᠯᠠᠪᠠ  ︶ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷᠯᠠᠯ ︵ᠲᠠᠪᠢᠨ ᠵᠢᠷᠭᠤᠳᠤᠭᠠᠷ ᠲᠣᠭᠠᠲᠤ︶      2021 ᠣᠨ ᠤ 7 ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠣᠯᠣᠳᠤᠭᠠᠷ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠠᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠲᠦᠷᠢᠮ︾ ᠢ ᠪᠠᠲᠤᠯᠠᠪᠠ᠂ ᠤᠳᠤ ᠨᠡᠶᠢᠲᠡᠯᠡᠰᠤᠭᠡᠢ᠂ 2021 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃                                    2021 ᠣᠨ ᠤ 7 ᠰᠠᠷ᠎ᠠ ᠶᠢᠨ 29 ᠤ ᠡᠳᠦᠷ      ᠨᠢᠭᠡᠳᠦᠭᠡᠷ ᠵᠦᠢᠯ   ᠬᠠᠤᠯᠢ ᠶᠤᠰᠤᠭᠠᠷ ᠨᠤᠲᠤᠭ ᠪᠡᠯᠴᠢᠭᠡᠷ ᠢ ᠬᠠᠮᠠᠭᠠᠯᠠᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠥᠨᠢᠳᠡ ᠦᠷᠭᠦᠯᠵᠢᠯᠡᠨ ᠠᠰᠢᠡᠡᠯᠠᠬᠤ ᠶᠢ ᠪᠡᠶᠡᠯᠡᠭᠦᠯᠵᠦ᠂ ᠪᠡᠯᠴᠢᠬᠡᠷ ᠤᠨ ᠮᠠᠯ ᠠᠵᠤ ᠠᠬᠤᠶ ᠶᠢᠨ ᠬᠥᠭᠵᠢᠯᠲᠡ ᠬᠢᠭᠡᠳ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢ ᠬᠠᠷᠢᠯᠴᠠᠨ ᠵᠣᠬᠢᠴᠠᠭᠤᠯᠬᠤ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠪᠣᠯᠤᠨ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠳᠦᠷᠢᠮ ᠢ ᠲᠣᠭᠲᠠᠭᠠᠪᠠ᠃      ᠬᠤᠶᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠠᠶᠢᠭᠠᠯᠢ ᠶᠢᠨ ᠨᠤᠲᠤᠭ ᠪᠡᠯᠴᠢᠭᠡᠷ ᠢ ᠠᠰᠢᠡᠡᠯᠠᠨ ᠮᠠᠯ ᠠᠵᠤ ᠠᠬᠤᠶ ᠶᠢᠨ ᠦᠢᠯᠡᠳᠪᠤᠷᠢᠯᠡᠯ ᠡᠵᠡᠩᠨᠡᠯᠲᠡ ᠶᠢᠨ ᠠᠵᠢᠯᠯᠠᠭ᠎ᠠ ᠡᠷᠬᠢᠯᠡᠵᠦ᠂ ᠬᠠᠮᠢᠶ᠎ᠠ ᠪᠥᠬᠦᠶ ᠬᠢᠨᠠᠯᠲᠠ ᠬᠠᠮᠢᠶᠠᠷᠤᠯᠲᠠ ᠶᠢᠨ ᠠᠵᠢᠯ ᠥᠷᠨᠢᠭᠦᠯᠬᠦ ᠳᠤ ᠲᠣᠰ ᠲᠦᠷᠢᠮ ᠢ ᠵᠢᠷᠤᠮᠯᠠᠨ᠎ᠠ᠃      ᠭᠤᠷᠪᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠠᠵᠢᠯ ᠳᠤ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ︔ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠᠷ ᠬᠠᠷᠠᠯᠲᠠ ᠪᠣᠯᠭᠠᠵᠤ᠂ ᠠᠶᠠᠨᠳᠠᠭᠠᠨ ᠰᠡᠷᠭᠦᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠨ᠎ᠠ︔ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ ᠲᠥᠷᠥᠯ ᠬᠤᠪᠢᠶᠠᠨ ᠵᠢᠯᠣᠭᠤᠳᠬᠤ᠂ ᠪᠡᠯᠴᠢᠭᠡᠷ ᠤᠨ ᠪᠠᠶᠢᠳᠠᠯ ᠢᠶᠠᠷ ᠮᠠᠯ ᠤᠨ ᠲᠤᠭ᠎ᠠ ᠶᠢ ᠳᠤᠭᠳᠠᠭᠠᠵᠤ ᠬᠥᠳᠡᠯᠦᠩᠭᠦᠶ ᠲᠡᠩᠴᠡᠭᠦᠷᠢ ᠶᠢ ᠪᠠᠳᠤᠯᠠᠬᠤ᠂ ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠵᠤ ᠱᠠᠩᠨᠠᠵᠤ ᠲᠤᠷᠭᠠᠬᠤ ᠶᠢ ᠵᠡᠷᠭᠡ ᠪᠠᠷ ᠬᠡᠷᠡᠭᠵᠢᠭᠦᠯᠬᠦ ᠵᠠᠷᠴᠢᠮ ᠢ ᠪᠠᠷᠢᠮᠲᠠᠯᠠᠨ᠎ᠠ᠃      ᠳᠥᠷᠪᠡᠳᠦᠭᠡᠷ ᠵᠦᠢᠯ   ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠠᠵᠢᠯ ᠢ ᠨᠠᠶᠢᠳᠠᠪᠤᠷᠢᠵᠢᠭᠤᠯᠬᠤ ᠳᠠᠭᠠᠨ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠵᠤ ᠰᠡᠷᠭᠦᠭᠡᠨ ᠵᠠᠰᠠᠬᠤ ᠢᠨᠵᠧᠨᠧᠷᠢᠩ ᠤᠨ ᠲᠥᠷᠥᠯ ᠵᠦᠢᠯ ᠲᠠᠢ ᠤᠶᠠᠯᠳᠤᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃      ᠲᠠᠪᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠠᠴᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠣᠯᠠᠨ ᠡᠰᠢᠵᠢᠭᠰᠡᠨ ᠨᠥᠬᠦᠪᠥᠷᠢ ᠤᠯᠭᠤᠬᠤ ᠲᠣᠭᠲᠠᠴᠠ ᠶᠢ ᠪᠠᠶᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠭᠰᠠᠨ ᠦᠷ᠎ᠡ ᠪᠦᠲᠦᠮᠵᠢ ᠶᠢ ᠨᠦᠬᠦᠪᠤᠷᠢ ᠪᠠ ᠱᠠᠩᠨᠠᠯ ᠤᠨ ᠮᠥᠩᠭᠦ ᠶᠢᠨ ᠬᠤᠪᠢᠶᠠᠷᠢᠯᠠᠯᠲᠠ ᠲᠠᠢ ᠬᠤᠯᠪᠣᠭᠳᠠᠭᠤᠯᠬᠤ ᠤᠷᠮᠠᠰᠢᠭᠤᠯᠵᠤ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠭᠰᠠᠳ ᠲᠤ ᠨᠥᠬᠦᠪᠥᠷᠢ ᠤᠯᠭᠤᠵᠤ ᠨᠤᠲᠤᠭ ᠪᠡᠯᠴᠢᠭᠡᠷ ᠤᠨ ᠠᠮᠢ ᠠᠬᠤᠢ ᠶᠢ ᠬᠤᠬᠢᠷᠠᠭᠤᠯᠤᠭᠰᠠᠳ ᠠᠴᠠ ᠲᠦᠯᠦᠪᠤᠷᠢ ᠠᠪᠬᠤ ᠳᠦᠷᠢᠮ ᠢ ᠴᠢᠩᠭ᠎ᠠ ᠬᠡᠷᠡᠭᠵᠢᠭᠦᠯᠦᠨ᠎ᠡ᠃      ᠵᠢᠷᠭᠤᠳᠤᠭᠠᠷ ᠵᠦᠢᠯ  ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢ ᠪᠣᠯ ᠨᠤᠲᠤᠭ ᠪᠡᠯᠴᠢᠭᠡᠷ ᠢ ᠬᠠᠮᠠᠭᠠᠯᠠᠬᠤ ᠭᠤᠣᠯ ᠴᠣᠭᠴᠠ ᠪᠤᠯᠬᠤᠷ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠨ ᠵᠦᠢ ᠵᠣᠬᠢᠰᠲᠠᠶ ᠠᠰᠢᠡᠡᠯᠠᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ ᠢ ᠵᠢᠷᠤᠮᠯᠠᠵᠤ᠂ ᠨᠤᠲᠤᠭ ᠪᠡᠯᠴᠢᠭᠡᠷ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠶ᠃      ᠳᠣᠯᠣᠳᠤᠭᠠᠷ ᠵᠦᠢᠯ  ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢᠳ ᠤᠨ ᠳᠠᠷᠢᠵᠤ ᠲᠡᠵᠢᠭᠡᠬᠦ ᠶᠢ ᠤᠶᠠᠯᠳᠤᠭᠤᠯᠬᠤ᠂ ᠬᠠᠰᠢᠶᠠᠯᠠᠨ ᠲᠡᠵᠢᠭᠡᠬᠦ᠂ ᠡᠭᠦᠯᠳᠡᠷ ᠰᠠᠶᠢᠵᠢᠷᠠᠭᠤᠯᠬᠤ᠂ ᠰᠦᠷᠦᠭ ᠤᠨ ᠪᠦᠲᠦᠴᠡ ᠪᠠᠨ ᠰᠢᠯᠢᠳᠡᠭᠵᠢᠭᠦᠯᠬᠦ᠂ ᠰᠦᠷᠦᠭ ᠤᠨ ᠡᠷᠭᠢᠯᠲᠡ ᠪᠠᠨ ᠲᠦᠷᠭᠡᠳᠬᠡᠬᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠪᠡᠯᠴᠢᠬᠡᠷ ᠤᠨ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠪᠡᠯᠴᠢᠭᠡᠷ ᠤᠨ ᠳᠠᠷᠤᠭᠠᠰᠤ ᠶᠢ ᠬᠥᠩᠭᠡᠷᠡᠭᠦᠯᠬᠦ ᠶᠢ ᠵᠣᠷᠢᠭᠵᠢᠭᠤᠯᠤᠨ᠎ᠠ᠃      ᠨᠠᠢᠮᠠᠳᠣᠭᠠᠷ ᠵᠦᠢᠯ   ᠲᠣᠰ ᠲᠦᠷᠢᠮ ᠳᠤ ᠬᠡᠯᠡᠵᠦ ᠪᠠᠶᠢᠭ᠎ᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠭᠡᠳᠡᠭ ᠨᠢ ᠨᠤᠳᠤᠭ ᠪᠡᠯᠴᠢᠭᠡᠷ ᠤᠨ ᠡᠪᠡᠰᠤᠨ ᠤ ᠤᠨᠠᠯᠳᠠ ᠪᠤᠯᠤᠨ ᠵᠦᠶ ᠵᠣᠬᠢᠰᠲᠠᠶ ᠠᠰᠢᠡᠡᠯᠠᠯᠳᠠ ᠳᠤ ᠬᠠᠩᠭᠠᠵᠤ ᠪᠤᠯᠬᠤᠢᠢᠴᠠ ᠲᠠᠵᠢᠬᠡᠯ ᠡᠪᠡᠰᠦᠨ ᠤ ᠬᠡᠮᠵᠢᠶ᠎ᠡ ᠬᠢᠬᠡᠳ ᠪᠡᠯᠴᠢᠬᠡᠷᠯᠡᠬᠦᠯᠦᠨ ᠮᠠᠯᠵᠢᠬᠤ ᠮᠠᠯ ᠤᠨᠤᠭ᠎ᠠ ᠶᠢᠨ ᠬᠡᠷᠡᠭᠰᠡᠬᠦ ᠲᠠᠵᠢᠬᠡᠯ ᠡᠪᠡᠰᠦᠨ ᠤ ᠬᠡᠮᠵᠢᠶ᠎ᠡ ᠯᠦᠭᠡ ᠶᠢᠨ ᠬᠥᠳᠡᠯᠦᠩᠭᠦᠶ ᠲᠡᠩᠴᠡᠭᠦᠷᠢ ᠶᠢ ᠪᠠᠳᠤᠯᠠᠬᠤ ᠶᠢ ᠵᠢᠭᠠᠵᠤ ᠪᠠᠶᠢᠨ᠎ᠠ᠃      ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠣᠷᠣᠨ ᠳᠤ ᠨᠤᠲᠤᠭ ᠪᠡᠯᠴᠢᠭᠡᠷ ᠤᠨ ᠬᠦᠯᠢᠶᠡᠨ ᠠᠪᠬᠤ ᠴᠢᠳᠠᠪᠤᠷᠢ ᠶᠢ ᠦᠨᠳᠦᠰᠦᠯᠡᠨ ᠲᠣᠬᠢᠷᠠᠮᠵᠢᠳᠠᠢ ᠲᠠᠭᠠᠭᠠᠴᠠ ᠶᠢ ᠬᠢᠨᠠᠨ ᠲᠣᠭᠲᠠᠭᠠᠵᠤ᠂ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ ᠢ ᠴᠢᠩᠭ᠎ᠠ ᠬᠡᠷᠡᠭᠵᠢᠭᠦᠯᠵᠤ᠂ ᠪᠡᠯᠴᠢᠭᠡᠷ ᠢᠶᠠᠨ ᠬᠡᠰᠡᠭᠯᠡᠨ ᠰᠡᠯᠭᠦᠨ ᠮᠠᠯᠵᠢᠬᠤ ᠶᠢ ᠵᠣᠷᠢᠭᠵᠢᠭᠤᠯᠤᠨ᠎ᠠ᠃       ᠶᠢᠰᠦᠳᠦᠭᠡᠷ ᠵᠦᠢᠯ   ᠲᠣᠰ ᠲᠦᠷᠢᠮ ᠳᠤ ᠬᠡᠯᠡᠵᠦ ᠪᠠᠶᠢᠭ᠎ᠠ ᠪᠡᠯᠴᠢᠭᠡᠷ ᠢ ᠰᠡᠷᠭᠦᠭᠡᠬᠦ ᠭᠡᠳᠡᠭ ᠨᠢ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠤᠷᠤᠨ ᠳᠤ ᠤᠯᠠᠷᠢᠯ ᠤᠨ ᠴᠢᠨᠠᠷᠲᠠᠶ ᠪᠠᠷ ᠪᠡᠯᠴᠢᠭᠡᠷᠯᠡᠭᠦᠯᠬᠦ ᠶᠢ ᠵᠤᠭᠰᠤᠭᠠᠬᠤ ᠶᠢ ᠵᠢᠭᠠᠵᠤ ᠪᠠᠶᠢᠨ᠎ᠠ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠬᠠᠶ ᠶᠢᠨ ᠭᠠᠵᠠᠷ ᠤᠨ ᠢᠶᠠᠨ ᠠᠭᠤᠷ ᠠᠮᠢᠰᠬᠤᠯ ᠤᠨ ᠨᠥᠬᠦᠴᠡᠯ ᠪᠣᠯᠤᠨ ᠪᠡᠯᠴᠢᠬᠡᠷ ᠡᠪᠡᠰᠦ ᠪᠡᠯᠴᠢᠭᠡᠷ ᠤᠨ ᠤᠷᠭᠤᠯᠲᠠ ᠶᠢᠨ ᠵᠢᠮ᠎ᠡ ᠶᠣᠰᠣ ᠶᠢ ᠦᠨᠳᠦᠰᠦᠯᠡᠨ᠂ ᠵᠢᠯ ᠪᠦᠷᠢ ᠶᠢᠨ ᠡᠪᠡᠰᠦ ᠪᠡᠯᠴᠢᠭᠡᠷ ᠨᠣᠭᠤᠭᠠᠷᠠᠬᠤ ᠬᠤᠭᠤᠴᠠᠭᠠᠨ ᠳᠤ ᠪᠡᠯᠴᠢᠭᠡᠷ ᠢ ᠰᠡᠷᠭᠦᠭᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠡᠯᠴᠢᠭᠡᠷ ᠢ ᠰᠡᠷᠭᠦᠭᠡᠬᠦ ᠬᠤᠭᠤᠴᠠᠭ᠎ᠠ ᠶᠢ ᠳᠥᠴᠢᠨ ᠲᠠᠪᠤᠨ ᠡᠳᠦᠷ ᠠᠴᠠ ᠳᠤᠤᠷ᠎ᠠ ᠪᠠᠶᠢᠯᠭᠠᠵᠤ ᠪᠣᠯᠬᠤ ᠥᠬᠡᠶ᠃      ᠠᠷᠪᠠᠳᠤᠭᠠᠷ ᠵᠦᠢᠯ    ᠲᠤᠰ ᠲᠦᠷᠢᠮ ᠳᠤ ᠬᠡᠯᠡᠵᠦ ᠪᠠᠶᠢᠭ᠎ᠠ ᠰᠡᠯᠭᠦᠨ ᠮᠠᠯᠵᠢᠬᠤ ᠭᠡᠳᠡᠭ ᠨᠢ ᠨᠤᠲᠤᠭ ᠪᠡᠯᠴᠢᠭᠡᠷ ᠤᠨ ᠦᠢᠯᠡᠳᠪᠦᠷᠢᠯᠡᠯ ᠤᠨ ᠬᠦᠴᠦᠨ ᠪᠣᠯᠤᠨ ᠪᠡᠯᠴᠢᠬᠡᠷᠯᠡᠬᠦᠯᠦᠨ ᠮᠠᠯᠵᠢᠬᠤ ᠮᠠᠯ ᠤᠨᠤᠭ᠎ᠠ ᠶᠢᠨ ᠬᠡᠷᠡᠭᠴᠡᠭᠡ ᠶᠢ ᠦᠨᠳᠦᠰᠦᠯᠡᠨ᠂ ᠮᠠᠯᠵᠢᠯ ᠤᠨ ᠪᠡᠯᠴᠢᠭᠡᠷ ᠢᠶᠠᠨ ᠡᠳᠦᠶ ᠲᠡᠳᠦᠶ ᠬᠡᠰᠡᠭ ᠬᠤᠪᠢᠶᠠᠵᠤ᠂ ᠪᠠᠯᠴᠢᠬᠡᠷᠯᠡᠬᠦᠯᠦᠨ ᠮᠠᠯᠵᠢᠬᠤ ᠳᠡᠰ ᠳᠠᠷᠠᠭᠠᠯᠠᠯ ᠪᠣᠯᠤᠨ ᠦᠶᠡᠯᠡᠯ ᠤᠨ ᠬᠤᠭᠤᠴᠠᠭ᠎ᠠ ᠶᠢ ᠲᠣᠭᠲᠠᠭᠠᠬᠤ ᠠᠷᠭ᠎ᠠ ᠬᠡᠮᠵᠢᠶ᠎ᠡ ᠶᠢ ᠵᠢᠭᠠᠵᠤ ᠪᠠᠶᠢᠨ᠎ᠠ᠃      ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢᠳ ᠤᠨ ᠡᠷᠦᠬᠡ ᠬᠤᠯᠪᠣᠭᠠᠯᠠᠨ ᠡᠵᠡᠩᠨᠡᠭ᠊᠂ ᠬᠤᠷᠰᠢᠨ ᠡᠵᠡᠩᠨᠡᠬᠦ ᠵᠡᠷᠭᠡ ᠵᠠᠭᠪᠤᠷ ᠢᠶᠠᠷ ᠳᠠᠮᠵᠢᠨ ᠪᠡᠯᠴᠢᠭᠡᠷ ᠢᠶᠠᠨ ᠬᠡᠰᠡᠭᠯᠡᠨ ᠰᠡᠯᠭᠦᠨ ᠮᠠᠯᠵᠢᠬᠤ ᠶᠢ ᠵᠣᠷᠢᠭᠵᠢᠭᠤᠯᠤᠨ ᠳᠡᠮᠵᠢᠨ᠎ᠡ᠃       ᠠᠷᠪᠠᠨ ᠨᠢᠭᠡᠳᠦᠭᠡᠷ ᠵᠦᠢᠯ  ᠲᠤᠰ ᠲᠦᠷᠢᠮ ᠳᠤ ᠬᠡᠯᠡᠵᠦ ᠪᠠᠶᠢᠭ᠎ᠠ ᠪᠡᠯᠴᠢᠭᠡᠷᠯᠡᠭᠦᠯᠬᠦ ᠶᠢ ᠵᠤᠭᠰᠤᠭᠠᠬᠤ ᠭᠡᠳᠡᠭ ᠨᠢ ᠨᠤᠲᠤᠭ ᠪᠡᠯᠴᠢᠭᠡᠷ ᠲᠤ ᠨᠢᠭᠡ ᠵᠢᠯ ᠠᠴᠠ ᠳᠡᠭᠡᠭᠰᠢ ᠮᠠᠯ ᠪᠡᠯᠴᠢᠭᠡᠷᠯᠡᠭᠦᠯᠬᠦ ᠶᠢ ᠵᠤᠭᠰᠤᠭᠠᠬᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠵᠢᠭᠠᠵᠤ ᠪᠠᠶᠢᠨ᠎ᠠ᠃ ᠳᠣᠣᠷᠠᠬᠢ ᠮᠡᠳᠤ ᠶᠢᠨ ᠨᠤᠲᠤᠭ ᠪᠡᠯᠴᠢᠭᠡᠷ ᠢ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠢᠶᠠᠷ ᠵᠠᠭᠠᠭᠯᠠᠨ ᠲᠣᠭᠲᠠᠭᠠᠬᠤ ᠬᠡᠷᠡᠭᠳᠠᠢ᠄ ︵ᠨᠢᠭᠡ︶ ᠬᠦᠨᠳᠦ ᠨᠣᠴᠢᠲᠠᠶ ᠲᠠᠴᠢᠷᠰᠢᠭᠰᠠᠨ ᠪᠠ ᠡᠯᠡᠰᠦᠷᠬᠡᠭᠵᠢᠭᠰᠡᠨ ᠨᠤᠲᠤᠭ ᠪᠡᠯᠴᠢᠭᠡᠷ︔ ︵ᠬᠤᠶᠠᠷ︶ ᠮᠠᠯ ᠪᠡᠯᠴᠢᠭᠡᠷᠯᠡᠭᠦᠯᠬᠦ ᠳᠤ ᠲᠣᠬᠢᠷᠠᠬᠤ ᠦᠭᠡᠶ ᠲᠠᠴᠢᠷᠰᠢᠭᠰᠠᠨ ᠪᠠ ᠡᠯᠡᠰᠦᠷᠬᠡᠭᠵᠢᠭᠰᠡᠨ ᠨᠤᠲᠤᠭ ᠪᠡᠯᠴᠢᠭᠡᠷ︔ ︵ᠭᠤᠷᠪᠠ︶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠴᠢᠬᠤᠯᠠ ᠨᠤᠭᠤ ᠭᠠᠵᠠᠷ ᠤᠨ ᠨᠤᠲᠤᠭ ᠪᠡᠯᠴᠢᠭᠡᠷ︔ ︵ᠳᠥᠷᠪᠡ︶ ᠪᠡᠯᠴᠢᠭᠡᠷᠯᠡᠭᠦᠯᠬᠦ ᠶᠢ ᠵᠤᠭᠰᠤᠭᠠᠬᠤ ᠴᠢᠬᠤᠯᠠᠲᠠᠶ ᠪᠤᠰᠤᠳ ᠨᠤᠲᠤᠭ ᠪᠡᠯᠴᠢᠭᠡᠷ᠃      ᠠᠷᠪᠠᠨ ᠬᠤᠶᠠᠳᠤᠭᠠᠷ ᠵᠦᠢᠯ   ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠢ ᠲᠠᠪᠤᠨ ᠵᠢᠯ ᠪᠦᠷᠢ ᠳᠤ ᠨᠢᠭᠡ ᠤᠳᠠᠭ᠎ᠠ ᠵᠠᠭᠠᠭᠯᠠᠨ ᠲᠣᠭᠲᠠᠭᠠᠨ᠎ᠠ᠃ ᠪᠡᠯᠴᠢᠭᠡᠷᠯᠡᠭᠦᠯᠬᠦ ᠶᠢ ᠵᠤᠭᠰᠤᠭᠠᠭᠰᠠᠨ ᠣᠷᠣᠨ ᠳᠠᠬᠢ ᠪᠡᠯᠴᠢᠭᠡᠷ ᠠᠴᠠ ᠡᠪᠡᠰᠦ ᠬᠠᠳᠤᠬᠤ ᠶᠢ ᠴᠢᠩᠭ᠎ᠠ ᠬᠢᠵᠠᠭᠠᠷᠯᠠᠨ᠎ᠠ᠃ ᠤᠷᠭᠤᠮᠠᠯ ᠤᠨ ᠪᠦᠷᠬᠦᠴᠡ ᠨᠢ ᠨᠡᠯᠢᠶᠡᠳ ᠰᠠᠶᠢᠨ ᠰᠡᠷᠭᠦᠭᠰᠡᠨ ᠪᠡᠯᠴᠢᠭᠡᠷᠯᠡᠭᠦᠯᠬᠦ ᠶᠢ ᠵᠤᠭᠰᠤᠭᠠᠬᠰᠠᠨ ᠣᠷᠣᠨ ᠳᠤ ᠪᠤᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠬᠠᠮᠠᠭᠠᠯᠠᠯᠲᠠ ᠶᠢᠨ ᠴᠢᠨᠠᠷᠲᠠᠶ ᠪᠠᠷ ᠡᠪᠡᠰᠦ ᠬᠠᠳᠤᠵᠤ ᠪᠣᠯᠤᠨ᠎ᠠ᠃      ᠤᠷᠭᠤᠮᠠᠯ ᠤᠨ ᠪᠦᠷᠬᠦᠴᠡ ᠨᠢ ᠪᠦᠲᠦᠮᠵᠢᠲᠡᠶ ᠰᠡᠷᠭᠦᠭᠰᠡᠨ ᠪᠡᠯᠴᠢᠭᠡᠷᠯᠡᠭᠦᠯᠬᠦ ᠶᠢ ᠵᠤᠭᠰᠤᠭᠠᠭᠰᠠᠨ ᠣᠷᠣᠨ ᠳᠠᠬᠢ ᠨᠤᠲᠤᠭ ᠪᠡᠯᠴᠢᠭᠡᠷ ᠢ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠣᠷᠣᠨ ᠪᠣᠯᠭᠠᠨ ᠲᠣᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠪᠡᠯᠴᠢᠭᠡᠷᠯᠡᠭᠦᠯᠦᠨ ᠠᠰᠢᠬᠯᠠᠵᠤ ᠪᠣᠯᠤᠨ᠎ᠠ᠃ ᠪᠣᠳᠠᠲᠠᠶ ᠲᠣᠬᠢᠷᠠᠭᠤᠯᠬᠤ ᠠᠷᠭ᠎ᠠ ᠬᠡᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃      ᠠᠷᠪᠠᠨ ᠭᠤᠷᠪᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠬᠦᠷᠢᠶ᠎ᠠ ᠬᠡᠪᠴᠢᠶ᠎ᠡ᠂ ᠪᠡᠯᠴᠢᠬᠡᠷ ᠢ ᠰᠡᠷᠬᠦᠬᠡᠬᠦ ᠴᠠᠭ ᠬᠤᠭᠤᠴᠠᠭᠠᠨ ᠤ ᠬᠢᠵᠠᠭᠠᠷ ᠵᠡᠷᠭᠡ ᠶᠢ ᠨᠡᠶᠢᠲᠡᠯᠡᠬᠦ ᠶᠢᠨ ᠬᠠᠮᠲᠤ ᠢᠯᠡᠬᠡᠨ ᠭᠠᠵᠠᠷ ᠲᠤ ᠬᠠᠮᠢᠶ᠎ᠠ ᠪᠦᠬᠦᠢ ᠫᠠᠶᠢᠰᠠ ᠲᠡᠮᠳᠡᠭ ᠢ ᠪᠤᠰᠬᠠᠵᠤ ᠲᠠᠯᠪᠢᠨ᠎ᠠ᠃ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠫᠠᠶᠢᠰᠠ ᠲᠡᠮᠳᠡᠭ ᠢ ᠡᠪᠳᠡᠵᠦ ᠪᠤᠯᠬᠤ ᠦᠬᠡ᠊ ᠢ᠂ ᠳᠤᠷ᠎ᠠ ᠪᠠᠷ ᠢᠶᠠᠨ ᠰᠢᠯᠵᠢᠭᠦᠯᠵᠦ ᠪᠣᠯᠬᠤ ᠦᠭᠡᠶ᠃      ᠠᠷᠪᠠᠨ ᠳᠥᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠤᠬᠠᠭᠤᠯᠭ᠎ᠠ ᠬᠥᠮᠦᠵᠢᠯ ᠥᠷᠨᠢᠭᠦᠯᠵᠦ᠂ ᠪᠦᠬᠦ ᠨᠡᠶᠢᠭᠡᠮ ᠤᠨ ᠬᠢᠨ ᠤ ᠬᠠᠤᠯᠢ ᠶᠣᠰᠣᠭᠠᠷ ᠨᠤᠲᠤᠭ ᠪᠡᠯᠴᠢᠭᠡᠷ ᠢ ᠬᠠᠮᠠᠭᠠᠯᠠᠬᠤ ᠦᠵᠡᠯ ᠤᠬᠠᠮᠰᠠᠷ ᠢ ᠲᠠᠬᠡᠭᠰᠢᠯᠡᠬᠦᠯᠤᠨ᠎ᠠ᠃      ᠠᠷᠪᠠᠨ ᠲᠠᠪᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠠᠴᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ ᠢ ᠨᠠᠶᠢᠳᠠᠪᠤᠷᠢᠵᠢᠭᠤᠯᠬᠤ ᠵᠠᠰᠠᠭ ᠤᠨ ᠣᠷᠳᠣᠨ ᠤ ᠬᠢᠨᠠᠯᠳᠠ ᠬᠠᠮᠢᠶᠠᠷᠤᠯᠳᠠ ᠶᠢᠨ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠥᠬᠦ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠠᠵᠢᠯ ᠢ ᠨᠢᠭᠡᠳᠦᠯᠲᠡᠶ ᠲᠥᠯᠥᠪᠯᠡᠨ᠎ᠡ᠃ ᠠᠶᠢᠮᠠᠭ ᠤᠨ ᠵᠠᠰᠠᠭ ᠵᠠᠬᠢᠷᠭᠠᠨ ᠤ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠠᠵᠢᠯ ᠢ ᠵᠢᠯᠣᠭᠤᠳᠴᠦ ᠬᠢᠨᠠᠯᠲᠠ ᠲᠠᠯᠪᠢᠨ᠎ᠠ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠠᠵᠢᠯ ᠢ ᠪᠣᠳᠠᠲᠠᠶ ᠬᠠᠷᠢᠭᠤᠴᠠᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠤᠰ ᠬᠠᠷᠢᠶ᠎ᠠ ᠣᠷᠣᠨ ᠤ ᠪᠠᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠠᠵᠢᠯ ᠢ ᠪᠣᠳᠠᠲᠠᠶ ᠵᠣᠬᠢᠶᠠᠨ ᠪᠠᠶᠢᠭᠤᠯᠵᠤ ᠬᠡᠷᠡᠭᠵᠢᠭᠦᠯᠤᠨ᠎ᠠ᠃      ᠠᠷᠪᠠᠨ ᠵᠢᠷᠭᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠳᠤ ᠬᠢᠨᠠᠯᠲᠠ ᠲᠠᠯᠪᠢᠨ ᠬᠠᠮᠢᠶᠠᠷᠬᠤ ᠠᠵᠢᠯ ᠤᠨ ᠳᠤᠮᠳᠠ ᠪᠠᠨ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠠ᠄ ︵ᠨᠢᠭᠡ︶ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠳᠤ ᠬᠢᠨᠠᠯᠲᠠ ᠲᠠᠯᠪᠢᠨ ᠪᠠᠶᠢᠴᠠᠭᠠᠬᠤ᠂ ᠲᠤᠬᠠᠶᠢᠯᠠᠭᠰᠠᠨ ᠠᠵᠢᠯ ᠢ ᠵᠢᠯᠣᠭᠤᠳᠬᠤ ᠵᠢᠴᠢ ᠲᠤᠬᠢᠷᠠᠮᠵᠢᠳᠠᠢ ᠪᠡᠯᠴᠢᠭᠡᠷ ᠤᠨ ᠲᠠᠭᠠᠭᠠᠴᠠ ᠶᠢ ᠬᠢᠨᠠᠨ ᠲᠣᠭᠲᠠᠭᠠᠬᠤ ᠵᠡᠷᠭᠡ ᠠᠵᠢᠯ ᠢ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠠᠢ ᠬᠠᠮᠲᠤᠷᠠᠨ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠨᠦᠬᠦᠪᠦᠷᠢ ᠪᠠ ᠱᠠᠩᠨᠠᠯ ᠤᠨ ᠪᠠᠷᠢᠮᠵᠢᠶ᠎ᠠ ᠵᠢᠴᠢ ᠠᠷᠭ᠎ᠠ ᠬᠡᠮᠵᠢᠶ᠎ᠠ ᠶᠢ ᠲᠣᠭᠲᠠᠭᠠᠨ᠎ᠠ︔ ︵ᠬᠤᠶᠠᠷ︶ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠳᠤ ᠨᠦᠬᠦᠪᠦᠷᠢ ᠪᠠ ᠱᠠᠩᠨᠠᠯ ᠤᠨ ᠮᠥᠩᠭᠦ ᠣᠯᠭᠤᠬᠤ ᠡᠬᠡ ᠳᠠᠩᠰᠠ ᠪᠠᠶᠢᠭᠤᠯᠬᠤ ᠶᠢ ᠬᠠᠷᠢᠭᠤᠴᠠᠵᠤ᠂ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ ᠪᠠ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ︔ ︵ᠭᠤᠷᠪᠠ︶ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠦᠬᠦᠪᠦᠷᠢ ᠪᠠ ᠱᠠᠩᠨᠠᠯ ᠤᠨ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠭᠤᠴᠠᠵᠤ᠂ ᠳᠤᠭᠳᠠᠭᠰᠠᠨ ᠴᠠᠭ ᠲᠤ ᠣᠨᠣᠪᠴᠢᠲᠠᠶ ᠪᠠᠷ ᠣᠯᠭᠤᠬᠤ ᠶᠢ ᠪᠠᠲᠤᠯᠠᠨ᠎ᠠ᠃      ᠠᠷᠪᠠᠨ ᠳᠣᠯᠣᠳᠤᠭᠠᠷ ᠵᠦᠢᠯ  ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢᠳ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠡᠭᠦᠷᠭᠡ ᠪᠠᠨ ᠭᠦᠢᠴᠡᠳᠬᠡᠵᠦ᠂ ᠬᠢᠨᠠᠨ ᠲᠣᠭᠲᠠᠭᠠᠭᠰᠠᠨ ᠪᠡᠯᠴᠢᠭᠡᠷ ᠤᠨ ᠲᠠᠭᠠᠭᠠᠴᠠ ᠠᠴᠠ ᠬᠡᠲᠦᠷᠡᠭᠦᠯᠦᠨ ᠮᠠᠯ ᠪᠡᠯᠴᠢᠬᠡᠷᠯᠡᠬᠦᠯᠵᠤ ᠪᠣᠯᠬᠤ ᠦᠭᠡᠶ᠂ ᠪᠡᠯᠴᠢᠭᠡᠷᠯᠡᠭᠦᠯᠬᠦ ᠶᠢ ᠵᠤᠭᠰᠤᠭᠠᠭᠰᠠᠨ ᠣᠷᠣᠨ ᠪᠠ ᠪᠡᠯᠴᠢᠬᠡᠷ ᠢ ᠰᠡᠷᠬᠦᠬᠡᠬᠦ ᠬᠤᠭᠤᠴᠠᠭᠠᠨ ᠳᠤ ᠮᠠᠯ ᠪᠡᠯᠴᠢᠬᠡᠷᠯᠡᠬᠦᠯᠵᠤ ᠪᠣᠯᠬᠤ ᠦᠭᠡᠶ᠃ ᠡᠵᠡᠩᠨᠡᠯᠳᠡ ᠶᠢᠨ ᠡᠷᠬᠡ ᠶᠢ ᠭᠦᠢᠯᠭᠡᠬᠡᠵᠤ ᠠᠪᠤᠭᠠᠳ ᠨᠤᠳᠤᠭ ᠪᠡᠯᠴᠢᠬᠡᠷ ᠢ ᠨᠢ ᠡᠵᠡᠩᠨᠡᠵᠤ ᠪᠠᠶᠢᠭ᠎ᠠ ᠵᠣᠬᠢᠶᠠᠨ ᠪᠠᠶᠢᠭᠤᠯᠤᠯᠳᠠ ᠪᠤᠯᠤᠨ ᠬᠤᠪᠢ ᠬᠥᠮᠦᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ ᠢ ᠵᠢᠷᠤᠮᠯᠠᠨ ᠰᠠᠬᠢᠵᠤ᠂ ᠳᠠᠭᠠᠭᠠᠴᠢᠯᠠᠯᠲᠠ ᠶᠢᠨ ᠭᠡᠷ᠎ᠡ ᠵᠢᠴᠢ ᠡᠵᠡᠩᠨᠡᠯᠳᠡ ᠶᠢᠨ ᠡᠷᠬᠡ ᠶᠢ ᠭᠦᠢᠯᠭᠡᠬᠡᠯᠡᠬᠦ ᠭᠡᠷ᠎ᠡ ᠳᠤ ᠪᠣᠯᠵᠣᠨ ᠲᠣᠭᠲᠠᠭᠰᠠᠨ ᠬᠡᠷᠡᠭᠴᠡᠭᠡ ᠶᠣᠰᠣᠭᠠᠷ ᠨᠤᠲᠤᠭ ᠪᠡᠯᠴᠢᠭᠡᠷ ᠢ ᠵᠦᠢ ᠵᠣᠬᠢᠰᠲᠠᠶ ᠠᠰᠢᠬᠯᠠᠬᠤ ᠬᠡᠷᠡᠭᠲᠡᠶ᠃      ᠠᠷᠪᠠᠨ ᠨᠠᠢᠮᠠᠳᠣᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠠᠵᠢᠯ ᠢ ᠲᠤᠰ ᠱᠠᠲᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠡᠭᠡᠨ ᠣᠷᠣᠭᠤᠯᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠠᠵᠢᠯ ᠳᠤ ᠬᠡᠷᠡᠭᠰᠡᠬᠦ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠬᠤ ᠬᠡᠷᠡᠭᠲᠡᠶ᠃      ᠠᠷᠪᠠ ᠶᠢᠰᠦᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠨᠡᠶᠢᠭᠡᠮ ᠤᠨ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠵᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ ᠤᠨ ᠲᠣᠭᠲᠠᠭᠠᠯ ᠠᠴᠠ ᠵᠥᠷᠢᠴᠡᠭᠰᠡᠳ ᠢ ᠵᠠᠭᠠᠯᠳᠤᠵᠤ ᠢᠯᠡᠴᠢᠯᠡᠨ ᠮᠡᠳᠡᠭᠦᠯᠬᠦ ᠤᠳᠠᠰᠤ ᠪᠠ ᠵᠠᠬᠢᠳᠠᠯ ᠤᠨ ᠬᠠᠶᠢᠷᠴᠠᠭ ᠭᠠᠷᠭᠠᠨ ᠨᠡᠶᠢᠲᠡᠯᠡᠵᠦ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠢᠨᠠᠨ ᠬᠠᠷᠭᠤᠭᠤᠯᠵᠤ ᠰᠢᠢᠳᠪᠣᠷᠢᠯᠡᠬᠦ ᠬᠡᠷᠡᠭᠲᠡᠶ᠃ ᠶᠠᠮᠠᠷᠪᠠ ᠵᠣᠬᠢᠶᠠᠨ ᠪᠠᠶᠢᠭᠤᠯᠤᠯᠲᠠ ᠪᠤᠯᠤᠠ ᠬᠤᠪᠢ ᠬᠥᠮᠦᠨ ᠪᠦᠷ ᠨᠤᠲᠤᠭ ᠪᠡᠯᠴᠢᠭᠡᠷ ᠢ ᠬᠠᠮᠠᠭᠠᠯᠠᠬᠤ ᠡᠭᠦᠷᠭᠡ ᠲᠠᠢ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠤᠷᠤᠨ ᠳᠤ ᠪᠡᠯᠴᠢᠬᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯ ᠪᠡᠯᠴᠢᠭᠡᠷᠯᠡᠭᠦᠯᠬᠦ ᠪᠤᠯᠤᠨ ᠪᠡᠯᠴᠢᠭᠡᠷᠯᠡᠭᠦᠯᠬᠦ ᠶᠢ ᠵᠤᠭᠰᠤᠭᠠᠬᠰᠠᠨ ᠣᠷᠣᠨ᠂ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ ᠮᠠᠯ ᠪᠡᠯᠴᠢᠭᠡᠷᠯᠡᠭᠦᠯᠬᠦ ᠦᠢᠯᠡ ᠠᠵᠢᠯᠯᠠᠭ᠎ᠠ ᠶᠢ ᠬᠤᠷᠢᠬᠯᠠᠨ ᠵᠣᠭᠰᠣᠭᠠᠬᠤ ᠪᠠ ᠢᠯᠡᠴᠢᠯᠡᠨ ᠮᠡᠳᠡᠭᠦᠯᠬᠦ ᠡᠷᠬᠡ ᠲᠠᠢ᠃      ᠬᠤᠷᠢᠳᠤᠭᠠᠷ ᠵᠦᠢᠯ  ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠲᠠᠪᠤᠨ ᠱᠠᠲᠤᠨ ᠤ ᠣᠶ ᠰᠢᠭᠤᠶ ︵ᠨᠤᠲᠤᠭ ᠪᠡᠯᠴᠢᠭᠡᠷ︶ ᠶᠢᠨ ᠳᠠᠷᠤᠭ᠎ᠠ ᠶᠢᠨ ᠲᠦᠷᠢᠮ ᠤᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠲᠤᠳᠤᠷᠬᠠᠢᠢᠯᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠬᠡᠷ ᠢ ᠰᠡᠷᠬᠦᠬᠡᠬᠦ ᠲᠦᠷᠢᠮ ᠢ ᠨᠠᠶᠢᠳᠠᠪᠤᠷᠢᠵᠢᠭᠤᠯᠬᠤ ᠠᠵᠢᠯ ᠢ ᠵᠢᠯ ᠤᠨ ᠬᠠᠷᠠᠯᠲᠠᠲᠤ ᠬᠢᠨᠠᠨ ᠰᠢᠯᠭᠠᠯᠳᠡ ᠳᠠᠭᠠᠨ ᠣᠷᠣᠭᠤᠯᠵᠤ᠂ ᠬᠢᠨᠠᠨ ᠰᠢᠯᠭᠠᠬᠤ ᠭᠦᠢᠴᠡᠳᠭᠡᠯ ᠲᠤᠭ᠎ᠠ ᠶᠢ ᠨᠠᠷᠢᠯᠢᠬᠵᠢᠭᠤᠯᠬᠤ ᠬᠡᠷᠡᠭᠳᠡᠢ᠃      ᠬᠤᠷᠢᠨ ᠨᠢᠭᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠠᠢ ᠬᠠᠮᠳᠤᠷᠡᠵᠤ᠂ ᠠᠳᠠᠯᠢ ᠪᠤᠰᠤ ᠨᠤᠲᠤᠭ ᠪᠡᠯᠴᠢᠭᠡᠷ ᠤᠨ ᠲᠥᠷᠥᠯ ᠬᠡᠯᠪᠡᠷᠢ ᠶᠢᠨ ᠣᠨᠴᠠᠯᠢᠭ᠂ ᠪᠠᠶᠢᠳᠠᠯ ᠵᠢᠴᠢ ᠠᠭᠤᠷ ᠠᠮᠢᠰᠬᠤᠯ ᠤᠨ ᠡᠯᠧᠮᠧᠨᠲ ᠵᠡᠷᠭᠡ ᠶᠢ ᠦᠨᠳᠦᠰᠦᠯᠡᠨ᠂ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠪᠠᠷ ᠦᠨᠳᠦᠰᠦᠯᠡᠯ ᠪᠤᠯᠭᠠᠵᠤ᠂ ᠠᠳᠠᠯᠢ ᠪᠤᠰᠤ ᠲᠥᠷᠥᠯ ᠤᠨ ᠨᠤᠲᠤᠭ ᠪᠡᠯᠴᠢᠭᠡᠷ ᠤᠨ ᠲᠤᠬᠢᠷᠠᠮᠵᠢᠳᠠᠢ ᠲᠠᠭᠠᠭᠠᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠳᠡᠯᠡᠨ᠎ᠠ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠲᠤᠬᠢᠷᠠᠮᠵᠢᠳᠡᠢ ᠪᠡᠯᠴᠢᠬᠡᠷ ᠤᠨ ᠲᠠᠭᠠᠭᠠᠴᠠ ᠶᠢ ᠦᠨᠳᠦᠰᠦᠯᠡᠵᠤ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠪᠣᠳᠠᠲᠠᠶ ᠪᠡᠯᠴᠢᠬᠡᠷ ᠤᠨ ᠲᠠᠭᠠᠭᠠᠴᠠ ᠶᠢ ᠬᠢᠨᠠᠨ ᠲᠣᠭᠲᠠᠭᠠᠬᠤ ᠶᠢᠨ ᠬᠠᠮᠲᠤ ᠨᠡᠶᠢᠲᠡᠯᠡᠨ᠎ᠠ᠃ ᠤᠨᠴᠡ ᠶᠡᠭᠡ ᠭᠠᠩ ᠬᠠᠭᠰᠠᠷᠠᠭᠠᠨ ᠲᠣᠬᠢᠶᠠᠯᠳᠤᠪᠠᠯ ᠲᠤᠬᠠᠢ ᠶᠢᠨ ᠵᠢᠯ ᠤᠨ ᠢᠶᠠᠨ ᠪᠣᠳᠠᠲᠠᠢ ᠪᠡᠯᠴᠢᠬᠡᠷ ᠤᠨ ᠲᠠᠭᠠᠭᠠᠴᠠ ᠳᠤ ᠲᠣᠬᠢᠷᠠᠭᠤᠯᠤᠯᠲᠠ ᠬᠢᠨ᠎ᠠ᠃ ᠪᠣᠳᠠᠲᠠᠶ ᠪᠡᠯᠴᠢᠬᠡᠷ ᠤᠨ ᠲᠠᠭᠠᠭᠠᠴᠠ ᠶᠢ ᠬᠢᠨᠠᠨ ᠲᠣᠭᠲᠠᠭᠠᠬᠤ ᠳᠠᠭᠠᠨ ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢᠳ ᠤᠨ ᠰᠠᠨᠠᠯ ᠢ ᠭᠦᠢᠴᠡᠳ ᠰᠣᠨᠣᠰᠴᠤ᠂ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠨᠤᠳᠠᠯᠠᠯᠳᠠ ᠬᠢᠯᠬᠡᠬᠦ ᠬᠡᠷᠡᠭᠲᠡᠶ᠃ ᠪᠣᠳᠠᠲᠠᠶ ᠪᠡᠯᠴᠢᠬᠡᠷ ᠤᠨ ᠲᠠᠭᠠᠭᠠᠴᠠ ᠶᠢ ᠨᠤᠲᠤᠭ ᠪᠡᠯᠴᠢᠭᠡᠷ ᠤᠨ ᠬᠡᠷᠡᠭᠯᠡᠭᠴᠢ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢ ᠳᠤ ᠡᠷᠦᠬᠡ ᠳᠠᠷᠠᠭᠠᠯᠠᠨ ᠨᠠᠶᠢᠳᠠᠪᠤᠷᠢᠵᠢᠭᠤᠯᠤᠨ᠎ᠠ᠃       ᠬᠤᠷᠢᠨ ᠬᠤᠶᠠᠳᠤᠭᠠᠷ ᠵᠦᠢᠯ   ᠲᠠᠷᠢᠵᠤ ᠲᠡᠵᠢᠭᠡᠬᠦ ᠶᠢ ᠤᠶᠠᠯᠳᠤᠭᠤᠯᠬᠤ ᠪᠠ ᠬᠠᠰᠢᠶᠠᠯᠠᠨ ᠲᠡᠵᠢᠭᠡᠬᠦ ᠨᠥᠬᠦᠴᠡᠯ ᠢ ᠪᠦᠷᠢᠯᠳᠦᠭᠦᠯᠦᠭᠰᠡᠨ ᠬᠠᠭᠠᠰ ᠮᠠᠯᠵᠢᠬᠤ ᠬᠠᠭᠠᠰ ᠲᠠᠷᠢᠶᠠᠯᠠᠬᠤ ᠣᠷᠣᠨ ᠤ ᠬᠢᠨ ᠮᠠᠯ ᠪᠡᠯᠴᠢᠭᠡᠷ ᠤᠨ ᠲᠡᠩᠴᠡᠬᠦᠷᠢ ᠶᠢ ᠪᠠᠲᠤᠯᠠᠭᠰᠠᠨ ᠤᠷᠢᠲᠠᠯ ᠳᠣᠣᠷ᠎ᠠ᠂ ᠲᠠᠷᠢᠮᠠᠯ ᠡᠪᠡᠰᠦ ᠪᠣᠷᠳᠣᠭᠠᠨ ᠤ ᠬᠠᠩᠭᠠᠯᠭ᠎ᠠ ᠶᠢᠨ ᠪᠠᠶᠢᠳᠠᠯ ᠢᠶᠠᠨ ᠦᠨᠳᠦᠰᠦᠯᠡᠨ᠂ ᠮᠠᠯ ᠤᠨᠤᠭ᠎ᠠ ᠲᠡᠵᠢᠭᠡᠬᠦ ᠬᠡᠮᠵᠢᠶ᠎ᠡ ᠪᠠᠨ ᠵᠣᠬᠢᠰᠲᠠᠶ ᠪᠠᠷ ᠨᠡᠮᠡᠭᠳᠡᠭᠦᠯᠵᠦ ᠪᠣᠯᠤᠨ᠎ᠠ᠃      ᠬᠤᠷᠢᠨ ᠭᠤᠷᠪᠠᠳᠤᠭᠠᠷ ᠵᠦᠢᠯ    ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢᠳ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠢᠨᠠᠨ ᠲᠣᠭᠲᠠᠭᠠᠭᠰᠠᠨ ᠪᠣᠳᠠᠲᠠᠶ ᠪᠡᠯᠴᠢᠬᠡᠷ ᠤᠨ ᠲᠠᠭᠠᠭᠠᠴᠠ ᠳᠤ ᠣᠨᠳᠣᠣ ᠰᠠᠨᠠᠯ ᠲᠠᠢ ᠪᠣᠯ ᠨᠡᠶᠢᠲᠡᠯᠡᠭᠰᠡᠨ ᠡᠳᠦᠷ ᠠᠴᠠ ᠨᠢ ᠡᠬᠢᠯᠡᠨ ᠭᠤᠴᠢᠨ ᠡᠳᠦᠷ ᠤᠨ ᠳᠣᠲᠣᠷ᠎ᠠ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠳᠠᠭᠠᠨ ᠳᠠᠬᠢᠨ ᠬᠢᠨᠠᠭᠤᠯᠬᠤ ᠪᠠᠷ ᠭᠤᠶᠤᠴᠢᠯᠠᠵᠤ ᠪᠣᠯᠤᠨ᠎ᠠ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠳᠠᠬᠢᠨ ᠬᠢᠨᠠᠭᠤᠯᠬᠤ ᠭᠤᠶᠤᠴᠢᠯᠠᠯ ᠢ ᠭᠠᠷᠳᠠᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ ᠳᠠᠬᠢᠨ ᠬᠢᠨᠠᠭᠰᠠᠨ ᠲᠣᠭᠲᠠᠭᠠᠯ ᠭᠠᠷᠭᠠᠬᠤ ᠬᠡᠷᠡᠭᠲᠡᠶ᠃      ᠬᠤᠷᠢᠨ ᠳᠥᠷᠪᠡᠳᠦᠭᠡᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠳᠤᠯᠠᠩ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠡᠪᠡᠰᠦ ᠬᠠᠳᠤᠬᠤ ᠬᠤᠭᠤᠴᠠᠭ᠎ᠠ᠂ ᠡᠪᠡᠰᠤᠨ ᠦᠷ᠎ᠡ ᠲᠡᠬᠦᠬᠦ ᠬᠤᠭᠤᠴᠠᠭ᠎ᠠ᠂ ᠭᠤᠤᠷᠰᠤ ᠦᠯᠡᠳᠡᠭᠡᠬᠦ ᠦᠨᠳᠤᠷ ᠤᠨ ᠬᠡᠮᠵᠢᠶ᠎ᠡ᠂ ᠬᠠᠳᠤᠵᠤ ᠬᠤᠷᠢᠶᠠᠬᠤ ᠡᠷᠴᠢᠮ᠂ ᠰᠡᠯᠬᠦᠨ ᠬᠠᠳᠤᠵᠤ ᠰᠡᠯᠬᠦᠨ ᠲᠡᠬᠦᠬᠦ᠂ ᠤᠷᠢᠳᠴᠢᠯᠠᠨ ᠦᠯᠡᠳᠡᠭᠡᠭᠰᠡᠨ ᠡᠪᠡᠰᠦᠨ ᠦᠷ᠎ᠡ ᠶᠢᠨ ᠪᠦᠰᠡ ᠵᠡᠷᠭᠡ ᠳᠤ ᠲᠣᠳᠣᠷᠬᠠᠶ ᠲᠣᠭᠲᠠᠭᠠᠯ ᠭᠠᠷᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠎ᠠ᠃ ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢᠳ ᠲᠣᠭᠲᠠᠭᠠᠯ ᠢ ᠴᠢᠩᠭ᠎ᠠ ᠵᠢᠷᠤᠮᠯᠠᠨ ᠡᠪᠡᠰᠦ ᠬᠠᠳᠤᠬᠤ ᠬᠡᠷᠡᠭᠲᠡᠶ᠃       ᠬᠤᠷᠢᠨ ᠲᠠᠪᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠤᠲᠤᠭ ᠪᠡᠯᠴᠢᠭᠡᠷ ᠤᠨ ᠲᠠᠯᠠᠪᠠᠶ᠂ ᠳᠡᠰ᠂ ᠤᠷᠭᠤᠮᠠᠯ ᠤᠨ ᠪᠦᠷᠬᠦᠴᠡ ᠶᠢᠨ ᠪᠦᠷᠢᠯᠳᠦᠯ᠂ ᠦᠢᠯᠡᠳᠪᠦᠷᠢᠯᠡᠯ ᠤᠨ ᠴᠢᠳᠠᠪᠤᠷᠢ᠂ ᠠᠮᠢᠳᠤ ᠪᠣᠳᠠᠰ ᠤᠨ ᠭᠠᠮᠰᠢᠭ ᠵᠡᠷᠭᠡ ᠨᠤᠲᠤᠭ ᠪᠡᠯᠴᠢᠭᠡᠷ ᠤᠨ ᠦᠨᠳᠦᠰᠦᠨ ᠪᠠᠶᠢᠳᠠᠯ ᠳᠤ ᠬᠦᠳᠡᠯᠦᠩᠬᠦᠢ ᠬᠢᠨᠠᠨ ᠬᠡᠮᠵᠢᠯᠲᠡ ᠬᠢᠨ᠎ᠠ︔ ᠵᠢᠯ ᠪᠦᠷᠢ ᠡᠪᠡᠰᠦ ᠪᠡᠯᠴᠢᠬᠡᠷ ᠤᠨ ᠨᠣᠭᠤᠭᠠᠷᠠᠯᠳᠠ᠂ ᠡᠪᠡᠰᠤ ᠪᠡᠯᠴᠢᠬᠡᠷ ᠤᠨ ᠤᠷᠭᠤᠯᠲᠠ᠂ ᠡᠪᠡᠰᠤ ᠬᠠᠯᠢᠭᠤᠷᠠᠬᠤ ᠬᠤᠭᠤᠴᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠡᠮᠵᠢᠨ᠎ᠡ︔ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ᠂ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠦᠷ᠎ᠡ ᠳ᠋ᠦᠩ ᠳᠤ ᠬᠢᠨᠠᠨ ᠬᠡᠮᠵᠢᠯᠳᠡ ᠬᠢᠬᠦ ᠪᠠ ᠦᠨᠡᠯᠡᠯᠲᠡ ᠬᠢᠵᠦ᠂ ᠲᠤᠰ ᠱᠠᠲᠤᠨ ᠤ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠥᠳᠡᠯᠦᠩᠭᠦᠶ ᠬᠢᠨᠠᠨ ᠬᠡᠮᠵᠢᠯᠳᠡ ᠪᠤᠯᠤᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠤᠢᠢᠯᠡᠴᠢᠯᠡᠭᠡ ᠶᠢ ᠴᠠᠭ ᠲᠤᠬᠠᠶ ᠳᠤᠨᠢ ᠬᠠᠩᠭᠠᠵᠤ᠂ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠵᠢᠴᠢ ᠰᠡᠯᠭᠦᠨ ᠮᠠᠯᠵᠢᠬᠤ ᠠᠵᠢᠯ ᠥᠷᠨᠢᠭᠦᠯᠬᠦ ᠳᠤ ᠦᠨᠳᠦᠰᠦᠯᠡᠯ ᠬᠠᠩᠭᠠᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢ ᠬᠠᠪᠰᠤᠷᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠪᠠᠶᠢᠳᠠᠯ ᠪᠣᠯᠤᠨ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠭᠰᠠᠨ᠂ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠬᠡᠷ ᠢ ᠰᠡᠷᠬᠦᠬᠡᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠡᠷᠦᠬᠡ ᠳᠠᠷᠠᠭᠠᠯᠠᠨ ᠬᠢᠨᠠᠨ ᠬᠡᠮᠵᠢᠨ᠎ᠠ᠂ ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢᠳ ᠡᠬᠦᠨ ᠳᠤ ᠬᠠᠮᠵᠢᠯᠴᠠᠬᠤ ᠬᠡᠷᠡᠭᠲᠡᠶ᠃      ᠬᠤᠷᠢᠨ ᠵᠢᠷᠭᠤᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠢᠨ ᠣᠳᠣᠬᠢᠴᠢᠯᠠᠭᠰᠠᠨ᠂ ᠮᠡᠳᠡᠭᠡ ᠵᠠᠩᠭᠢᠴᠢᠯᠠᠭᠰᠠᠨ᠂ ᠣᠶᠣᠨᠴᠢᠯᠠᠭᠰᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠵᠤ ᠪᠠᠶᠢᠭᠠᠳ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠬᠡᠷ ᠢ ᠰᠡᠷᠬᠦᠬᠡᠬᠦ ᠠᠵᠢᠯ ᠳᠤ ᠬᠢᠨᠠᠯᠲᠠ ᠲᠠᠯᠪᠢᠨ ᠬᠠᠮᠢᠶᠠᠷᠬᠤ ᠴᠢᠳᠠᠪᠤᠷᠢ ᠵᠢᠴᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠡᠪᠡᠰᠦᠨ ᠤ ᠡᠭᠦᠯᠳᠡᠷ ᠢ ᠰᠣᠩᠭᠤᠨ ᠪᠤᠶᠢᠵᠢᠭᠤᠯᠬᠤ᠂ ᠡᠪᠡᠰᠦᠨ ᠦᠷ᠎ᠡ ᠶᠢᠨ ᠦᠢᠯᠡᠳᠪᠦᠷᠢᠯᠡᠯ᠂ ᠲᠠᠴᠢᠷᠰᠢᠭᠰᠠᠨ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠰᠡᠷᠭᠦᠭᠡᠬᠦ᠂ ᠲᠠᠷᠢᠮᠠᠯ ᠪᠡᠯᠴᠢᠭᠡᠷ ᠢ ᠪᠦᠲᠦᠭᠡᠨ ᠪᠠᠶᠢᠭᠤᠯᠬᠤ᠂ ᠨᠤᠲᠤᠭ ᠪᠡᠯᠴᠢᠭᠡᠷ ᠢ ᠵᠦᠢ ᠵᠣᠬᠢᠰᠲᠠᠶ ᠪᠠᠷ ᠠᠰᠢᠬᠯᠠᠬᠤ᠂ ᠨᠤᠲᠤᠭ ᠪᠡᠯᠴᠢᠭᠡᠷ ᠤᠨ ᠬᠥᠨᠥᠭᠡᠯᠳᠤ ᠠᠮᠢᠳᠤ ᠪᠣᠳᠠᠰ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠰᠤᠳᠤᠯᠤᠨ ᠬᠦᠭᠵᠢᠬᠦᠯᠵᠤ ᠲᠦᠭᠡᠮᠡᠯᠵᠢᠬᠦᠯᠬᠦ ᠪᠠᠨ ᠴᠢᠩᠭᠠᠳᠬᠠᠵᠤ᠂ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠨᠣᠷᠮ᠎ᠠ ᠪᠣᠯᠤᠨ ᠲᠧᠭᠨᠢᠭ ᠮᠡᠷᠭᠡᠵᠢᠯ ᠲᠣᠨᠣᠭᠯᠠᠯ ᠤᠨ ᠲᠦᠪᠰᠢᠨ ᠢ ᠳᠡᠭᠡᠭᠰᠢᠯᠡᠭᠦᠯᠤᠨ᠎ᠠ᠃     ᠬᠤᠷᠢᠨ ᠳᠣᠯᠣᠳᠤᠭᠠᠷ ᠵᠦᠢᠯ   ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠦᠬᠦᠪᠤᠷᠢ ᠪᠠ ᠱᠠᠩᠨᠠᠯ ᠤᠨ ᠮᠥᠩᠭᠦ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠰᠠᠨ᠂ ᠪᠡᠯᠴᠢᠭᠡᠷᠯᠡᠭᠦᠯᠬᠦ ᠶᠢ ᠵᠤᠭᠰᠤᠭᠠᠬᠤ ᠳᠦᠷᠢᠮ ᠢ ᠨᠠᠶᠢᠳᠠᠪᠤᠷᠢᠵᠢᠭᠤᠯᠤᠭᠰᠠᠨ ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢᠳ ᠲᠤ ᠴᠠᠭ ᠲᠤᠬᠠᠶ ᠳᠤᠨᠢ ᠬᠦᠢᠴᠡᠳ ᠲᠤᠭ᠎ᠠ ᠪᠠᠷ ᠣᠯᠭᠤᠬᠤ ᠬᠡᠷᠡᠭᠲᠡᠶ᠂ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠳᠤᠮᠳᠠ ᠠᠴᠠ ᠨᠢ ᠦᠯᠡᠳᠡᠭᠡᠬᠦ ᠪᠤᠶᠤ ᠰᠢᠯᠵᠢᠬᠦᠯᠦᠨ ᠬᠡᠷᠡᠭᠯᠡᠵᠦ ᠪᠣᠯᠬᠤ ᠦᠭᠡᠶ᠃      ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠪᠠ ᠱᠠᠩᠨᠠᠯ ᠤᠨ ᠮᠥᠩᠭᠦ ᠶᠢ ᠣᠯᠭᠤᠭᠰᠠᠨ ᠪᠠᠶᠢᠳᠠᠯ ᠢ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠨ ᠵᠠᠷᠯᠠᠨ ᠨᠡᠶᠢᠲᠡᠯᠡᠬᠦ ᠬᠡᠷᠡᠭᠲᠡᠶ᠃      ᠬᠤᠷᠢᠨ ᠨᠠᠢᠮᠠᠲᠣᠭᠠᠷ ᠵᠦᠢᠯ  ᠨᠣᠲᠤᠬ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠪᠠ ᠱᠠᠩᠨᠠᠯ ᠤᠨ ᠮᠦᠩᠬᠦ ᠶᠢ ᠲᠠᠷᠬᠠᠭᠠᠬᠤ ᠳᠠᠭᠠᠨ ᠬᠦᠮᠦᠨ ᠲᠣᠮᠲᠠᠴᠢ ᠶᠢᠨ ᠨᠣᠲᠤᠬ ᠪᠡᠯᠴᠢᠭᠡᠷ ᠤᠨ ᠲᠠᠯᠠᠪᠠᠢ ᠶᠢᠨ ᠶᠡᠭᠡ ᠪᠠᠭ᠎ᠠ ᠵᠡᠷᠭᠡ ᠡᠯᠧᠮᠧᠨ᠋ᠲ ᠢ ᠶᠡᠷᠦᠩᠬᠡᠶᠢᠯᠡᠨ ᠪᠣᠲᠣᠯᠬᠢᠯᠠᠵᠦ᠂ ᠨᠦᠬᠦᠪᠦᠷᠢ ᠪᠠ ᠱᠠᠩᠨᠠᠯ ᠤᠨ ᠲᠦᠷᠦ ᠶᠢᠨ ᠪᠣᠲᠣᠯᠭ᠎ᠠ ᠶᠢᠨ ᠡᠷᠭᠡ ᠲᠡᠭᠰᠢ᠂ ᠲᠦᠪ ᠭᠤᠣᠯᠴᠢ ᠴᠢᠨᠠᠷ ᠢ ᠬᠦᠢᠴᠡᠳ ᠢᠯᠡᠷᠡᠬᠦᠯᠬᠦ ᠬᠡᠷᠡᠭᠲᠡᠢ᠃ ᠬᠦᠮᠦᠨ ᠲᠣᠮᠲᠠᠴᠢ ᠶᠢᠨ ᠨᠣᠲᠤᠬ ᠪᠡᠯᠴᠢᠭᠡᠷ ᠤᠨ ᠲᠠᠯᠠᠪᠠᠢ ᠪᠠᠭ᠎ᠠ ᠭᠠᠵᠠᠷ ᠣᠷᠣᠨ ᠳᠤ ᠨᠦᠬᠦᠪᠦᠷᠢ ᠪᠠ ᠱᠠᠩᠨᠠᠯ ᠤᠨ ᠪᠠᠷᠢᠮᠵᠢᠶ᠎ᠠ ᠶᠢ ᠵᠣᠬᠢᠰᠲᠠᠢ ᠪᠠᠷ ᠲᠡᠭᠡᠭᠰᠢᠯᠡᠬᠦᠯᠵᠦ ᠪᠣᠯᠣᠨ᠎ᠠ᠃ ᠨᠦᠬᠦᠴᠡᠯ ᠲᠠᠢ ᠭᠠᠵᠠᠷ ᠣᠷᠣᠨ ᠨᠢ ᠨᠣᠲᠤᠬ ᠪᠡᠯᠴᠢᠭᠡᠷ ᠤᠨ ᠲᠠᠯᠠᠪᠠᠢ ᠪᠠᠷ ᠪᠠᠭ᠎ᠠ᠂ ᠣᠷᠣᠯᠭ᠎ᠠ ᠲᠣᠣᠷ᠎ᠠ ᠮᠠᠯᠴᠢᠳ ᠲᠤ ᠲᠣᠬᠠᠢ ᠶᠢᠨ ᠭᠠᠵᠠᠷ ᠣᠷᠣᠨ ᠤ ᠨᠠᠭᠠᠲᠣ ᠵᠠᠬ᠎ᠠ ᠶᠢᠨ ᠠᠮᠢᠲᠣᠷᠠᠯ ᠤᠨ ᠪᠠᠲᠣᠯᠠᠭ᠎ᠠ ᠶᠢᠨ ᠪᠠᠷᠢᠮᠵᠢᠶ᠎ᠠ ᠠᠴᠠ ᠲᠤᠤᠷ᠎ᠠ ᠦᠬᠡᠢ ᠪᠠᠶᠢᠬᠤ ᠨᠦᠬᠦᠪᠦᠷᠢ ᠶᠢᠨ ᠲᠦᠷᠦ ᠶᠢᠨ ᠪᠣᠲᠣᠯᠭ᠎ᠠ ᠶᠢ ᠬᠡᠷᠡᠭᠵᠢᠬᠦᠯᠦᠨ᠋ ᠎ᠡ᠃     ᠬᠤᠷᠢ ᠶᠢᠰᠦᠲᠦᠭᠡᠷ ᠵᠦᠢᠯ  ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠬᠦᠯᠬᠦ ᠶᠢ ᠵᠣᠬᠰᠣᠭᠠᠬᠤ ᠲᠦᠷᠢᠮ ᠢ ᠬᠡᠷᠡᠭᠵᠢᠬᠦᠯᠥᠭᠡᠳᠤᠢ᠂ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠣᠷᠣᠨ ᠳᠤ ᠪᠡᠯᠴᠢᠬᠡᠷ ᠤᠨ ᠲᠠᠭᠠᠭᠠᠴᠠ ᠠᠴᠠ ᠬᠡᠲᠦᠷᠡᠬᠦᠯᠤᠨ ᠮᠠᠯ ᠪᠡᠯᠴᠢᠬᠡᠷᠯᠡᠬᠦᠯᠦᠭᠰᠡᠨ ᠨᠣᠷᠮ᠎ᠠ ᠨᠢ 10% ᠠᠴᠠ ᠲᠠᠪᠠᠭᠰᠠᠨ ᠪᠣᠶᠣ ᠪᠡᠯᠴᠢᠭᠡᠷᠯᠡᠬᠦᠯᠬᠦ ᠶᠢ ᠵᠣᠬᠰᠣᠭᠠᠬᠰᠠᠨ ᠣᠷᠣᠨ ᠳᠤ ᠬᠤᠶᠠᠷ ᠠᠴᠠ ᠲᠡᠭᠡᠭᠰᠢ ᠣᠲᠠᠭ᠎ᠠ ᠮᠠᠯ ᠪᠡᠯᠴᠢᠭᠡᠷᠯᠡᠬᠦᠯᠦᠭᠰᠡᠨ ᠪᠠᠶᠢᠪᠠᠯ ᠨᠣᠲᠤᠬ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠪᠠ ᠱᠠᠩᠨᠠᠯ ᠤᠨ ᠮᠦᠩᠬᠦ ᠶᠢ ᠨᠢ ᠰᠠᠭᠤᠯᠭᠠᠨ ᠠᠪᠴᠦ ᠪᠣᠯᠣᠨ᠎ᠠ᠃ ᠪᠣᠲᠠᠲᠠᠢ ᠠᠷᠭ᠎ᠠ ᠶᠢ ᠦᠪᠡᠷᠲᠡᠭᠡᠨ ᠵᠠᠰᠠᠬᠤ ᠣᠷᠣᠨ ᠤ ᠵᠠᠰᠠᠬ ᠤᠨ ᠣᠷᠲᠣᠨ ᠠᠴᠠ ᠲᠣᠬᠲᠠᠭᠠᠨ᠎ᠠ᠃      ᠭᠤᠴᠢᠲᠣᠭᠠᠷ ᠵᠦᠢᠯ   ᠰᠠᠭᠤᠯᠭᠠᠨ ᠠᠪᠣᠬᠰᠠᠨ ᠨᠣᠲᠤᠬ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠪᠠ ᠱᠠᠩᠨᠠᠯ ᠤᠨ ᠮᠦᠩᠬᠦ ᠶᠢ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠬ ᠤᠨ ᠣᠷᠲᠣᠨ ᠠᠴᠠ ᠨᠢᠭᠡᠲᠦᠯᠲᠡᠢ ᠲᠦᠯᠦᠪᠵᠢᠬᠦᠯᠦᠨ ᠲᠣᠬᠢᠷᠠᠭᠤᠯᠵᠦ᠂ ᠨᠣᠲᠤᠬ ᠪᠡᠯᠴᠢᠭᠡᠷ ᠢ ᠬᠠᠮᠠᠭᠠᠯᠠᠵᠦ ᠪᠦᠲᠦᠭᠡᠨ ᠪᠠᠶᠢᠭᠤᠯᠬᠤ ᠳᠤ ᠲᠣᠰᠬᠠᠢ ᠬᠡᠷᠡᠭᠯᠡᠨ᠎ᠡ᠃      ᠭᠤᠴᠢᠨ ᠨᠢᠭᠡᠲᠦᠭᠡᠷ ᠵᠦᠢᠯ   ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠬ ᠤᠨ ᠣᠷᠲᠣᠨ᠂ ᠵᠡᠭᠡᠯᠢ ᠭᠤᠲᠣᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠲᠣᠰᠬᠠᠢ ᠲᠣᠰᠢᠶᠠᠯᠲᠣ ᠪᠣᠶᠣ ᠲᠣᠰᠢᠶᠠᠯ ᠬᠠᠪᠰᠣᠷᠭᠠᠬᠰᠠᠨ ᠨᠣᠲᠤᠬ ᠪᠡᠯᠴᠢᠭᠡᠷ ᠤᠨ ᠬᠠᠮᠢᠶᠠᠷᠣᠨ ᠬᠠᠮᠠᠭᠠᠯᠠᠬᠴᠢ ᠲᠣᠬᠢᠷᠠᠭᠤᠯᠵᠦ᠂ ᠬᠠᠮᠢᠶᠠᠷᠴᠦ ᠬᠠᠮᠠᠭᠠᠯᠠᠬᠤ ᠬᠠᠷᠢᠭᠤᠴᠠᠯᠭ᠎ᠠ ᠶᠢᠨ ᠣᠷᠣᠨ ᠲᠣᠬᠲᠠᠭᠠᠵᠦ᠂ ᠲᠣᠣᠷᠵᠢᠭᠤᠯᠤᠭᠰᠠᠨ ᠬᠠᠮᠢᠶᠠᠷᠣᠯᠲᠠ ᠶᠢ ᠬᠡᠷᠡᠭᠵᠢᠬᠦᠯᠬᠦ ᠬᠡᠷᠡᠭᠲᠡᠢ᠃ ᠨᠣᠲᠤᠬ ᠪᠡᠯᠴᠢᠭᠡᠷ ᠤᠨ ᠬᠠᠮᠢᠶᠠᠷᠣᠨ ᠬᠠᠮᠠᠭᠠᠯᠠᠬᠴᠢ ᠲᠣᠣᠷᠠᠬᠢ ᠮᠡᠲᠦ ᠶᠢᠨ ᠲᠣᠰᠢᠶᠠᠯ ᠬᠠᠷᠢᠭᠤᠴᠠᠯᠭ᠎ᠠ ᠶᠢ ᠬᠦᠢᠴᠡᠳᠭᠡᠨ᠎ᠡ᠄ ︵ᠨᠢᠭᠡ︶ ᠬᠠᠮᠢᠶᠠᠷᠴᠦ ᠬᠠᠮᠠᠭᠠᠯᠠᠬᠤ ᠣᠷᠣᠨ ᠤ ᠪᠠᠨ ᠨᠣᠲᠤᠬ ᠪᠡᠯᠴᠢᠭᠡᠷ ᠢ ᠴᠠᠬᠲᠠᠨ ᠪᠠᠶᠢᠴᠠᠭᠠᠵᠦ᠂ ᠨᠣᠲᠤᠬ ᠪᠡᠯᠴᠢᠭᠡᠷ ᠤᠨ ᠬᠡᠷᠡᠭᠯᠡᠭᠴᠢᠳ᠂ ᠨᠣᠲᠤᠬ ᠪᠡᠯᠴᠢᠭᠡᠷ ᠤᠨ ᠲᠠᠭᠠᠭᠠᠴᠢᠯᠠᠨ ᠡᠵᠡᠩᠨᠡᠭᠴᠢᠳ ᠤᠨ ᠮᠠᠯ ᠣᠨᠤᠭ᠎ᠠ ᠶᠢᠨ ᠲᠤᠭ᠎ᠠ ᠶᠢ ᠡᠵᠡᠮᠲᠡᠨ᠂ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠬᠦᠯᠬᠦ ᠶᠢ ᠵᠣᠬᠰᠣᠭᠠᠨ ᠪᠡᠯᠴᠢᠭᠡᠷ ᠢ ᠰᠡᠷᠬᠦᠭᠡᠬᠦ ᠲᠦᠷᠢᠮ ᠢ ᠨᠠᠶᠢᠲᠠᠪᠣᠷᠢᠵᠢᠭᠤᠯᠣᠨ᠎ᠠ︔ ︵ᠬᠤᠶᠠᠷ︶ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠬᠦᠯᠬᠦ ᠶᠢ ᠵᠣᠬᠰᠣᠭᠠᠨ ᠪᠡᠯᠴᠢᠭᠡᠷ ᠢ ᠰᠡᠷᠬᠦᠭᠡᠬᠦ ᠲᠦ᠋ᠷᠢᠮ ᠠᠴᠠ ᠵᠦᠷᠢᠴᠡᠭᠰᠡᠨ ᠵᠢᠴᠢ ᠨᠣᠲᠤᠬ ᠪᠡᠯᠴᠢᠭᠡᠷ ᠤᠨ ᠣᠷᠭᠤᠮᠠᠯ ᠤᠨ ᠪᠦᠷᠬᠦᠴᠡ ᠶᠢ ᠡᠪᠲᠡᠭᠰᠡᠨ ᠪᠣᠰᠣᠳ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠬᠤᠷᠢᠬᠯᠠᠵᠦ᠂ ᠢᠯᠡᠴᠢᠯᠡᠨ ᠮᠡᠲᠡᠬᠦᠯᠦᠨ᠎ᠡ︔ ︵ᠭᠤᠷᠪᠠ︶ ᠨᠤᠳᠤᠭ ᠪᠡᠯᠴᠢᠬᠡᠷ ᠤᠨ ᠲᠦᠢᠮᠠᠷ ᠪᠤᠯᠤᠨ ᠬᠤᠯᠣᠭᠠᠨ᠎ᠠ ᠶᠢᠨ ᠬᠦᠨᠦᠭᠡᠯ᠂ ᠬᠤᠷᠣᠬᠠᠢ ᠰᠢᠪᠡᠵᠢ ᠶᠢᠨ ᠬᠦᠨᠦᠭᠡᠯ ᠵᠡᠷᠭᠡ ᠪᠠᠶᠢᠭᠠᠯᠢ᠂ ᠠᠮᠢᠲᠣ ᠪᠣᠲᠠᠰ ᠤᠨ ᠭᠠᠮᠰᠢᠬ ᠤᠨ ᠪᠠᠶᠢᠲᠠᠯ ᠢ ᠮᠡᠲᠡᠬᠦᠯᠵᠦ ᠰᠢᠢᠳᠪᠦᠷᠢᠯᠡᠨ᠎ᠡ︔ ︵ᠲᠦᠷᠪᠡ︶ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠨᠣᠲᠤᠬ ᠪᠡᠯᠴᠢᠭᠡᠷ ᠤᠨ ᠦᠢᠯᠡᠳᠪᠦᠷᠢᠯᠡᠯ ᠤᠨ ᠬᠦᠴᠦᠨ ᠢ ᠬᠢᠨᠠᠨ ᠬᠡᠮᠵᠢᠬᠦ ᠵᠡᠷᠭᠡ ᠨᠣᠲᠤᠬ ᠪᠡᠯᠴᠢᠭᠡᠷ ᠢ ᠬᠠᠮᠠᠭᠠᠯᠠᠵᠤ ᠬᠠᠮᠢᠶᠠᠷᠬᠤ ᠪᠣᠰᠣᠳ ᠪᠣᠲᠠᠲᠠᠢ ᠠᠵᠢᠯ ᠤᠳ ᠢ ᠦᠷᠨᠢᠬᠦᠯᠦᠨ᠎ᠠ᠃      ᠭᠤᠴᠢᠨ ᠬᠤᠶᠠᠲᠣᠭᠠᠷ ᠵᠦᠢᠯ  ᠲᠣᠰ ᠲᠦᠷᠢᠮ ᠤᠨ ᠲᠣᠬᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠣᠯᠣᠰ ᠤᠨ ᠬᠤᠯᠪᠣᠬᠲᠠᠯ ᠪᠦᠬᠦᠢ ᠬᠠᠣᠯᠢ ᠴᠠᠭᠠᠵᠠ᠂ ᠬᠠᠣᠯᠢ ᠲᠣᠬᠲᠠᠭᠠᠯ ᠳᠤ ᠨᠢᠭᠡᠨᠲᠡ ᠪᠣᠲᠠᠲᠠᠢ ᠰᠢᠢᠳᠭᠡᠬᠦ ᠲᠣᠬᠲᠠᠭᠠᠯ ᠲᠣᠬᠲᠠᠭᠠᠬᠰᠠᠨ ᠪᠣᠯ ᠲᠣᠬᠲᠠᠭᠠᠯ ᠶᠣᠰᠣᠭᠠᠷ ᠨᠢ ᠬᠡᠷᠡᠭᠵᠢᠬᠦᠯᠦᠨ᠎ᠡ᠃      ᠭᠤᠴᠢᠨ ᠭᠤᠷᠪᠠᠲᠣᠭᠠᠷ ᠵᠦᠢᠯ   ᠲᠣᠰ ᠲᠦᠷᠢᠮ ᠤᠨ ᠠᠷᠪᠠᠨ ᠬᠤᠶᠠᠲᠣᠭᠠᠷ ᠵᠦᠢᠯ᠂ ᠬᠤᠷᠢᠨ ᠲᠦᠷᠪᠡᠲᠦᠭᠡᠷ ᠵᠦᠢᠯ ᠠᠴᠠ ᠵᠦᠷᠢᠴᠡᠵᠦ᠂ ᠲᠣᠬᠲᠠᠭᠠᠯ ᠶᠣᠰᠣᠭᠠᠷ ᠡᠪᠡᠰᠦ ᠬᠠᠲᠣᠬᠰᠠᠨ ᠦᠭᠡᠢ ᠪᠠᠶᠢᠪᠠᠯ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠬ ᠤᠨ ᠣᠷᠲᠣᠨ ᠪᠣᠶᠣ ᠵᠡᠭᠡᠯᠢ ᠭᠤᠲᠣᠮᠵᠢ ᠶᠢᠨ ᠬᠡᠷᠡᠭ ᠡᠷᠬᠢᠯᠡᠬᠦ ᠭᠠᠵᠠᠷ ᠠᠴᠠ ᠮᠦ ᠪᠦᠷᠢ ᠳᠤ 200 ᠲᠦᠬᠦᠷᠢᠭ ᠠᠴᠠ ᠲᠡᠭᠡᠭᠰᠢ 500 ᠲᠦᠬᠦᠷᠢᠭ ᠠᠴᠠ ᠲᠣᠷᠣᠬᠰᠢ ᠵᠣᠭᠤᠰ ᠢᠶᠠᠷ ᠲᠣᠷᠭᠠᠨ᠎ᠠ᠃      ᠭᠤᠴᠢᠨ ᠲᠦᠷᠪᠡᠲᠦᠭᠡᠷ ᠵᠦᠢᠯ  ᠲᠣᠰ ᠲᠦᠷᠢᠮ ᠤᠨ ᠠᠷᠪᠠᠨ ᠭᠤᠷᠪᠠᠲᠣᠭᠠᠷ ᠵᠦᠢᠯ ᠠᠴᠠ ᠵᠦᠷᠢᠴᠡᠵᠦ᠂ ᠪᠡᠯᠴᠢᠭᠡᠷᠯᠡᠬᠦᠯᠬᠦ ᠶᠢ ᠵᠣᠬᠰᠣᠭᠠᠨ ᠪᠡᠯᠴᠢᠭᠡᠷ ᠢ ᠰᠡᠷᠬᠦᠭᠡᠬᠦ ᠫᠠᠶᠢᠰᠠ ᠲᠡᠮᠲᠡᠭ ᠢ ᠡᠪᠲᠡᠭᠰᠡᠨ ᠪᠤᠶᠤ ᠲᠣᠷ᠎ᠠ ᠪᠠᠷ ᠰᠢᠯᠵᠢᠬᠦᠯᠦᠭᠰᠡᠨ ᠪᠠᠶᠢᠪᠠᠯ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠬ ᠤᠨ ᠣᠷᠲᠣᠨ ᠪᠣᠶᠣ ᠵᠡᠭᠡᠯᠢ ᠭᠤᠲᠣᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠨᠢ ᠵᠠᠷᠯᠢᠬᠲᠠᠨ ᠵᠣᠬᠰᠣᠭᠠᠵᠦ᠂ ᠬᠤᠭᠤᠴᠠᠭ᠎ᠠ ᠲᠣᠬᠲᠠᠭᠠᠨ ᠣᠣᠯ ᠪᠠᠶᠢᠲᠠᠯ ᠢ ᠨᠢ ᠰᠡᠷᠬᠦᠬᠡᠯᠭᠡᠨ᠎ᠡ︔ ᠲᠣᠬᠲᠠᠭᠰᠠᠨ ᠬᠤᠭᠤᠴᠠᠭᠠᠨ ᠲᠣᠲᠣᠷ᠎ᠠ ᠣᠣᠯ ᠪᠠᠶᠢᠲᠠᠯ ᠢ ᠨᠢ ᠰᠡᠷᠬᠦᠭᠡᠭᠰᠡᠨ ᠦᠭᠡᠢ ᠪᠣᠯ ᠡᠪᠲᠡᠭᠲᠡᠭᠰᠡᠨ ᠲᠦᠬᠦᠭᠡᠷᠦᠮᠵᠢ ᠶᠢᠨ ᠣᠣᠯ ᠤᠨ ᠦᠨ᠎ᠡ ᠬᠠᠩᠰᠢ ᠶᠢᠨ ᠨᠢᠭᠡ ᠲᠠᠬᠢᠨ ᠠᠴᠠ ᠲᠡᠭᠡᠭᠰᠢ ᠲᠠᠪᠣᠨ ᠲᠠᠬᠢᠨ ᠠᠴᠠ ᠲᠣᠷᠣᠬᠰᠢ ᠵᠣᠭᠤᠰ ᠢᠶᠠᠷ ᠲᠣᠷᠭᠠᠨ᠎ᠠ᠃      ᠭᠤᠴᠢᠨ ᠲᠠᠪᠣᠲᠣᠭᠠᠷ ᠵᠦᠢᠯ   ᠲᠣᠰ ᠲᠦᠷᠢᠮ ᠤᠨ ᠠᠷᠪᠠᠨ ᠲᠣᠯᠣᠲᠣᠭᠠᠷ ᠵᠦᠢᠯ ᠠᠴᠠ ᠵᠦᠷᠢᠴᠡᠵᠦ᠂ ᠬᠢᠨᠡᠨ ᠲᠣᠬᠲᠠᠭᠠᠬᠰᠠᠨ ᠲᠣᠬᠢᠷᠠᠮᠵᠢᠲᠠᠢ ᠪᠡᠯᠴᠢᠬᠡᠷ ᠤᠨ ᠲᠠᠭᠠᠭᠠᠴᠠ ᠠᠴᠠ ᠬᠡᠲᠦᠷᠡᠬᠦᠯᠤᠨ ᠮᠠᠯ ᠪᠡᠯᠴᠢᠭᠡᠷᠯᠡᠬᠦᠯᠦᠭᠰᠡᠨ ᠪᠠᠶᠢᠪᠠᠯ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠬ ᠤᠨ ᠣᠷᠲᠣᠨ ᠪᠣᠶᠣ ᠵᠡᠭᠡᠯᠢ ᠭᠤᠲᠣᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠤᠭᠤᠴᠠᠭ᠎ᠠ ᠲᠣᠬᠲᠠᠭᠠᠨ ᠵᠠᠯᠠᠷᠠᠭᠤᠯᠣᠨ᠎ᠠ︔ ᠲᠣᠬᠲᠠᠬᠰᠠᠨ ᠬᠤᠭᠤᠴᠠᠭᠠᠨ ᠲᠣᠲᠣᠷ᠎ᠠ ᠵᠠᠯᠠᠷᠠᠭᠤᠯᠣᠬᠰᠠᠨ ᠦᠬᠡᠢ ᠪᠤᠯ ᠪᠡᠯᠴᠢᠬᠡᠷ ᠤᠨ ᠲᠠᠭᠠᠭᠠᠴᠠ ᠠᠴᠠ ᠭᠡᠳᠦᠷᠡᠬᠦᠯᠤᠨ ᠪᠡᠯᠴᠢᠬᠡᠷᠯᠡᠬᠦᠯᠥᠭᠰᠡᠨ ᠮᠠᠯ ᠤᠨᠤᠭ᠎ᠠ ᠳᠤ ᠬᠤᠨᠢᠴᠢᠯᠠᠭᠰᠠᠨ ᠨᠢᠭᠡᠴᠢ ᠪᠠᠷ ᠨᠢᠭᠡᠴᠢ ᠪᠦᠷᠢ ᠶᠢ 100 ᠲᠦᠬᠦᠷᠢᠭ ᠢᠶᠠᠷ ᠲᠣᠷᠭᠠᠨ᠎ᠠ᠃ ᠪᠡᠯᠴᠢᠭᠡᠷᠯᠡᠬᠦᠯᠬᠦ ᠶᠢ ᠵᠣᠬᠰᠣᠭᠠᠬᠰᠠᠨ ᠣᠷᠣᠨ ᠪᠣᠶᠣ ᠪᠡᠯᠴᠢᠭᠡᠷ ᠢ ᠰᠡᠷᠬᠦᠭᠡᠬᠦ ᠬᠤᠭᠤᠴᠠᠭᠠᠨ ᠳᠤ ᠮᠠᠯ ᠪᠡᠯᠴᠢᠭᠡᠷᠯᠡᠬᠦᠯᠦᠭᠰᠡᠨ ᠪᠠᠶᠢᠪᠠᠯ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠬ ᠤᠨ ᠣᠷᠲᠣᠨ ᠪᠣᠶᠣ ᠵᠡᠭᠡᠯᠢ ᠭᠤᠲᠣᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠬᠲᠠᠨ ᠵᠠᠯᠠᠷᠠᠭᠤᠯᠵᠦ᠂ ᠬᠠᠣᠯᠢ ᠠᠴᠠ ᠵᠦᠷᠢᠴᠡᠨ ᠪᠡᠯᠴᠢᠭᠡᠷᠯᠡᠬᠦᠯᠦᠭᠰᠡᠨ ᠮᠠᠯ ᠤᠨᠤᠭ᠎ᠠ ᠳᠤ ᠬᠤᠨᠢᠴᠢᠯᠠᠭᠰᠠᠨ ᠨᠢᠭᠡᠴᠢ ᠪᠠᠷ ᠨᠢᠭᠡᠴᠢ ᠪᠦᠷᠢ ᠶᠢ 120 ᠲᠦᠬᠦᠷᠢᠭ ᠢᠶᠠᠷ ᠲᠣᠷᠭᠠᠨ᠎ᠠ᠃      ᠭᠤᠴᠢᠨ ᠵᠢᠷᠭᠤᠲᠣᠭᠠᠷ ᠵᠦᠢᠯ    ᠲᠣᠰ ᠲᠦᠷᠢᠮ ᠤᠨ ᠬᠤᠷᠢᠨ ᠲᠣᠯᠣᠲᠣᠭᠠᠷ ᠵᠦᠢᠯ ᠠᠴᠠ ᠵᠦᠷᠢᠴᠡᠵᠤ᠂ ᠨᠣᠲᠤᠬ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠪᠠ ᠱᠠᠩᠨᠠᠯ ᠤᠨ ᠮᠦᠩᠬᠦ ᠶᠢ ᠲᠤᠮᠳᠠ ᠠᠴᠠ ᠨᠢ ᠦᠯᠡᠲᠡᠭᠡᠬᠦ ᠪᠤᠶᠤ ᠰᠢᠯᠵᠢᠬᠦᠯᠦᠨ ᠬᠡᠷᠡᠭᠯᠡᠭᠰᠡᠨ ᠪᠠᠶᠢᠪᠠᠯ ᠰᠢᠭᠤᠳ ᠬᠠᠷᠢᠭᠤᠴᠠᠬᠤ ᠭᠤᠤᠯᠯᠠᠨ ᠬᠠᠮᠢᠶᠠᠷᠬᠤ ᠬᠦᠮᠦᠨ ᠪᠤᠯᠤᠨ ᠪᠣᠰᠣᠳ ᠰᠢᠭᠤᠳ ᠬᠠᠷᠢᠭᠤᠴᠠᠯᠭᠠᠲᠠᠨ ᠳᠤ ᠬᠠᠣᠯᠢ ᠶᠣᠰᠣᠭᠠᠷ ᠰᠢᠢᠳᠭᠡᠯ ᠦᠭᠬᠦᠨ᠎ᠡ︔ ᠶᠠᠯ᠎ᠠ ᠪᠣᠯᠵᠦ ᠪᠦᠷᠢᠯᠲᠦᠭᠰᠡᠨ ᠪᠠᠶᠢᠪᠠᠯ ᠬᠠᠣᠯᠢ ᠶᠣᠰᠣᠭᠠᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ᠃       ᠭᠤᠴᠢᠨ ᠲᠣᠯᠣᠲᠣᠭᠠᠷ ᠵᠦᠢᠯ   ᠨᠣᠲᠤᠬ ᠪᠡᠯᠴᠢᠭᠡᠷ ᠤᠨ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠣᠯᠣᠨ ᠪᠣᠰᠣᠳ ᠣᠯᠣᠰ ᠤᠨ ᠪᠠᠶᠢᠭᠤᠯᠭ᠎ᠠ ᠶᠢᠨ ᠠᠵᠢᠯᠲᠠᠨ ᠲᠣᠣᠷᠠᠬᠢ ᠶᠢᠨ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠭᠤᠳ ᠬᠠᠷᠢᠭᠤᠴᠠᠬᠤ ᠭᠤᠤᠯᠯᠠᠨ ᠬᠠᠮᠢᠶᠠᠷᠬᠤ ᠬᠦᠮᠦᠨ ᠪᠤᠯᠤᠨ ᠪᠣᠰᠣᠳ ᠰᠢᠭᠤᠳ ᠬᠠᠷᠢᠭᠤᠴᠠᠯᠭᠠᠲᠠᠨ ᠳᠤ ᠬᠠᠣᠯᠢ ᠶᠣᠰᠣᠭᠠᠷ ᠰᠢᠢᠳᠭᠡᠯ ᠦᠭᠬᠦᠨ᠎ᠡ︔ ᠶᠠᠯ᠎ᠠ ᠪᠣᠯᠵᠦ ᠪᠦᠷᠢᠯᠲᠦᠭᠰᠡᠨ ᠪᠠᠶᠢᠪᠠᠯ ᠬᠠᠣᠯᠢ ᠶᠣᠰᠣᠭᠠᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ︔ ︵ᠨᠢᠭᠡ︶ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠬᠦᠯᠬᠦ ᠶᠢ ᠵᠣᠬᠰᠣᠭᠠᠨ ᠪᠡᠯᠴᠢᠭᠡᠷ ᠢ ᠰᠡᠷᠬᠦᠭᠡᠬᠦ ᠲᠦᠷᠢᠮ ᠢ ᠬᠠᠣᠯᠢ ᠶᠣᠰᠣᠭᠠᠷ ᠬᠡᠷᠡᠭᠵᠢᠬᠦᠯᠬᠦ ᠦᠭᠡᠢ︔ ︵ᠬᠤᠶᠠᠷ︶ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠣᠯᠵᠦ ᠮᠡᠲᠡᠬᠡᠳ ᠪᠠᠶᠢᠴᠠᠭᠠᠬᠤ ᠦᠭᠡᠢ ᠪᠣᠶᠣ ᠡᠰᠡᠬᠦᠯ᠎ᠡ ᠪᠠᠶᠢᠴᠠᠭᠠᠬᠰᠠᠨ ᠨᠢ ᠵᠣᠬᠢᠰ ᠦᠭᠡᠢ︔ ︵ᠭᠤᠷᠪᠠ︶ ᠲᠣᠰᠢᠶᠠᠯ ᠢᠶᠠᠨ ᠭᠤᠲᠣᠭᠠᠭᠰᠠᠨ᠂ ᠡᠷᠭᠡ ᠪᠠᠨ ᠲᠣᠷ᠎ᠠ ᠪᠠᠷ ᠬᠡᠷᠡᠭᠯᠡᠭᠰᠡᠨ᠂ ᠬᠤᠪᠢ ᠪᠠᠨ ᠪᠣᠷᠲᠣᠵᠦ ᠭᠡᠮ ᠬᠢᠭᠰᠡᠨ ᠪᠣᠰᠣᠳ ᠠᠵᠢᠯᠯᠠᠭ᠎ᠠ᠃      ᠭᠤᠴᠢᠨ ᠨᠠᠢᠮᠠᠲᠣᠭᠠᠷ ᠵᠦᠢᠯ   ᠲᠣᠰ ᠲᠦᠷᠢᠮ ᠢ 2021 ᠤᠨ ᠤ 10 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠦᠨ᠎ᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号