ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠪᠠᠶᠢᠴᠠᠭᠠᠨ ᠰᠤᠳᠤᠯᠬᠤ ᠳᠤᠭᠤᠶᠢᠯᠠᠩ ᠥᠪᠥᠷ ᠮᠣᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠳᠤ ᠬᠦᠷᠴᠦ ᠨᠠᠶᠢᠯᠵᠠᠭᠤᠷ ᠬᠠᠷᠭᠠᠨ᠎ᠠ ᠶᠢᠨ ᠭᠤᠤᠷᠰᠤ ᠬᠤᠷᠢᠶᠠᠬᠤ ᠮᠠᠰᠢᠨ ᠢ ᠳᠡᠯᠭᠡᠷᠡᠭᠦᠯᠦᠨ ᠬᠡᠷᠡᠭᠯᠡᠬᠦ ᠲᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/3/22
      3 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠨᠠᠷ ᠥᠪᠥᠷ ᠮᠣᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠳᠤ ᠬᠦᠷᠴᠦ᠂ ᠨᠠᠶᠢᠯᠵᠠᠭᠤᠷ ᠬᠠᠷᠭᠠᠨ᠎ᠠ ᠶᠢᠨ ᠭᠤᠤᠷᠰᠤ ᠬᠤᠷᠢᠶᠠᠬᠤ ᠮᠠᠰᠢᠨ ᠢ ᠳᠡᠯᠭᠡᠷᠡᠭᠦᠯᠦᠨ ᠬᠡᠷᠡᠭᠯᠡᠬᠦ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠨ ᠰᠣᠯᠢᠯᠴᠠᠪᠠ᠃ 
1.jpg
       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠨᠠᠶᠢᠯᠵᠠᠭᠤᠷ ᠬᠠᠷᠭᠠᠨ᠎ᠠ ᠬᠤᠷᠢᠶᠠᠬᠤ ᠮᠠᠰᠢᠨ ᠢ ᠲᠣᠭᠤᠷᠢᠨ ᠦᠵᠡᠵᠦ᠂ ᠲᠠᠨᠢᠯᠴᠠᠭᠤᠯᠭ᠎ᠠ ᠶᠢ ᠰᠣᠨᠣᠰᠬᠤ᠂ ᠲᠤᠬᠠᠢ ᠶᠢᠨ ᠲᠠᠯᠠᠪᠤᠷ ᠲᠤ ᠰᠣᠯᠢᠯᠴᠠᠬᠤ ᠵᠡᠷᠭᠡ ᠬᠡᠯᠪᠡᠷᠢ ᠪᠠᠷ ᠦᠢᠯᠡᠳᠬᠦᠨ ᠤ ᠪᠦᠲᠦᠴᠡ ᠶᠢᠨ ᠴᠢᠳᠠᠮᠵᠢ᠂ ᠠᠵᠢᠯᠯᠠᠭᠠᠨ ᠤ ᠴᠢᠳᠠᠪᠬᠢ ᠶᠢ ᠣᠶᠢᠯᠠᠭᠠᠪᠠ᠃ ᠶᠠᠷᠢᠯᠴᠠᠭ᠎ᠠ ᠰᠣᠯᠢᠯᠴᠠᠭᠠᠨ ᠤ ᠳᠤᠮᠳᠠ᠂ ᠲᠠᠷᠢᠶᠠᠯᠠᠩ ᠤᠨ ᠮᠠᠰᠢᠨ ᠬᠡᠷᠡᠭᠯᠡᠬᠦ ᠡᠷᠦᠬᠡ᠂ ᠲᠠᠷᠢᠶᠠᠯᠠᠩ ᠤᠨ ᠮᠠᠰᠢᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ᠂ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠲᠥᠯᠥᠭᠡᠯᠡᠭᠴᠢ ᠵᠢᠴᠢ ᠣᠶ ᠰᠢᠭᠤᠢ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠥᠮᠥᠰ ᠣᠳᠣᠬᠠᠨ ᠤ ᠨᠠᠶᠢᠯᠵᠠᠭᠤᠷ ᠬᠠᠷᠭᠠᠨ᠎ᠠ ᠶᠢᠨ ᠭᠤᠤᠷᠰᠤ ᠬᠤᠷᠢᠶᠠᠬᠤ ᠮᠠᠰᠢᠨ ᠤ ᠬᠡᠷᠡᠭᠯᠡᠭᠡᠨ ᠤ ᠬᠡᠷᠡᠭᠴᠡᠭᠡ᠂ ᠣᠷᠣᠯᠠᠨ ᠪᠣᠷᠣᠯᠠᠭᠤᠯᠬᠤ ᠵᠢᠴᠢ ᠨᠠᠶᠢᠯᠵᠠᠭᠤᠷ ᠬᠠᠷᠭᠠᠨ᠎ᠠ ᠶᠢᠨ ᠠᠵᠤ ᠦᠢᠯᠡᠰᠵᠢᠯᠲᠡ ᠶᠢᠨ ᠬᠥᠭᠵᠢᠯᠲᠡ ᠵᠡᠷᠭᠡ ᠠᠰᠠᠭᠤᠳᠠᠯ ᠤᠨ ᠠᠷᠭ᠎ᠠ ᠵᠠᠮ ᠤᠨ ᠲᠠᠯ᠎ᠠ ᠪᠠᠷ ᠰᠠᠨᠠᠯ ᠢᠶᠠᠨ ᠰᠣᠯᠢᠯᠴᠠᠭᠰᠠᠨ ᠪᠥᠭᠡᠳ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠨᠠᠶᠢᠯᠵᠠᠭᠤᠷ ᠬᠠᠷᠭᠠᠨ᠎ᠠ ᠶᠢᠨ ᠭᠤᠤᠷᠰᠤ ᠶᠢᠨ ᠮᠠᠰᠢᠨ ᠢ ᠳᠡᠯᠭᠡᠷᠡᠭᠦᠯᠦᠨ ᠬᠡᠷᠡᠭᠯᠡᠬᠦ ᠲᠠᠯ᠎ᠠ ᠪᠠᠷ ᠵᠠᠳᠠᠯᠤᠯᠲᠠ ᠬᠢᠵᠦ ᠰᠤᠳᠤᠯᠤᠨ ᠶᠠᠷᠢᠯᠴᠠᠪᠠ᠃      ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠣᠨ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠢᠳᠡᠪᠬᠢᠲᠡᠢ ᠪᠠᠷ ᠬᠠᠮᠲᠤᠷᠠᠨ ᠰᠢᠷᠢᠰ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠨᠠᠶᠢᠯᠵᠠᠭᠤᠷ ᠬᠠᠷᠭᠠᠨ᠎ᠠ ᠶᠢᠨ ᠭᠤᠤᠷᠰᠤ ᠬᠤᠷᠢᠶᠠᠬᠤ ᠮᠠᠰᠢᠨ ᠢ ᠲᠦᠷᠭᠡᠳᠬᠡᠨ ᠳᠡᠯᠭᠡᠷᠡᠭᠦᠯᠬᠦ ᠶᠢ ᠳᠡᠮᠵᠢᠬᠦ ᠪᠣᠯᠤᠨ᠎ᠠ᠃ ᠡᠭᠦᠨ ᠤ ᠬᠠᠮᠲᠤ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠨᠢ ᠲᠠᠷᠢᠶᠠᠯᠠᠩ ᠤᠨ ᠮᠠᠰᠢᠨ ᠲᠣᠨᠣᠭᠯᠠᠯ ᠦᠢᠯᠡᠳᠬᠦ ᠲᠡᠷᠢᠭᠦᠨ ᠤ ᠮᠤᠵᠢ᠂ ᠲᠡᠷᠢᠭᠦᠨ ᠤ ᠠᠵᠤ ᠠᠬᠤᠶᠢᠯᠠᠯ᠂ ᠲᠡᠷᠢᠭᠦᠨ ᠤ ᠦᠢᠯᠡᠳᠬᠦᠨ ᠲᠠᠢ ᠬᠠᠷᠢᠴᠠᠭᠤᠯᠵᠤ᠂ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠴᠢᠩᠭᠠᠳᠬᠠᠨ᠂ ︽ᠨᠢᠭᠡ ᠮᠠᠰᠢᠨ ᠣᠯᠠᠨ ᠴᠢᠳᠠᠮᠵᠢᠲᠤ︾ ᠮᠠᠰᠢᠨ ᠢ ᠡᠭᠦᠳᠦᠨ ᠦᠢᠯᠡᠳᠬᠦ ᠶᠢ ᠲᠦᠷᠭᠡᠬᠡᠨ ᠪᠡᠶᠡᠯᠡᠭᠦᠯᠵᠦ᠂ ᠮᠠᠰᠢᠨ ᠪᠠᠭᠠᠵᠢ ᠶᠢᠨ ᠴᠢᠳᠠᠮᠵᠢ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠰᠠᠨᠠᠭᠤᠯᠵᠤ ᠪᠠᠶᠢᠨ᠎ᠠ᠃ ᠬᠤᠯᠠ ᠣᠶᠢᠷ᠎ᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠢᠲᠤᠭᠠᠨ ᠢᠯᠲᠠᠰᠤ᠂ ᠬᠠᠳᠤᠬᠤ ᠲᠠᠪᠴᠠᠩ᠂ ᠮᠠᠰᠢᠨ ᠤ ᠦᠢᠯᠡᠳᠪᠦᠷᠢᠯᠡᠯ ᠬᠡᠷᠡᠭᠯᠡᠯᠲᠡ ᠶᠢ ᠱᠠᠲᠤ ᠱᠠᠲᠤ ᠪᠠᠷ ᠲᠦᠯᠬᠢᠨ ᠠᠬᠢᠭᠤᠯᠵᠤ᠂ ᠥᠨᠳᠥᠷ ᠴᠢᠳᠠᠮᠵᠢᠲᠤ ᠬᠢᠲᠤᠭᠠᠨ ᠢᠯᠲᠠᠰᠤ ᠶᠢ ᠤᠬᠠᠭᠤᠯᠤᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号