ᠠᠮᠤ ᠪᠤᠳᠠᠭ᠎ᠠ ᠲᠠᠷᠢᠬᠤ ᠲᠠᠯᠠᠪᠠᠢ ᠶᠢᠨ ᠨᠡᠮᠡᠭᠳᠡᠯ ᠢ ᠪᠠᠲᠤᠯᠠᠪᠠ᠃ 2023 ᠣᠨ ᠳᠤ᠂ ᠪᠥᠬᠦ ᠣᠷᠣᠨ ᠤ ᠠᠮᠤ | ᠪᠤᠳᠠᠭ᠎ᠠ ᠳᠠᠷᠢᠬᠤ ᠲᠠᠯᠠᠪᠠᠶ 10477.1 ᠲᠦᠮᠡᠨ ᠮᠦ ᠳᠤ ᠬᠦᠷᠴᠦ᠂ ᠳᠡᠭᠡᠷ᠎ᠡ ᠵᠢᠯ ᠤᠨ ᠬᠢ ᠠᠴᠠ 49.3 ᠲᠦᠮᠡᠨ | ᠮᠦ ᠨᠡᠮᠡᠭᠳᠡᠵᠡᠢ᠃ ᠠᠮᠤ ᠪᠤᠳᠠᠭᠠᠨ ᠤ ᠶᠡᠷᠦᠩᠬᠡᠢ ᠤᠨᠠᠯᠲᠠ ᠪᠠ ᠲᠠᠯᠠᠪᠠᠢ ᠨᠢᠭᠡᠴᠢ ᠶᠢᠨ ᠤᠨᠠᠯᠲᠠ ᠳᠠᠬᠢᠨᠲᠠ ᠰᠢᠨ᠎ᠡ | ᠲᠡᠮᠳᠡᠭᠯᠡᠯ ᠢ ᠡᠭᠦᠳᠪᠡ᠃ ᠪᠥᠬᠦ ᠣᠷᠣᠨ ᠤ ᠠᠮᠤ ᠪᠤᠳᠠᠭᠠᠨ ᠤ ᠶᠡᠷᠦᠩᠬᠡᠢ ᠤᠨᠠᠯᠲᠠ 791.6 ᠳ᠋ᠦᠩᠰᠢᠭᠤᠷ ᠵᠢᠩ ᠳᠤ | ᠬᠦᠷᠴᠦ᠂ ᠳᠡᠭᠡᠷ᠎ᠡ ᠵᠢᠯ ᠤᠨ ᠬᠢ ᠠᠴᠠ 11.4 ᠳ᠋ᠦᠩᠰᠢᠭᠤᠷ ᠵᠢᠩ ᠨᠡᠮᠡᠭᠳᠡᠵᠦ᠂ ︽ᠬᠤᠷᠢᠨ ᠵᠢᠯ ᠳᠠᠷᠠᠭᠠᠯᠠᠨ ᠡᠯᠪᠡᠭ | ᠬᠤᠷᠢᠶᠠᠯᠲᠠ︾ ᠤᠯᠬᠤ ᠶᠢ ᠪᠡᠶᠡᠯᠡᠭᠦᠯᠪᠡ︔ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠨᠢᠭᠡᠴᠢ ᠶᠢᠨ ᠳᠤᠮᠳᠠᠴᠢ | ᠤᠨᠠᠯᠲᠠ ᠶᠢ ᠮᠦ ᠪᠦᠷᠢ ᠳᠤ 378 ᠺᠢᠯᠣᠭ᠍ᠷᠠᠮ ᠳᠤ ᠬᠦᠷᠭᠡᠵᠦ᠂ ᠳᠡᠭᠡᠷ᠎ᠡ ᠵᠢᠯ ᠤᠨ ᠬᠢ ᠠᠴᠠ ᠮᠦ ᠪᠦᠷᠢ ᠳᠤ ᠪᠠᠷᠤᠭ | 4 ᠺᠢᠯᠣᠭ᠍ᠷᠠᠮ ᠨᠡᠮᠡᠭᠳᠡᠭᠦᠯᠪᠡ᠃ ᠮᠠᠯ ᠠᠵᠤ ᠠᠬᠤᠢ ᠶᠢᠨ ᠦᠢᠯᠡᠳᠪᠦᠷᠢᠯᠡᠯ ︽ᠠᠷᠪᠠ ᠶᠢᠰᠦᠨ ᠵᠢᠯ ᠳᠠᠷᠠᠭᠠᠯᠠᠨ | ᠲᠣᠭᠲᠠᠭᠤᠨ︾ ᠪᠣᠯᠪᠠ᠃ ᠪᠥᠬᠦ ᠣᠷᠣᠨ ᠤ ᠭᠠᠭ᠋ᠠᠢ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 285.4 | ᠲᠦᠮᠡᠨ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ 2.7% ᠪᠠᠷ ᠨᠡᠮᠡᠭᠳᠡᠪᠡ᠃ ᠡᠭᠦᠨ ᠳᠤ ᠭᠠᠭ᠋ᠠᠢ ᠶᠢᠨ ᠮᠢᠬ᠎ᠠ | 75.7 ᠲᠦᠮᠡᠨ ᠲᠣᠨ᠂ ᠦᠬᠡᠷ ᠤᠨ ᠮᠢᠬ᠎ᠠ 77.8 ᠲᠦᠮᠡᠨ ᠲᠣᠨ᠂ ᠬᠤᠨᠢᠨ ᠮᠢᠬ᠎ᠠ 108.8 ᠲᠦᠮᠡᠨ ᠲᠣᠨ᠂ | ᠵᠢᠭᠦᠷᠲᠡᠨ ᠤ ᠮᠢᠬ᠎ᠠ 23.0 ᠲᠦᠮᠡᠨ ᠲᠣᠨ ᠪᠣᠢ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ | ᠰᠢᠨ᠎ᠡ ᠠᠯᠬᠤᠮ ᠢ ᠠᠯᠬᠤᠪᠠ᠃ ᠪᠥᠬᠦ ᠣᠷᠣᠨ ᠤ ᠰᠠᠭᠠᠯᠢ ᠶᠢᠨ ᠦᠨᠢᠶ᠎ᠡ 168.7 ᠲᠦᠮᠡ ᠳᠤ ᠬᠦᠷᠴᠦ᠂ ᠳᠡᠭᠡᠷ᠎ᠡ | ᠵᠢᠯ ᠤᠨ ᠬᠢ ᠠᠴᠠ 6.1% ᠪᠠᠷ ᠨᠡᠮᠡᠭᠳᠡᠪᠡ︔ ᠦᠨᠢᠶᠡᠨ ᠰᠦ ᠶᠢᠨ ᠭᠠᠷᠤᠯᠲᠠ 792.6 ᠲᠦᠮᠡᠨ ᠲᠣᠨ ᠳᠤ | ᠬᠦᠷᠴᠦ᠂ 8.0% ᠨᠡᠮᠡᠭᠳᠡᠪᠡ᠃ ᠪᠦᠬᠦ ᠣᠷᠣᠨ ᠤ ᠬᠡᠪᠴᠢᠶ᠎ᠡ ᠠᠴᠠ ᠳᠡᠭᠡᠭᠰᠢᠬᠢ ᠴᠠᠭᠠᠨ ᠢᠳᠡᠭᠡᠨ ᠤ ᠭᠠᠷᠤᠯᠲᠠ | 473.0 ᠲᠦᠮᠡᠨ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ 13.2% ᠢᠶᠠᠷ ᠨᠡᠮᠡᠭᠳᠡᠪᠡ᠃ |