ᠮᠠᠨ ᠤ ᠣᠷᠣᠨ ᠤ 1678 ᠮᠠᠯᠴᠢᠨ ᠲᠠᠷᠢᠶᠠᠴᠢᠨ ᠮᠡᠷᠭᠡᠵᠢᠯ ᠤᠨ ᠴᠣᠯᠠ ᠣᠯᠪᠠ
ᠨᠡᠶᠢᠲᠡᠯᠡᠭᠰᠡᠨ ᠴᠠᠭ᠄
2024/3/25
      ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠲᠣ ᠪᠣᠯᠲᠠᠯ᠎ᠠ᠂ ᠥᠪᠥᠷ ᠮᠣᠩᠭᠤᠯ ᠤᠨ 1678 ᠮᠠᠯᠴᠢᠨ ᠲᠠᠷᠢᠶᠠᠴᠢᠨ ᠥᠨᠳᠥᠷ᠂ ᠳᠤᠮᠳᠠ᠂ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠣᠯᠵᠤ᠂ ᠴᠥᠮ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠠᠴᠠ ᠢᠷᠡᠭᠰᠡᠨ ᠶᠤᠮ᠃      ᠣᠶᠢᠯᠠᠭᠠᠭᠰᠠᠨ ᠢᠶᠠᠷ᠂ ᠮᠠᠯᠵᠢᠬᠤ ᠲᠠᠷᠢᠶᠠᠯᠠᠬᠤ ᠣᠷᠣᠨ ᠤ ᠡᠯ᠎ᠡ ᠲᠥᠷᠥᠯ ᠤᠨ ᠴᠢᠳᠠᠪᠤᠷᠢᠲᠠᠨ ᠤ ᠰᠢᠨᠡᠴᠢᠯᠡᠵᠦ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠪᠦᠲᠦᠮᠵᠢᠲᠡᠶ ᠰᠡᠷᠭᠦᠭᠡᠵᠦ᠂ ᠤᠯᠤᠰ ᠤᠨ ᠮᠠᠯ ᠲᠠᠷᠢᠶᠠᠨ ᠤ ᠭᠠᠷᠤᠯᠢ ᠶᠢᠨ ᠦᠢᠯᠡᠳᠪᠦᠷᠢᠯᠡᠯ ᠤᠨ ᠴᠢᠬᠤᠯᠠ ᠰᠠᠭᠤᠷᠢᠨ ᠢ ᠪᠦᠲᠦᠭᠡᠨ ᠪᠠᠶᠢᠭᠤᠯᠬᠤ ᠶᠢ ᠳᠡᠮᠵᠢᠬᠦ ᠶᠢᠨ ᠲᠥᠯᠥᠭᠡ᠂ 2021 ᠣᠨ ᠠᠴᠠ ᠡᠬᠢᠯᠡᠨ ᠥᠪᠥᠷ ᠮᠣᠩᠭᠤᠯ ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠶᠢ ᠰᠦᠪᠡᠭᠴᠢᠯᠡᠨ ᠬᠡᠷᠡᠭᠵᠢᠭᠦᠯᠬᠦ ᠶᠢᠨ ᠬᠠᠮᠲᠤ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ ᠲᠤ ᠲᠠᠷᠢᠶᠠᠴᠢᠨ ᠮᠠᠯᠴᠢᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠲᠤᠷᠰᠢᠯᠲᠠ ᠶᠢᠨ ᠠᠵᠢᠯ ᠢ ᠲᠣᠰ ᠲᠣᠰ ᠥᠷᠨᠢᠭᠦᠯᠵᠦ᠂ ᠬᠥᠳᠡᠭᠡ ᠲᠣᠰᠬᠤᠨ ᠤ ᠡᠨᠧᠷᠭᠢ᠂ ᠡᠵᠡᠩᠨᠡᠯᠲᠡ ᠬᠠᠮᠢᠶᠠᠷᠤᠯᠲᠠ᠂ ᠰᠡᠯᠡᠭᠦᠴᠡᠯ ᠲᠠᠷᠢᠶᠠᠯᠠᠩ᠂ ᠲᠡᠵᠢᠭᠡᠨ ᠦᠷᠡᠵᠢᠭᠦᠯᠬᠦ᠂ ᠴᠠᠭᠠᠨ ᠢᠳᠡᠭᠡ ᠪᠣᠯᠪᠠᠰᠤᠷᠠᠭᠤᠯᠬᠤ ᠵᠡᠷᠭᠡ ᠬᠢᠨᠠᠨ ᠲᠣᠭᠲᠠᠭᠠᠬᠤ ᠮᠡᠷᠭᠡᠵᠢᠯ ᠢ ᠲᠣᠬᠢᠷᠠᠭᠤᠯᠵᠤ᠂ ᠮᠡᠳᠡᠭᠦᠯᠦᠭᠰᠡᠳ ᠲᠠᠷᠢᠶᠠᠯᠠᠩ ᠵᠦᠢ ︵ᠲᠠᠷᠢᠶᠠᠯᠠᠩ ᠤᠨ ᠠᠵᠤ ᠠᠬᠤᠢ︶᠂ ᠮᠠᠯ ᠠᠵᠤ ᠠᠬᠤᠢ ︵ᠮᠠᠯ ᠡᠮᠨᠡᠯᠭᠡ︶᠂ ᠢᠨᠵᠧᠨᠧᠷᠢᠩ ︵ᠲᠠᠷᠢᠶᠠᠯᠠᠩ ᠤᠨ ᠮᠠᠰᠢᠨ᠂ ᠤᠰᠤᠨ ᠭᠠᠷᠤᠯᠲᠠ ᠶᠢᠨ ᠮᠡᠷᠭᠡᠵᠢᠯ︶ ᠵᠡᠷᠭᠡ 3 ᠮᠡᠷᠭᠡᠵᠢᠯ ᠤᠨ ᠥᠨᠳᠥᠷ᠂ ᠳᠤᠮᠳᠠ᠂ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠶᠢ ᠥᠪᠡᠰᠦᠪᠡᠨ ᠰᠣᠩᠭᠤᠨ ᠮᠡᠳᠡᠭᠦᠯᠵᠦ ᠪᠣᠯᠣᠨ᠎ᠠ᠃ ᠪᠠᠷᠢᠮᠵᠢᠶᠠᠨ ᠤ ᠲᠠᠯ᠎ᠠ ᠪᠠᠷ ᠥᠩᠭᠡᠷᠡᠭᠰᠡᠨ ᠤ ︽ᠰᠤᠷᠤᠯᠭ᠎ᠠ ᠶᠢᠨ ᠨᠠᠮᠲᠠᠷ᠂ ᠥᠭᠦᠯᠡᠯ᠂ ᠬᠢᠷᠢ ᠬᠡᠮ︾ ᠵᠡᠷᠭᠡ ᠦᠨᠡᠯᠡᠬᠦ ᠪᠠᠷᠢᠮᠵᠢᠶ᠎ᠠ ᠶᠢ ᠡᠪᠳᠡᠵᠦ᠂ ᠣᠷᠣᠨ ᠪᠦᠰᠡ᠂ ᠠᠵᠤ ᠦᠢᠯᠡᠰ ᠪᠠ ᠬᠥᠭᠵᠢᠯᠲᠡ ᠶᠢᠨ ᠣᠨᠴᠠᠯᠢᠭ ᠲᠤ ᠨᠡᠶᠢᠴᠡᠭᠰᠡᠨ ᠬᠢᠨᠠᠨ ᠲᠣᠭᠲᠠᠭᠠᠬᠤ ᠨᠠᠷᠢᠨ ᠳᠦᠷᠢᠮ᠂ ᠬᠢᠨᠠᠨ ᠲᠣᠭᠲᠠᠭᠠᠬᠤ ᠴᠤᠪᠤᠷᠠᠯ ᠪᠠ ᠬᠢᠨᠠᠨ ᠲᠣᠭᠲᠠᠭᠠᠬᠤ ᠠᠷᠭ᠎ᠠ ᠶᠢ ᠪᠠᠶᠢᠳᠠᠯ ᠳᠤ ᠨᠢ ᠲᠣᠬᠢᠷᠠᠭᠤᠯᠤᠨ ᠲᠣᠭᠲᠠᠭᠠᠵᠤ᠂ ᠨᠡᠶᠢᠭᠡᠮ ᠤᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠮᠡᠷᠭᠡᠵᠢᠯ ᠤᠨ ᠲᠦᠪᠰᠢᠨ ᠵᠡᠷᠭᠡ ᠶᠢᠨ ᠲᠣᠭᠤᠷᠢᠨ ᠳᠤ᠂ ᠮᠡᠷᠭᠡᠵᠢᠯᠲᠡᠨ ᠬᠢᠨᠠᠨ ᠲᠣᠭᠲᠠᠭᠠᠬᠤ᠂ ᠦᠢᠯᠡᠳᠦᠯᠭᠡ᠂ ᠪᠣᠳᠠᠲᠤ ᠠᠮᠵᠢᠯᠲᠠ ᠶᠢ ᠬᠢᠨᠠᠨ ᠰᠢᠯᠭᠠᠬᠤ ᠵᠡᠷᠭᠡ ᠣᠯᠠᠨ ᠵᠠᠭᠪᠤᠷ ᠢᠶᠠᠷ ᠳᠠᠮᠵᠢᠭᠤᠯᠤᠨ᠂ ᠴᠢᠨᠠᠷ ᠪᠠ ᠬᠡᠮᠵᠢᠶ᠎ᠡ ᠶᠢ ᠲᠣᠭᠲᠠᠭᠠᠵᠤ ᠬᠢᠨᠠᠨ ᠲᠣᠭᠲᠠᠭᠠᠬᠤ ᠣᠷᠭᠠᠨᠢᠭ ᠠᠭᠤᠰᠤᠯᠴᠠᠯ ᠢ ᠪᠡᠶᠡᠯᠡᠭᠦᠯᠪᠡ᠃ 2023 ᠣᠨ ᠳᠤ᠂ ᠥᠪᠥᠷ ᠮᠣᠩᠭᠤᠯ ᠤᠨ ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠪᠥᠬᠦ ᠣᠷᠣᠨ ᠳᠤ ᠪᠥᠬᠦ ᠲᠠᠯ᠎ᠠ ᠪᠠᠷ ᠥᠷᠨᠢᠭᠦᠯᠵᠦ᠂ ᠪᠥᠬᠦ ᠵᠢᠯ ᠳᠤ 1336 ᠬᠥᠮᠥᠨ ᠮᠡᠷᠭᠡᠵᠢᠯ ᠤᠨ ᠴᠣᠯᠠ ᠣᠯᠪᠠ᠃ ᠡᠭᠦᠨ ᠳᠤ ᠥᠨᠳᠥᠷ ᠵᠡᠷᠭᠡ ᠶᠢᠨ ᠮᠡᠷᠭᠡᠵᠢᠯ ᠤᠨ ᠴᠣᠯᠠ 99᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ 544᠂ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ 693 ᠪᠣᠶ᠃      ︽ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠶᠢ ᠥᠷᠨᠢᠭᠦᠯᠬᠦ ᠪᠣᠯ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠨᠢᠭᠡ ᠵᠦᠢᠯ ᠤᠨ ᠴᠢᠬᠤᠯᠠ ᠳᠦᠷᠢᠮ ᠤᠨ ᠡᠭᠦᠳᠦᠯᠲᠡ ᠮᠥᠨ᠂ ᠡᠨᠡ ᠨᠢ ᠮᠠᠯᠴᠢᠨ ᠲᠠᠷᠢᠶᠠᠴᠢᠨ ᠤ ᠬᠤᠪᠢ ᠬᠥᠮᠥᠨ ᠤ ᠢᠷᠠᠭᠤ ᠠᠯᠳᠠᠷ᠂ ᠨᠡᠶᠢᠭᠡᠮ ᠤᠨ ᠪᠠᠶᠢᠷᠢ ᠰᠠᠭᠤᠷᠢ ᠪᠠᠨ ᠮᠡᠳᠡᠷᠡᠬᠦ ᠰᠡᠳᠬᠢᠯᠭᠡ ᠶᠢ ᠪᠦᠲᠦᠮᠵᠢᠲᠡᠶ ᠳᠡᠭᠡᠭᠰᠢᠯᠡᠭᠦᠯᠬᠦ ᠶᠢᠨ ᠬᠠᠮᠲᠤ ᠱᠠᠩᠨᠠᠨ ᠨᠥᠬᠦᠪᠦᠷᠢᠯᠡᠬᠦ ᠪᠠ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠢᠵᠢ ᠪᠦᠷᠢᠳᠦᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠨᠡᠩ ᠣᠯᠠᠨ ᠴᠢᠳᠠᠪᠤᠷᠢᠲᠠᠳ ᠤᠨ ᠮᠡᠷᠭᠡᠵᠢᠯ ᠰᠤᠷᠬᠤ᠂ ᠴᠢᠳᠠᠪᠤᠷᠢ ᠪᠠᠨ ᠨᠡᠮᠡᠭᠳᠡᠭᠦᠯᠬᠦ᠂ ᠦᠨᠳᠦᠰᠦᠨ ᠱᠠᠲᠤᠨ ᠳᠤ ᠦᠨᠳᠦᠰᠦᠯᠡᠬᠦ ᠶᠢ ᠨᠢ ᠤᠷᠮᠠᠰᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠪᠡ᠃︾ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠮᠡᠷᠭᠡᠵᠢᠯᠲᠡᠨ ᠤ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠥᠯᠵᠡᠶᠢᠮᠥ᠋ᠩᠬᠡ ᠬᠡᠯᠡᠭᠰᠡᠨ ᠨᠢ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤ ᠪᠦᠬᠦ ᠣᠷᠣᠨ ᠤ ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡᠨ ᠤ ᠲᠣᠭᠤᠷᠢᠨ ᠳᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠤᠲᠤᠭ ᠤᠨ ᠴᠢᠳᠠᠪᠤᠷᠢᠲᠠᠨ ᠢ ᠬᠥᠮᠥᠵᠢᠭᠦᠯᠬᠦ ᠲᠠᠪᠴᠠᠩ ᠤᠨ ᠠᠴᠢᠶᠠᠯᠠᠪᠤᠷᠢ ᠶᠢ ᠰᠠᠶᠢᠲᠤᠷ ᠪᠠᠶᠢᠭᠤᠯᠤᠨ᠂ ᠮᠠᠯᠴᠢᠨ ᠲᠠᠷᠢᠶᠠᠴᠢᠳ ᠢ ᠵᠣᠷᠢᠭᠵᠢᠭᠤᠯᠤᠨ ᠳᠠᠭᠠᠭᠤᠯᠵᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠪᠠ ᠭᠠᠭᠴᠠ ᠮᠡᠷᠭᠡᠵᠢᠯ ᠢᠶᠠᠷ ᠢᠶᠠᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠵᠦ᠂ ︽ᠥᠭᠦᠯᠡᠯ︾ ᠢ ᠨᠢ ᠲᠠᠷᠢᠶᠠᠨ ᠭᠠᠵᠠᠷ ᠲᠤ ᠪᠢᠴᠢᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号