ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠪᠠᠶᠢᠴᠠᠭᠠᠨ ᠰᠤᠳᠤᠯᠬᠤ ᠳᠤᠭᠤᠶᠢᠯᠠᠩ ᠲᠤᠷᠰᠢᠯᠲᠠ ᠶᠢᠨ ᠴᠢᠭ᠋ ᠤᠨ ᠬᠤᠰᠢᠭᠤ ᠰᠢᠶᠠᠨ ᠳᠤ ᠬᠦᠷᠴᠦ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/26
      ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠤᠷᠢᠳᠠᠪᠠᠷ ᠲᠤᠷᠰᠢᠨ ᠬᠡᠷᠡᠭᠵᠢᠭᠦᠯᠵᠦ᠂ ᠳᠠᠷᠠᠭ᠎ᠠ ᠨᠢ ᠬᠡᠷᠡᠭᠵᠢᠭᠦᠯᠬᠦ︾ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠲᠤᠷᠰᠢᠯᠲᠠ ᠶᠢᠨ ᠴᠢᠭ᠋ ᠤᠨ ᠬᠤᠰᠢᠭᠤ ᠰᠢᠶᠠᠨ ᠤ ︽ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠢᠭ᠋ ᠤᠨ ᠲᠥᠰᠥᠯ︾ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ ᠨᠠᠷᠢᠯᠢᠭ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠦᠯᠦᠭᠡ᠂ 3 ᠰᠠᠷ᠎ᠠ ᠶᠢᠨ 20 ᠤ ᠡᠳᠦᠷ ᠠᠴᠠ 23 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠪᠦᠯᠬᠦᠮ ᠳᠠᠭᠠᠭᠤᠯᠤᠨ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠵᠠᠷᠤᠳ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠵᠡᠷᠭᠡ 4 ᠲᠤᠷᠰᠢᠯᠲᠠ ᠶᠢᠨ ᠴᠢᠭ᠋ ᠤᠨ ᠬᠤᠰᠢᠭᠤ ᠰᠢᠶᠠᠨ ᠤ ᠠᠵᠢᠯ ᠤᠨ ᠪᠠᠶᠢᠳᠠᠯ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ᠃ 
11.png
       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠠᠯᠠᠶᠢᠳ ᠬᠤᠰᠢᠭᠤᠨ ᠤ ᠡᠪᠡᠰᠦ ᠪᠡᠯᠴᠢᠭᠡᠷ ᠢ ᠬᠠᠳᠠᠭᠠᠯᠠᠵᠤ ᠲᠡᠭᠡᠭᠡᠪᠦᠷᠢᠯᠡᠬᠦ ᠲᠣᠬᠢᠷᠠᠭᠤᠯᠤᠨ ᠬᠦᠷᠭᠡᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠲᠦᠮᠡᠨ ᠦᠬᠡᠷ ᠲᠡᠵᠢᠭᠡᠨ ᠦᠷᠡᠵᠢᠭᠦᠯᠬᠦ ᠲᠠᠯᠠᠪᠠᠶ︔ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠯᠳᠠᠷ ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠤᠯᠠᠮᠵᠢᠯᠠᠯᠲᠤ ᠴᠠᠭᠠᠨ ᠢᠳᠡᠭᠡᠨ ᠤ ᠬᠦᠷᠢᠶᠡᠯᠡᠩ ᠲᠣᠭᠤᠷᠢᠭ᠂ ᠤᠯᠠᠭᠠᠨᠮᠣᠳᠤ ᠰᠤᠮᠤ ᠶᠢᠨ ᠲᠡᠷᠢᠭᠦᠨ ᠴᠠᠭᠠᠨ ᠢᠳᠡᠭᠡᠨ ᠤ ᠬᠤᠷᠰᠢᠶ᠎ᠠ︔ ᠵᠠᠷᠤᠳ ᠬᠤᠰᠢᠭᠤᠨ ᠤ ᠴᠠᠪᠤᠭᠠᠲᠤ ᠰᠤᠮᠤᠨ ᠤ ᠠᠯᠠᠰᠢᠨ ᠦᠬᠡᠷ ᠤᠨ ᠡᠭᠦᠯᠳᠡᠷ ᠰᠠᠶᠢᠵᠢᠷᠠᠭᠤᠯᠬᠤ ᠶᠢ ᠪᠥᠬᠦ ᠲᠣᠰᠬᠤᠨ ᠢᠶᠠᠷ ᠲᠦᠯᠬᠢᠨ ᠠᠬᠢᠭᠤᠯᠬᠤ ᠵᠢᠱᠢᠶ᠎ᠡ ᠦᠵᠡᠭᠦᠯᠬᠦ ᠲᠣᠰᠬᠤᠨ᠂ ᠯᠦᠪᠧᠢ ᠪᠠᠯᠭᠠᠰᠤᠨ ᠤ ᠢᠦᠢ ᠫᠤᠤ ᠽᠢ ᠲᠣᠰᠬᠤᠨ ᠤ ᠲᠡᠵᠢᠭᠡᠯ ᠡᠪᠡᠰᠦ ᠪᠣᠷᠳᠤᠭ᠎ᠠ ᠶᠢ ᠬᠠᠳᠠᠭᠠᠯᠠᠵᠤ ᠲᠡᠭᠡᠭᠡᠪᠦᠷᠢᠯᠡᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠤᠷᠢᠭ᠂ ᠵᠢᠦᠢ ᠿᠢ ᠾᠧ ᠪᠠᠯᠭᠠᠰᠤᠨ ᠤ ᠪᠠᠢ ᠱᠦᠨ ᠲᠤᠰᠬᠠᠢ ᠲᠡᠵᠢᠭᠡᠨ ᠦᠷᠡᠵᠢᠭᠦᠯᠬᠦ ᠬᠤᠷᠰᠢᠶ᠎ᠠ︔ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠤᠭᠤᠰᠤᠲᠠᠢ ᠪᠠᠯᠭᠠᠰᠤᠨ ᠤ ᠪᠠᠶᠠᠨᠨᠠᠭᠤᠷ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ᠂ ᠪᠠᠭ᠎ᠠ ᠲᠠᠯ᠎ᠠ ᠰᠤᠮᠤ ᠶᠢᠨ  ᠬᠤᠤᠰ ᠭᠡᠷ ᠪᠦᠯᠢ ᠶᠢᠨ ᠮᠠᠯᠵᠢᠯ ᠤᠨ ᠲᠠᠯᠠᠪᠠᠢ ᠳᠤ ᠭᠦᠨᠵᠡᠭᠡᠶᠢᠷᠡᠪᠡ ᠃ ᠲᠤᠷᠰᠢᠯᠲᠠ ᠶᠢᠨ ᠴᠢᠭ᠋ ᠤᠨ ᠬᠤᠰᠢᠭᠤ ᠰᠢᠶᠠᠨ ᠤ ︽ᠬᠥᠮᠥᠨ᠂ ᠮᠠᠯ᠂ ᠡᠪᠡᠰᠦ︾ ᠶᠢᠨ ᠬᠠᠷᠢᠴᠠᠭ᠎ᠠ ᠶᠢ ᠨᠢᠭᠡᠳᠦᠯᠲᠡᠢ ᠲᠥᠯᠥᠪᠯᠡᠬᠦ᠂ ︽ᠡᠪᠡᠰᠦᠨ ᠤ ᠢᠷᠡᠯᠲᠡ᠂ ᠬᠠᠰᠢᠶ᠎ᠠ ᠰᠠᠷᠠᠪᠴᠢ᠂ ᠠᠵᠤ ᠦᠢᠯᠡᠰ︾ ᠵᠡᠷᠭᠡ ᠭᠤᠷᠪᠠᠨ ᠵᠠᠩᠭᠢᠯᠠᠭ᠎ᠠ ᠶᠢᠨ ᠭᠤᠭᠴᠤᠭ᠎ᠠ ᠶᠢ ᠳᠣᠪᠤᠶᠢᠯᠭᠠᠬᠤ᠂ ︽ᠬᠠᠰᠢᠶᠠᠯᠠᠨ ᠲᠡᠵᠢᠭᠡᠬᠦ᠂ ᠦᠢᠯᠡᠳᠪᠦᠷᠢᠯᠡᠯ ᠢᠶᠠᠨ ᠬᠤᠪᠢᠷᠠᠭᠤᠯᠤᠨ ᠠᠵᠢᠯ ᠲᠥᠷᠥᠯ ᠢᠶᠠᠨ ᠰᠢᠯᠵᠢᠭᠦᠯᠬᠦ︾ ᠶᠢ ᠠᠬᠢᠭᠤᠯᠬᠤ ᠵᠡᠷᠭᠡ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ 
22.png
       ᠲᠤᠷᠰᠢᠯᠲᠠ ᠶᠢᠨ ᠴᠢᠭ᠋ ᠤᠨ ᠬᠤᠰᠢᠭᠤ ᠰᠢᠶᠠᠨ ᠲᠠᠢ ᠶᠠᠷᠢᠯᠴᠠᠬᠤ ᠳᠤᠮᠳᠠ᠂ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠱᠠᠭᠠᠷᠳᠠᠭᠰᠠᠨ ᠨᠢ᠂ ᠲᠤᠷᠰᠢᠯᠲᠠ ᠶᠢᠨ ᠴᠢᠭ᠋ ᠤᠨ ᠬᠤᠰᠢᠭᠤ ᠰᠢᠶᠠᠨ ᠨᠢ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠰᠠᠨᠠᠭᠠᠴᠢᠯᠠᠭ᠎ᠠ ᠠᠴᠠ ᠪᠠᠨ ᠣᠷᠣᠨ ᠪᠠᠶᠢᠷᠢ ᠳᠤ ᠣᠷᠣᠵᠤ᠂ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠠᠳᠠᠯᠢ ᠴᠢᠭᠯᠡᠯ ᠢᠶᠠᠷ ᠬᠦᠴᠦᠯᠡᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠨᠠᠷᠢᠯᠢᠭ ᠨᠠᠶᠢᠳᠠᠪᠤᠷᠢᠵᠢᠭᠤᠯᠵᠤ᠂ ᠪᠣᠳᠠᠲᠠᠢ ᠨᠠᠶᠢᠳᠠᠪᠤᠷᠢᠵᠢᠭᠤᠯᠵᠤ᠂ ᠪᠣᠳᠠᠲᠠᠢ ᠬᠡᠷᠡᠭᠵᠢᠭᠦᠯᠵᠦ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠨᠢᠭᠡ ᠳᠤ ᠰᠠᠭᠤᠷᠢ ᠲᠤᠭ᠎ᠠ ᠨᠢ ᠲᠣᠳᠣᠷᠬᠠᠢ᠂ ᠪᠠᠶᠢᠳᠠᠯ ᠨᠢ ᠲᠣᠳᠣᠷᠬᠠᠢ᠂ ᠲᠤᠭ᠎ᠠ ᠪᠠᠷᠢᠮᠲᠠ ᠨᠢ ᠣᠨᠣᠪᠴᠢᠲᠠᠢ ᠪᠠᠶᠢᠬᠤ ᠬᠡᠷᠡᠭᠲᠡᠢ᠃ ᠲᠤᠷᠰᠢᠯᠲᠠ ᠶᠢᠨ ᠴᠢᠭ᠋ ᠤᠨ ᠬᠤᠰᠢᠭᠤ ᠰᠢᠶᠠᠨ ᠨᠤᠭᠤᠳ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠢ ᠳᠠᠭᠠᠵᠤ᠂ ᠳᠠᠭᠠᠭᠠᠴᠠ ᠠᠴᠠ ᠬᠡᠲᠦᠷᠡᠭᠰᠡᠨ ᠬᠡᠮᠵᠢᠶ᠎ᠡ ᠶᠢ ᠡᠷᠦᠬᠡ ᠳᠠᠷᠠᠭᠠᠯᠠᠨ ᠬᠢᠨᠠᠨ ᠬᠠᠷᠭᠤᠭᠤᠯᠵᠤ᠂ ᠳᠠᠭᠠᠭᠠᠴᠠ ᠠᠴᠠ ᠬᠡᠲᠦᠷᠡᠭᠰᠡᠨ ᠮᠠᠯ ᠢ ᠲᠠᠷᠬᠠᠭᠠᠨ ᠰᠠᠯᠭᠠᠬᠤ ᠲᠥᠯᠥᠪᠯᠡᠭᠡ ᠪᠠ ᠠᠷᠭ᠎ᠠ ᠮᠠᠶ᠋ᠢᠭ ᠢ ᠲᠣᠳᠣᠷᠬᠠᠶᠢᠯᠠᠵᠤ᠂ ᠨᠢᠭᠡ ᠡᠷᠦᠬᠡ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠬᠠᠷᠠᠯᠲᠠ ᠲᠠᠢ ᠪᠠᠷ ᠰᠤᠮᠤ ᠬᠠᠷᠪᠤᠬᠤ ᠬᠡᠷᠡᠭᠲᠡᠢ᠃ ᠬᠤᠶᠠᠷ ᠲᠤ ᠲᠥᠰᠥᠯ ᠢ ᠨᠠᠷᠢᠨ ᠨᠢᠮᠪᠠᠢ᠂ ᠡᠭᠦᠷᠭᠡ ᠶᠢ ᠲᠣᠳᠣᠷᠬᠠᠢ᠂ ᠬᠠᠷᠢᠭᠤᠴᠠᠯᠭ᠎ᠠ ᠶᠢ ᠪᠣᠳᠠᠲᠠᠢ ᠪᠠᠶᠢᠯᠭᠠᠬᠤ ᠬᠡᠷᠡᠭᠲᠡᠢ ᠃ ᠲᠤᠷᠰᠢᠯᠲᠠ ᠶᠢᠨ ᠬᠤᠰᠢᠭᠤ ᠰᠢᠶᠠᠨ ᠨᠢ ᠠᠵᠢᠯ ᠤᠨ ᠲᠥᠰᠥᠯ ᠢᠶᠠᠨ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠲᠣᠭᠲᠠᠭᠠᠨ᠂ ᠬᠡᠮᠵᠢᠶᠡᠵᠢᠭᠦᠯᠵᠦ ᠪᠣᠯᠬᠤ᠂ ᠪᠣᠳᠠᠲᠠᠶᠢᠵᠢᠭᠤᠯᠵᠤ ᠪᠣᠯᠬᠤ᠂ ᠬᠡᠷᠡᠭᠵᠢᠭᠦᠯᠵᠦ ᠪᠣᠯᠬᠤ᠂ ᠦᠨᠡᠯᠡᠵᠦ ᠪᠣᠯᠬᠤ ᠶᠢ ᠪᠡᠶᠡᠯᠡᠭᠦᠯᠵᠦ᠂ ᠨᠠᠷᠢᠨ ᠳᠠᠩᠰᠠ ᠶᠢᠨ ᠮᠠᠶ᠋ᠢᠭ ᠢᠶᠠᠷ ᠨᠠᠶᠢᠳᠠᠪᠤᠷᠢᠵᠢᠭᠤᠯᠬᠤ ᠠᠷᠭ᠎ᠠ ᠮᠠᠶ᠋ᠢᠭ ᠢᠶᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠢᠷᠤᠭ ᠡᠯᠭᠦᠨ ᠳᠠᠶᠢᠯᠠᠯᠳᠤᠭᠠᠨ ᠬᠢᠵᠦ᠂ ᠨᠢᠭᠡ ᠨᠢᠭᠡ ᠪᠠᠷ ᠳ᠋ᠤᠭᠠᠷ ᠢ ᠨᠢ ᠬᠠᠰᠤᠬᠤ ᠬᠡᠷᠡᠭᠲᠡᠢ᠃ ᠭᠤᠷᠪᠠ ᠳᠤ ᠦᠵᠡᠯ ᠰᠠᠨᠠᠭ᠎ᠠ ᠪᠠᠨ ᠬᠤᠪᠢᠷᠠᠭᠤᠯᠵᠤ᠂ ᠤᠬᠠᠭᠤᠯᠭ᠎ᠠ ᠪᠠᠨ ᠴᠢᠩᠭᠠᠳᠬᠠᠨ᠂ ᠪᠠᠬᠢᠯᠡᠯᠲᠡ ᠪᠠᠨ ᠡᠪᠳᠡᠬᠦ ᠬᠡᠷᠡᠭᠲᠡᠢ᠃ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠠᠰᠢᠭᠯᠠᠬᠤ ᠲᠥᠷᠥ ᠶᠢᠨ ᠪᠣᠳᠣᠯᠭ᠎ᠠ ᠶᠢᠨ ᠳᠦᠷᠢᠮ ᠢ ᠥᠷᠭᠡᠨ ᠢᠶᠠᠷ ᠤᠬᠠᠭᠤᠯᠵᠤ᠂ ᠡᠷᠥᠭᠡ ᠪᠥᠬᠦᠨ ᠳᠤ ᠮᠡᠳᠡᠭᠦᠯᠬᠦ ᠶᠢ ᠪᠡᠶᠡᠯᠡᠭᠦᠯᠵᠦ᠂ ᠲᠠᠷᠢᠶᠠᠴᠢᠨ ᠮᠠᠯᠴᠢᠨ ᠤ ᠨᠤᠲᠤᠭ ᠪᠡᠯᠴᠢᠭᠡᠷ ᠢ ᠬᠠᠮᠠᠭᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠥᠨᠵᠢᠭᠦᠯᠬᠦ ᠳᠦᠷᠢᠮ ᠢ ᠨᠠᠶᠢᠳᠠᠪᠤᠷᠢᠵᠢᠭᠤᠯᠬᠤ ᠤᠬᠠᠮᠰᠠᠷᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠮᠠᠯᠴᠢᠨ ᠲᠠᠷᠢᠶᠠᠴᠢᠨ ᠤ ᠳᠤᠲᠠᠭᠤ ᠲᠡᠵᠢᠭᠡᠵᠦ ᠨᠠᠷᠢᠯᠢᠭ ᠠᠷᠠᠴᠢᠯᠠᠬᠤ ᠶᠢ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ᠂ ᠢᠯᠡᠭᠦᠦ ᠲᠡᠵᠢᠭᠡᠵᠦ ᠢᠯᠡᠭᠦᠦ ᠬᠤᠷᠢᠶᠠᠬᠤ᠂ ᠢᠯᠡᠭᠦᠦ ᠮᠠᠯᠵᠢᠵᠤ ᠢᠯᠡᠭᠦᠦ ᠬᠤᠷᠢᠶᠠᠬᠤ ᠦᠵᠡᠯᠲᠡ ᠶᠢ ᠨᠢ ᠠᠷᠢᠯᠭᠠᠵᠤ᠂ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠨᠢ ᠬᠤᠪᠢᠷᠠᠭᠤᠯᠬᠤ ᠬᠡᠷᠡᠭᠲᠡᠢ᠃ ᠣᠲᠣ ᠶᠢᠨ ᠪᠠᠶᠢᠭ᠎ᠠ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠭᠦᠢᠴᠡᠳ ᠬᠡᠷᠡᠭᠯᠡᠨ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠢᠰᠲ᠋ᠧᠮ ᠲᠠᠢ ᠲᠥᠯᠥᠪᠵᠢᠭᠦᠯᠵᠦ᠂ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ ᠶᠢ ᠴᠢᠨᠠᠷ ᠰᠠᠶᠢᠲᠠᠢ ᠲᠦᠯᠬᠢᠨ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号