ᠥᠪᠥᠷ ᠮᠣᠩᠭᠤᠯ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠪᠦᠲᠦᠭᠡᠨ ᠪᠠᠶᠢᠭᠤᠯᠤᠯᠲᠠ ᠶᠢᠨ ᠠᠵᠢᠯ ᠤᠨ ᠵᠣᠬᠢᠴᠠᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/28
      3 ᠰᠠᠷ᠎ᠠ ᠶᠢᠨ 27 ᠤ ᠡᠳᠦᠷ᠂ ᠮᠠᠨ ᠤ ᠣᠷᠣᠨ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠪᠦᠲᠦᠭᠡᠨ ᠪᠠᠶᠢᠭᠤᠯᠤᠯᠲᠠ ᠶᠢᠨ ᠠᠵᠢᠯ ᠤᠨ ᠵᠣᠬᠢᠴᠠᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠂ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠭᠦᠨ ᠨᠢᠭᠡᠴᠡ ᠶᠢᠨ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠪᠠᠶᠢᠭ᠎ᠠ ᠠᠵᠢᠯ ᠤᠨ ᠪᠠᠶᠢᠳᠠᠯ ᠢ ᠰᠣᠨᠣᠰᠴᠤ᠂ ᠡᠯ᠎ᠡ ᠠᠶᠢᠮᠠᠭ ᠬᠤᠲᠠ ᠶᠢᠨ ︽ᠢᠳᠡᠰᠢᠨ ᠨᠣᠭᠤᠭ᠎ᠠ︾ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠰᠠᠶᠢᠲᠤᠷ ᠠᠳᠬᠤᠬᠤ ᠠᠷᠭ᠎ᠠ ᠬᠡᠮᠵᠢᠶ᠎ᠡ ᠶᠢ ᠰᠤᠳᠤᠯᠤᠨ ᠵᠢᠯᠣᠭᠤᠳᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠬᠠᠨ ᠵᠢᠶᠠᠨ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ 
1.jpg
       ᠬᠤᠷᠠᠯ ᠠᠴᠠ᠂ ᠢᠳᠡᠰᠢᠨ ᠨᠣᠭᠤᠭ᠎ᠠ ᠳᠤ ᠠᠷᠠᠳ ᠤᠨ ᠰᠠᠨᠠᠭ᠎ᠠ ᠶᠢ ᠪᠠᠭᠲᠠᠭᠠᠵᠤ᠂ ᠠᠷᠠᠳ ᠤᠨ ᠰᠡᠳᠬᠢᠯ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠲᠠᠢ ᠬᠤᠯᠪᠤᠭᠳᠠᠵᠤ ᠪᠠᠶᠢᠳᠠᠭ᠃ 2023 ᠣᠨ ᠳᠤ᠂ ᠡᠯ᠎ᠡ ᠱᠠᠲᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠠᠷ᠂ ᠮᠠᠨ ᠤ ᠣᠷᠣᠨ ᠤ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠬᠠᠩᠭᠠᠯᠭ᠎ᠠ ᠶᠢ ᠪᠦᠲᠦᠮᠵᠢᠲᠡᠶ ᠴᠢᠩᠭᠠᠳᠬᠠᠵᠤ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠭᠦᠢᠯᠭᠡᠭᠡᠨ ᠤ ᠰᠢᠰᠲ᠋ᠧᠮᠵᠢ ᠶᠢ ᠦᠷᠭᠦᠯᠵᠢᠯᠡᠨ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠳᠡᠯ ᠤᠨ ᠲᠣᠭᠲᠠᠴᠠ ᠶᠢ ᠠᠯᠬᠤᠮ ᠠᠯᠬᠤᠮ ᠢᠶᠠᠷ ᠪᠦᠷᠢᠨᠰᠢᠭᠦᠯᠬᠦ ᠶᠢᠨ ᠬᠠᠮᠲᠤ ᠠᠩᠬ᠎ᠠ ᠤᠳᠠᠭᠠᠨ ᠤ ᠰᠢᠯᠭᠠᠨ ᠬᠢᠨᠠᠯᠳᠠ ᠶᠢ ᠤᠷᠤᠭᠰᠢᠲᠠᠢ ᠪᠡᠶᠡᠯᠡᠭᠦᠯᠪᠡ᠃ ᠭᠡᠪᠡᠴᠦ ᠡᠭᠦᠨ ᠤ ᠬᠠᠮᠲᠤ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠥᠭᠵᠢᠯᠲᠡ᠂ ᠵᠠᠬ᠎ᠠ ᠳᠡᠯᠭᠡᠭᠦᠷ ᠤᠨ ᠭᠦᠢᠯᠭᠡᠭᠡ᠂ ᠶᠠᠰᠤ ᠴᠢᠨᠠᠷ ᠤᠨ ᠠᠮᠤᠷ ᠲᠦᠪᠰᠢᠨ᠂ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠳᠡᠯ ᠵᠡᠷᠭᠡ ᠲᠠᠯ᠎ᠠ ᠪᠠᠷ ᠪᠠᠰᠠ ᠡᠳᠦᠢ ᠲᠡᠳᠦᠢ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ ᠭᠡᠵᠦ ᠵᠢᠭᠠᠵᠤ ᠭᠠᠷᠭᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ︽ᠢᠳᠡᠰᠢᠨ ᠨᠣᠭᠤᠭ᠎ᠠ︾ ᠶᠢᠨ ᠬᠤᠳᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠯᠲᠠ ᠪᠠᠷ ᠭᠠᠷᠳᠠᠴᠠ ᠪᠣᠯᠭᠠᠵᠤ᠂ ᠠᠶᠢᠮᠠᠭ ᠬᠤᠲᠠ ᠶᠢ ᠵᠢᠯᠣᠭᠤᠳᠤᠨ ᠰᠢᠪᠠᠳᠠᠵᠤ ᠪᠠᠶᠢᠭᠠᠳ ︽ᠢᠳᠡᠰᠢᠨ ᠨᠣᠭᠤᠭ᠎ᠠ︾ ᠶᠢᠨ ᠬᠠᠷᠢᠭᠤᠴᠠᠯᠭ᠎ᠠ ᠶᠢᠨ ᠳᠦᠷᠢᠮ ᠢ ᠤᠯᠠᠮ ᠨᠢᠭᠡ ᠠᠯᠬᠤᠮ ᠪᠣᠳᠠᠲᠠᠶᠢᠵᠢᠭᠤᠯᠬᠤ ᠬᠡᠷᠡᠭᠲᠡᠢ᠃ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠭᠤᠣᠯᠳᠠᠯᠭ᠎ᠠ ᠲᠠᠢ ᠠᠰᠠᠭᠤᠳᠠᠯ ᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠶᠢ ᠳᠠᠷᠤᠵᠤ᠂ ᠦᠢᠯᠡᠳᠪᠦᠷᠢᠯᠡᠯ ᠢ ᠠᠳᠬᠤᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠦᠢᠯᠭᠡᠭᠡ ᠶᠢ ᠰᠢᠯᠤᠭᠤᠳᠬᠠᠵᠤ᠂ ᠪᠠᠲᠤᠯᠠᠭ᠎ᠠ ᠶᠢ ᠲᠣᠭᠲᠠᠭᠤᠨ ᠪᠠᠶᠢᠯᠭᠠᠬᠤ ᠬᠡᠷᠡᠭᠲᠡᠢ᠃ ᠤᠯᠤᠰ ᠤᠨ ᠳᠠᠮ ᠬᠦᠦ᠂ ᠲᠦᠭᠦᠭᠡᠷᠦᠮᠵᠢᠲᠦ ᠲᠠᠷᠢᠶᠠᠯᠠᠩ ᠤᠨ 7 ᠵᠤᠷᠪᠤᠰ᠂ ᠲᠦᠭᠦᠭᠡᠷᠦᠮᠵᠢᠲᠦ ᠮᠠᠯ ᠠᠵᠤ ᠠᠬᠤᠢ ᠶᠢᠨ 6 ᠵᠤᠷᠪᠤᠰ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠨ᠂ ᠲᠦᠭᠦᠭᠡᠷᠦᠮᠵᠢᠲᠦ ᠲᠠᠷᠢᠶᠠᠯᠠᠩ ᠢ 24 ᠲᠦᠮᠡᠨ ᠮᠦ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ 5 ᠲᠦᠮᠡᠨ ᠮᠦ ᠶᠢ ᠥᠭᠡᠷᠡᠴᠢᠯᠡᠨ ᠳᠡᠭᠡᠭᠰᠢᠯᠡᠭᠦᠯᠵᠦ᠂ ᠮᠢᠬᠠᠨ ᠤ ᠵᠦᠢᠯ ᠤᠨ ᠭᠠᠷᠤᠯᠲᠠ ᠶᠢ 300 ᠲᠦᠮᠡᠨ ᠲᠣᠨ ᠠᠴᠠ ᠳᠠᠪᠠᠭᠤᠯᠤᠨ᠂ ᠤᠰᠤᠨ ᠭᠠᠷᠤᠯᠲᠠ ᠶᠢᠨ ᠭᠠᠷᠤᠯᠲᠠ ᠶᠢ 11.5 ᠲᠦᠮᠡᠨ ᠲᠣᠨ ᠳᠤ ᠬᠦᠷᠦᠭᠦᠯᠬᠦ ᠬᠡᠷᠡᠭᠲᠡᠢ᠃ ᠪᠥᠬᠦ ᠬᠡᠯᠬᠢᠶ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠵᠤᠷᠰᠢᠯᠲᠤ ᠬᠢᠨᠠᠨ ᠬᠡᠮᠵᠢᠯᠲᠡ ᠪᠠ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠴᠢᠩᠭᠠᠳᠬᠠᠨ᠂ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠭᠤᠯᠤᠯᠲᠠ᠂ ᠲᠠᠷᠢᠶᠠᠨ ᠭᠠᠵᠠᠷ ᠬᠥᠷᠥᠰᠥ ᠰᠢᠷᠣᠢ ᠶᠢᠨ ᠡᠬᠢ ᠡᠭᠦᠰᠦᠯ ᠢ ᠰᠡᠷᠭᠡᠶᠢᠯᠡᠨ ᠡᠵᠡᠮᠳᠡᠬᠦ ᠪᠠ ᠭᠠᠵᠠᠷ ᠳᠣᠣᠷᠠᠬᠢ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢ ᠲᠡᠭᠡᠭᠡᠪᠦᠷᠢᠯᠡᠬᠦ ︽ᠰᠠᠭᠠᠳ ᠦᠭᠡᠢ ᠨᠡᠪᠲᠡᠷᠡᠬᠦ ᠵᠠᠮ︾ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢ ᠵᠢᠷᠤᠮᠵᠢᠭᠤᠯᠤᠨ ᠬᠠᠮᠢᠶᠠᠷᠬᠤ ᠪᠠ ᠲᠠᠰ ᠳᠡᠪᠰᠢᠭᠦᠯᠦᠨ ᠥᠭᠡᠷᠡᠴᠢᠯᠡᠬᠦ ᠶᠢ ᠲᠦᠯᠬᠢᠨ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠵᠢᠵᠢᠭᠯᠡᠨ ᠬᠤᠳᠠᠯᠳᠤᠬᠤ ᠲᠣᠣᠷ ᠴᠢᠭ᠋ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠢ ᠡᠩ ᠤᠨ ᠦᠨ᠎ᠡ ᠪᠠᠷ ᠪᠣᠷᠣᠯᠠᠭᠤᠯᠬᠤ ᠲᠣᠭᠲᠠᠴᠠ ᠶᠢ ᠬᠠᠶᠢᠨ ᠰᠦᠪᠡᠭᠴᠢᠯᠡᠬᠦ ᠬᠡᠷᠡᠭᠲᠡᠢ᠃ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠵᠢᠱᠢᠯᠲᠡ ᠶᠢ ᠵᠦᠢ ᠵᠣᠬᠢᠰᠲᠠᠢ ᠬᠥᠲᠥᠯᠥᠨ ᠵᠢᠯᠤᠭᠤᠳᠴᠤ᠂ ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢ ᠪᠠᠲᠤᠯᠠᠬᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠪᠠᠴᠢᠮ ᠪᠠᠶᠢᠳᠠᠯ ᠢ ᠠᠷᠭᠠᠴᠠᠭᠠᠬᠤ ᠬᠤᠳᠠᠯᠳᠤᠭᠠᠨ ᠤ ᠲᠣᠣᠷ ᠴᠢᠭ᠋ ᠪᠠ ᠪᠠᠴᠢᠮ ᠪᠠᠶᠢᠳᠠᠯ ᠢ ᠠᠷᠭᠠᠴᠠᠭᠠᠬᠤ ᠨᠥᠭᠡᠴᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠂ ᠣᠷᠣᠨ ᠪᠦᠰᠡ ᠠᠯᠤᠰᠯᠠᠨ ᠬᠤᠯᠪᠤᠭᠠᠯᠠᠨ ᠪᠠᠲᠤᠯᠠᠵᠤ ᠬᠤᠯᠪᠤᠭᠠᠯᠠᠨ ᠬᠠᠩᠭᠠᠬᠤ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠬᠠᠩᠭᠠᠯᠭ᠎ᠠ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ︽ᠢᠳᠡᠰᠢᠨ ᠨᠣᠭᠤᠭ᠎ᠠ︾ ᠶᠢ ᠳᠦᠭᠦᠷᠲᠡᠯ᠎ᠡ ᠰᠠᠪᠠᠯᠠᠵᠤ᠂ ᠰᠠᠶᠢᠲᠤᠷ ᠰᠠᠪᠠᠯᠠᠵᠤ᠂ ᠯᠠᠪᠳᠠᠭᠤᠨ᠂ ᠰᠠᠶᠢᠲᠤᠷ ᠳᠡᠭᠦᠵᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃      ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠪᠦᠷᠢᠯᠳᠦᠭᠦᠨ ᠨᠢᠭᠡᠴᠡ ᠶᠢᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号