ᠰᠢᠯᠢ ᠶᠢᠨ ᠭᠤᠣᠯ ᠠᠶᠢᠮᠠᠭ ᠤᠨ ᠴᠠᠭ ᠠᠭᠤᠷ ᠤᠨ ᠲᠣᠪᠴᠢᠶ᠎ᠠ ᠮᠠᠯᠴᠢᠨ ᠲᠠᠷᠢᠶᠠᠴᠢᠨ ᠳᠤ ᠰᠢᠯᠢᠳᠡᠭ ᠦᠢᠯᠡᠴᠢᠯᠡᠭᠡ ᠬᠠᠩᠭᠠᠵᠤ ᠪᠤᠢ
ᠨᠡᠶᠢᠲᠡᠯᠡᠭᠰᠡᠨ ᠴᠠᠭ᠄
2024/3/29
      ᠰᠢᠯᠢ ᠶᠢᠨ ᠭᠤᠣᠯ ᠠᠶᠢᠮᠠᠭ ᠤᠨ ᠴᠠᠭ ᠠᠭᠤᠷ ᠤᠨ ᠲᠣᠪᠴᠢᠶ᠎ᠠ ᠮᠠᠯᠴᠢᠨ ᠲᠠᠷᠢᠶᠠᠴᠢᠨ ᠤ ᠴᠠᠭ ᠠᠭᠤᠷ ᠤᠨ ᠬᠤᠪᠢᠷᠠᠯᠲᠠ ᠶᠡᠭᠡ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ ᠵᠡᠷᠭᠡ ᠬᠠᠪᠤᠷ ᠤᠨ ᠴᠠᠭ ᠠᠭᠤᠷ ᠢ ᠠᠷᠭᠠᠴᠠᠭᠠᠬᠤ ᠪᠡᠯᠡᠳᠬᠡᠯ ᠬᠢᠬᠦ ᠳᠤ ᠲᠤᠰᠠ ᠪᠣᠯᠵᠤ᠂ ᠬᠠᠬᠢᠷ ᠮᠠᠭᠤ ᠴᠠᠭ ᠠᠭᠤᠷ ᠤᠨ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠦᠵᠡᠭᠦᠯᠭᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠶᠢᠨ ᠲᠥᠯᠥᠭᠡ᠂ ︽ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ︾ ᠲᠠᠢ ᠬᠤᠯᠪᠣᠭᠳᠠᠭᠰᠠᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠᠨ ᠤᠯᠠᠮ ᠰᠢᠯᠢᠳᠡᠭᠵᠢᠭᠦᠯᠪᠡ᠃      ᠲᠤᠰ ᠲᠣᠪᠴᠢᠶ᠎ᠠ ᠨᠢᠭᠡ ᠲᠠᠯ᠎ᠠ ᠪᠠᠷ ᠨᠠᠩ ᠰᠢᠨᠵᠢᠯᠡᠬᠦ ᠤᠬᠠᠭᠠᠨᠴᠢ᠂ ᠨᠡᠩ ᠨᠠᠷᠢᠯᠢᠭ ᠤᠨᠤᠪᠴᠢᠳᠠᠢ ᠮᠡᠳᠡᠭᠡ ᠬᠠᠩᠭᠠᠬᠤ ᠪᠠᠷ ᠴᠢᠷᠮᠠᠶᠢᠵᠤ᠂ ᠡᠳᠦᠷ ᠪᠦᠷᠢ ᠶᠢᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠᠨ 0.1ᠭᠷᠡᠳᠦ᠋ᠰ ᠭᠦᠷᠲᠡᠯ᠎ᠡ ᠨᠠᠷᠢᠯᠢᠭ ᠨᠡᠶᠢᠲᠡᠯᠡᠵᠦ ᠪᠠᠶᠢᠨ᠎ᠠ᠃ ᠨᠦᠭᠦᠭᠡ ᠲᠠᠯ᠎ᠠ ᠪᠠᠷ ᠣᠶᠢᠷ᠎ᠠ ᠶᠢᠨ ᠬᠡᠰᠡᠭ ᠬᠤᠭᠤᠴᠠᠭᠠᠨ ᠤ ᠴᠠᠭ ᠠᠭᠤᠷ ᠤᠨ ᠪᠠᠶᠢᠳᠠᠯ ᠤᠨ ᠲᠤᠬᠠᠢ ᠮᠡᠳᠡᠭᠡᠯᠡᠬᠦ ᠪᠠᠨ ᠴᠢᠩᠭᠠᠳᠬᠠᠵᠤ᠂ ᠨᠢᠭᠡ ᠰᠠᠷ᠎ᠠ᠂ ᠠᠷᠪᠠᠨ ᠡᠳᠦᠷ᠂ ᠲᠡᠷᠡᠴᠢᠯᠡᠨ ᠨᠢᠭᠡ ᠭᠠᠷᠠᠭ ᠤᠨ ᠤᠷᠢᠳᠴᠢᠯᠠᠭᠰᠠᠨ ᠮᠡᠳᠡᠭᠡ ᠶᠢ ᠴᠠᠭ ᠮᠥᠴᠡ ᠲᠠᠢ ᠤᠷᠤᠯᠳᠤᠨ᠂ ᠠᠶᠢᠮᠠᠭ ᠤᠨ ᠷᠠᠳᠢᠣ᠋᠂ ᠡᠳᠦᠷ ᠤᠨ ᠰᠣᠨᠢᠨ ᠵᠡᠷᠭᠡ ᠵᠠᠭᠤᠴᠢᠯᠠᠭᠤᠷ ᠢᠶᠠᠷ ᠳᠠᠮᠵᠢᠨ᠂ ᠪᠦᠭᠦ ᠨᠡᠶᠢᠭᠡᠮ ᠨᠡᠶᠢᠲᠡ ᠳᠤ ᠬᠦᠷᠭᠡᠵᠦ ᠪᠤᠢ᠃      ᠡᠳᠡᠭᠡᠷ ᠴᠢᠷᠮᠠᠶᠢᠯᠭ᠎ᠠ ᠨᠢ ᠣᠷᠣᠨ ᠨᠤᠲᠤᠭ ᠤᠨ ᠢᠶᠠᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠬᠢᠭᠡᠳ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠳᠤ ᠬᠦᠴᠦᠨ ᠨᠡᠮᠡᠷᠢᠯᠡᠵᠦ᠂ ᠢᠯᠠᠩᠭᠤᠶ᠎ᠠ ᠬᠠᠪᠤᠷ ᠤᠨ ᠲᠥᠯ ᠲᠤᠰᠬᠤ ᠠᠵᠢᠯ ᠤᠨ ᠤᠷᠤᠭᠰᠢᠲᠠᠢ ᠶᠠᠪᠤᠭᠳᠠᠬᠤ ᠳᠤ ᠬᠦᠴᠦ ᠨᠡᠮᠡᠷᠢᠯᠡᠵᠦ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号