ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠨ ᠦᠢᠯᠡᠳᠪᠦᠷᠢᠯᠡᠬᠦ ᠰᠠᠭᠤᠷᠢᠨ ᠭᠠᠵᠠᠷ ᠤᠨ ᠲᠤᠷᠰᠢᠯᠲᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/4/1
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ᠄      ᠥᠪᠥᠷ ᠮᠣᠩᠭᠤᠯ ᠤᠨ ᠮᠠᠯ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠭᠠᠷᠤᠯᠲᠠ ᠶᠢᠨ ᠣᠷᠣᠨ ᠨᠢ ᠰᠢᠯᠢᠳᠡᠭ᠂ ᠶᠠᠰᠤ ᠴᠢᠨᠠᠷ ᠨᠢ ᠰᠠᠶᠢᠨ ᠰᠢᠯᠢᠳᠡᠭ ᠡᠭᠦᠯᠳᠡᠷ ᠤᠨ ᠦᠬᠡᠷ ᠬᠤᠨᠢᠨ ᠮᠢᠬ᠎ᠠ ᠶᠢ ᠬᠦᠴᠦᠯᠡᠨ ᠪᠣᠶ ᠪᠤᠯᠭᠠᠬᠤ ᠶᠢᠨ ᠲᠦᠯᠦᠭᠡ ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠨᠢ ᠡᠩ ᠲᠡᠷᠢᠭᠦᠨ ᠳᠤ ᠪᠥᠬᠦ ᠤᠯᠤᠰ ᠲᠤ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ  ᠶᠢ ᠡᠬᠢᠯᠡᠭᠦᠯᠪᠡ ᠃ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ  ᠶᠢᠨ ᠵᠢᠷᠤᠮᠵᠢᠯ ᠲᠠᠢ ᠠᠵᠢᠯᠯᠠᠨ ᠂ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ  ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠠᠷᠭ᠎ᠠ ︵ᠲᠤᠷᠰᠢᠨ ᠬᠡᠷᠡᠭᠵᠢᠭᠦᠯᠬᠦ︶︾ ᠭᠡᠵᠦ ᠲᠣᠪᠴᠢᠯᠠᠨ᠎ᠠ︶ ᠶᠢ ᠲᠣᠭᠲᠠᠭᠠᠪᠠ᠂ ᠬᠤᠯᠪᠣᠭᠳᠠᠯ ᠪᠦᠬᠦᠢ ᠠᠶᠢᠮᠠᠭ ᠬᠤᠲᠠ ᠨᠤᠭᠤᠳ ᠵᠢᠷᠤᠮᠯᠠᠨ ᠬᠡᠷᠡᠭᠵᠢᠭᠦᠯᠳᠦᠭᠡᠢ᠃ ᠪᠤᠰᠤᠳ ᠠᠶᠢᠮᠠᠭ ᠬᠤᠲᠠ ᠨᠤᠭᠤᠳ ︽ᠠᠷᠭ᠎ᠠ ︵ᠲᠤᠷᠰᠢᠨ ᠬᠡᠷᠡᠭᠵᠢᠭᠦᠯᠬᠦ︶︾ ᠪᠠᠷ ᠯᠠᠪᠯᠠᠯᠲᠠ ᠪᠣᠯᠭᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ  ᠳᠠᠭᠠᠨ ᠲᠣᠬᠢᠷᠠᠭᠤᠯᠤᠨ ᠲᠣᠰ ᠭᠠᠵᠠᠷ ᠣᠷᠣᠨ ᠤ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ ᠪᠣᠯᠣᠨ᠎ᠠ᠃                             ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ                           ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                                2024 ᠣᠨ ᠤ 4 ᠰᠠᠷ᠎ᠠ ᠶᠢᠨ 1 ᠤ ᠡᠳᠦᠷ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠨ ᠦᠢᠯᠡᠳᠪᠦᠷᠢᠯᠡᠬᠦ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ  ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶      ᠨᠢᠭᠡᠳᠦᠭᠡᠷ ᠵᠦᠢᠯ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠶᠢᠨ ᠲᠤᠰᠠᠳᠠ᠂ ︽ᠪᠣᠬᠢᠷᠲᠤᠯ ᠦᠭᠡᠢ ᠢᠳᠡᠭᠡᠨ ᠤ ᠲᠡᠮᠳᠡᠭ ᠤᠨ ᠬᠠᠮᠢᠶᠠᠷᠤᠯᠲᠠ ᠶᠢᠨ ᠠᠷᠭ᠎ᠠ︾ ︽ᠪᠥᠬᠦ ᠤᠯᠤᠰ ᠤᠨ ᠪᠣᠬᠢᠷᠲᠤᠯ ᠦᠭᠡᠢ ᠢᠳᠡᠭᠡᠨ ᠤ ᠲᠦᠭᠦᠬᠡᠢ ᠮᠠᠲ᠋ᠧᠷᠢᠶᠠᠯ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠷᠭ᠎ᠠ︾ ︵ᠳᠤᠮᠳᠠ ᠨᠣᠭᠤᠭᠠᠨ ᠰᠠᠭᠤᠷᠢ ﹇2020﹈ 149 ᠳ᠋ᠦ᠋ᠭᠡᠷ ᠲᠣᠭᠠᠲᠤ︶ ᠵᠡᠷᠭᠡ ᠳᠦᠷᠢᠮ ᠲᠣᠭᠲᠠᠭᠠᠯ ᠢ ᠦᠨᠳᠦᠰᠦᠯᠡᠨ᠂ ᠲᠣᠰ ᠠᠷᠭ᠎ᠠ ︵ᠲᠤᠷᠰᠢᠨ ᠬᠡᠷᠡᠭᠵᠢᠭᠦᠯᠬᠦ︶ ᠶᠢ ᠲᠣᠭᠲᠠᠭᠠᠪᠠ᠃      ᠬᠤᠶᠠᠳᠤᠭᠠᠷ ᠵᠦᠢᠯ ᠲᠣᠰ ᠠᠷᠭ᠎ᠠ ︵ᠲᠤᠷᠰᠢᠨ ᠬᠡᠷᠡᠭᠵᠢᠭᠦᠯᠬᠦ︶ ᠳᠤ ᠬᠡᠯᠡᠵᠦ ᠪᠠᠶᠢᠭ᠎ᠠ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠭᠡᠳᠡᠭ ᠨᠢ ᠰᠢᠯᠢ ᠶᠢᠨ ᠭᠤᠣᠯ ᠠᠶᠢᠮᠠᠭ ᠲᠤ ᠥᠷᠨᠢᠭᠦᠯᠦᠭᠰᠡᠨ 1500 ᠲᠦᠮᠡᠨ ᠮᠦ ᠪᠡᠯᠴᠢᠭᠡᠷ + 50 ᠲᠦᠮᠡᠨ ᠠᠯᠠᠰᠢᠨ ᠬᠤᠨᠢᠨ ᠤ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠪᠠ ᠲᠦᠩᠯᠢᠶᠣᠣ ᠬᠤᠲᠠ ᠳᠤ ᠥᠷᠨᠢᠭᠦᠯᠦᠭᠰᠡᠨ 500 ᠲᠦᠮᠡᠨ ᠮᠦ ᠡᠷᠳᠡᠨᠢ ᠰᠢᠰᠢ + 50 ᠲᠦᠮᠡᠨ ᠲᠣᠯᠣᠭᠠᠢ ᠠᠯᠠᠰᠢᠨ ᠦᠬᠡᠷ ᠤᠨ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ  ᠢ ᠣᠨᠴᠠᠭᠠᠶᠢᠯᠠᠨ ᠵᠢᠭᠠᠵᠤ ᠪᠣᠶ᠃      ᠭᠤᠷᠪᠠᠳᠤᠭᠠᠷ ᠵᠦᠢᠯ  ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ      ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠤᠨ ᠲᠥᠰᠥᠯ ᠂ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠂ ᠬᠠᠮᠢᠶᠠᠷᠤᠯᠲᠠ ᠳᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠣᠯᠭᠤᠬᠤ ᠬᠡᠷᠡᠭᠲᠡᠢ ᠃ ᠲᠦᠩᠯᠢᠶᠣᠣ ᠬᠤᠳᠠ ᠂ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠪᠣᠯᠣᠨ ᠲᠤᠷᠰᠢᠯᠲᠠ ᠶᠢᠨ ᠴᠡᠭ ᠤᠨ ᠬᠤᠰᠢᠭᠤ ᠰᠢᠶᠠᠨ  ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠵᠢᠯᠣᠭᠤᠳᠤᠯᠭ᠎ᠠ ᠶᠢᠨ ᠳᠣᠣᠷ᠎ᠠ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠥᠷᠨᠢᠭᠦᠯᠬᠦ ᠬᠡᠷᠡᠭᠲᠡᠢ ᠃      ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠣᠳᠠᠲᠠᠢ ᠠᠵᠢᠯ ᠢ ᠬᠠᠷᠢᠭᠤᠴᠠᠵᠤ᠂ ᠪᠠᠷᠢᠮᠵᠢᠶ᠎ᠠ ᠪᠠ ᠳᠦᠷᠢᠮ ᠢ ᠵᠣᠬᠢᠶᠠᠨ ᠪᠠᠶᠢᠭᠤᠯᠤᠨ ᠲᠣᠭᠲᠠᠭᠠᠵᠤ᠂ ᠶᠠᠰᠤ ᠴᠢᠨᠠᠷ ᠢ ᠪᠠᠶᠢᠴᠠᠭᠠᠨ ᠰᠢᠯᠭᠠᠬᠤ᠂ ᠮᠡᠷᠭᠡᠵᠢᠯ ᠤᠨ ᠦᠢᠯᠡᠴᠢᠯᠡᠭᠡ᠂ ᠪᠤᠯᠪᠠᠰᠤᠷᠠᠯ ᠂ ᠰᠢᠯᠭᠠᠨ ᠠᠪᠬᠤ᠂ ᠫᠠᠶᠢᠰᠠ ᠡᠯᠭᠦᠬᠦ᠂ ᠬᠥᠳᠡᠯᠦᠩᠭᠦᠢ ᠬᠠᠮᠢᠶᠠᠷᠤᠯᠲᠠ᠂ ᠣᠶᠤᠨᠴᠢ ᠬᠠᠮᠢᠶᠠᠷᠤᠯᠲᠠ ᠵᠡᠷᠭᠡ ᠠᠵᠢᠯ ᠢ ᠥᠷᠨᠢᠭᠦᠯᠦᠨ᠎ᠡ᠃ ᠲᠤᠷᠰᠢᠯᠲᠠ ᠶᠢᠨ ᠰᠠᠭᠤᠷᠢᠨ ᠭᠠᠵᠠᠷ ᠢ ᠠᠵᠤ ᠠᠬᠤᠶᠢᠯᠠᠯ ᠯᠤᠭ᠎ᠠ ᠵᠣᠯᠭᠠᠭᠤᠯᠬᠤ ᠶᠢ ᠲᠦᠩᠯᠢᠶᠣᠣ ᠬᠤᠳᠠ ᠂ ᠰᠢᠯᠢ ᠶᠢᠨ ᠭᠤᠣᠯ ᠠᠶᠢᠮᠠᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠢ ᠶᠢᠨ ᠲᠥᠪ ︵ ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ ︶ ᠪᠣᠯᠣᠨ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠪᠤᠶᠤ ᠪᠣᠬᠢᠷᠲᠤᠯ ᠦᠭᠡᠢ ᠢᠳᠡᠭᠡᠨ ᠤ ᠠᠵᠢᠯ ᠤᠨ ᠪᠠᠶᠢᠭᠤᠯᠤᠮᠵᠢ ᠨᠤᠭᠤᠳ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠢ ᠶᠢᠨ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ ︶ ᠤᠨ ᠵᠢᠯᠣᠭᠤᠳᠤᠯᠭ᠎ᠠ ᠶᠢᠨ ᠳᠣᠣᠷ᠎ᠠ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠠᠵᠢᠯ ᠢ ᠥᠷᠨᠢᠭᠦᠯᠬᠦ ᠬᠡᠷᠡᠭᠲᠡᠢ ᠃      ᠳᠥᠷᠪᠡᠳᠦᠭᠡᠷ ᠵᠦᠢᠯ  ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ      ᠲᠤᠷᠰᠢᠯᠲᠠ ᠶᠢᠨ ᠴᠡᠭ  ᠤᠨ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠪᠤᠶᠤ ᠪᠣᠬᠢᠷᠲᠤᠯ ᠦᠭᠡᠢ ᠢᠳᠡᠭᠡᠨ ᠤ ᠠᠵᠢᠯ ᠤᠨ ᠪᠠᠶᠢᠭᠤᠯᠤᠮᠵᠢ ᠨᠢ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠮᠠᠯᠵᠢᠬᠤ ᠲᠠᠷᠢᠶᠠᠯᠠᠬᠤ ᠡᠷᠦᠬᠡ ᠶᠢ ᠵᠣᠬᠢᠶᠠᠨ ᠪᠠᠶᠢᠭᠤᠯᠵᠤ ᠪᠣᠬᠢᠷᠲᠤᠯ ᠦᠭᠡᠢ ᠢᠳᠡᠭᠡᠨ ᠤ ᠬᠠᠮᠢᠶ᠎ᠠ ᠪᠦᠬᠦᠢ ᠠᠵᠢᠯᠯᠠᠬᠤ ᠳᠦᠷᠢᠮ ᠶᠣᠰᠣᠭᠠᠷ ᠪᠠᠷᠢᠮᠵᠢᠶᠠᠵᠢᠭᠤᠯᠤᠨ ᠳᠠᠷᠢᠬᠤ᠂ ᠲᠡᠵᠢᠭᠡᠨ ᠦᠷᠡᠵᠢᠭᠦᠯᠬᠦ ᠶᠢ ᠦᠷᠨᠢᠭᠦᠯᠬᠦᠬᠡᠷᠡᠭᠲᠡᠢ ᠃      ︵ᠨᠢᠭᠡ︶ 1500 ᠲᠦᠮᠡᠨ ᠮᠦ ᠪᠡᠯᠴᠢᠭᠡᠷ + 50 ᠲᠦᠮᠡᠨ ᠠᠯᠠᠰᠢᠨ ᠬᠤᠨᠢᠨ ᠤ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠤᠷᠰᠢᠯᠲᠠ  ᠶᠢᠨ ᠴᠡᠭ  ᠃ ᠠᠯᠠᠰᠢᠨ ᠬᠤᠨᠢ ᠶᠢ ᠲᠡᠵᠢᠭᠡᠨ ᠦᠷᠡᠵᠢᠭᠦᠯᠬᠦ ᠳᠤ ︽ᠳᠤᠮᠳᠠ ᠵᠡᠭᠦᠨ ᠬᠡᠰᠡᠭ ᠤᠨ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠪᠦᠰᠡ ᠶᠢᠨ ᠪᠣᠬᠢᠷᠲᠤᠯ ᠦᠭᠡᠢ ᠢᠳᠡᠭᠡᠨ ᠤ ᠠᠯᠠᠰᠢᠨ ᠬᠤᠨᠢ ᠶᠢ ᠲᠡᠵᠢᠭᠡᠨ ᠦᠷᠡᠵᠢᠭᠦᠯᠬᠦ ᠳᠦᠷᠢᠮ ᠲᠣᠭᠲᠠᠭᠠᠯ︾ ︵LB/T157 ︱ 2020︶ ᠪᠤᠶᠤ ︽ᠤᠮᠠᠷᠠᠲᠤ ᠶᠢᠨ ᠪᠣᠬᠢᠷᠲᠤᠯ ᠦᠭᠡᠢ ᠢᠳᠡᠭᠡᠨ ᠤ ᠪᠠᠶᠢᠭᠠᠯᠢᠯᠢᠭ ᠪᠡᠯᠴᠢᠭᠡᠷᠯᠡᠭᠦᠯᠬᠦ ᠲᠠᠯ᠎ᠠ ᠨᠤᠲᠤᠭ ᠤᠨ ᠬᠤᠨᠢ ᠶᠢ ᠲᠡᠵᠢᠭᠡᠨ ᠦᠷᠡᠵᠢᠭᠦᠯᠬᠦ ᠳᠦᠷᠢᠮ ᠲᠣᠭᠲᠠᠭᠠᠯ︾ ︵ᠨᠡᠶᠢᠲᠡᠯᠡᠬᠦ ᠪᠠᠷ ᠪᠣᠶ︶ ᠢ ᠬᠡᠷᠡᠭᠵᠢᠭᠦᠯᠦᠨ᠎ᠡ᠃      ︵ᠬᠤᠶᠠᠷ︶ 500 ᠲᠦᠮᠡᠨ ᠮᠦ ᠡᠷᠳᠡᠨᠢ ᠰᠢᠰᠢ + 50 ᠲᠦᠮᠡᠨ ᠲᠣᠯᠣᠭᠠᠢ ᠠᠯᠠᠰᠢᠨ ᠦᠬᠡᠷ ᠤᠨ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠤᠷᠰᠢᠯᠲᠠ  ᠶᠢᠨ ᠴᠡᠭ ᠃      1. ᠡᠷᠳᠡᠨᠢ ᠰᠢᠰᠢ ᠳᠠᠷᠢᠬᠤ ᠳᠤ ︽ᠵᠡᠭᠦᠨ ᠬᠤᠶᠢᠲᠤ ᠣᠷᠣᠨ ᠤ ᠪᠣᠬᠢᠷᠲᠤᠯ ᠦᠭᠡᠢ ᠢᠳᠡᠭᠡᠨ ᠤ ᠡᠷᠳᠡᠨᠢ ᠰᠢᠰᠢ ᠶᠢᠨ ᠦᠢᠯᠡᠳᠪᠦᠷᠢᠯᠡᠯ ᠤᠨ ᠠᠵᠢᠯᠯᠠᠬᠤ ᠳᠦᠷᠢᠮ︾ ︵LB/T009-2018 ︶ ᠢ ᠬᠡᠷᠡᠭᠵᠢᠭᠦᠯᠦᠨ᠎ᠡ᠃      2. ᠳᠠᠷᠤᠰᠢᠭᠤᠯᠬᠤ ᠡᠷᠳᠡᠨᠢ ᠰᠢᠰᠢ ᠳᠠᠷᠢᠬᠤ ᠳᠤ ︽ᠨᠣᠭᠤᠭᠠᠨ ᠢᠳᠡᠭᠡᠨ ᠤ ᠳᠠᠷᠤᠰᠢᠭᠤᠯᠬᠤ ᠡᠷᠳᠡᠨᠢ ᠰᠢᠰᠢ ᠦᠢᠯᠡᠳᠪᠦᠷᠢᠯᠡᠬᠦ ᠳᠦᠷᠢᠮ︾ ︵LB/T106-2020︶ ᠢ ᠬᠡᠷᠡᠭᠵᠢᠭᠦᠯᠦᠨ᠎ᠡ᠃      3. ᠠᠯᠠᠰᠢᠨ ᠦᠬᠡᠷ ᠲᠡᠵᠢᠭᠡᠨ ᠦᠷᠡᠵᠢᠭᠦᠯᠬᠦ ᠳᠤ ︽ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠪᠦᠰᠡ ᠶᠢᠨ ᠪᠣᠬᠢᠷᠲᠤᠯ ᠦᠭᠡᠢ ᠢᠳᠡᠭᠡᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠳᠦᠷᠢᠮ ᠲᠣᠭᠲᠠᠭᠠᠯ︾ ︵LB/T153 ︱ 2020︶ ᠪᠤᠶᠤ ︽ᠤᠮᠠᠷᠠᠲᠤ ᠶᠢᠨ ᠮᠠᠯᠵᠢᠬᠤ ᠣᠷᠣᠨ ᠤ ᠪᠣᠬᠢᠷᠲᠤᠯ ᠦᠭᠡᠢ ᠢᠳᠡᠭᠡᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠳᠦᠷᠢᠮ ᠲᠣᠭᠲᠠᠭᠠᠯ︾ ︵LB/T155 ︱ 2020︶ ᠢ ᠬᠡᠷᠡᠭᠵᠢᠭᠦᠯᠦᠨ᠎ᠡ᠃      ︵ᠭᠤᠷᠪᠠ︶ ᠣᠷᠣᠭᠤᠯᠤᠯᠲᠠ ᠶᠢᠨ ᠵᠦᠢᠯ ᠤᠨ ᠬᠡᠷᠡᠭᠯᠡᠯᠲᠡ      ︽ ᠪᠣᠬᠢᠷᠲᠤᠯ ᠦᠭᠡᠢ ᠢᠳᠡᠭᠡᠨ ᠤ ᠲᠠᠷᠢᠶᠠᠨ ᠡᠮ ᠬᠡᠷᠡᠭᠯᠡᠬᠦ ᠪᠠᠷᠢᠮᠵᠢᠶ᠎ᠠ ︾ ︵ NY/T393-2021 ︶ ᠂ ︽ᠪᠣᠬᠢᠷᠲᠤᠯ ᠦᠭᠡᠢ ᠢᠳᠡᠭᠡᠨ ᠤ ᠮᠠᠯ ᠤᠨ ᠡᠮ ᠬᠡᠷᠡᠭᠯᠡᠬᠦ ᠪᠠᠷᠢᠮᠵᠢᠶ᠎ᠠ ︾ ︵ NY/T472-2022 ︶ ᠂ ︽ᠪᠣᠬᠢᠷᠲᠤᠯ ᠦᠭᠡᠢ ᠢᠳᠡᠭᠡᠨ ᠤ ᠪᠣᠷᠳᠣᠭᠤᠷ ᠢ ᠬᠡᠷᠡᠭᠯᠡᠬᠦ ᠪᠠᠷᠢᠮᠵᠢᠶ᠎ᠠ ︾ ︵ NY/T394-2023 ︶ ᠂ ︽ᠪᠣᠬᠢᠷᠲᠤᠯ ᠦᠭᠡᠢ ᠢᠳᠡᠭᠡᠨ ᠤ ᠲᠡᠵᠢᠭᠡᠯ ᠪᠣᠷᠳᠤᠭ᠎ᠠ ᠵᠢᠴᠢ ᠲᠡᠵᠢᠭᠡᠯ ᠪᠣᠷᠳᠣᠭᠠᠨ ᠤ ᠨᠡᠮᠡᠯᠲᠡ ᠡᠳ᠋ ᠢ ᠬᠡᠷᠡᠭᠯᠡᠬᠦ ᠪᠠᠷᠢᠮᠵᠢᠶ᠎ᠠ ︾ ︵NY/T471-2023︶ ᠵᠡᠷᠭᠡ ᠶᠢ ᠬᠡᠷᠡᠭᠵᠢᠭᠦᠯᠦᠨ᠎ᠡ ᠃      ᠲᠠᠪᠤᠳᠤᠭᠠᠷ ᠵᠦᠢᠯ  ᠦᠢᠯᠡᠳᠪᠦᠷᠢᠯᠡᠯ ᠤᠨ ᠶᠠᠪᠤᠴᠠ ᠶᠢ ᠬᠠᠮᠢᠶᠠᠷᠤᠨ ᠡᠵᠡᠮᠳᠡᠬᠦ      ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ ᠲᠦᠩᠯᠢᠶᠣᠣ ᠬᠤᠲᠠ᠂ ᠰᠢᠯᠢ ᠶᠢᠨ ᠭᠤᠣᠯ ᠠᠶᠢᠮᠠᠭ ᠪᠣᠯᠣᠨ ᠲᠤᠷᠰᠢᠯᠲᠠ ᠶᠢᠨ ᠴᠡᠭ  ᠤᠨ ᠬᠤᠰᠢᠭᠤ ᠰᠢᠶᠠᠨ ᠤ ᠪᠣᠬᠢᠷᠲᠤᠯ ᠦᠭᠡᠢ ᠢᠳᠡᠭᠡᠨ ᠤ ᠠᠵᠢᠯ ᠤᠨ ᠪᠠᠶᠢᠭᠤᠯᠤᠮᠵᠢ ᠶᠢ ᠵᠢᠯᠣᠭᠤᠳᠤᠨ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠦᠢᠯᠡᠳᠪᠦᠷᠢᠯᠡᠯ ᠤᠨ ᠶᠠᠪᠤᠴᠠ ᠶᠢᠨ ᠬᠠᠮᠢᠶᠠᠷᠤᠨ ᠡᠵᠡᠮᠳᠡᠬᠦ ᠬᠡᠮᠵᠢᠶ᠎ᠡ ᠶᠢ ᠪᠠᠶᠢᠭᠤᠯᠵᠤ᠂ ᠰᠠᠭᠤᠷᠢᠨ ᠭᠠᠵᠠᠷ ᠤᠨ ᠲᠤᠷᠰᠢᠯᠲᠠ ᠶᠢᠨ ᠪᠠᠶᠢᠭ᠎ᠠ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠨᠢᠭᠡ︶ ᠦᠢᠯᠡᠳᠪᠦᠷᠢᠯᠡᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ        1. ᠡᠷᠳᠡᠨᠢ ᠰᠢᠰᠢ᠃ ᠲᠠᠷᠢᠮᠠᠯ ᠤᠨ ᠡᠷᠦᠬᠡ ᠶᠢᠨ ᠨᠡᠷᠡᠰ ᠤᠨ ᠪᠦᠷᠢᠳᠬᠡᠯ ︵ᠭᠠᠵᠠᠷ᠂ ᠲᠠᠯᠠᠪᠠᠶ᠂ ᠵᠠᠯᠭᠠᠭᠤᠯᠤᠨ ᠲᠡᠵᠢᠭᠡᠨ ᠦᠷᠡᠵᠢᠭᠦᠯᠬᠦ ᠡᠷᠦᠬᠡ ᠪᠤᠶᠤ ᠲᠡᠵᠢᠭᠡᠨ ᠦᠷᠡᠵᠢᠭᠦᠯᠬᠦ ᠲᠠᠯᠠᠪᠠᠶ︶᠂ ᠣᠷᠣᠭᠤᠯᠤᠯᠲᠠ ᠶᠢᠨ ᠡᠳ᠋ ᠤᠨ ᠬᠡᠷᠡᠭᠯᠡᠯᠲᠡ ᠶᠢᠨ ᠲᠡᠮᠳᠡᠭᠯᠡᠯ᠃      2. ᠠᠯᠠᠰᠢᠨ ᠬᠤᠨᠢ ᠠᠯᠠᠰᠢᠨ ᠦᠬᠡᠷ ᠃ ᠲᠡᠵᠢᠭᠡᠨ ᠦᠷᠡᠵᠢᠭᠦᠯᠬᠦ ᠡᠷᠦᠬᠡ ᠶᠢᠨ ᠨᠡᠷᠡᠰ ᠤᠨ ᠪᠦᠷᠢᠳᠬᠡᠯ ︵ᠲᠣᠯᠣᠭᠠᠢ ᠲᠤᠭ᠎ᠠ᠂ ᠪᠡᠯᠴᠢᠭᠡᠷ ᠤᠨ ᠲᠠᠯᠠᠪᠠᠶ᠂ ᠰᠠᠭᠤᠷᠢᠨ ᠭᠠᠵᠠᠷ ᠤᠨ ᠪᠠᠶᠢᠷᠢᠯᠠᠯ᠂ ᠵᠣᠯᠭᠠᠭᠤᠯᠬᠤ ᠠᠵᠤ ᠠᠬᠤᠶᠢᠯᠠᠯ︶᠂ ᠣᠷᠣᠭᠤᠯᠤᠯᠲᠠ ᠶᠢᠨ ᠡᠳ᠋ ᠤᠨ ᠬᠡᠷᠡᠭᠯᠡᠯᠲᠡ ᠶᠢᠨ ᠲᠡᠮᠳᠡᠭᠯᠡᠯ᠃      3. ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠳᠣᠲᠣᠷᠠᠬᠢ ᠠᠵᠤ ᠠᠬᠤᠶᠢᠯᠠᠯ᠂ ᠲᠤᠰᠬᠠᠢ ᠠᠵᠢᠯ ᠤᠨ ᠬᠤᠷᠰᠢᠶ᠎ᠠ ᠪᠠ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠨᠤᠭᠤᠳ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠠᠤᠯᠢ ︾ ᠶᠢᠨ ᠱᠠᠭᠠᠷᠳᠠᠯᠭ᠎ᠠ ᠶᠣᠰᠣᠭᠠᠷ ᠦᠢᠯᠡᠳᠪᠦᠷᠢᠯᠡᠯ ᠤᠨ ᠲᠡᠮᠳᠡᠭᠯᠡᠯ ᠬᠢᠬᠦ ᠬᠡᠷᠡᠭᠲᠡᠢ ᠃      ︵ᠬᠤᠶᠠᠷ︶ ᠣᠷᠣᠭᠤᠯᠤᠯᠲᠠ ᠶᠢᠨ ᠵᠦᠢᠯ ᠤᠨ ᠬᠠᠮᠢᠶᠠᠷᠤᠯᠲᠠ ᠶᠢᠨ ᠳᠦᠷᠢᠮ      1. ᠲᠤᠷᠰᠢᠯᠲᠠ ᠶᠢᠨ ᠴᠡᠭ  ᠤᠨ ᠬᠤᠰᠢᠭᠤ ᠰᠢᠶᠠᠨ ᠤ ᠮᠠᠯ ᠤᠨ ᠡᠮ᠂ ᠲᠠᠷᠢᠶᠠᠨ ᠡᠮ ᠪᠣᠷᠣᠯᠠᠭᠤᠯᠬᠤ ᠳᠡᠯᠭᠡᠭᠦᠷ ᠲᠤ ᠪᠣᠬᠢᠷᠲᠤᠯ ᠦᠭᠡᠢ ᠢᠳᠡᠭᠡᠨ ᠳᠤ ᠣᠷᠣᠭᠤᠯᠤᠯᠲᠠ ᠶᠢᠨ ᠡᠳ᠋ ᠬᠡᠷᠡᠭᠯᠡᠬᠦ ᠶᠢ ᠵᠥᠪᠰᠢᠶᠡᠷᠡᠬᠦ ᠲᠤᠰᠬᠠᠢ ᠣᠷᠣᠨ ᠪᠤᠶᠤ ᠴᠡᠭ ᠲᠣᠭᠲᠠᠭᠠᠨ ᠣᠷᠣᠭᠤᠯᠤᠯᠲᠠ ᠶᠢᠨ ᠡᠳ᠋ ᠬᠤᠳᠠᠯᠳᠤᠨ ᠠᠪᠬᠤ ᠴᠡᠭ ᠢ ᠪᠠᠶᠢᠭᠤᠯᠬᠤ ᠶᠢᠨ ᠬᠠᠮᠲᠤ ᠬᠥᠮᠥᠷᠭᠡ ᠳᠤ ᠣᠷᠣᠭᠤᠯᠤᠭᠰᠠᠨ᠂ ᠪᠣᠷᠣᠯᠠᠭᠤᠯᠤᠭᠰᠠᠨ ᠪᠦᠷᠢᠨ ᠪᠦᠲᠦᠨ ᠲᠡᠮᠳᠡᠭᠯᠡᠯ ᠢ ᠪᠠᠶᠢᠭᠤᠯᠬᠤ ᠬᠡᠷᠡᠭᠲᠡᠢ᠃      2. ᠠᠯᠠᠰᠢᠨ ᠦᠬᠡᠷ ᠠᠯᠠᠰᠢᠨ ᠬᠤᠨᠢ ᠲᠡᠵᠢᠭᠡᠨ ᠦᠷᠡᠵᠢᠭᠦᠯᠬᠦ ᠪᠠ ᠡᠷᠳᠡᠨᠢ ᠰᠢᠰᠢ ᠳᠠᠷᠢᠬᠤ ᠣᠷᠣᠭᠤᠯᠤᠯᠲᠠ ᠶᠢᠨ ᠡᠳ᠋ ᠢ ᠬᠡᠷᠡᠭᠯᠡᠬᠦ ᠶᠢ ᠵᠥᠪᠰᠢᠶᠡᠷᠡᠬᠦ ᠠᠯᠪᠠᠨ ᠵᠠᠷ ᠤᠨ ᠳᠦᠷᠢᠮ ᠢ ᠬᠡᠷᠡᠭᠵᠢᠭᠦᠯᠦᠨ᠎ᠡ᠃ ᠡᠯ᠎ᠡ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠵᠠᠰᠠᠭ ᠵᠠᠬᠢᠷᠭᠠᠨ ᠤ ᠲᠣᠰᠬᠤᠨ ᠤ ᠤᠬᠠᠭᠤᠯᠭ᠎ᠠ ᠶᠢᠨ ᠰᠠᠮᠪᠠᠷ᠎ᠠ ᠳᠤ᠂ ᠳᠡᠯᠭᠡᠭᠦᠷ ᠤᠨ ᠢᠯᠡ ᠢᠯᠡᠳᠬᠡᠭᠰᠡᠨ ᠰᠠᠭᠤᠷᠢᠨ ᠭᠠᠵᠠᠷ ᠤᠨ ᠬᠡᠷᠡᠭᠯᠡᠬᠦ ᠶᠢ ᠵᠥᠪᠰᠢᠶᠡᠷᠡᠭᠰᠡᠨ ᠮᠠᠯ ᠤᠨ ᠡᠮ᠂ ᠲᠠᠷᠢᠶᠠᠨ ᠡᠮ ᠤᠨ ᠨᠠᠷᠢᠨ ᠬᠠᠭᠤᠳᠠᠰᠤ ᠵᠢᠴᠢ ᠲᠡᠵᠢᠭᠡᠯ ᠪᠣᠷᠳᠤᠭ᠎ᠠ ᠬᠡᠷᠡᠭᠯᠡᠬᠦ ᠪᠠᠷᠢᠮᠵᠢᠶ᠎ᠠ ᠶᠢᠪᠣᠷᠣᠯᠠᠭᠤᠯᠤᠨ᠎ᠠ᠃      3. ᠪᠣᠬᠢᠷᠲᠤᠯ ᠦᠭᠡᠢ ᠢᠳᠡᠭᠡᠨ ᠤ ᠠᠯᠠᠰᠢᠨ ᠦᠬᠡᠷ ᠠᠯᠠᠰᠢᠨ ᠬᠤᠨᠢ ᠲᠡᠵᠢᠭᠡᠨ ᠦᠷᠡᠵᠢᠭᠦᠯᠬᠦ ᠠᠵᠢᠯᠯᠠᠭᠠᠨ ᠤ ᠳᠦᠷᠢᠮ᠂ ᠡᠷᠳᠡᠨᠢ ᠰᠢᠰᠢ ᠳᠠᠷᠢᠬᠤ ᠳᠦᠷᠢᠮ ᠢ ᠡᠭᠦᠯᠳᠡᠷ ᠤᠨ ᠲᠡᠵᠢᠭᠡᠨ ᠦᠷᠡᠵᠢᠭᠦᠯᠬᠦ ᠡᠷᠦᠬᠡ ᠨᠢᠭᠡᠪᠦᠷᠢ ᠶᠢᠨ ᠭᠠᠷ ᠲᠤ ᠣᠯᠭᠤᠵᠤ᠂ ᠪᠠᠷᠢᠮᠵᠢᠶ᠎ᠠ ᠶᠣᠰᠣᠭᠠᠷ ᠦᠢᠯᠡᠳᠪᠦᠷᠢᠯᠡᠨ᠎ᠡ᠃      ᠵᠢᠷᠭᠤᠳᠤᠭᠠᠷ ᠵᠦᠢᠯ ᠵᠢᠯᠤᠭᠤᠳᠤᠯᠭ᠎ᠠ ᠦᠢᠯᠡᠴᠢᠯᠡᠭᠡ ᠬᠢᠭᠡᠳ ᠪᠤᠯᠪᠠᠰᠤᠷᠠᠯ       ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ ᠪᠣᠬᠢᠷᠲᠤᠯ ᠦᠭᠡᠢ ᠢᠳᠡᠭᠡᠨ ᠤ ᠪᠠᠶᠢᠴᠠᠭᠠᠭᠴᠢ ᠳᠤ ᠲᠦᠰᠢᠭᠯᠡᠨ᠂ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠨ ᠦᠢᠯᠡᠳᠪᠦᠷᠢᠯᠡᠬᠦ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠮᠡᠷᠭᠡᠵᠢᠯ ᠳᠡᠯᠭᠡᠷᠡᠭᠦᠯᠬᠦ ᠡᠩᠨᠡᠭᠡ ᠶᠢ ᠪᠠᠶᠢᠭᠤᠯᠤᠨ᠎ᠠ᠃ ᠵᠢᠯ ᠪᠦᠷᠢ ᠰᠠᠭᠤᠷᠢᠨ ᠭᠠᠵᠠᠷ ᠤᠨ ᠲᠤᠷᠰᠢᠯᠲᠠ  ᠶᠢᠨ ᠴᠡᠭ  ᠲᠤ ᠮᠡᠷᠭᠡᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡ ᠪᠠ ᠪᠤᠯᠪᠠᠰᠤᠷᠠᠯ ᠢ ᠠᠳᠠᠭ ᠲᠠᠭᠠᠨ ᠨᠢᠭᠡ ᠤᠳᠠᠭ᠎ᠠ ᠥᠷᠨᠢᠭᠦᠯᠦᠨ᠎ᠡ᠃      ᠵᠢᠯᠤᠭᠤᠳᠤᠯᠭ᠎ᠠ ᠦᠢᠯᠡᠴᠢᠯᠡᠭᠡ ᠪᠠ ᠪᠣᠯᠪᠠᠰᠤᠷᠠᠯ ᠤᠨ ᠠᠭᠤᠯᠭ᠎ᠠ ᠃ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠡᠯ᠎ᠡ ᠱᠠᠲᠤᠨ ᠤ ᠬᠠᠮᠢᠶᠠᠷᠤᠯᠲᠠ ᠶᠢᠨ ᠠᠵᠢᠯᠲᠠᠨ᠂ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠠᠵᠢᠯᠲᠠᠨ᠂ ᠵᠣᠯᠭᠠᠭᠤᠯᠬᠤ ᠠᠵᠤ ᠠᠬᠤᠶᠢᠯᠠᠯ ᠤᠨ ᠦᠢᠯᠡᠳᠪᠦᠷᠢᠯᠡᠯ ᠬᠠᠮᠢᠶᠠᠷᠤᠯᠲᠠ ᠶᠢᠨ ᠠᠵᠢᠯᠲᠠᠨ ᠵᠢᠴᠢ ᠰᠠᠭᠤᠷᠢᠨ ᠭᠠᠵᠠᠷ ᠤᠨ ᠳᠣᠲᠣᠷᠠᠬᠢ ᠪᠣᠶ ᠪᠦᠬᠦᠢ ᠮᠠᠯᠴᠢᠨ ᠲᠠᠷᠢᠶᠠᠴᠢᠳ ᠲᠤ ᠪᠣᠬᠢᠷᠲᠤᠯ ᠦᠭᠡᠢ ᠢᠳᠡᠭᠡᠨ ᠤ ᠮᠡᠳᠡᠯᠭᠡ᠂ ᠦᠢᠯᠡᠳᠪᠦᠷᠢᠯᠡᠯ ᠤᠨ ᠮᠡᠷᠭᠡᠵᠢᠯ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ ᠤᠨ ᠲᠤᠰᠬᠠᠢ ᠵᠦᠢᠯ ᠤᠨ ᠪᠤᠯᠪᠠᠰᠤᠷᠠᠯ ᠢ ᠥᠷᠨᠢᠭᠦᠯᠦᠨ᠎ᠡ᠃ ᠪᠤᠯᠪᠠᠰᠤᠷᠠᠯ ᠤᠨ ᠲᠠᠩᠰᠠ ᠡᠪᠬᠡᠮᠡᠯ ᠢ ᠪᠦᠷᠢᠨ ᠪᠦᠲᠦᠨ ᠬᠠᠳᠠᠭᠠᠯᠠᠬᠤ ᠬᠡᠷᠡᠭᠲᠡᠢ ᠃       ᠳᠣᠯᠣᠳᠤᠭᠠᠷ ᠵᠦᠢᠯ  ᠡᠳᠦᠷ ᠲᠤᠳᠤᠮ ᠤᠨ ᠪᠠᠶᠢᠴᠠᠭᠠᠯᠲᠠ      ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ ᠪᠣᠬᠢᠷᠲᠤᠯ ᠦᠭᠡᠢ ᠢᠳᠡᠭᠡᠨ ᠤ ᠪᠠᠶᠢᠴᠠᠭᠠᠭᠴᠢ ᠳᠤ ᠲᠦᠰᠢᠭᠯᠡᠨ᠂ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠪᠠᠶᠢᠭᠤᠯᠬᠤ ᠪᠠ ᠠᠵᠤ ᠠᠬᠤᠶᠢᠯᠠᠯ ᠤᠨ ᠡᠳᠦᠷ ᠲᠤᠲᠤᠮ ᠤᠨ ᠪᠠᠶᠢᠴᠠᠭᠠᠬᠤ ᠡᠩᠨᠡᠭᠡ ᠶᠢ ᠵᠣᠯᠭᠠᠭᠤᠯᠬᠤ ᠬᠡᠷᠡᠭᠲᠡᠢ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠪᠠ ᠵᠣᠯᠭᠠᠭᠤᠯᠬᠤ ᠠᠵᠤ ᠠᠬᠤᠶᠢᠯᠠᠯ ᠳᠤ ᠵᠢᠯ ᠪᠦᠷᠢ ᠠᠳᠠᠭ ᠲᠠᠭᠠᠨ 2 ᠤᠳᠠᠭ᠎ᠠ ᠪᠠᠶᠢᠴᠠᠭᠠᠯᠲᠠ ᠬᠢᠬᠦ ᠬᠡᠷᠡᠭᠲᠡᠢ᠃      ᠪᠠᠶᠢᠴᠠᠭᠠᠬᠤ ᠠᠭᠤᠯᠭ᠎ᠠ᠃ ᠪᠣᠬᠢᠷᠲᠤᠯ ᠦᠭᠡᠢ ᠢᠳᠡᠭᠡᠨ ᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠲᠤ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠵᠦ᠂ ᠰᠠᠭᠤᠷᠢᠨ ᠭᠠᠵᠠᠷ ᠤᠨ ᠬᠠᠮᠢᠶ᠎ᠠ ᠪᠦᠬᠦᠢ ᠳᠦᠷᠢᠮ ᠢ ᠬᠡᠷᠡᠭᠵᠢᠭᠦᠯᠦᠭᠰᠡᠨ ᠪᠠᠶᠢᠳᠠᠯ᠂ ᠣᠷᠣᠭᠤᠯᠤᠭᠰᠠᠨ ᠡᠳ᠋ ᠢ ᠬᠡᠷᠡᠭᠯᠡᠭᠰᠡᠨ ᠪᠠᠶᠢᠳᠠᠯ᠂ ᠠᠵᠤ ᠠᠬᠤᠶᠢᠯᠠᠯ ᠯᠤᠭ᠎ᠠ ᠵᠣᠯᠭᠠᠭᠤᠯᠤᠭᠰᠠᠨ ᠪᠠᠶᠢᠳᠠᠯ᠂ ᠬᠡᠪᠴᠢᠶ᠎ᠡ ᠠᠴᠠ ᠳᠠᠪᠠᠭᠰᠠᠨ ᠡᠰᠡᠬᠦ᠂ ᠲᠠᠩᠰᠠ ᠡᠪᠬᠡᠮᠡᠯ ᠤᠨ ᠵᠢᠷᠤᠮᠵᠢᠯ ᠲᠠᠢ ᠡᠰᠡᠬᠦ ᠶᠢ ᠲᠡᠮᠳᠡᠭᠯᠡᠭᠰᠡᠨ ᠡᠰᠡᠬᠦ᠂ ᠱᠠᠭᠠᠷᠳᠠᠯᠭ᠎ᠠ ᠶᠣᠰᠣᠭᠠᠷ ᠪᠤᠯᠪᠠᠰᠤᠷᠠᠯ ᠬᠢᠭᠰᠡᠨ ᠡᠰᠡᠬᠦ᠂ ᠢᠯᠡ ᠨᠡᠶᠢᠲᠡᠯᠡᠭᠰᠡᠨ ᠡᠰᠡᠬᠦ ᠵᠡᠷᠭᠡ ᠪᠠᠶᠢᠳᠠᠯ ᠢ ᠪᠠᠶᠢᠴᠠᠭᠠᠬᠤ ᠬᠡᠷᠡᠭᠲᠡᠢ᠃      ᠨᠠᠢᠮᠠᠳᠤᠭᠠᠷ ᠵᠦᠢᠯ  ᠶᠠᠰᠤ ᠴᠢᠨᠠᠷ ᠢ ᠪᠠᠶᠢᠴᠠᠭᠠᠨ ᠰᠢᠯᠭᠠᠬᠤ      ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠨᠢᠭᠡᠳᠦᠯᠲᠡᠢ ᠲᠥᠯᠥᠪᠯᠡᠨ ᠲᠣᠬᠢᠷᠠᠭᠤᠯᠤᠭᠰᠠᠨ ᠶᠣᠰᠣᠭᠠᠷ᠂ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠣᠷᠴᠢᠨ ᠲᠣᠭᠤᠷᠢᠨ ᠪᠠ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠨ ᠬᠡᠮᠵᠢᠯᠲᠡ ᠶᠢ ᠵᠣᠬᠢᠶᠠᠨ ᠪᠠᠶᠢᠭᠤᠯᠤᠨ  ᠦᠢᠯᠡᠳᠦᠯᠭᠡᠵᠢᠭᠦᠯᠦᠨ᠎ᠡ᠃       ︵ᠨᠢᠭᠡ︶ ᠣᠷᠴᠢᠨ ᠲᠣᠭᠤᠷᠢᠨ ᠤ ᠬᠢᠨᠠᠨ ᠬᠡᠮᠵᠢᠯᠲᠡ      1. ᠬᠢᠨᠠᠨ ᠬᠡᠮᠵᠢᠬᠦ ᠴᠠᠭ ᠃ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠳᠥᠷᠪᠡᠨ ᠵᠠᠬ᠎ᠠ ᠶᠢᠨ ᠬᠡᠪᠴᠢᠶᠡᠨ ᠳᠣᠲᠣᠷᠠᠬᠢ ᠣᠷᠴᠢᠨ ᠲᠣᠭᠤᠷᠢᠨ ᠢ 3 ᠵᠢᠯ ᠳᠤ ᠨᠢᠭᠡ ᠤᠳᠠᠭ᠎ᠠ ᠬᠢᠨᠠᠨ ᠬᠡᠮᠵᠢᠨ᠎ᠡ᠃      2. ᠬᠢᠨᠠᠨ ᠬᠡᠮᠵᠢᠬᠦ ᠠᠭᠤᠯᠭ᠎ᠠ ᠃ ᠡᠭᠦᠨ ᠳᠤ ᠬᠥᠷᠥᠰᠥ ᠰᠢᠷᠣᠢ᠂ ᠤᠰᠤ᠂ ᠠᠭᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠡᠮᠵᠢᠯᠲᠡ ᠳᠤ ᠬᠢᠵᠠᠭᠠᠷᠯᠠᠭᠳᠠᠬᠤ ᠦᠭᠡᠢ᠃      3. ᠬᠢᠨᠠᠨ ᠬᠡᠮᠵᠢᠬᠦ ᠫᠠᠷᠠᠮᠧᠲᠷ ᠃ ︽ᠪᠣᠬᠢᠷᠲᠤᠯ ᠦᠭᠡᠢ ᠢᠳᠡᠭᠡᠨ ᠤ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠤ ᠶᠠᠰᠤ ᠴᠢᠨᠠᠷ︾ ︵NY/T 391︶ ᠤᠨ ᠱᠠᠭᠠᠷᠳᠠᠯᠭ᠎ᠠ ᠶᠢ ᠦᠨᠳᠦᠰᠦᠯᠡᠨ᠎ᠡ᠃      4. ᠣᠷᠴᠢᠨ ᠲᠣᠭᠤᠷᠢᠨ ᠤ ᠬᠢᠨᠠᠨ ᠬᠡᠮᠵᠢᠯᠲᠡ ᠶᠢ ᠬᠢᠷᠢ ᠬᠡᠮ ᠲᠠᠢ ᠪᠠᠶᠢᠭᠤᠯᠤᠮᠵᠢ ᠠᠴᠠ ᠡᠭᠦᠷᠭᠡᠯᠡᠬᠦᠬᠡᠷᠡᠭᠲᠡᠢ ᠃      ︵ᠬᠤᠶᠠᠷ︶ ᠦᠢᠯᠡᠳᠬᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠨ ᠬᠡᠮᠵᠢᠯᠲᠡ      1.ᠬᠢᠨᠠᠨ ᠬᠡᠮᠵᠢᠬᠦ ᠴᠠᠭ ᠃ ᠰᠠᠭᠤᠷᠢᠨ ᠭᠠᠵᠠᠷ ᠤᠨ ᠲᠤᠷᠰᠢᠯᠲᠠ ᠶᠢᠨ ᠬᠡᠪᠴᠢᠶᠡᠨ ᠳᠠᠬᠢ ᠡᠷᠳᠡᠨᠢ ᠰᠢᠰᠢ᠂ ᠦᠬᠡᠷ ᠬᠤᠨᠢᠨ ᠮᠢᠬ᠎ᠠ ᠶᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠪᠠᠶᠢᠴᠠᠭᠠᠨ ᠰᠢᠯᠭᠠᠨ᠎ᠠ᠃      2.ᠬᠢᠨᠠᠨ ᠬᠡᠮᠵᠢᠬᠦ ᠫᠠᠷᠠᠮᠧᠲᠷ ᠃ ᠡᠷᠳᠡᠨᠢ ᠰᠢᠰᠢ ᠳᠤ ᠲᠠᠷᠢᠶᠠᠨ ᠡᠮ ᠤᠨ ᠦᠯᠡᠳᠡᠭᠳᠡᠯ ᠤᠨ ᠪᠠᠶᠢᠳᠠᠯ ᠢ ᠭᠤᠣᠯᠳᠠᠯᠭ᠎ᠠ ᠲᠠᠢ ᠦᠬᠡᠷ ᠬᠤᠨᠢᠨ ᠮᠢᠬ᠎ᠠ ᠶᠢᠨ ᠭᠤᠣᠯᠳᠠᠯᠭ᠎ᠠ ᠲᠠᠢ ᠪᠠᠶᠢᠴᠠᠭᠠᠨ ᠬᠡᠮᠵᠢᠯᠲᠡ ᠳᠤ β ᠬᠦᠯᠢᠶᠡᠭᠴᠢ ᠶᠢᠨ ᠬᠥᠭᠡᠷᠦᠭᠦᠯᠬᠦ ᠡᠳ᠋ ᠤᠨ ᠲᠦᠷᠦᠯ ᠤᠨ ᠴᠠᠭᠠᠵᠠ ᠶᠢ ᠵᠥᠷᠢᠴᠡᠭᠰᠡᠨ ᠪᠣᠳᠠᠰ ᠂ ᠨᠢᠶᠠᠨ ᠳᠠᠷᠤᠭᠴᠢ ᠵᠡᠷᠭᠡ ᠮᠠᠯ ᠤᠨ ᠡᠮ ᠤᠨ ᠦᠯᠡᠳᠡᠭᠳᠡᠯ ᠤᠨ ᠪᠠᠶᠢᠳᠠᠯ ᠳᠤ ᠬᠢᠵᠠᠭᠠᠷᠯᠠᠭᠳᠠᠬᠤ ᠦᠭᠡᠢ ᠪᠠᠶᠢᠬᠤ ᠶᠢ ᠪᠠᠭᠲᠠᠭᠠᠨ᠎ᠠ ᠃      3.ᠦᠢᠯᠡᠳᠬᠦᠨ ᠢ ᠬᠢᠨᠠᠨ ᠰᠢᠯᠭᠠᠬᠤ ᠠᠵᠢᠯ ᠢ ᠬᠢᠷᠢ ᠬᠡᠮ ᠲᠠᠢ ᠪᠠᠶᠢᠭᠤᠯᠤᠮᠵᠢ ᠠᠴᠠ ᠡᠭᠦᠷᠭᠡᠯᠡᠬᠦ ᠬᠡᠷᠡᠭᠲᠡᠢ ᠃      4.ᠦᠢᠯᠡᠳᠬᠦᠨ ᠤ ᠶᠠᠰᠤ ᠴᠢᠨᠠᠷ ᠤᠨ ᠠᠶᠤᠯᠭᠦᠢ ᠶᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠲᠣᠬᠢᠷᠠᠮᠵᠢᠲᠠᠢ ᠬᠡᠯᠪᠡᠷᠢ ᠪᠠᠷ ᠨᠡᠶᠢᠲᠡᠯᠡᠨ᠎ᠡ ᠃      ᠶᠢᠰᠦᠳᠦᠭᠡᠷ ᠵᠦᠢᠯ  ᠶᠠᠰᠤ ᠴᠢᠨᠠᠷ ᠤᠨ ᠦᠨᠡᠯᠡᠯᠲᠡ      ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ  ᠨᠢ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠬᠡᠪᠴᠢᠶᠡᠨ ᠳᠠᠬᠢ ᠦᠬᠡᠷ ᠬᠤᠨᠢᠨ ᠮᠢᠬ᠎ᠠ ᠳᠤ ᠶᠠᠰᠤ ᠴᠢᠨᠠᠷ ᠤᠨ ᠪᠠᠶᠢᠴᠠᠭᠠᠨ ᠬᠡᠮᠵᠢᠯᠲᠡ ᠬᠢᠬᠦ ᠶᠢ ᠬᠠᠷᠢᠭᠤᠴᠠᠵᠤ᠂ ᠵᠣᠯᠭᠠᠭᠤᠯᠬᠤ ᠠᠵᠤ ᠠᠬᠤᠶᠢᠯᠠᠯ ᠳᠤ ᠦᠬᠡᠷ ᠬᠤᠨᠢᠨ ᠮᠢᠬ᠎ᠠ ᠶᠢᠨ ᠣᠨᠴᠠᠯᠢᠭᠲᠤ ᠴᠢᠨᠠᠷ ᠴᠢᠨᠰᠠᠭ᠎ᠠ ᠶᠢᠨ ᠲᠤᠭ᠎ᠠ ᠪᠠᠷᠢᠮᠲᠠ ᠶᠢ ᠬᠡᠷᠡᠭᠯᠡᠬᠦ ᠡᠷᠡᠭᠡ ᠤᠯᠭᠤᠨ᠎ᠠ  ᠃      ᠠᠷᠪᠠᠳᠤᠭᠠᠷ ᠵᠦᠢᠯ  ᠰᠠᠭᠤᠷᠢᠨ ᠭᠠᠵᠠᠷ ᠢ ᠠᠵᠤ ᠠᠬᠤᠶᠢᠯᠠᠯ ᠯᠤᠭ᠎ᠠ ᠵᠣᠯᠭᠠᠭᠤᠯᠬᠤ      ︵ᠨᠢᠭᠡ︶ ᠵᠣᠯᠭᠠᠭᠤᠯᠬᠤ ᠠᠵᠤ ᠠᠬᠤᠶᠢᠯᠠᠯ ᠢ ᠲᠣᠭᠲᠠᠭᠠᠨ᠎ᠠ᠃ ᠲᠦᠩᠯᠢᠶᠣᠣ ᠬᠤᠲᠠ᠂ ᠰᠢᠯᠢ ᠶᠢᠨ ᠭᠤᠣᠯ ᠠᠶᠢᠮᠠᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ ᠰᠠᠭᠤᠷᠢᠨ ᠭᠠᠵᠠᠷ ᠤᠨ ᠲᠤᠷᠰᠢᠯᠲᠠ ᠯᠤᠭ᠎ᠠ ᠵᠣᠯᠭᠠᠭᠤᠯᠤᠭᠰᠠᠨ ᠦᠬᠡᠷ ᠬᠤᠨᠢᠨ ᠮᠢᠬ᠎ᠠ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠢ ᠨᠠᠶᠢᠳᠠᠪᠤᠷᠢᠵᠢᠭᠤᠯᠬᠤ ᠶᠢ ᠬᠠᠷᠢᠭᠤᠴᠠᠬᠤ ᠶᠢᠨ ᠬᠠᠮᠲᠤ ᠪᠣᠬᠢᠷᠲᠤᠯ ᠦᠭᠡᠢ ᠢᠳᠡᠭᠡᠨ ᠢ ᠭᠡᠷᠡᠴᠢᠯᠡᠬᠦ ᠬᠠᠮᠢᠶ᠎ᠠ ᠪᠦᠬᠦᠢ ᠠᠵᠢᠯ ᠢ ᠵᠢᠯᠣᠭᠤᠳᠤᠨ ᠥᠷᠨᠢᠭᠦᠯᠦᠨ᠎ᠡ᠃      ︵ᠬᠤᠶᠠᠷ︶ ᠵᠣᠯᠭᠠᠭᠤᠯᠬᠤ ᠵᠥᠪᠯᠡᠯᠴᠡᠭᠡᠷ ᠢ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ ᠵᠣᠯᠭᠠᠭᠤᠯᠬᠤ ᠵᠥᠪᠯᠡᠯᠴᠡᠭᠡᠷ ᠢ ᠵᠣᠬᠢᠶᠠᠨ ᠪᠠᠶᠢᠭᠤᠯᠤᠨ ᠲᠤᠭᠤᠷᠪᠢᠵᠤ᠂ ᠲᠦᠩᠯᠢᠶᠣᠣ ᠬᠤᠲᠠ᠂ ᠰᠢᠯᠢ ᠶᠢᠨ ᠭᠤᠣᠯ ᠠᠶᠢᠮᠠᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠵᠥᠪᠯᠡᠯᠴᠡᠭᠡᠷ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ ᠪᠣᠯᠣᠨ᠎ᠠ᠃      ︵ᠭᠤᠷᠪᠠ︶ ᠵᠣᠯᠭᠠᠭᠤᠯᠬᠤ ᠵᠥᠪᠯᠡᠯᠴᠡᠭᠡᠷ ᠲᠣᠭᠲᠠᠨ᠎ᠠ᠃ ᠲᠦᠩᠯᠢᠶᠣᠣ ᠬᠤᠳᠠ ᠂ ᠰᠢᠯᠢ ᠶᠢᠨ ᠭᠤᠣᠯ ᠠᠶᠢᠮᠠᠭ ᠪᠣᠯᠣᠨ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠤ ᠪᠣᠬᠢᠷᠲᠤᠯ ᠦᠭᠡᠢ ᠢᠳᠡᠭᠡᠨ ᠤ ᠠᠵᠢᠯ ᠤᠨ ᠪᠠᠶᠢᠭᠤᠯᠤᠮᠵᠢ ᠨᠤᠭᠤᠳ ᠵᠣᠯᠭᠠᠭᠤᠯᠬᠤ ᠵᠥᠪᠯᠡᠯᠴᠡᠭᠡᠷ ᠲᠣᠭᠲᠠᠬᠤ ᠵᠡᠷᠭᠡ ᠠᠵᠢᠯ ᠥᠷᠨᠢᠭᠦᠯᠬᠦ ᠶᠢ ᠬᠠᠷᠢᠭᠤᠴᠠᠨ᠎ᠠ ᠃      ᠠᠷᠪᠠᠨ ᠨᠢᠭᠡᠳᠦᠭᠡᠷ ᠵᠦᠢᠯ  ᠰᠢᠯᠭᠠᠨ ᠠᠪᠬᠤ ᠪᠠ ᠫᠠᠶᠢᠰᠠ ᠡᠯᠭᠦᠬᠦ      ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ  ᠢ ᠰᠢᠯᠭᠠᠨ ᠠᠪᠬᠤ ᠠᠵᠢᠯ  ᠢ ᠬᠠᠷᠢᠭᠤᠴᠠᠨ ᠵᠤᠬᠢᠶᠠᠨ ᠪᠠᠶᠢᠭᠤᠯᠤᠨ᠎ᠠ᠃       ︵ ᠨᠢᠭᠡ ︶ ᠠᠩᠬ᠎ᠠ ᠰᠢᠯᠭᠠᠬᠤ ᠃ ᠲᠦᠩᠯᠢᠶᠣᠣ ᠬᠤᠲᠠ᠂ ᠰᠢᠯᠢ ᠶᠢᠨ ᠭᠤᠣᠯ ᠠᠶᠢᠮᠠᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ ᠲᠣᠰ ᠬᠠᠮᠢᠶᠠᠷᠤᠯᠲᠠ ᠶᠢᠨ ᠠᠷᠭ᠎ᠠ ᠶᠢᠨ ᠲᠠᠪᠤᠳᠤᠭᠠᠷ ᠵᠦᠢᠯ᠂ ᠵᠢᠷᠭᠤᠳᠤᠭᠠᠷ ᠵᠦᠢᠯ᠂ ᠳᠣᠯᠣᠳᠤᠭᠠᠷ ᠵᠦᠢᠯ᠂ ᠨᠠᠢᠮᠠᠳᠤᠭᠠᠷ ᠵᠦᠢᠯ᠂ ᠠᠷᠪᠠᠳᠤᠭᠠᠷ ᠵᠦᠢᠯ ᠲᠠᠢ ᠬᠠᠷᠢᠴᠠᠭᠤᠯᠤᠨ᠂ ᠰᠠᠭᠤᠷᠢᠨ ᠭᠠᠵᠠᠷ ᠤᠨ ᠲᠤᠷᠰᠢᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠠᠩᠬᠠᠨ ᠤ ᠰᠢᠯᠭᠠᠯᠲᠠ ᠬᠢᠵᠦ᠂ ᠠᠩᠬᠠᠨ ᠤ ᠰᠢᠯᠭᠠᠯᠲᠠ ᠶᠢᠨ ᠮᠡᠳᠡᠭᠦᠯᠦᠯᠲᠡ ᠶᠢ ᠪᠣᠶ ᠪᠣᠯᠭᠠᠨ᠎ᠠ᠃      ︵ ᠬᠤᠶᠠᠷ ︶ ᠬᠠᠷᠭᠤᠭᠤᠯᠤᠨ ᠪᠠᠶᠢᠴᠠᠭᠠᠬᠤ ᠃ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶  ᠨᠢ ᠠᠩᠬ᠎ᠠ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠲᠠᠢ ᠬᠠᠷᠢᠴᠠᠭᠤᠯᠤᠨ ᠲᠤᠬᠠᠢ ᠶᠢᠨ ᠭᠠᠵᠠᠷ ᠲᠤᠨᠢ ᠪᠤᠶᠤ ᠪᠢᠴᠢᠭ ᠢᠶᠠᠷ ᠬᠠᠷᠭᠤᠭᠤᠯᠤᠨ ᠰᠢᠯᠭᠠᠨ ᠪᠠᠶᠢᠴᠠᠭᠠᠬᠤ ᠶᠢ ᠥᠷᠨᠢᠭᠦᠯᠵᠦ᠂ ᠬᠠᠷᠭᠤᠭᠤᠯᠤᠨ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢ ᠪᠣᠶ ᠪᠣᠯᠭᠠᠨ᠎ᠠ᠃      ︵ᠭᠤᠷᠪᠠ︶ ᠢᠯᠡ ᠨᠡᠶᠢᠲᠡᠯᠡᠨ᠎ᠡ᠃ ᠬᠠᠷᠭᠤᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢ ᠦᠪᠳᠦᠰᠦᠯᠡᠨ  ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠲᠤᠷᠰᠢᠯᠲᠠ ᠶᠢᠨ ᠴᠡᠭ  ᠤᠨ ᠰᠠᠭᠤᠷᠢᠨ ᠭᠠᠵᠠᠷ᠂ ᠵᠣᠯᠭᠠᠭᠤᠯᠬᠤ ᠠᠵᠤ ᠠᠬᠤᠶᠢᠯᠠᠯ ᠪᠠ ᠮᠠᠯᠵᠢᠬᠤ ᠲᠠᠷᠢᠶᠠᠯᠠᠬᠤ ᠡᠷᠦᠬᠡ ᠵᠡᠷᠭᠡ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠫᠤᠷᠲ᠋ᠧᠯ ᠰᠦᠯᠵᠢᠶ᠎ᠡ ᠳᠤ 7 ᠠᠵᠢᠯᠯᠠᠬᠤ ᠡᠳᠦᠷ ᠵᠠᠷᠯᠠᠨ ᠨᠡᠶᠢᠲᠡᠯᠡᠨ᠎ᠡ᠃      ︵ᠳᠥᠷᠪᠡ︶ ᠫᠠᠶᠢᠰᠠ ᠡᠯᠭᠦᠬᠦ ᠃ ᠵᠠᠷᠯᠠᠨ ᠨᠡᠶᠢᠲᠡᠯᠡᠬᠦ ᠬᠤᠭᠤᠴᠠᠭ᠎ᠠ ᠳᠠᠭᠤᠰᠲᠠᠯ᠎ᠠ ᠣᠨᠳᠣᠣ ᠰᠠᠨᠠᠯ ᠦᠭᠡᠢ ᠪᠣᠯ᠂ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ ᠰᠠᠭᠤᠷᠢᠨ ᠭᠠᠵᠠᠷ ᠤᠨ ᠲᠤᠷᠰᠢᠯᠲᠠ  ᠶᠢᠨ ᠴᠡᠭ  ᠲᠤ ︽ᠥᠪᠥᠷ ᠮᠣᠩᠭᠤᠯ ᠤᠨ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠨ ᠦᠢᠯᠡᠳᠪᠦᠷᠢᠯᠡᠬᠦ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ︾ ᠭᠡᠬᠦ ᠥᠰᠥᠭ ᠤᠨ ᠫᠠᠶᠢᠰᠠ ᠡᠯᠭᠦᠵᠦ᠂ ᠵᠣᠯᠭᠠᠭᠤᠯᠬᠤ ᠠᠵᠤ ᠠᠬᠤᠶᠢᠯᠠᠯ ᠳᠤ ︽ᠥᠪᠥᠷ ᠮᠣᠩᠭᠤᠯ ᠤᠨ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠨ ᠦᠢᠯᠡᠳᠪᠦᠷᠢᠯᠡᠬᠦ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ  ᠤᠨ ᠵᠣᠯᠭᠠᠭᠤᠯᠬᠤ ᠠᠵᠤ ᠠᠬᠤᠶᠢᠯᠠᠯ︾ ᠭᠡᠬᠦ ᠥᠰᠥᠭ ᠤᠨ ᠫᠠᠶᠢᠰᠠ ᠡᠯᠭᠦᠵᠦ ᠥᠭᠭᠦᠨ᠎ᠡ ︵ᠶᠠᠩᠵᠤ ᠬᠡᠯᠪᠡᠷᠢ ᠶᠢ ᠳᠠᠭᠠᠯᠳᠤᠭᠤᠯᠤᠯ ᠳᠤ ᠦᠵᠡ︶᠃      ᠠᠷᠪᠠᠨ ᠬᠤᠶᠠᠳᠤᠭᠠᠷ ᠵᠦᠢᠯ  ᠤᠬᠠᠭᠤᠯᠤᠨ ᠳᠡᠯᠭᠡᠷᠡᠭᠦᠯᠬᠦ      ︵ᠨᠢᠭᠡ︶ ᠤᠬᠠᠭᠤᠯᠭ᠎ᠠ ᠶᠢ ᠥᠷᠨᠢᠭᠦᠯᠦᠨ᠎ᠡ᠃ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ  ᠨᠢ ᠰᠠᠭᠤᠷᠢᠨ ᠭᠠᠵᠠᠷ ᠤᠨ ᠲᠤᠷᠰᠢᠯᠲᠠ ᠳᠤ ᠤᠬᠠᠭᠤᠯᠭ᠎ᠠ ᠬᠢᠬᠦ ᠶᠢ ᠬᠠᠷᠢᠭᠤᠴᠠᠵᠤ᠂ ᠰᠠᠭᠤᠷᠢᠨ ᠭᠠᠵᠠᠷ ᠤᠨ ᠲᠤᠷᠰᠢᠯᠲᠠ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠲᠤᠷᠰᠢᠯᠲᠠ ᠶᠢᠨ ᠴᠡᠭ ᠤᠨ ᠠᠶᠢᠮᠠᠭ ᠬᠤᠲᠠ᠂ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠵᠣᠬᠢᠴᠠᠩᠭᠤᠢ ᠤᠬᠠᠭᠤᠯᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃      ︵ᠬᠤᠶᠠᠷ︶ ᠱᠠᠳᠤ ᠲᠠᠰ ᠬᠤᠪᠢᠶᠠᠬᠤ ᠶᠢ ᠠᠬᠢᠭᠤᠯᠤᠨ᠎ᠠ᠃ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠵᠣᠯᠭᠠᠭᠤᠯᠬᠤ ᠠᠵᠤ ᠠᠬᠤᠶᠢᠯᠠᠯ ᠤᠨ ᠶᠠᠰᠤ ᠴᠢᠨᠠᠷ ᠤᠨ ᠦᠨᠡᠯᠡᠯᠲᠡ ᠶᠢᠨ ᠲᠤᠭ᠎ᠠ ᠪᠠᠷᠢᠮᠲᠠ ᠶᠢ ᠬᠡᠷᠡᠭᠯᠡᠨ ᠦᠬᠡᠷ ᠬᠤᠨᠢᠨ ᠮᠢᠬ᠎ᠠ ᠶᠢᠨ ᠪᠦᠲᠦᠭᠡᠭᠳᠡᠬᠦᠨ ᠢ ᠱᠠᠳᠤ ᠲᠠᠰ ᠬᠤᠪᠢᠶᠠᠨ ᠪᠣᠷᠣᠯᠠᠭᠤᠯᠬᠤ ᠶᠢ ᠵᠣᠷᠢᠭᠵᠢᠭᠤᠯᠤᠨᠵᠢᠯᠣᠭᠤᠳᠤᠨ᠎ᠠ᠃      ︵ᠭᠤᠷᠪᠠ︶ ᠠᠰᠢᠭ ᠲᠤᠰᠠ ᠶᠢᠨ ᠬᠤᠯᠪᠣᠭᠠᠯᠠᠯ ᠢ ᠠᠬᠢᠭᠤᠯᠤᠨ᠎ᠠ᠃ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ  ᠨᠢ ᠵᠣᠯᠭᠠᠭᠤᠯᠬᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠪᠦᠲᠦᠭᠡᠭᠳᠡᠬᠦᠨ ᠤ ᠦᠨ᠎ᠡ ᠥᠰᠬᠡᠬᠦ ᠶᠢ ᠪᠡᠶᠡᠯᠡᠭᠦᠯᠦᠭᠰᠡᠨ ᠤᠷᠢᠲᠠᠯ ᠳᠣᠣᠷ᠎ᠠ᠂ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠠᠯᠠᠰᠢᠨ ᠦᠬᠡᠷ ᠠᠯᠠᠰᠢᠨ ᠬᠤᠨᠢᠨ ᠤ ᠴᠢᠨᠠᠷ ᠰᠠᠶᠢᠲᠠᠢ ᠪᠥᠭᠡᠳ ᠦᠨ᠎ᠡ ᠰᠠᠶᠢᠲᠠᠢ ᠪᠠᠶᠢᠬᠤ ᠶᠢ ᠠᠬᠢᠭᠤᠯᠤᠨ᠎ᠠ᠃      ᠠᠷᠪᠠᠨ ᠭᠤᠷᠪᠠᠳᠤᠭᠠᠷ ᠵᠦᠢᠯ  ᠬᠥᠳᠡᠯᠦᠩᠭᠦᠢ ᠬᠠᠮᠢᠶᠠᠷᠤᠯᠲᠠ      ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠠᠴᠠ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠪᠠ ᠵᠣᠯᠭᠠᠭᠤᠯᠬᠤ ᠠᠵᠤ ᠠᠬᠤᠶᠢᠯᠠᠯ ᠤᠨ ᠬᠥᠳᠡᠯᠦᠩᠭᠦᠢ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠲᠦᠩᠯᠢᠶᠣᠣ ᠬᠤᠲᠠ᠂ ᠰᠢᠯᠢ ᠶᠢᠨ ᠭᠤᠣᠯ ᠠᠶᠢᠮᠠᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ ᠵᠢᠯ ᠪᠦᠷᠢ ᠶᠢᠨ 11 ᠳ᠋ᠦᠭᠡᠷ ᠰᠠᠷ᠎ᠠ ᠶᠢᠨ ᠰᠡᠭᠦᠯᠴᠢ ᠪᠠᠷ ᠬᠠᠷᠭᠤᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠳᠤ ᠮᠡᠳᠡᠭᠦᠯᠦᠨ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠳᠤ ᠳᠡᠪᠰᠢᠭᠦᠯᠦᠨ ᠳᠠᠩᠰᠠᠯᠠᠭᠤᠯᠤᠨ᠎ᠠ᠃ ᠳᠣᠣᠷᠠᠬᠢ ᠪᠠᠶᠢᠳᠠᠯ ᠭᠠᠷᠪᠠᠯ᠂ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠠᠴᠠ ᠴᠡᠭᠴᠡᠯᠡᠨ ᠰᠠᠶᠢᠵᠢᠷᠠᠭᠤᠯᠬᠤ ᠪᠤᠶᠤ ᠰᠠᠭᠤᠷᠢᠨ ᠭᠠᠵᠠᠷ ᠤᠨ ᠲᠤᠷᠰᠢᠯᠲᠠ ᠶᠢᠨ ᠬᠢᠷᠢ ᠬᠡᠮ ᠢ ᠬᠦᠴᠦᠨ ᠦᠭᠡᠢ ᠪᠣᠯᠭᠠᠬᠤ᠂ ᠵᠣᠬᠢᠬᠤ ᠫᠠᠶᠢᠰᠠ ᠢᠯᠡᠷᠬᠡᠶᠢᠯᠡᠯ ᠢ ᠬᠦᠴᠦᠨ ᠦᠭᠡᠢ ᠪᠣᠯᠭᠠᠬᠤ ᠰᠠᠨᠠᠭᠤᠯᠭ᠎ᠠ ᠳᠤᠷᠠᠳᠴᠤ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠠᠯᠪᠠᠨ ᠵᠠᠷ ᠨᠡᠶᠢᠲᠡᠯᠡᠵᠦ ᠵᠣᠬᠢᠬᠤ ᠬᠢᠷᠢ ᠬᠡᠮ ᠢ ᠬᠦᠴᠦᠨ ᠦᠭᠡᠢ ᠪᠣᠯᠭᠠᠨ᠎ᠠ᠃      ︵ᠨᠢᠭᠡ︶ ᠳᠣᠣᠷᠠᠬᠢ ᠪᠠᠶᠢᠳᠠᠯ ᠲᠠᠢ ᠪᠠᠶᠢᠪᠠᠯ᠂ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠪᠤᠶᠤ ᠵᠣᠯᠭᠠᠭᠤᠯᠤᠭᠰᠠᠨ ᠠᠵᠤ ᠠᠬᠤᠶᠢᠯᠠᠯ ᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠬᠢᠵᠠᠭᠠᠷ ᠨᠢ 3 ᠰᠠᠷ᠎ᠠ ᠶᠢᠨ ᠳᠣᠲᠣᠷ᠎ᠠ᠂ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠤᠶᠤ ᠴᠡᠭᠴᠡᠯᠡᠨ ᠰᠠᠶᠢᠵᠢᠷᠠᠭᠤᠯᠤᠭᠰᠠᠨ  ᠨᠢ ᠱᠠᠭᠠᠷᠳᠠᠯᠭ᠎ᠠ ᠳᠤ ᠬᠦᠷᠦᠭᠰᠡᠨ ᠦᠭᠡᠢ ᠪᠠᠶᠢᠪᠠᠯ᠂ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠃      1.ᠦᠢᠯᠡᠳᠬᠦᠨ ᠢ ᠪᠠᠶᠢᠴᠠᠭᠠᠨ ᠰᠢᠯᠭᠠᠬᠤ ᠡᠩ ᠤᠨ ᠡᠮ ᠤᠨ ᠵᠦᠢᠯ ᠨᠢ ᠪᠠᠷᠢᠮᠵᠢᠶ᠎ᠠ ᠠᠴᠠ ᠬᠡᠲᠦᠷᠡᠭᠰᠡᠨ ︔      2.ᠬᠤᠯᠪᠣᠭᠳᠠᠯ ᠪᠦᠬᠦᠢ ᠳᠦᠷᠢᠮ ᠨᠢ ᠲᠡᠭᠦᠯᠳᠡᠷᠵᠢᠭᠡᠳᠦᠢ ᠂ ᠳᠦᠷᠢᠮ ᠢ ᠪᠦᠲᠦᠮᠵᠢᠲᠡᠶ ᠨᠠᠶᠢᠳᠠᠪᠤᠷᠢᠵᠢᠭᠤᠯᠤᠭᠠᠳᠤᠢ ᠪᠠᠶᠢᠬᠤ ︔      3.ᠦᠢᠯᠡᠳᠪᠦᠷᠢᠯᠡᠯ ᠤᠨ ᠲᠡᠮᠳᠡᠭᠯᠡᠯ ᠨᠢ ᠪᠦᠷᠢᠨ ᠪᠤᠰᠤ ᠪᠠᠶᠢᠵᠤ ᠂ ᠳᠠᠩᠰᠠ ᠡᠪᠬᠡᠮᠡᠯ ᠳᠤ ᠣᠷᠣᠭᠤᠯᠵᠤ ᠬᠠᠮᠢᠶᠠᠷᠤᠭᠰᠠᠨ ᠦᠭᠡᠢ ︔      4. ᠴᠡᠭᠴᠡᠯᠡᠨ ᠥᠭᠡᠷᠡᠴᠢᠯᠡᠬᠦ ᠴᠢᠬᠤᠯᠠᠲᠠᠢ ᠪᠤᠰᠤᠳ ᠪᠠᠶᠢᠳᠠᠯ ᠃      ︵ᠬᠤᠶᠠᠷ︶ ᠳᠣᠣᠷᠠᠬᠢ ᠮᠡᠲᠦ ᠪᠠᠶᠢᠳᠠᠯ ᠲᠠᠢ ᠪᠠᠶᠢᠪᠠᠯ᠂ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠪᠤᠶᠤ ᠵᠣᠯᠭᠠᠭᠤᠯᠬᠤ ᠠᠵᠤ ᠠᠬᠤᠶᠢᠯᠠᠯ ᠤᠨ ᠬᠢᠷᠢ ᠬᠡᠮ ᠢ ᠬᠦᠴᠦᠨ ᠦᠭᠡᠢ ᠪᠣᠯᠭᠠᠨ᠎ᠠ᠃      1. ᠪᠣᠬᠢᠷᠲᠤᠯ ᠦᠭᠡᠢ ᠢᠳᠡᠭᠡᠨ ᠤ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠠᠵᠢᠯᠯᠠᠬᠤ ᠳᠦᠷᠢᠮᠵᠢᠯ ᠤᠨ ᠶᠣᠰᠣᠭᠠᠷ ᠦᠯᠦ ᠦᠢᠯᠡᠳᠪᠦᠷᠢᠯᠡᠭᠰᠡᠨ ︔      2.  ᠬᠦᠨᠳᠦ ᠶᠡᠭᠡ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠡᠷᠡᠭ ᠭᠠᠷᠤᠭᠰᠠᠨ ︔       3. ᠭᠠᠷᠤᠯᠲᠠ ᠶᠢᠨ ᠣᠷᠣᠨ ᠤ ᠣᠷᠴᠢᠨ ᠠᠬᠤᠢ ᠶᠢ ᠪᠠᠶᠢᠴᠠᠭᠠᠨ ᠰᠢᠯᠭᠠᠬᠤ ᠶᠠᠪᠤᠴᠠ ᠳᠤ ᠬᠦᠨᠳᠦ ᠲᠡᠮᠦᠷᠯᠢᠭ ᠵᠡᠷᠭᠡ ᠪᠣᠬᠢᠷᠲᠤᠯ ᠪᠣᠳᠠᠰ ᠪᠠᠷᠢᠮᠵᠢᠶ᠎ᠠ ᠠᠴᠠ ᠬᠡᠲᠦᠷᠡᠭᠰᠡᠨ ︔      4. ᠦᠢᠯᠡᠳᠬᠦᠨ  ᠠᠴᠠ  ᠨᠢ ᠬᠡᠷᠡᠭᠯᠡᠬᠦ ᠶᠢ ᠴᠠᠭᠠᠵᠠᠯᠠᠭᠰᠠᠨ ᠪᠠ ᠬᠢᠵᠠᠭᠠᠷᠯᠠᠭᠰᠠᠨ ᠡᠮ ᠤᠨ ᠵᠦᠢᠯ ᠢ ᠪᠠᠶᠢᠴᠠᠭᠠᠵᠤ ᠭᠠᠷᠭᠠᠭᠰᠠᠨ ︔      5. ᠮᠠᠯᠵᠢᠬᠤ ᠲᠠᠷᠢᠶᠠᠯᠠᠬᠤ ᠡᠷᠦᠬᠡ ᠪᠤᠶᠤ ᠵᠣᠯᠭᠠᠭᠤᠯᠤᠭᠰᠠᠨ ᠠᠵᠤ ᠠᠬᠤᠶᠢᠯᠠᠯ  ᠠᠴᠠ ᠴᠠᠭᠠᠵᠠᠲᠠᠢ ᠪᠣᠳᠠᠰ ᠢ ᠪᠠᠶᠢᠴᠠᠭᠠᠵᠤ ᠭᠠᠷᠭᠠᠭᠰᠠᠨ ᠪᠤᠶᠤ ᠬᠠᠤᠯᠢ ᠲᠣᠭᠲᠠᠭᠠᠯ  ᠠᠴᠠ ᠵᠥᠷᠢᠴᠡᠭᠰᠡᠨ ᠦᠢᠯᠡᠳᠪᠦᠷᠢᠯᠡᠯ ᠡᠵᠡᠩᠨᠡᠯᠲᠡ ᠳᠤ ᠣᠷᠣᠯᠴᠠᠭᠰᠠᠨ︔      6. ᠲᠠᠷᠢᠶᠠᠯᠠᠬᠤ ᠮᠠᠯᠵᠢᠬᠤ ᠡᠷᠦᠬᠡ ᠪᠤᠶᠤ ᠵᠣᠯᠭᠠᠭᠤᠯᠬᠤ ᠠᠵᠤ ᠠᠬᠤᠶᠢᠯᠠᠯ ᠨᠢ ᠡᠭᠦᠳᠦᠨ ᠪᠠᠶᠢᠭᠤᠯᠬᠤ ᠳᠤ ᠣᠷᠣᠯᠴᠠᠬᠤ ᠦᠭᠡᠢ ᠭᠡᠵᠦ ᠰᠠᠨᠠᠭᠠᠴᠢᠯᠠᠭ᠎ᠠ  ᠠᠴᠠ ᠪᠠᠨ ᠳᠤᠷᠠᠳᠤᠭᠰᠠᠨ︔      7. ᠡᠭᠦᠳᠦᠨ ᠪᠠᠶᠢᠭᠤᠯᠬᠤ ᠬᠢᠷᠢ ᠬᠡᠮ ᠢ ᠨᠢ ᠬᠠᠰᠤᠬᠤ ᠴᠢᠬᠤᠯᠠᠲᠠᠢ ᠪᠤᠰᠤᠳ ᠪᠠᠶᠢᠳᠠᠯ ᠃      ᠠᠷᠪᠠᠨ ᠳᠥᠷᠪᠡᠳᠦᠭᠡᠷ ᠵᠦᠢᠯ  ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠬᠢᠷᠢ ᠬᠡᠮ ᠢ ᠬᠦᠴᠦᠨ ᠦᠭᠡᠢ ᠪᠣᠯᠭᠠᠭᠰᠠᠨ ᠮᠠᠯᠵᠢᠬᠤ ᠲᠠᠷᠢᠶᠠᠯᠠᠬᠤ ᠡᠷᠦᠬᠡ ᠪᠠ ᠵᠣᠯᠭᠠᠭᠤᠯᠬᠤ ᠠᠵᠤ ᠠᠬᠤᠶᠢᠯᠠᠯ ᠨᠢ ︽ᠥᠪᠥᠷ ᠮᠣᠩᠭᠤᠯ ᠤᠨ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ︾ ᠪᠠ ︽ᠥᠪᠥᠷ ᠮᠣᠩᠭᠤᠯ ᠤᠨ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠵᠣᠯᠭᠠᠭᠤᠯᠬᠤ ᠠᠵᠤ ᠠᠬᠤᠶᠢᠯᠠᠯ︾ ᠤᠨ ᠫᠠᠶᠢᠰᠠ ᠢᠯᠡᠷᠬᠡᠶᠢᠯᠡᠯ ᠢ ᠬᠡᠷᠡᠭᠯᠡᠵᠦ ᠪᠣᠯᠬᠤ ᠦᠭᠡᠢ᠃ ᠡᠭᠦᠨ ᠢᠶᠠᠷ ᠠᠭᠤᠯᠭ᠎ᠠ ᠪᠣᠯᠭᠠᠨ ᠬᠠᠮᠢᠶ᠎ᠠ ᠪᠦᠬᠦᠢ ᠤᠬᠠᠭᠤᠯᠭ᠎ᠠ ᠳᠡᠯᠭᠡᠷᠡᠭᠦᠯᠦᠯᠲᠡ ᠶᠢ ᠥᠷᠨᠢᠭᠦᠯᠵᠦ ᠪᠣᠯᠬᠤ ᠦᠭᠡᠢ ᠃      ᠠᠷᠪᠠᠨ ᠲᠠᠪᠤᠳᠤᠭᠠᠷ ᠵᠦᠢᠯ  ᠣᠶᠤᠨᠴᠢ ᠬᠠᠮᠢᠶᠠᠷᠤᠯᠲᠠ      ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ  ︾  ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠣᠮᠣ ᠳ᠋ᠠᠶᠢᠲ᠋ᠠ ᠶᠢᠨ ᠣᠶᠤᠨᠴᠢ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠲᠠᠪᠴᠠᠩ︾ ᠳᠤ ᠣᠷᠣᠭᠤᠯᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠳᠠ ᠬᠢᠨ᠎ᠡ᠃ ᠲᠦᠩᠯᠢᠶᠣᠣ ᠬᠤᠲᠠ᠂ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠢ ᠵᠢᠯᠣᠭᠤᠳᠤᠨ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠮᠠᠯᠵᠢᠬᠤ ᠲᠠᠷᠢᠶᠠᠯᠠᠬᠤ ᠡᠷᠦᠬᠡ ᠪᠠ ᠵᠣᠯᠭᠠᠭᠤᠯᠬᠤ ᠠᠵᠤ ᠠᠬᠤᠶᠢᠯᠠᠯ ᠢ ᠲᠣᠮᠣ ᠳ᠋ᠠᠶᠢᠲ᠋ᠠ ᠶᠢᠨ ᠲᠠᠪᠴᠠᠩ ᠳᠤ ᠣᠷᠣᠭᠤᠯᠤᠨ ᠣᠶᠤᠨᠴᠢ ᠬᠠᠮᠢᠶᠠᠷᠤᠯᠲᠠ ᠶᠠᠪᠤᠭᠤᠯᠤᠨ᠎ᠠ᠃      ᠠᠷᠪᠠᠨ ᠵᠢᠷᠭᠤᠳᠤᠭᠠᠷ ᠵᠦᠢᠯ  ᠦᠬᠡᠷ ᠬᠤᠨᠢ ᠨᠢᠲᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠬᠡᠷᠡᠭᠵᠢᠭᠦᠯᠬᠦ ᠬᠡᠷᠡᠭᠲᠡᠢ᠃      ᠠᠷᠪᠠᠨ ᠳᠣᠯᠣᠳᠤᠭᠠᠷ ᠵᠦᠢᠯ  ᠲᠣᠰ ᠠᠷᠭ᠎ᠠ ︵ᠲᠤᠷᠰᠢᠨ ᠬᠡᠷᠡᠭᠵᠢᠭᠦᠯᠬᠦ︶ ᠶᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃      ᠠᠷᠪᠠᠨ ᠨᠠᠢᠮᠠᠳᠤᠭᠠᠷ ᠵᠦᠢᠯ  ᠲᠤᠰ ᠠᠷᠭ᠎ᠠ ︵ᠲᠤᠷᠰᠢᠨ ᠬᠡᠷᠡᠭᠵᠢᠭᠦᠯᠬᠦ︶ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠳᠠᠭᠠᠯᠳᠤᠭᠤᠯᠤᠯ᠄ ᠥᠪᠥᠷ ᠮᠣᠩᠭᠤᠯ ᠤᠨ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ︵ᠲᠤᠷᠰᠢᠯᠲᠠ ᠶᠢᠨ ᠴᠡᠭ︶ ︵ᠶᠠᠩᠵᠤ ᠮᠠᠶ᠋ᠢᠭ︶      ᠥᠪᠥᠷ ᠮᠣᠩᠭᠤᠯ ᠤᠨ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ︵ᠲᠤᠷᠰᠢᠯᠲᠠ ᠶᠢᠨ ᠴᠡᠭ ︶ ᠢ ᠵᠣᠯᠭᠠᠭᠤᠯᠬᠤ ᠠᠵᠤ ᠠᠬᠤᠶᠢᠯᠠᠯ ︵ᠶᠠᠩᠵᠤ ᠬᠡᠯᠪᠡᠷᠢ︶ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号