ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠯᠤᠰ ᠤᠨ ᠭᠠᠮᠰᠢᠭ ᠠᠴᠠ ᠠᠪᠤᠷᠠᠬᠤ ᠭᠠᠴᠢᠭ ᠲᠤ ᠪᠡᠯᠡᠳᠬᠡᠬᠦ ᠦᠷ᠎ᠡ ᠶᠢᠨ ᠨᠥᠭᠡᠴᠡᠯᠡᠯᠲᠡ ᠶᠢᠨ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/4/12
      ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠠ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠭᠠᠮᠰᠢᠭ ᠠᠴᠠ ᠠᠪᠤᠷᠠᠵᠤ ᠭᠠᠴᠢᠭ ᠲᠤ ᠪᠡᠯᠡᠳᠬᠡᠬᠦ ᠦᠷ᠎ᠡ ᠶᠢᠨ ᠨᠥᠭᠡᠴᠡᠯᠡᠯᠲᠡ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠭᠠᠵᠠᠷ ᠤᠨ ᠳᠡᠳ᠋ ᠳᠠᠷᠤᠭ᠎ᠠ ᠯᠢ ᠴᠢᠶᠠᠨ ᠵᠡᠷᠭᠡ 4 ᠬᠥᠮᠥᠨ ᠥᠪᠥᠷ ᠮᠣᠩᠭᠤᠯ ᠤᠨ ᠮᠧᠩ ᠯᠦᠩ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠡᠭᠦᠷᠭᠡᠯᠡᠵᠦ ᠪᠠᠶᠢᠭ᠎ᠠ ᠤᠯᠤᠰ ᠤᠨ ᠭᠠᠮᠰᠢᠭ ᠠᠴᠠ ᠠᠪᠤᠷᠠᠵᠤ ᠭᠠᠴᠢᠭ ᠲᠤ ᠪᠡᠯᠡᠳᠬᠡᠬᠦ ᠦᠷ᠎ᠡ ᠶᠢᠨ ᠨᠥᠭᠡᠴᠡᠯᠡᠯᠲᠡ ᠶᠢᠨ ᠪᠠᠶᠢᠳᠠᠯ ᠳᠤ ᠪᠠᠶᠢᠴᠠᠭᠠᠯᠲᠠ ᠬᠢᠵᠡᠢ᠃
1.png
       2024 ᠣᠨ ᠳᠤ ᠥᠪᠥᠷ ᠮᠣᠩᠭᠤᠯ ᠤᠨ ᠮᠧᠩ ᠯᠦᠩ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ 10 ᠲᠦᠮᠡᠨ ᠺᠢᠯᠣᠭ᠍ᠷᠠᠮ ᠤᠯᠤᠰ ᠤᠨ ᠭᠠᠮᠰᠢᠭ ᠠᠴᠠ ᠠᠪᠤᠷᠠᠬᠤ ᠰᠢᠷ᠎ᠠ ᠪᠤᠷᠴᠠᠭ ᠤᠨ ᠦᠷ᠎ᠡ ᠶᠢ ᠨᠥᠭᠡᠴᠡᠯᠡᠬᠦ ᠡᠭᠦᠷᠭᠡ ᠶᠢ ᠡᠭᠦᠷᠭᠡᠯᠡᠵᠦ ᠪᠠᠶᠢᠨ᠎ᠠ᠃ ᠪᠠᠶᠢᠴᠠᠭᠠᠬᠤ ᠳᠤᠭᠤᠶᠢᠯᠠᠩ ᠤᠨ ᠬᠢᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠤ ︽2024 ᠣᠨ ᠤ ᠭᠠᠮᠰᠢᠭ ᠠᠴᠠ ᠠᠪᠤᠷᠠᠬᠤ ᠭᠠᠴᠢᠭ ᠲᠤ ᠪᠡᠯᠡᠳᠬᠡᠬᠦ ᠦᠷ᠎ᠡ ᠶᠢᠨ ᠨᠥᠭᠡᠴᠡᠯᠡᠯᠲᠡ ᠶᠢᠨ ᠪᠠᠶᠢᠴᠠᠭᠠᠯᠲᠠ ᠶᠢ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠲᠤᠬᠠᠢ ᠶᠢᠨ ᠲᠠᠯᠠᠪᠤᠷ ᠢ ᠦᠵᠡᠬᠦ᠂ ᠮᠠᠲ᠋ᠧᠷᠢᠶᠠᠯ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠨ᠂ ᠳᠠᠭᠠᠭᠠᠨ ᠨᠥᠭᠡᠴᠡᠯᠡᠬᠦ ᠡᠭᠦᠯᠳᠡᠷ᠂ ᠲᠤᠭ᠎ᠠ ᠬᠡᠮᠵᠢᠶ᠎ᠡ᠂ ᠶᠠᠰᠤ ᠴᠢᠨᠠᠷ ᠵᠢᠴᠢ ᠶᠠᠪᠤᠴᠠ ᠶᠢᠨ ᠬᠠᠮᠢᠶᠠᠷᠤᠯᠲᠠ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠵᠦ᠂ ᠳᠠᠭᠠᠭᠠᠨ ᠨᠥᠭᠡᠴᠡᠯᠡᠬᠦ ᠦᠷ᠎ᠡ ᠶᠢᠨ ᠨᠥᠭᠡᠴᠡᠯᠡᠬᠦ ᠱᠠᠭᠠᠷᠳᠠᠯᠭ᠎ᠠ ᠳᠤ ᠨᠡᠶᠢᠴᠡᠬᠦ ᠶᠢ ᠨᠤᠲᠠᠯᠠᠪᠠ᠃
2.2.jpg
       ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠨᠠᠮ ᠤᠨ ᠬᠤᠷᠢᠶ᠎ᠠ ᠶᠢᠨ ᠱᠦᠵᠢ ᠴᠧᠩ ᠷᠦᠢ ᠪᠦᠦ᠂ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠰᠠᠯᠠᠭ᠎ᠠ᠂ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠲᠠᠷᠢᠮᠠᠯ ᠤᠨ ᠦᠷ᠎ᠡ ᠶᠢᠨ ᠦᠢᠯᠡᠰ ᠤᠨ ᠰᠠᠯᠠᠭ᠎ᠠ ᠪᠣᠯᠣᠨ ᠰᠦᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠥᠮᠥᠰ ᠣᠷᠣᠯᠴᠠᠪᠠ᠃
 
ᠢᠷᠡᠯᠲᠡ᠄ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号