ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠥᠯᠥᠪᠯᠡᠭᠡ ᠶᠢ ᠳᠠᠭᠠᠯᠳᠤᠨ ᠱᠠᠨᠳᠦ᠋ᠩ ᠤᠨ ᠯᠠᠨ ᠯᠢᠩ  ᠳᠤ ᠣᠷᠤᠪᠠ
ᠨᠡᠶᠢᠲᠡᠯᠡᠭᠰᠡᠨ ᠴᠠᠭ᠄
2024/4/13
      ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠲᠦ ᠲᠡᠮᠳᠡᠭᠲᠦ ᠶᠢ ᠤᠬᠠᠭᠤᠯᠤᠨ ᠲᠠᠨᠢᠯᠴᠠᠭᠤᠯᠬᠤ ᠡᠷᠴᠢᠮ ᠢ ᠴᠢᠩᠭᠠᠷᠠᠭᠤᠯᠵᠤ᠂ ᠪᠣᠷᠤᠯᠠᠭᠤᠯᠭ᠎ᠠ ᠶᠢᠨ ᠠᠷᠭ᠎ᠠ ᠵᠠᠮ ᠢ ᠦᠷᠭᠦᠯᠵᠢᠯᠡᠨ ᠦᠷᠭᠡᠳᠭᠡᠬᠦ ᠶᠢᠨ ᠲᠥᠯᠥᠭᠡ᠂ 4 ᠰᠠᠷ᠎ᠠ ᠶᠢᠨ 11 ᠤ ᠡᠳᠦᠷ ᠠᠴᠠ 13 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠣᠷᠣᠨ ᠤ ᠳᠣᠲᠣᠷᠠᠬᠢ 120 ᠭᠠᠷᠤᠢ ᠠᠵᠤ ᠠᠬᠤᠶᠢᠯᠠᠯ ᠤᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢᠨ 600 ᠭᠠᠷᠤᠢ ᠵᠦᠢᠯ ᠤᠨ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠠ ᠨᠡᠭᠦᠳᠡᠯ ᠦᠵᠡᠭᠦᠯᠭᠡ ᠶᠢᠨ ᠲᠢᠩᠬᠢᠮ ᠤᠨ ᠬᠠᠮ ᠲᠡᠷᠭᠡ ᠶᠢ ᠵᠣᠬᠢᠶᠠᠨ ᠪᠠᠶᠢᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠳᠤᠮᠳᠠᠳᠤ ᠤᠯᠤᠰ ᠤᠨ ᠲᠠᠷᠢᠶᠠᠯᠠᠩ ᠤᠨ ᠺᠢᠨᠣ᠋ ᠲᠧᠯᠸᠢᠰ ᠤᠨ ᠲᠥᠪ ᠠᠴᠠ ᠭᠤᠣᠯᠯᠠᠨ ᠡᠷᠭᠢᠯᠡᠭᠰᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠥᠯᠥᠪᠯᠡᠭᠡ ᠶᠢ ᠱᠠᠨᠳᠦ᠋ᠩ ᠤᠨ ᠯᠠᠨ ᠯᠢᠩ ᠳᠤ ᠣᠷᠣᠭᠤᠯᠪᠠ᠃ ᠤᠯᠤᠰ ᠤᠨ ᠶᠠᠮᠤᠨ ᠵᠥᠪᠯᠡᠯ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠠᠵᠢᠯ ᠲᠦᠷᠦᠯ ᠤᠨ ᠨᠡᠶᠢᠭᠡᠮᠯᠢᠭ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠲᠤᠰᠬᠠᠢ ᠮᠡᠷᠭᠡᠵᠢᠯᠲᠡᠨ ᠡᠷᠳᠡᠮᠲᠡᠨ᠂ ᠠᠵᠤ ᠠᠬᠤᠶᠢᠯᠠᠯ ᠪᠣᠯᠣᠨ ᠵᠠᠭᠤᠴᠢᠯᠠᠭᠤᠷ ᠤᠨ ᠲᠥᠯᠥᠭᠡᠯᠡᠭᠴᠢ ᠮᠢᠩᠭ᠎ᠠ ᠰᠢᠬᠠᠮ ᠬᠥᠮᠥᠨ ᠠᠵᠢᠯᠯᠠᠭ᠎ᠠ ᠳᠤ ᠣᠷᠣᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠡᠶᠢᠲᠡᠯᠢᠭ ᠵᠢᠱᠢᠶ᠎ᠡ ᠶᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠮᠠᠨ ᠤ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠳᠤ ᠦᠯᠢᠬᠡᠷ ᠵᠠᠭᠪᠤᠷ ᠪᠣᠯᠣᠨ ᠠᠷᠭ᠎ᠠ ᠵᠠᠮ ᠬᠠᠩᠭᠠᠵᠠᠢ᠃ 
11.png
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢ ᠰᠢᠦᠢ ᠳ᠋ᠦᠩ ᠡᠬᠢᠯᠡᠯᠲᠡ ᠶᠢᠨ ᠶᠣᠰᠣᠯᠠᠯ ᠳᠡᠭᠡᠷ᠎ᠡ ︽ᠨᠠᠷᠠᠲᠤ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠪᠠᠷ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠶ᠎ᠠ︾ ᠭᠡᠬᠦ ᠰᠡᠳᠦᠪ ᠢᠶᠠᠷ ᠦᠷ᠎ᠡ ᠪᠦᠲᠦᠭᠡᠯ ᠢᠶᠠᠨ ᠬᠤᠪᠢᠶᠠᠯᠴᠠᠪᠠ᠃      ᠠᠵᠢᠯᠯᠠᠭ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠥᠯᠥᠪᠯᠡᠭᠡ︾ ︽ᠨᠠᠷᠠᠲᠤ ᠲᠡᠮᠳᠡᠭᠲᠦ ᠪᠠᠷ ᠲᠠᠷᠢᠶᠠᠯᠠᠩ ᠢ ᠬᠥᠭᠵᠢᠭᠦᠯᠬᠦ ᠪᠥᠬᠦ ᠤᠯᠤᠰ ᠤᠨ ᠨᠡᠶᠢᠲᠡᠯᠢᠭ ᠵᠢᠱᠢᠶ᠎ᠡ︾ ᠶᠢᠨ ᠢᠷᠠᠭᠤ ᠠᠯᠳᠠᠷ ᠢ ᠬᠦᠷᠲᠡᠪᠡ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠰᠣᠩᠭᠤᠨ ᠬᠦᠷᠭᠡᠭᠰᠡᠨ ︽ᠦᠪᠦᠷ ᠮᠣᠩᠭᠤᠯ︾ ᠲᠡᠮᠳᠡᠭᠲᠦ ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠨᠢ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠳᠤ ᠬᠦᠴᠦᠨ ᠨᠡᠮᠡᠷᠢᠯᠡᠬᠦ ᠲᠥᠯᠥᠪᠯᠡᠭᠡ︾ ᠶᠢᠨ ︽ᠵᠠᠭᠤᠨ ᠬᠤᠲᠠ ᠶᠢᠨ ᠲᠣᠮᠣ ᠲᠡᠭᠦᠪᠦᠷᠢ︾ ᠶᠢᠨ ᠡᠭᠦᠯᠡᠨ ᠦᠵᠡᠭᠦᠯᠭᠡ ᠶᠢᠨ ᠲᠡᠷᠢᠭᠦᠨ ᠤ ᠰᠢᠯᠢᠳᠡᠭ ᠪᠣᠳᠠᠰ ᠤᠨ ᠱᠠᠩᠨᠠᠯ ᠢ ᠭᠥᠷᠳᠡᠪᠡ᠃ ᠳᠤᠮᠳᠠᠳᠤ ᠤᠯᠤᠰ ᠤᠨ ᠲᠠᠷᠢᠶᠠᠯᠠᠩ ᠤᠨ ᠺᠢᠨᠣ᠋ ᠲᠧᠯᠸᠢᠰ ᠤᠨ ᠲᠥᠪ  ᠨᠢ CCTV-17᠂ ᠬᠥᠳᠡᠭᠡ ᠲᠣᠰᠬᠤᠨ ᠤ ᠲᠧᠯᠸᠢᠰ ᠤᠨ ᠰᠦᠯᠵᠢᠶ᠎ᠡ᠂ ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ ᠲᠡᠷᠢᠭᠦᠨ ᠵᠤᠷᠪᠤᠰ᠂ ᠲᠣᠭᠠᠴᠢᠯᠠᠭᠰᠠᠨ ᠬᠥᠳᠡᠭᠡ ᠲᠣᠰᠬᠤᠨ ᠤ ᠰᠤᠪᠠᠭ᠂ ᠥᠨᠥᠳᠥᠷ ᠤᠨ ᠲᠡᠷᠢᠭᠦᠨ ᠵᠤᠷᠪᠤᠰ᠂ ᠰᠢᠨ ᠯᠠᠩ ᠪᠢᠴᠢᠯ ᠪᠯᠤᠭ ᠵᠡᠷᠭᠡ ᠵᠠᠭᠤᠴᠢᠯᠠᠭᠤᠷ ᠤᠨ ᠲᠠᠪᠴᠠᠩ ᠳᠤ ᠨᠠᠷᠠᠲᠤ ᠬᠥᠮᠥᠨ ᠤ ᠲᠤᠰᠬᠠᠢ ᠰᠣᠷᠪᠤᠯᠵᠢᠯᠠᠭ᠎ᠠ᠂ ᠰᠢᠭᠤᠳ ᠨᠡᠪᠲᠡᠷᠡᠭᠦᠯᠭᠡ ᠵᠡᠷᠭᠡ ᠬᠡᠯᠪᠡᠷᠢ ᠪᠠᠷ ᠪᠥᠬᠦ ᠲᠠᠯ᠎ᠠ ᠶᠢᠨ ᠪᠣᠰᠤᠭ᠎ᠠ ᠴᠣᠭᠴᠠᠲᠤ ᠮᠠᠶ᠋ᠢᠭ ᠤᠨ ᠤᠬᠠᠭᠤᠯᠤᠨ ᠳᠡᠯᠭᠡᠷᠡᠭᠦᠯᠦᠯᠲᠡ ᠶᠢ ᠦᠷᠭᠦᠯᠵᠢᠯᠡᠨ ᠬᠢᠪᠡ᠃ 
22.png
 
33.png
        ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠣᠯᠣᠨ ᠳᠤᠮᠳᠠᠳᠤ ᠤᠯᠤᠰ ᠤᠨ ᠲᠠᠷᠢᠶᠠᠯᠠᠩ ᠤᠨ ᠺᠢᠨᠣ᠋ ᠲᠧᠯᠸᠢᠰ ᠤᠨ ᠲᠥᠪ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠵᠠᠢ᠃ ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠲᠠᠷᠢᠶᠠᠯᠠᠩ ᠤᠨ ᠺᠢᠨᠣ᠋ ᠲᠧᠯᠸᠢᠰ ᠤᠨ ᠲᠥᠪ ᠨᠢ ᠬᠠᠮᠢᠶ᠎ᠠ ᠪᠦᠬᠦᠢ ᠵᠠᠭᠤᠴᠢᠯᠠᠭᠤᠷ ᠪᠠ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠨᠢᠭᠡᠴᠡ ᠲᠠᠢ ᠬᠠᠮᠲᠤᠷᠠᠨ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠥᠯᠥᠪᠯᠡᠭᠡ ︵2023︱2025 ᠣᠨ︶︾ ᠶᠢ ᠬᠠᠮᠲᠤᠪᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠤᠷᠪᠠᠨ ᠵᠢᠯ ᠤᠨ ᠬᠤᠭᠤᠴᠠᠭᠠᠨ ᠳᠤ᠂ ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ ᠤ ᠤᠬᠠᠭᠤᠯᠭ᠎ᠠ ᠶᠢᠨ ᠤᠯᠤᠰ ᠤᠨ ᠠᠩᠭᠢ ᠪᠠ ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠭᠠᠵᠠᠷ ᠤᠨ ᠦᠵᠡᠰᠬᠦᠯᠡᠩᠲᠦ ᠰᠠᠶᠢᠬᠠᠨ ᠥᠩᠭᠡ ᠦᠵᠡᠮᠵᠢ᠂ ᠪᠣᠯᠪᠠᠰᠤᠨ ᠬᠡᠪ ᠰᠤᠷᠲᠠᠯ ᠪᠠ ᠨᠡᠶᠢᠲᠡᠯᠢᠭ ᠲᠤᠷᠰᠢᠯᠭ᠎ᠠ ᠶᠢ ᠥᠷᠭᠡᠨ ᠢᠶᠠᠷ ᠤᠬᠠᠭᠤᠯᠵᠤ᠂ ᠡᠯ᠎ᠡ ᠭᠠᠵᠠᠷ ᠤᠨ ᠴᠢᠨᠠᠷ ᠰᠠᠶᠢᠲᠠᠢ ᠦᠢᠯᠡᠳᠬᠦᠨ᠂ ᠣᠨᠴᠠᠯᠢᠭᠲᠤ ᠠᠵᠤ ᠦᠢᠯᠡᠰ ᠪᠠ ᠰᠢᠯᠢᠳᠡᠭ ᠠᠵᠤ ᠠᠬᠤᠶᠢᠯᠠᠯ ᠢ ᠶᠡᠬᠡᠪᠡᠷ ᠲᠠᠨᠢᠯᠴᠠᠭᠤᠯᠬᠤ ᠪᠣᠯᠤᠨ᠎ᠠ᠃ 1000 ᠣᠷᠣᠨ ᠨᠤᠲᠤᠭ ᠤᠨ ᠵᠠᠰᠠᠭ ᠤᠨ ᠣᠷᠳᠣᠨ ︵ᠰᠠᠯᠠᠭ᠎ᠠ ᠮᠥᠴᠢᠷ᠂ ᠨᠢᠭᠡᠴᠡ︶᠂ 1000 ᠠᠵᠤ ᠠᠬᠤᠶᠢᠯᠠᠯ ᠳᠤ ᠳᠦᠷᠢ ᠲᠥᠷᠬᠦ ᠶᠢᠨ ᠦᠵᠡᠭᠦᠯᠭᠡ᠂ ᠠᠵᠤ ᠦᠢᠯᠡᠰ ᠤᠨ ᠲᠠᠨᠢᠯᠴᠠᠭᠤᠯᠭ᠎ᠠ ᠪᠠ ᠦᠢᠯᠡᠳᠬᠦᠨ ᠤ ᠤᠬᠠᠭᠤᠯᠭ᠎ᠠ ᠶᠢᠨ ᠦᠢᠯᠡᠴᠢᠯᠡᠭᠡ ᠬᠠᠩᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ᠂ ᠳᠠᠭᠠᠭᠤᠯᠤᠭᠴᠢ ᠠᠵᠤ ᠠᠬᠤᠶᠢᠯᠠᠯ ᠤᠨ ᠠᠯᠳᠠᠷᠰᠢᠯ᠂ ᠢᠷᠠᠭᠤ ᠠᠯᠳᠠᠷᠰᠢᠯ ᠪᠠ ᠨᠥᠯᠥᠭᠡᠯᠡᠬᠦ ᠬᠦᠴᠦᠨ ᠢ ᠪᠦᠲᠦᠮᠵᠢᠲᠡᠶ ᠳᠡᠭᠡᠭᠰᠢᠯᠡᠭᠦᠯᠬᠦ ᠪᠣᠯᠤᠨ᠎ᠠ᠃ 
44.jpg
 
55.png
       ᠠᠵᠢᠯᠯᠠᠭ᠎ᠠ ᠶᠢᠨ ᠭᠢᠯᠠᠰ ᠴᠡᠭ ᠪᠣᠯᠤᠭᠰᠠᠨ ᠡᠨᠡ ᠤᠳᠠᠭ᠎ᠠ ᠶᠢᠨ ᠬᠠᠮ ᠲᠡᠷᠭᠡᠨ ᠤ ᠠᠪᠴᠤ ᠶᠠᠪᠤᠭ᠎ᠠ ᠠᠩᠬᠢᠯᠤᠮ᠎ᠠ ᠦᠨᠦᠷ ᠬᠠᠩᠬᠤᠯᠤᠭᠰᠠᠨ ᠬᠤᠨᠢᠨ ᠮᠢᠬ᠎ᠠ᠂ ᠠᠩᠬᠢᠯᠤᠮ᠎ᠠ ᠦᠨᠦᠷ ᠬᠠᠩᠬᠤᠯᠤᠭᠰᠠᠨ ᠬᠠᠲᠠᠭᠠᠭᠰᠠᠨ ᠦᠬᠡᠷ ᠤᠨ ᠮᠢᠬ᠎ᠠ᠂ ᠠᠮᠲᠠᠲᠠᠢ ᠰᠢᠯᠦᠬᠡᠢ ᠡᠷᠳᠡᠨᠢ ᠰᠢᠰᠢ᠂ ᠠᠩᠬᠢᠯᠤᠮ᠎ᠠ ᠰᠠᠶᠢᠬᠠᠨ ᠨᠡᠷᠡᠨ ᠬᠤᠸᠠᠷ ᠵᠡᠷᠭᠡ ᠨᠢ ᠬᠡᠷᠡᠭᠯᠡᠭᠴᠢᠳ ᠤᠨ ᠳᠤᠷ᠎ᠠ ᠪᠠᠬ᠎ᠠ ᠶᠢ ᠶᠡᠬᠡᠳᠡ ᠲᠠᠲᠠᠪᠠ᠃ ᠯᠠᠨ ᠯᠢᠩ  ᠰᠢᠶᠠᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠰᠣᠨᠢᠨ ᠲᠣᠭᠤᠷᠢᠨ ᠦᠵᠡᠬᠦ ᠳᠡᠭᠡᠨ᠄ ︽ᠡᠶᠢᠮᠦᠷᠬᠦ ᠤᠬᠠᠭᠤᠯᠭ᠎ᠠ ᠶᠢᠨ ᠳᠡᠯᠭᠡᠨ ᠪᠣᠷᠤᠯᠠᠭᠤᠯᠭ᠎ᠠ ᠶᠢᠨ ᠵᠠᠭᠪᠤᠷ ᠨᠢ ᠦᠨᠡᠬᠡᠷ ᠰᠢᠨ᠎ᠡ ᠶᠢ ᠡᠭᠦᠳᠬᠦ ᠴᠢᠨᠠᠷ ᠲᠠᠢ ᠶᠤᠮ᠂ ᠬᠠᠮᠢᠭ᠎ᠠ ᠣᠴᠢᠭᠰᠠᠨ ᠴᠤ ᠴᠥᠮ ᠬᠡᠷᠡᠭᠯᠡᠭᠴᠢᠳ ᠲᠤ ᠲᠠᠯ᠎ᠠ ᠨᠤᠲᠤᠭ ᠤᠨ ᠠᠮᠲᠠᠲᠤ ᠢᠳᠡᠭᠡᠨ ᠢ ᠠᠮᠲᠠᠯᠠᠭᠤᠯᠵᠤ ᠪᠣᠯᠣᠨ᠎ᠠ︾ ᠭᠡᠵᠦ ᠭᠠᠶᠢᠬᠠᠰᠢ ᠠᠯᠳᠠᠵᠤ ᠪᠠᠶᠢᠯ᠎ᠠ᠃ 
66.png
       ᠣᠶᠢᠷ᠎ᠠ ᠶᠢᠨ ᠵᠢᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠷᠢᠶᠠᠯᠠᠩ ᠮᠠᠯ ᠠᠵᠤ ᠠᠬᠤᠢ ᠶᠢᠨ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠪᠠ ᠡᠵᠡᠩᠨᠡᠨ ᠪᠣᠷᠣᠯᠠᠭᠤᠯᠬᠤ ᠭᠠᠳᠠᠭᠰᠢ ᠭᠠᠷᠭᠠᠬᠤ ᠠᠵᠢᠯ ᠢ ᠳᠡᠭᠡᠲᠦ ᠬᠡᠮᠵᠢᠶ᠎ᠡ ᠪᠠᠷ ᠴᠢᠬᠤᠴᠢᠯᠠᠵᠤ᠂ ᠱᠠᠭᠠᠷᠳᠠᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠢᠯᠡ ᠲᠣᠳᠣ ᠣᠷᠣᠨ ᠨᠤᠲᠤᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭᠲᠦ︱︽ᠦᠪᠦᠷ ᠮᠣᠩᠭᠤᠯ︾ ᠲᠡᠮᠳᠡᠭᠲᠦ ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠢ ᠪᠣᠶ ᠪᠣᠯᠭᠠᠬᠤ ᠪᠠᠷ ᠴᠢᠷᠮᠠᠶᠢᠵᠤ᠂ ᠭᠦᠨᠵᠡᠭᠡᠢ ᠬᠠᠭᠠᠯᠪᠤᠷᠢᠯᠠᠬᠤ ᠨᠠᠷᠠᠲᠤ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠪᠠᠷ ᠳᠠᠮᠵᠢᠭᠤᠯᠤᠨ᠂ ᠠᠵᠤ ᠠᠬᠤᠶᠢᠯᠠᠯ ᠳᠤ ᠵᠠᠬ᠎ᠠ ᠳᠡᠯᠭᠡᠭᠦᠷ ᠲᠤ ᠨᠡᠪᠲᠡᠷᠡᠬᠦ ᠰᠠᠭᠠᠳ ᠦᠭᠡᠢ ᠨᠡᠪᠲᠡᠷᠡᠬᠦ ᠵᠠᠮ ᠢ ᠳᠡᠪᠢᠰᠦᠨ ᠥᠭᠴᠦ᠂ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠢᠯᠡ ᠦᠵᠡᠭᠦᠯᠬᠦ ᠬᠡᠮᠵᠢᠶ᠎ᠡ ᠪᠠ ᠪᠣᠷᠤᠯᠠᠭᠤᠯᠭ᠎ᠠ ᠶᠢᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠦᠭᠰᠡᠨ ᠪᠠᠶᠢᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠥᠯᠥᠪᠯᠡᠭᠡ ᠨᠢ ᠤᠯᠤᠰ ᠤᠨ ᠲᠠᠰ ᠤᠨ ᠲᠠᠪᠴᠠᠩ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠤᠨ ᠨᠠᠷᠠᠲᠤ ᠲᠡᠮᠳᠡᠭᠲᠦ ᠶᠢᠨ ᠭᠠᠷᠮᠠᠭᠠᠢ ᠳᠦᠷᠢ ᠲᠥᠷᠬᠦ ᠶᠢ ᠢᠯᠡᠷᠡᠭᠦᠯᠵᠦ ᠪᠠᠶᠢᠬᠤ ᠪᠠᠷ ᠪᠠᠷᠠᠬᠤ ᠦᠭᠡᠢ᠂ ᠨᠠᠩ ᠴᠤ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号