ᠪᠠᠶᠠᠨᠨᠠᠭᠤᠷ ᠬᠤᠲᠠ ᠶᠢᠨ ᠯᠢᠨᠾᠧ ᠲᠣᠭᠤᠷᠢᠭ ᠤᠨ ᠡᠯ᠎ᠡ ᠭᠠᠵᠠᠷ ᠤᠨ ᠬᠢᠨ ᠲᠠᠷᠢᠶᠠᠯᠠᠬᠤ ᠴᠠᠭ ᠢ ᠵᠠᠪᠳᠤᠨ ᠲᠠᠷᠢᠶᠠᠯᠠᠩ ᠤᠨ ᠮᠠᠰᠢᠨ ᠢᠶᠠᠷ ᠪᠤᠭᠤᠳᠠᠢ ᠳᠠᠷᠢᠵᠤ ᠪᠠᠶᠢᠨ᠎ᠠ
ᠨᠡᠶᠢᠲᠡᠯᠡᠭᠰᠡᠨ ᠴᠠᠭ᠄
2024/4/2
39.png
       ᠣᠲᠣ ᠪᠣᠯ ᠶᠠᠭ ᠬᠠᠪᠤᠷ ᠤᠨ ᠲᠠᠷᠢᠶᠠᠯᠠᠭ᠎ᠠ ᠶᠢᠨ ᠰᠠᠶᠢᠨ ᠴᠠᠭ ᠦᠶ᠎ᠡ ᠪᠣᠯᠣᠨ᠎ᠠ᠂ ᠪᠠᠶᠠᠨᠨᠠᠭᠤᠷ ᠬᠤᠲᠠ ᠶᠢᠨ ᠯᠢᠨᠾᠧ ᠲᠣᠭᠤᠷᠢᠭ ᠤᠨ ᠡᠯ᠎ᠡ ᠭᠠᠵᠠᠷ ᠤᠨ ᠬᠢᠨ ᠲᠠᠷᠢᠶᠠᠯᠠᠬᠤ ᠴᠠᠭ ᠢ ᠵᠠᠪᠳᠤᠨ ᠲᠠᠷᠢᠶᠠᠯᠠᠩ ᠤᠨ ᠮᠠᠰᠢᠨ ᠢᠶᠠᠷ ᠪᠤᠭᠤᠳᠠᠢ ᠳᠠᠷᠢᠵᠤ ᠪᠠᠶᠢᠨ᠎ᠠ᠃ ᠣᠶᠢᠯᠠᠭᠠᠭᠰᠠᠨ ᠢᠶᠠᠷ᠂ ᠯᠢᠨ ᠾᠧ ᠲᠣᠭᠤᠷᠢᠭ ᠰᠠᠶᠢᠨ ᠲᠠᠷᠢᠶ᠎ᠠ᠂ ᠰᠠᠶᠢᠨ ᠡᠭᠦᠯᠳᠡᠷ᠂ ᠰᠠᠶᠢᠨ ᠠᠷᠭ᠎ᠠ᠂ ᠰᠠᠶᠢᠨ ᠲᠣᠭᠢᠶᠠᠯ᠂ ᠰᠠᠶᠢᠨ ᠳᠦᠷᠢᠮ ᠵᠡᠷᠭᠡ ︽ᠲᠠᠪᠤ ᠶᠢ ᠢᠵᠢ ᠪᠦᠷᠢᠳᠦᠭᠦᠯᠬᠦ︾ ᠶᠢ ᠪᠠᠷᠢᠮᠲᠠᠯᠠᠵᠤ᠂ ᠪᠣᠬᠢᠷᠳᠤᠯ ᠦᠭᠡᠢ ᠤᠨᠠᠯᠲᠠ ᠶᠢ ᠨᠡᠮᠡᠭᠳᠡᠭᠦᠯᠦᠨ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠢ ᠬᠡᠷᠡᠭᠵᠢᠭᠦᠯᠵᠦ᠂ ᠪᠤᠭᠤᠳᠠᠢ ᠳᠠᠷᠢᠬᠤ ᠲᠠᠯᠠᠪᠠᠶ ᠶᠢ 15 ᠲᠦᠮᠡᠨ ᠮᠦ ᠣᠷᠴᠢᠮ ᠳᠤ ᠲᠣᠭᠲᠠᠪᠤᠷᠢᠵᠢᠭᠤᠯᠵᠤ᠂ ᠪᠤᠭᠤᠳᠠᠢ ᠶᠢᠨ ᠤᠨᠠᠯᠲᠠ᠂ ᠶᠠᠰᠤ ᠴᠢᠨᠠᠷ ᠤᠨ ︽ᠬᠤᠣᠰ ᠳᠡᠭᠡᠭᠰᠢᠯᠡᠯᠲᠡ︾ ᠶᠢ ᠪᠡᠶᠡᠯᠡᠭᠦᠯᠪᠡ᠃ ᠵᠢᠷᠤᠭ ᠪᠣᠯ 3 ᠰᠠᠷ᠎ᠠ ᠶᠢᠨ 27 ᠤ ᠡᠳᠦᠷ᠂ ᠪᠠᠶᠠᠨᠨᠠᠭᠤᠷ ᠬᠤᠲᠠ ᠶᠢᠨ ᠯᠢᠨᠾᠧ ᠲᠣᠭᠤᠷᠢᠭ ᠤᠨ ᠱᠤᠸᠠᠩ ᠾᠧ ᠪᠠᠯᠭᠠᠰᠤᠨ ᠤ ᠲᠦ᠋ ᠮᠦᠸᠧ ᠳ᠋ᠢ ᠲᠣᠰᠬᠤᠨ ᠤ ᠲᠠᠷᠢᠶᠠᠴᠢᠨ ᠪᠤᠭᠤᠳᠠᠢ ᠳᠠᠷᠢᠵᠤ ᠪᠠᠶᠢᠭ᠎ᠠ ᠨᠢ᠃      ᠲᠤᠰ ᠰᠣᠨᠢᠨ ᠤ ᠰᠤᠷᠪᠤᠯᠵᠢᠯᠠᠬᠴᠢ ᠮᠥᠩᠬᠡᠴᠢᠯᠠᠭᠤ ᠰᠡᠭᠦᠳᠡᠷᠯᠡᠪᠡ
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号