ᠪᠥᠬᠦ ᠣᠷᠣᠨ ᠤ 2024 ᠣᠨ ᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠵᠢᠴᠢ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠳᠡᠭᠡᠭᠰᠢᠯᠡᠭᠦᠯᠬᠦ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/3
      4 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠥᠬᠦ ᠣᠷᠣᠨ ᠤ 2024 ᠣᠨ ᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠢᠩᠬᠢᠮ ᠵᠢᠴᠢ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠳᠡᠭᠡᠭᠰᠢᠯᠡᠭᠦᠯᠬᠦ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠬᠤᠷᠠᠯᠳᠤᠭᠤᠯᠪᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠬᠠᠢ ᠱᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠢᠩᠬᠢᠮ ᠤᠨ ᠳᠡᠳ᠋ ᠳᠠᠷᠤᠭ᠎ᠠ ᠵᠣᠣ ᠶᠦᠩ ᠰᠢᠶᠠᠩ ᠬᠤᠷᠠᠯ ᠢ ᠡᠷᠭᠢᠯᠡᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠡᠯ᠎ᠡ ᠭᠠᠵᠠᠷ ᠣᠷᠣᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠦᠬᠦ ᠣᠷᠣᠨ ᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠪᠣᠳᠠᠲᠠᠢ ᠠᠬᠢᠴᠠ ᠪᠣᠯᠣᠨ ᠱᠠᠲᠤᠴᠢ ᠴᠢᠨᠠᠷᠲᠠᠢ ᠦᠷ᠎ᠡ ᠪᠦᠲᠦᠭᠡᠯ ᠣᠯᠬᠤ ᠶᠢ ᠬᠦᠴᠦᠲᠡᠢ ᠪᠦᠲᠦᠮᠵᠢᠲᠡᠢ ᠠᠬᠢᠭᠤᠯᠬᠤ ᠬᠡᠷᠡᠭᠲᠡᠢ ᠭᠡᠪᠡ᠃ 
1.jpg
       ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ︽ᠬᠥᠳᠡᠭᠡ ᠲᠣᠰᠬᠤᠨ ᠳᠤ ᠣᠲᠣ ᠦᠶ᠎ᠡ ᠶᠢᠨ ᠠᠮᠢᠳᠤᠷᠠᠯ ᠤᠨ ᠨᠥᠬᠦᠴᠡᠯ ᠢ ᠦᠨᠳᠦᠰᠦᠨ ᠳᠡᠭᠡᠨ ᠪᠦᠷᠢᠯᠳᠦᠭᠦᠯᠬᠦ︾ ᠡᠨᠡ ᠬᠦ ᠬᠠᠷᠠᠯᠲᠠ ᠶᠢ ᠬᠠᠷᠠᠭᠠᠯᠠᠨ᠂ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠰᠠᠭᠤᠷᠢ ᠲᠦᠭᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠶᠢ ᠡᠮᠬᠢ ᠵᠢᠷᠤᠮ ᠲᠠᠢ ᠠᠬᠢᠭᠤᠯᠵᠤ᠂ ᠬᠥᠳᠡᠭᠡ ᠲᠣᠰᠬᠤᠨ ᠤ ᠰᠠᠭᠤᠷᠢ ᠲᠦᠭᠦᠭᠡᠷᠦᠮᠵᠢ ᠶᠢᠨ ᠪᠦᠷᠢᠨ ᠲᠡᠭᠦᠯᠳᠡᠷ ᠪᠠᠶᠢᠬᠤ ᠬᠡᠮᠵᠢᠶ᠎ᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠮ ᠦᠵᠡᠭᠦᠯᠬᠦ ᠬᠡᠮᠵᠢᠶ᠎ᠡ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠲᠠᠭᠠᠯᠠᠮᠵᠢᠲᠠᠢ ᠪᠠᠶᠢᠬᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ᠃ ︽ᠠᠷᠪᠠᠨ ᠰᠢᠶᠠᠨ ᠢᠶᠠᠷ ᠬᠥᠲᠥᠯᠥᠨ ᠳᠠᠭᠠᠭᠤᠯᠵᠤ᠂ ᠵᠠᠭᠤᠨ ᠰᠢᠶᠠᠩ ᠢᠶᠠᠷ ᠳᠡᠪᠰᠢᠭᠦᠯᠵᠦ᠂ ᠮᠢᠩᠭᠠᠨ ᠲᠣᠰᠬᠤᠨ ᠭᠤᠶᠤ ᠰᠠᠶᠢᠬᠠᠨ︾ ᠪᠠᠶᠢᠬᠤ ᠰᠡᠳᠬᠢᠴᠡ ᠶᠣᠰᠣᠭᠠᠷ᠂ ᠪᠦᠬᠦ ᠣᠷᠣᠨ ᠳᠤ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠪᠦᠬᠦ ᠣᠷᠣᠨ ᠪᠦᠰᠡ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠥᠷᠨᠢᠭᠦᠯᠬᠦ ᠶᠢ ᠳᠠᠶᠢᠴᠢᠯᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠪᠥᠬᠦ ᠵᠢᠯ ᠳᠤ ᠡᠷᠦᠬᠡ ᠶᠢᠨ ᠠᠷᠢᠭᠤᠨ ᠴᠡᠪᠡᠷ ᠵᠣᠷᠯᠣᠩ ᠢ 5.5 ᠲᠦᠮᠡ ᠰᠢᠨ᠎ᠡ ᠪᠠᠷ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠬᠤᠪᠢᠰᠬᠠᠯ ᠢ ᠯᠠᠪᠳᠠᠭᠤᠨ ᠢᠶᠠᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠵᠠᠰᠠᠬᠤ ︽135︾ ᠶᠢᠨ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ᠂ ︽ᠬᠥᠳᠡᠭᠡ ᠲᠣᠰᠬᠤᠨ ᠢ ᠴᠡᠪᠡᠷᠰᠢᠭᠦᠯᠵᠦ᠂ ᠭᠡᠷ ᠣᠷᠣᠨ ᠢ ᠴᠡᠪᠡᠷᠰᠢᠭᠦᠯᠬᠦ︾ ᠪᠠᠷ ᠭᠤᠣᠯ ᠰᠡᠳᠦᠪ ᠪᠣᠯᠭᠠᠨ᠂ ᠠᠶᠢᠯ ᠲᠣᠰᠬᠤᠨ ᠢ ᠠᠷᠢᠭᠤᠨ ᠴᠡᠪᠡᠷ ᠪᠠᠶᠢᠯᠭᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠣᠰᠬᠤᠨ ᠤ ᠳᠦᠷᠰᠦ ᠪᠠᠶᠢᠳᠠᠯ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠵᠣᠬᠢᠴᠠᠭᠤᠯᠤᠨ ᠠᠬᠢᠭᠤᠯᠬᠤ ᠪᠣᠯ ᠨᠢᠭᠡᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠪᠣᠯᠣᠨ᠎ᠠ᠃ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠳᠤ ᠠᠭᠤᠯᠤᠭᠳᠠᠵᠤ ᠪᠠᠶᠢᠭ᠎ᠠ ᠣᠶᠢᠯᠠᠭᠠᠭᠳᠠᠬᠤᠨ ᠠᠷᠭ᠎ᠠ ᠶᠢ ᠭᠦᠨᠵᠡᠭᠡᠢ ᠰᠤᠷᠤᠯᠴᠠᠨ ᠬᠡᠷᠡᠭᠯᠡᠵᠦ᠂ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠬᠤ ᠶᠢ ᠪᠠᠷᠢᠮᠲᠠᠯᠠᠵᠤ᠂ ᠮᠠᠯᠴᠢᠨ ᠲᠠᠷᠢᠶᠠᠴᠢᠨ ᠢᠶᠠᠷ ᠭᠤᠣᠯ ᠴᠣᠭᠴᠠ ᠪᠣᠯᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ ᠶᠢ ᠪᠠᠷᠢᠮᠲᠠᠯᠠᠵᠤ᠂ ᠳᠦᠷᠦᠯ ᠬᠤᠪᠢᠶᠠᠨ ᠳᠦᠷᠦ ᠶᠢᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠡᠯ᠎ᠡ ᠳᠦᠷᠦᠯ ᠤᠨ ᠠᠵᠢᠯ ᠢ ᠡᠮᠬᠢ ᠵᠢᠷᠤᠮ ᠲᠠᠢ ᠡᠷᠴᠢᠮᠲᠡᠢ ᠠᠬᠢᠭᠤᠯᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠢ ᠡᠭᠦᠷᠭᠡ ᠶᠢ ᠲᠦᠯᠬᠢᠨ ᠠᠬᠢᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠢᠯ ᠤᠨ ᠡᠬᠢᠨ ᠳᠤ ᠬᠤᠷᠠᠯ ᠬᠢᠵᠦ ᠤᠴᠢᠷ ᠶᠠᠪᠤᠳᠠᠯ ᠢ ᠵᠥᠪᠳᠡᠯᠴᠡᠨ ᠲᠣᠭᠲᠠᠭᠠᠬᠤ᠂ ᠶᠠᠪᠤᠴᠠ ᠶᠢ ᠲᠣᠬᠢᠷᠠᠭᠤᠯᠤᠨ ᠱᠠᠯᠠᠪᠳᠠᠭᠤᠯᠬᠤ᠂ ᠵᠢᠯ ᠤᠨ ᠡᠴᠦᠰ ᠲᠤ ᠳ᠋ᠦᠩᠨᠡᠨ ᠲᠠᠩᠰᠠ ᠲᠤᠰᠢᠶᠠᠬᠤ ᠠᠵᠢᠯ ᠤᠨ ᠲᠣᠭᠲᠠᠴᠠ ᠶᠢ ᠲᠦᠷᠭᠡᠪᠴᠢᠯᠡᠨ ᠪᠣᠶ ᠪᠣᠯᠭᠠᠬᠤ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠨᠠᠮ ᠤᠨ ᠬᠤᠷᠢᠶᠠᠨ ᠤ ᠲᠣᠣᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠵᠡᠷᠭᠡ ᠰᠠᠯᠠᠭ᠎ᠠ ᠮᠥᠴᠢᠷ ᠤᠨ ᠬᠢᠨ ᠬᠥᠳᠡᠭᠡ ᠲᠣᠰᠬᠤᠨ ᠤ ᠵᠠᠮ᠂ ᠤᠰᠤ ᠬᠠᠩᠭᠠᠬᠤ᠂ ᠡᠨᠧᠷᠭᠢ᠂ ᠲᠣᠣᠷ ᠰᠦᠯᠵᠢᠶ᠎ᠡ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾᠂ ᠬᠥᠳᠡᠭᠡ ᠲᠣᠰᠬᠤᠨ ᠤ ᠤᠰᠤ ᠬᠠᠩᠭᠠᠬᠤ ᠤᠰᠤᠨ ᠤ ᠴᠢᠨᠠᠷ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠴᠠᠬᠢᠯᠭᠠᠨ ᠲᠣᠣᠷ ᠢ ᠪᠠᠬᠢᠵᠢᠭᠦᠯᠦᠨ ᠳᠡᠭᠡᠭᠰᠢᠯᠡᠭᠦᠯᠬᠦ᠂ ᠲᠣᠭᠠᠴᠢᠯᠠᠭᠰᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠢᠨᠵᠧᠨᠧᠷᠢᠩ ᠤᠨ ᠲᠦᠷᠦᠯ ᠵᠦᠢᠯ ᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ ᠵᠡᠷᠭᠡ ᠰᠠᠯᠠᠭ᠎ᠠ ᠮᠥᠴᠢᠷ ᠤᠳ ᠮᠠᠯᠵᠢᠬᠤ ᠲᠠᠷᠢᠶᠠᠯᠠᠬᠤ ᠣᠷᠣᠨ ᠤ ᠰᠤᠷᠭᠠᠨ ᠬᠥᠮᠦᠵᠢᠯ᠂ ᠡᠮᠴᠢᠯᠡᠭᠡ ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠬᠦ ᠳᠤ ᠬᠠᠮᠵᠢᠯᠴᠠᠨ᠂ ᠬᠥᠳᠡᠭᠡ ᠲᠣᠰᠬᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠵᠡᠮᠳᠡᠭᠴᠦᠳ ᠢ ᠲᠤᠰᠠᠯᠠᠬᠤ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠦᠷᠢᠨᠰᠢᠭᠦᠯᠵᠦ᠂ ᠵᠢᠯ ᠤᠨ ᠳᠣᠲᠣᠷ᠎ᠠ ᠴᠥᠮ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠪᠡ᠃ 
2.jpg
       ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠢᠩᠬᠢᠮ ᠤᠨ ᠬᠤᠭᠤᠷᠣᠨᠳᠣᠬᠢ ᠵᠣᠬᠢᠴᠠᠭᠤᠯᠬᠤ ᠲᠣᠭᠲᠠᠴᠠ ᠶᠢᠨ ᠡᠯ᠎ᠡ ᠪᠦᠷᠢᠯᠳᠦᠭᠦᠨ ᠨᠢᠭᠡᠴᠡ ᠶᠢᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠪᠠ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠶᠢᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠵᠣᠬᠢᠴᠠᠭᠤᠯᠬᠤ ᠲᠣᠭᠲᠠᠴᠠ ᠶᠢᠨ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠠᠶᠢᠮᠠᠭ ᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠶ ᠶᠢᠨ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠲᠢᠩᠬᠢᠮ ᠲᠣᠪᠴᠢᠶ᠎ᠠ ᠶᠢᠨ ᠲᠥᠯᠥᠭᠡᠯᠡᠭᠴᠢ ᠪᠠ ᠠᠶᠢᠮᠠᠭ ᠬᠤᠲᠠ ᠶᠢᠨ ᠲᠥᠯᠥᠭᠡᠯᠡᠭᠴᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号