ᠮᠠᠨ ᠤ ᠣᠷᠣᠨ ᠤ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠪᠠ ᠴᠠᠭ ᠠᠭᠤᠷ ᠤᠨ ᠨᠥᠬᠦᠴᠡᠯ ᠬᠠᠪᠤᠷ  ᠤᠨ ᠲᠠᠷᠢᠶᠠᠯᠠᠭ᠎ᠠ ᠳᠤ ᠠᠰᠢᠭᠲᠠᠢ ᠪᠠᠶᠢᠨ᠎ᠠ
ᠨᠡᠶᠢᠲᠡᠯᠡᠭᠰᠡᠨ ᠴᠠᠭ᠄
2024/4/3
      ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ 2024 ᠣᠨ ᠤ ᠨᠢᠭᠡᠳᠦᠭᠡᠷ ᠤᠯᠠᠷᠢᠯ  ᠤᠨ ᠴᠠᠭ ᠠᠭᠤᠷ ᠤᠨ ᠮᠡᠳᠡᠭᠡ ᠵᠠᠩᠭᠢ ᠶᠢ ᠮᠡᠳᠡᠭᠳᠡᠬᠦ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ ᠣᠳᠣᠬᠠᠨ ᠤ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠪᠠ ᠴᠠᠭ ᠠᠭᠤᠷ ᠤᠨ ᠨᠥᠬᠦᠴᠡᠯ ᠬᠠᠪᠤᠷ ᠤᠨ ᠲᠠᠷᠢᠶᠠᠯᠠᠭ᠎ᠠ ᠳᠤ ᠠᠰᠢᠭᠲᠠᠢ ᠪᠠᠶᠢᠨ᠎ᠠ᠃      ᠪᠦᠭᠦ ᠣᠷᠣᠨ ᠤ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠢ ᠬᠢᠨᠠᠨ ᠬᠡᠮᠵᠢᠭᠰᠡᠨ ᠦᠷ᠎ᠡ ᠳ᠋ᠦᠩ ᠠᠴᠠ ᠦᠵᠡᠪᠡᠯ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠲᠥᠷᠥᠯ ᠤᠨ ᠴᠢᠭᠢᠭ ᠲᠠᠢ ᠭᠠᠵᠠᠷ ᠨᠤᠲᠤᠭ ᠤᠨ ᠲᠠᠯᠠᠪᠠᠶ ᠨᠢ ᠲᠣᠰ ᠲᠣᠰ ᠪᠦᠭᠦ ᠣᠷᠣᠨ ᠤ ᠶᠡᠷᠦᠩᠬᠡᠢ ᠲᠠᠯᠠᠪᠠᠶ ᠶᠢᠨ 22.3%᠂ 21.9% ᠪᠠ 55.8% ᠶᠢ ᠡᠵᠡᠯᠡᠵᠦ᠂ ᠡᠭᠦᠨ ᠳᠤ ᠲᠠᠷᠢᠶᠠᠯᠠᠬᠤ ᠣᠷᠣᠨ ᠤ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠨᠢᠳᠤᠨᠤᠨ ᠤ ᠠᠳᠠᠯᠢ ᠬᠤᠭᠤᠴᠠᠭᠠᠨ ᠤ ᠪᠠᠶᠢᠳᠠᠯ ᠳᠤ ᠣᠶᠢᠷᠠᠳᠴᠤ᠂ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ ᠠᠴᠠ ᠰᠠᠶᠢᠨ ᠪᠠᠶᠢᠵᠤ᠂ ᠶᠡᠷᠦᠩᠬᠡᠢ ᠳᠡᠭᠡᠨ ᠬᠠᠪᠤᠷ ᠤᠨ ᠲᠠᠷᠢᠶᠠᠯᠠᠭ᠎ᠠ ᠳᠤ ᠠᠰᠢᠭᠲᠠᠢ ᠪᠠᠶᠢᠨ᠎ᠠ᠃      3 ᠰᠠᠷ᠎ᠠ ᠠᠴᠠ ᠨᠠᠭᠠᠰᠢ᠂ ᠮᠠᠨ ᠤ ᠣᠷᠣᠨ ᠤ ᠳᠤᠯᠠᠭᠠᠨ ᠤ ᠬᠡᠮᠵᠢᠶ᠎ᠡ ᠳᠡᠭᠡᠭᠰᠢᠯᠡᠨ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠪᠤᠭᠤᠳᠠᠢ ᠳᠠᠷᠢᠬᠤ ᠠᠵᠢᠯ ᠡᠮᠬᠢ ᠵᠢᠷᠤᠮ ᠲᠠᠢ ᠶᠠᠪᠤᠭᠳᠠᠵᠤ᠂ ᠪᠤᠰᠤᠳ ᠲᠠᠷᠢᠶᠠᠯᠠᠬᠤ ᠣᠷᠣᠨ ᠤ ᠬᠥᠷᠥᠰᠥ ᠰᠢᠷᠣᠢ ᠵᠠᠯᠭᠠᠭ᠎ᠠ ᠪᠠᠷ ᠭᠡᠰᠴᠦ ᠲᠠᠷᠢᠶᠠᠨ ᠭᠠᠵᠠᠷ ᠢ ᠲᠡᠭᠰᠢᠯᠡᠬᠦ ᠱᠠᠲᠤᠨ ᠳᠤ ᠣᠷᠣᠪᠠ᠃ ᠵᠢᠱᠢᠯᠲᠡ ᠪᠠᠷ ᠳᠤᠮᠳᠠ ᠪᠠ ᠵᠡᠭᠦᠨ ᠪᠡᠶ᠎ᠡ ᠶᠢᠨ ᠭᠠᠵᠠᠷ ᠣᠷᠣᠨ ᠤ ᠬᠠᠪᠤᠷ ᠤᠨ ᠪᠤᠭᠤᠳᠠᠢ ᠶᠢ 3 ᠰᠠᠷ᠎ᠠ ᠶᠢᠨ ᠰᠡᠭᠦᠯᠴᠢ ᠠᠴᠠ 4 ᠰᠠᠷ᠎ᠠ ᠶᠢᠨ ᠡᠬᠢᠨ ᠳᠤ ᠡᠬᠢᠯᠡᠨ ᠲᠠᠷᠢᠵᠤ᠂ ᠡᠷᠳᠡᠨᠢ ᠰᠢᠰᠢ᠂ ᠲᠥᠮᠥᠰᠥ ᠪᠠ ᠰᠢᠷ᠎ᠠ ᠪᠤᠷᠴᠠᠭ ᠢ 4 ᠰᠠᠷ᠎ᠠ ᠶᠢᠨ ᠳᠤᠮᠳᠠᠴᠢ ᠪᠠᠷ ᠪᠠᠷᠠᠭᠤᠨ ᠠᠴᠠ ᠵᠡᠭᠦᠨᠰᠢ ᠵᠠᠯᠭᠠᠭ᠎ᠠ ᠪᠠᠷ ᠲᠠᠷᠢᠬᠤ ᠪᠣᠯᠣᠨ᠎ᠠ᠃ ᠮᠠᠯᠵᠢᠬᠤ ᠣᠷᠣᠨ ᠤ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠨᠢᠳᠤᠨᠤᠨ ᠤ ᠠᠳᠠᠯᠢ ᠬᠤᠭᠤᠴᠠᠭ᠎ᠠ ᠪᠠ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠪᠠᠶᠢᠳᠠᠯ ᠳᠤ ᠣᠶᠢᠷᠠᠳᠴᠤ᠂ ᠣᠶᠢᠷ᠎ᠠ ᠶᠢᠨ ᠬᠤᠭᠤᠴᠠᠭᠠᠨ ᠤ ᠪᠣᠷᠣᠭᠠᠨ ᠴᠠᠰᠤ ᠲᠠᠢ ᠴᠠᠭ ᠠᠭᠤᠷ ᠨᠢ ᠮᠠᠯᠵᠢᠬᠤ ᠣᠷᠣᠨ ᠤ ᠬᠥᠷᠥᠰᠥ ᠰᠢᠷᠣᠢ ᠶᠢᠨ ᠴᠢᠭᠢᠭ ᠢ ᠬᠠᠮᠠᠭᠠᠯᠠᠨ ᠴᠢᠭᠢᠭ ᠢ ᠨᠡᠮᠡᠭᠳᠡᠭᠦᠯᠬᠦ ᠳᠤ ᠠᠰᠢᠭᠲᠠᠢ ᠶᠤᠮ᠃ ᠭᠡᠪᠡᠴᠦ ᠬᠥᠯᠥᠨ ᠪᠤᠶᠢᠷ ᠬᠤᠲᠠ ᠶᠢᠨ ᠬᠤᠶᠢᠲᠤ ᠪᠡᠶ᠎ᠡ ᠶᠢᠨ ᠴᠠᠰᠤᠨ ᠤ ᠬᠡᠮᠵᠢᠶ᠎ᠡ ᠨᠡᠯᠢᠶᠡᠳ ᠶᠡᠭᠡ ᠪᠠᠶᠢᠵᠤ᠂ ᠮᠠᠯ ᠪᠡᠯᠴᠢᠭᠡᠷᠯᠡᠭᠦᠯᠬᠦ᠂ ᠬᠦᠢᠲᠡᠨ ᠢ ᠰᠡᠷᠭᠡᠶᠢᠯᠡᠨ ᠳᠤᠯᠠᠭᠠᠨ ᠢ ᠬᠠᠮᠠᠭᠠᠯᠠᠬᠤ ᠪᠠ ᠲᠥᠯ ᠲᠤᠰᠴᠤ ᠪᠣᠶᠢᠵᠢᠭᠤᠯᠬᠤ ᠳᠤ ᠠᠰᠢᠭ ᠦᠭᠡᠢ ᠨᠥᠯᠥᠭᠡ ᠤᠴᠠᠷᠠᠭᠤᠯᠵᠤ ᠮᠡᠳᠡᠨ᠎ᠠ᠃ ᠣᠳᠣᠬᠠᠨ ᠳᠤ ᠪᠦᠭᠦ ᠣᠷᠣᠨ ᠤ ᠶᠡᠬᠡᠩᠬᠢ ᠮᠠᠯᠵᠢᠬᠤ ᠣᠷᠣᠨ ᠤ ᠡᠪᠡᠰᠦ ᠪᠡᠯᠴᠢᠭᠡᠷ ᠬᠠᠷᠠᠬᠠᠨ ᠨᠣᠭᠤᠭᠠᠷᠠᠭᠠᠳᠤᠢ᠂ ᠵᠢᠱᠢᠯᠲᠡ ᠪᠠᠷ 4 ᠰᠠᠷ᠎ᠠ ᠶᠢᠨ ᠡᠬᠢᠨ ᠠᠴᠠ ᠡᠬᠢᠯᠡᠨ ᠪᠠᠷᠠᠭᠤᠨ ᠠᠴᠠ ᠵᠡᠭᠦᠨᠰᠢ ᠵᠠᠯᠭᠠᠭ᠎ᠠ ᠪᠠᠷ ᠨᠣᠭᠤᠭᠠᠷᠠᠬᠤ ᠪᠣᠯᠣᠨ᠎ᠠ᠃      ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠰᠠᠯᠠᠭ᠎ᠠ ᠮᠥᠴᠢᠷ ᠠᠴᠠ᠂ ᠭᠤᠣᠯ ᠪᠤᠯᠬᠤ ᠲᠠᠷᠢᠶᠠᠯᠠᠬᠤ ᠣᠷᠣᠨ ᠤ ᠬᠢᠨ ᠠᠰᠢᠭᠲᠠᠢ ᠴᠠᠭ ᠲᠣᠭᠢᠶᠠᠯ ᠢ ᠠᠮᠵᠢᠵᠤ ᠲᠠᠷᠢᠶᠠᠯᠠᠭ᠎ᠠ ᠶᠢᠨ ᠠᠵᠢᠯ ᠢ ᠢᠳᠡᠪᠬᠢᠲᠡᠢ ᠥᠷᠨᠢᠭᠦᠯᠵᠦ᠂ ᠬᠠᠪᠤᠷ ᠤᠨ ᠲᠠᠷᠢᠶᠠᠯᠠᠭ᠎ᠠ ᠶᠢ ᠲᠣᠭᠲᠠᠭᠰᠠᠨ ᠬᠤᠭᠤᠴᠠᠭᠠᠨ ᠳᠤ ᠶᠠᠪᠤᠭᠳᠠᠭᠤᠯᠬᠤ ᠶᠢ ᠪᠠᠲᠤᠯᠠᠬᠤ ᠴᠢᠬᠤᠯᠠᠳᠠᠢ︔ ᠵᠡᠭᠦᠨ ᠪᠡᠶ᠎ᠡ ᠶᠢᠨ ᠲᠠᠷᠢᠶᠠᠯᠠᠬᠤ ᠣᠷᠣᠨ ᠤ ᠬᠢᠨ ᠬᠥᠷᠥᠰᠥ ᠰᠢᠷᠣᠢ ᠭᠡᠰᠬᠦ ᠬᠡᠮᠵᠢᠶ᠎ᠡ ᠶᠢ ᠠᠩᠬᠠᠷᠴᠤ᠂ ᠬᠠᠪᠤᠷ ᠤᠨ ᠲᠠᠷᠢᠶᠠᠯᠠᠭ᠎ᠠ ᠶᠢᠨ ᠠᠬᠢᠴᠠ ᠶᠢ ᠪᠠᠲᠤᠯᠠᠬᠤ ᠴᠢᠬᠤᠯᠠᠳᠠᠢ︔ ᠳᠤᠮᠳᠠ ᠪᠡᠶ᠎ᠡ ᠶᠢᠨ ᠭᠠᠵᠠᠷ ᠣᠷᠣᠨ ᠳᠤ ᠬᠠᠪᠤᠷ ᠤᠨ ᠤᠯᠠᠷᠢᠯ ᠤᠨ ᠭᠠᠩ ᠬᠠᠭᠰᠠᠷᠠᠭᠠᠨ ᠤ ᠲᠦᠭᠰᠢᠭᠦᠷᠢ ᠨᠡᠯᠢᠶᠡᠳ ᠶᠡᠭᠡ ᠪᠠᠶᠢᠵᠤ᠂ ᠭᠠᠩ ᠬᠠᠭᠰᠠᠷᠠᠭᠠᠨ ᠲᠠᠢ ᠲᠡᠮᠡᠴᠡᠬᠦ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠬᠦ ᠴᠢᠬᠤᠯᠠᠲᠠᠢ᠃ ᠮᠠᠯᠵᠢᠬᠤ ᠣᠷᠣᠨ ᠤ ᠬᠢᠨ ᠮᠠᠯ ᠤᠨᠤᠭ᠎ᠠ ᠶᠢᠨ ᠭᠡᠮ ᠬᠢᠵᠢᠭ ᠢ ᠰᠡᠷᠭᠡᠶᠢᠯᠡᠬᠦ ᠪᠠ ᠲᠡᠵᠢᠭᠡᠯ ᠪᠣᠷᠳᠤᠭ᠎ᠠ ᠰᠢᠯᠵᠢᠭᠦᠯᠦᠨ ᠲᠡᠭᠡᠭᠡᠪᠦᠷᠢᠯᠡᠬᠦ ᠵᠡᠷᠭᠡ ᠠᠵᠢᠯ ᠢ ᠤᠷᠢᠳᠴᠢᠯᠠᠨ ᠰᠠᠶᠢᠲᠤᠷ ᠬᠢᠬᠦ ᠴᠢᠬᠤᠯᠠᠲᠠᠢ ᠬᠡᠮᠡᠨ ᠰᠠᠨᠠᠭᠤᠯᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号