ᠥᠪᠥᠷ ᠮᠣᠩᠭᠣᠯ ᠤᠨ ᠠᠮᠲᠠᠲᠤ ᠢᠳᠡᠭᠡᠨ ᠪᠡᠭᠡᠵᠢᠩ ᠳᠦ ᠬᠠᠩᠬᠤᠯᠤᠨ᠎ᠠ
ᠨᠡᠶᠢᠲᠡᠯᠡᠭᠰᠡᠨ ᠴᠠᠭ᠄
2024/4/4
      ︽ ᠯᠣᠣ ᠰᠦᠢᠶᠤᠸᠠᠨ ᠤ ᠱᠣᠣᠮᠠᠢ ᠶᠢ ᠭᠡᠷ ᠲᠡᠭᠡᠨ ᠦᠨ᠎ᠡ ᠲᠥᠯᠥᠪᠦᠷᠢ ᠦᠭᠡᠢ ᠪᠠᠷ ᠠᠮᠲᠠᠯᠠᠭᠠᠳ ᠦᠨᠡᠬᠡᠷ ᠪᠠᠶᠠᠷᠯᠠᠵᠤ ᠪᠠᠢᠨ᠎ᠠ ︕ ︾ ᠭᠡᠵᠦ ᠪᠡᠭᠡᠵᠢᠩ ᠳᠤ ᠣᠯᠠᠨ ᠵᠢᠯ ᠠᠵᠢᠯᠯᠠᠭᠰᠠᠨ ᠵᠧᠦ ᠠᠪᠤᠭᠠᠢ ᠾᠦᠸᠧ   ᠶᠢᠨ ᠯᠢᠩ ᠶᠡᠭᠡ ᠪᠠᠭᠰᠢ ᠶᠢᠨ ᠥᠪᠡᠷ ᠤᠨ ᠭᠠᠷ ᠢᠶᠠᠷ ᠢᠶᠠᠨ ᠬᠢᠭᠰᠡᠨ ᠱᠣᠣᠮᠠᠢ  ᠶᠢ ᠠᠮᠲᠠᠯᠠᠵᠤ ᠦᠵᠡᠭᠰᠡᠨ ᠤ ᠳᠠᠷᠠᠭ᠎ᠠ᠂ ᠥᠪᠥᠷ ᠮᠣᠩᠭᠤᠯ ᠠᠴᠠ ᠢᠷᠡᠭᠰᠡᠨ ᠬᠤᠨᠢᠨ ᠮᠢᠬ᠎ᠠ ᠪᠠ ᠰᠦ ᠲᠠᠢ ᠴᠠᠢ  ᠶᠢ ᠲᠤᠬᠠᠢ ᠶᠢᠨ ᠲᠠᠯᠠᠪᠠᠶ ᠳᠤᠨᠢ ᠵᠠᠬᠢᠶᠠᠯᠠᠪᠠ᠃ ᠲᠡᠷᠡ ᠰᠤᠷᠪᠤᠯᠵᠢᠯᠠᠭᠴᠢ ᠳᠤ ᠬᠡᠯᠡᠬᠦ ᠳᠡᠭᠡᠨ᠂ ᠬᠠᠮᠲᠤ ᠠᠵᠢᠯᠯᠠᠭᠰᠠᠳ ᠪᠠ ᠨᠠᠶᠢᠵᠠ ᠨᠠᠷ ᠨᠢ ᠴᠦ ᠥᠪᠥᠷ ᠮᠣᠩᠭᠤᠯ ᠤᠨ ᠬᠤᠨᠢᠨ ᠮᠢᠬ᠎ᠠ ᠶᠢ ᠣᠨᠴᠠᠭᠠᠶ ᠢᠳᠡᠬᠦ ᠳᠤᠷᠠᠲᠠᠢ ᠪᠠᠶᠢᠳᠠᠭ᠂ ᠬᠤᠳᠠᠯᠳᠤᠨ ᠠᠪᠬᠤ ᠶᠢᠨ ᠬᠠᠮᠲᠤ ᠪᠠᠰᠠ ᠯᠠᠪᠲᠠᠢ ᠨᠤᠲᠤᠭ ᠤᠰᠤᠨ ᠤ ᠪᠠᠨ ᠰᠠᠶᠢᠨ ᠶᠠᠭᠤᠮ᠎ᠠ ᠶᠢ ᠤᠬᠠᠭᠤᠯᠤᠨ ᠲᠠᠨᠢᠯᠴᠠᠭᠤᠯᠬᠤ ᠶᠤᠮ ᠭᠡᠵᠡᠢ᠃      4 ᠰᠠᠷ᠎ᠠ ᠶᠢᠨ 3 ᠤ ᠡᠳᠦᠷ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠂ ᠡᠳ᠋ ᠤᠨ ᠵᠠᠰᠠᠭ ᠤᠨ ᠲᠢᠩᠬᠢᠮ ᠥᠪᠥᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ ᠤ ᠪᠡᠭᠡᠵᠢᠩ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ᠂ ︽ ᠦᠪᠦᠷ ᠮᠣᠩᠭᠤᠯ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ ᠵᠠᠭᠤᠨ ᠠᠵᠤ ᠠᠬᠤᠶᠢᠯᠠᠯ ᠬᠠᠮᠲᠤ ᠪᠠᠷ ᠤᠷᠤᠭᠰᠢᠯᠠᠶ᠎ᠠ︾ ᠭᠡᠬᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠰᠢᠯᠭᠠᠨ ᠪᠥᠬᠦ ᠣᠷᠣᠨ ᠤ 28 ᠠᠵᠤ ᠠᠬᠤᠶᠢᠯᠠᠯ ᠲᠤᠬᠠᠢ ᠶᠢᠨ ᠲᠠᠯᠠᠪᠤᠷ ᠲᠤ ᠰᠢᠯᠭᠠᠨ ᠦᠵᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ 400 ᠭᠠᠷᠤᠢ ᠵᠦᠢᠯ ᠤᠨ ᠣᠨᠴᠠᠯᠢᠭᠲᠤ ᠪᠦᠲᠦᠭᠡᠭᠳᠡᠬᠦᠨ ᠢ ᠪᠡᠭᠡᠵᠢᠩ ᠳᠤ ᠬᠦᠷᠭᠡᠵᠦ᠂ ᠶᠠᠮᠤᠨ ᠬᠤᠷᠢᠶ᠎ᠠ᠂ ᠬᠤᠳᠠᠯᠳᠤᠭᠠᠨ ᠤ ᠬᠡᠲᠦ ᠳᠡᠯᠭᠡᠭᠦᠷ ᠲᠤ ᠣᠷᠣᠭᠤᠯᠤᠨ᠂ ᠪᠡᠭᠡᠵᠢᠩ ᠬᠤᠲᠠ ᠶᠢᠨ ᠠᠷᠠᠳ ᠲᠤ ᠥᠪᠥᠷ ᠮᠣᠩᠭᠤᠯ ᠤᠨ ᠦᠨᠦᠷ ᠠᠮᠲᠠ ᠶᠢ ᠠᠮᠲᠠᠯᠠᠭᠤᠯᠵᠤ᠂ ᠮᠠᠨ ᠤ ᠣᠷᠣᠨ ᠤ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠡᠭᠡᠵᠢᠩ ᠳᠤ ᠣᠷᠣᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠪᠡ᠃      ᠰᠢᠯᠭᠠᠨ ᠦᠵᠡᠬᠦ ᠬᠤᠷᠠᠯ ᠳᠡᠭᠡᠷ᠎ᠡ ᠂ ᠠᠩᠬᠢᠯᠤᠮ᠎ᠠ ᠰᠠᠶᠢᠬᠠᠨ ᠴᠠᠭᠠᠨ ᠢᠳᠡᠭᠡᠨ ᠂ ᠥᠪᠡᠷᠮᠢᠴᠡ ᠣᠨᠴᠠᠯᠢᠭ ᠲᠠᠢ ᠲᠡᠮᠡᠭᠡᠨ ᠤ ᠪᠦᠲᠦᠭᠡᠭᠳᠡᠬᠦᠨ ᠂ ᠰᠢᠮ᠎ᠡ ᠲᠡᠵᠢᠭᠡᠯ ᠡᠯᠪᠡᠭ ᠬᠤᠯᠢᠮᠠᠭ ᠠᠮᠤ ᠂ ᠳᠥᠭᠦᠮ ᠳᠥᠲᠡ ᠰᠢᠨ᠎ᠡ ᠮᠠᠶ᠋ᠢᠭ ᠤᠨ ᠨᠣᠬᠠᠢ ᠶᠢᠨ ᠬᠤᠰᠢᠭᠤ ᠵᠡᠷᠭᠡ ᠤᠯᠠᠨ ᠤ ᠠᠩᠬᠠᠷᠤᠯ ᠢ ᠲᠠᠲᠠᠵᠤ ᠂ 200 ᠬᠠᠶᠢᠷᠴᠠᠭ ᠲᠣᠮᠣ ᠪᠡᠯᠡᠭ ᠤᠨ ᠬᠠᠶᠢᠷᠴᠠᠭ ᠢ 20 ᠮᠢᠨᠦ᠋ᠲ ᠤᠨ ᠳᠣᠲᠣᠷ᠎ᠠ ᠪᠦᠬᠦᠨ ᠢ ᠬᠤᠳᠠᠯᠳᠤᠵᠤ ᠳᠠᠭᠤᠰᠬᠠᠪᠠ ᠃ ᠬᠤᠲᠠ ᠶᠢᠨ ᠠᠷᠠᠳ ᠲᠤᠬᠠᠢ ᠶᠢᠨ ᠲᠠᠯᠠᠪᠠᠢ ᠳᠤ ᠬᠢᠭᠰᠡᠨ ᠮᠢᠬ᠎ᠠ ᠂ ᠰᠢᠷᠠᠭᠰᠠᠨ ᠪᠤᠭᠤᠳᠠᠢ ᠂ ᠨᠢᠶᠠᠩ ᠫᠢ ᠶᠢ ᠠᠮᠲᠠᠯᠠᠭᠰᠠᠨ ᠤ ᠳᠠᠷᠠᠭ᠎ᠠ ᠬᠤᠶᠢᠨ᠎ᠠ ᠬᠤᠶᠢᠨ᠎ᠠ ᠠᠴᠠ ᠪᠠᠨ ᠵᠠᠬᠢᠶᠠᠯᠠᠭ᠎ᠠ ᠥᠭᠴᠦ ᠬᠤᠳᠠᠯᠳᠤᠨ ᠠᠪᠤᠪᠠ ᠂ ᠰᠤᠷᠭᠠᠭᠤᠯᠢ ᠳᠤ ᠠᠵᠢᠯᠯᠠᠵᠤ ᠪᠠᠶᠢᠭᠰᠠᠨ ᠯᠢ ᠪᠠᠭᠰᠢ ᠪᠠᠰᠠ ᠦᠢᠯᠡᠳᠪᠦᠷᠢ ᠶᠢᠨ ᠬᠢᠨ ᠤ ᠬᠠᠷᠢᠯᠴᠠᠬᠤ ᠠᠷᠭ᠎ᠠ ᠶᠢ ᠦᠯᠡᠳᠡᠭᠡᠵᠦ ᠂ ᠥᠪᠥᠷ ᠮᠣᠩᠭᠤᠯ ᠤᠨ ᠰᠠᠶᠢᠨ ᠪᠦᠲᠦᠭᠡᠭᠳᠡᠬᠦᠨ ᠢ ᠦᠷᠭᠦᠯᠵᠢ ᠬᠤᠳᠠᠯᠳᠤᠨ ᠠᠪᠤᠨ᠎ᠠ ᠭᠡᠵᠦ ᠢᠯᠡᠳᠬᠡᠵᠡᠢ ᠂ ᠪᠠᠰᠠ ᠡᠶᠢᠮᠦᠷᠬᠦ ᠰᠢᠯᠭᠠᠨ ᠲᠠᠨᠢᠯᠴᠠᠭᠤᠯᠬᠤ ᠠᠵᠢᠯᠯᠠᠭ᠎ᠠ ᠳᠤ ᠦᠷᠭᠦᠯᠵᠢ ᠣᠷᠣᠯᠴᠠᠬᠤ ᠶᠢ ᠬᠦᠰᠡᠵᠡᠢ ᠃      ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠵᠠᠬ᠎ᠠ ᠳᠡᠯᠭᠡᠭᠦᠷ ᠤᠨ ᠭᠠᠵᠠᠷ ᠤᠨ ᠬᠠᠷᠢᠭᠤᠴᠠᠯᠭᠠᠲᠠᠨ ᠢᠯᠡᠷᠬᠡᠶᠢᠯᠡᠬᠦ  ᠳᠡᠭᠡᠨ᠂ ᠳᠠᠷᠠᠭᠠᠴᠢ ᠶᠢᠨ ᠠᠯᠬᠤᠮ ᠳᠤ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠰᠦᠯᠵᠢᠶᠡᠨ ᠳᠡᠭᠡᠷ᠎ᠡ᠂ ᠰᠦᠯᠵᠢᠶᠡᠨ ᠤ ᠭᠠᠳᠠᠨ᠎ᠠ ᠵᠡᠷᠭᠡ ᠪᠠᠷ ᠬᠦᠴᠦᠯᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠶᠠᠮᠤᠨ ᠵᠥᠪᠯᠡᠯ ᠳᠤ ᠣᠷᠣᠭᠤᠯᠬᠤ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ᠂ ︽ ᠦᠪᠦᠷ ᠮᠤᠩᠭᠤᠯ︾ ᠥᠰᠥᠭ ᠤᠨ ᠲᠡᠮᠳᠡᠭ ︱ ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠢ ᠨᠢᠭᠡᠳᠦᠯᠲᠡᠢ ᠪᠣᠶ ᠪᠣᠯᠭᠠᠵᠤ᠂ ᠥᠪᠥᠷ ᠮᠣᠩᠭᠤᠯ ᠤᠨ ᠲᠣᠰ ᠭᠠᠵᠠᠷ ᠣᠷᠣᠨ ᠤ ᠡᠯᠧᠺᠲᠷᠣᠨ ᠬᠤᠳᠠᠯᠳᠤᠭᠠᠨ ᠤ ᠲᠠᠪᠴᠠᠩ ᠢ ᠲᠥᠪᠯᠡᠷᠡᠭᠦᠯᠦᠨ ᠲᠡᠳᠬᠦᠵᠦ᠂ ᠦᠪᠦᠷ ᠮᠣᠩᠭᠤᠯ  ᠤᠨ ᠠᠮᠤ ᠪᠤᠳᠠᠭ᠎ᠠ᠂ ᠮᠢᠬ᠎ᠠ᠂ ᠰᠦᠨ ᠤ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠪᠡᠭᠡᠵᠢᠩ ᠳᠤ ᠣᠷᠣᠵᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ 300 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠴᠢᠷᠮᠠᠶᠢᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠥᠬᠦ ᠤᠯᠤᠰ ᠲᠤ ᠬᠤᠳᠠᠯᠳᠤᠵᠤ᠂ ᠲᠦᠮᠡᠨ ᠡᠷᠦᠬᠡ ᠳᠤ ᠠᠩᠭᠢᠯᠤᠭᠤᠯᠤᠨ᠎ᠠ ᠭᠡᠪᠡ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号