ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠠᠮ ᠤᠨ ᠪᠠᠶᠢᠭᠤᠯᠤᠯᠲᠠ ᠶᠢᠨ ᠰᠣᠯᠢᠯᠴᠠᠭᠠᠨ ᠤ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2024/4/4
      4 ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠳᠤ ᠬᠦᠷᠴᠦ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠬᠠᠢ ᠶᠢᠨ ᠲᠠᠯᠠᠪᠤᠷ ᠲᠤ ᠲᠣᠭᠤᠷᠢᠨ ᠦᠵᠡᠭᠰᠡᠨ ᠪᠥᠭᠡᠳ ᠶᠠᠷᠢᠯᠴᠠᠬᠤ ᠬᠤᠷᠠᠯ ᠬᠢᠵᠦ ᠰᠠᠨᠠᠯ ᠢᠶᠠᠨ ᠰᠣᠯᠢᠯᠴᠠᠪᠠ᠃ 
图片1.png
       ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠲᠥᠪ᠂ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠰᠣᠶᠣᠯ ᠤᠨ ᠵᠢᠭᠰᠠᠭᠠᠯ ᠤᠨ ᠭᠠᠵᠠᠷ ᠪᠠ ᠨᠠᠮ ᠤᠨ ᠪᠠᠶᠢᠭᠤᠯᠤᠯᠲᠠ ᠶᠢᠨ ᠠᠵᠢᠯᠯᠠᠭᠠᠨ ᠤ ᠲᠠᠰᠤᠭ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠰᠣᠶᠣᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ᠂ ᠨᠠᠮ ᠤᠨ ᠪᠠᠶᠢᠭᠤᠯᠤᠯᠲᠠ ᠶᠢᠨ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠤᠭᠰᠠᠨ ᠲᠤᠷᠰᠢᠯᠭ᠎ᠠ ᠠᠷᠭ᠎ᠠ ᠬᠢᠳᠡᠯ ᠵᠢᠴᠢ ᠲᠤᠬᠠᠶᠢᠯᠠᠭᠰᠠᠨ ᠠᠵᠢᠯ ᠯᠤᠭ᠎ᠠ ᠭᠦᠨᠵᠡᠭᠡᠢ ᠠᠭᠤᠰᠤᠯᠴᠠᠭᠰᠠᠨ ᠦᠷ᠎ᠡ ᠪᠦᠲᠦᠮᠵᠢ ᠶᠢ ᠭᠦᠨᠵᠡᠭᠡᠢ ᠣᠶᠢᠯᠠᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭᠲᠤ ᠨᠠᠮ ᠤᠨ ᠪᠠᠶᠢᠭᠤᠯᠤᠯᠲᠠ ᠶᠢᠨ ᠰᠣᠶᠣᠯ ᠤᠨ ᠭᠦᠨ ᠵᠤᠵᠠᠭᠠᠨ ᠠᠭᠤᠷ ᠠᠮᠢᠰᠬᠤᠯ ᠢ ᠭᠦᠢᠴᠡᠳ ᠣᠶᠢᠯᠠᠭᠠᠪᠠ᠃ 
图片2.png
       ᠶᠠᠷᠢᠯᠴᠠᠬᠤ ᠬᠤᠷᠠᠯ ᠳᠡᠭᠡᠷ᠎ᠡ ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ︽ᠶᠡᠭᠡ ᠨᠠᠮ ᠤᠨ ᠪᠠᠶᠢᠭᠤᠯᠤᠯᠲᠠ ᠶᠡᠭᠡ ᠬᠥᠭᠵᠢᠯᠲᠡ ᠶᠢ ᠠᠬᠢᠭᠤᠯᠵᠤ ᠶᠡᠭᠡ ᠳᠡᠭᠡᠭᠰᠢᠯᠡᠯᠲᠡ ᠶᠢ ᠪᠡᠶᠡᠯᠡᠭᠦᠯᠬᠦ︾ ᠠᠵᠢᠯ ᠤᠨ ᠰᠡᠳᠬᠢᠴᠡ᠂ ︽ᠨᠢᠭᠡ ᠬᠤᠶᠠᠷ ᠭᠤᠷᠪᠠ ᠳᠥᠷᠪᠡ︾ ᠶᠢᠨ ᠠᠵᠢᠯ ᠤᠨ ᠠᠷᠭ᠎ᠠ ᠵᠢᠴᠢ ᠣᠯᠣᠭᠰᠠᠨ ᠦᠷ᠎ᠡ ᠪᠦᠲᠦᠮᠵᠢ ᠪᠠᠨ ᠲᠠᠨᠢᠯᠴᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ 6 ᠱᠦᠵᠢ ᠶᠢᠨ ᠲᠥᠯᠥᠭᠡᠯᠡᠭᠴᠢ ᠶᠠᠷᠢᠶ᠎ᠠ ᠲᠠᠯᠪᠢᠵᠤ ᠂ ᠲᠣᠮᠣ ᠳ᠋ᠠᠶᠢᠲ᠋ᠠ ᠶᠢᠨ ᠤᠨᠢᠨ ᠳᠡᠭᠡᠷ᠎ᠡ ᠨᠢ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠪᠡᠶᠡᠯᠡᠭᠦᠯᠵᠦ ᠂ ᠨᠠᠮ ᠤᠨ ᠪᠠᠶᠢᠭᠤᠯᠤᠯᠲᠠ ᠶᠢ ᠠᠳᠬᠤᠵᠤ ᠦᠵᠡᠯ ᠰᠠᠨᠠᠭ᠎ᠠ ᠰᠡᠳᠬᠢᠴᠡ ᠰᠤᠷᠲᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠂ ︽ ᠨᠠᠮ ᠤᠨ ᠪᠠᠶᠢᠭᠤᠯᠤᠯᠲᠠ + ᠭᠤᠣᠯᠳᠠᠯᠭ᠎ᠠ ᠲᠠᠢ ᠠᠵᠢᠯ + ᠴᠢᠬᠤᠯᠠ ᠶᠡᠭᠡ ᠠᠵᠢᠯᠯᠠᠭ᠎ᠠ ︾  ᠶᠢᠨ ᠬᠡᠪ ᠵᠠᠭᠪᠤᠷ ᠵᠡᠷᠭᠡ ᠨᠡᠶᠢᠲᠡᠯᠢᠭ ᠲᠤᠷᠰᠢᠯᠭ᠎ᠠ ᠪᠣᠯᠣᠨ ᠣᠨᠴᠠᠯᠢᠭ ᠲᠠᠢ ᠠᠷᠭ᠎ᠠ ᠬᠢᠳᠡᠯ ᠢ ᠲᠠᠨᠢᠯᠴᠠᠭᠤᠯᠪᠠ ᠃ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ  ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ  ᠶᠢᠨ 3 ᠲᠥᠯᠥᠭᠡᠯᠡᠭᠴᠢ ᠳᠤᠮᠳᠠᠳᠤ   ᠶᠢᠨ ᠦᠨᠳᠦᠰᠦᠲᠡᠨ ᠤ ᠬᠠᠮᠲᠤ  ᠶᠢᠨ ᠴᠣᠭᠴᠠ   ᠶᠢᠨ ᠤᠬᠠᠮᠰᠠᠷ  ᠢ ᠪᠠᠲᠤ ᠪᠠᠬᠢ ᠪᠤᠶ ᠪᠣᠯᠭᠠᠬᠤ ᠠᠵᠢᠯ ᠤᠨ ᠭᠤᠣᠯ ᠰᠢᠵᠢᠮ  ᠢ ᠲᠤᠭᠤᠰᠢᠯᠠᠭᠤᠯᠬᠤ ᠂ ︽ᠨᠠᠮ ᠤᠨ ᠠᠴᠢ  ᠶᠢ ᠮᠡᠳᠡᠷᠡᠵᠦ ᠂ ᠨᠠᠮ ᠤᠨ ᠦᠭᠡ  ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ  ᠶᠢᠨ ᠠᠵᠢᠯᠯᠠᠭ᠎ᠠ  ᠶᠢ ᠭᠦᠨᠵᠡᠭᠡᠢ ᠥᠷᠨᠢᠭᠦᠯᠬᠦ ᠲᠤᠬᠠᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃ 
图片3.png
           ᠳᠠᠷᠠᠭᠠᠴᠢ ᠶᠢᠨ ᠠᠯᠬᠤᠮ ᠳᠤ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ  ᠬᠢᠨ ᠲᠤᠰ ᠤᠳᠠᠭᠠᠨ ᠤ ᠰᠣᠯᠢᠯᠴᠠᠭᠠᠨ ᠤ ᠦᠷ᠎ᠡ ᠪᠦᠲᠦᠭᠡᠯ ᠢ ᠨᠠᠷᠢᠨ ᠬᠢᠨᠠᠮᠠᠭᠠᠢ ᠰᠤᠷᠤᠯᠴᠠᠨ ᠠᠰᠢᠭᠯᠠᠵᠤ᠂ ᠶᠡᠭᠡ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠠᠵᠢᠯ ᠤᠨ ᠰᠡᠳᠬᠢᠴᠡ ᠶᠢ ᠭᠦᠨᠵᠡᠭᠡᠶᠢᠷᠡᠭᠦᠯᠵᠦ ᠂ ᠤᠯᠤᠰ ᠲᠦᠷᠦ ᠂ ᠰᠢᠨ᠎ᠡ ᠶᠢ ᠡᠭᠦᠳᠬᠦ ᠂ ᠪᠣᠳᠠᠲᠠᠢ ᠶᠢ ᠡᠷᠬᠢᠮᠯᠡᠬᠦ ᠂ ᠦᠢᠯᠡᠴᠢᠯᠡᠬᠦ ᠂ ᠠᠷᠢᠭᠤᠨ ᠴᠢᠬᠡᠴᠢ ᠪᠠᠶᠢᠬᠤ ︽ ᠲᠠᠪᠤᠨ ᠬᠡᠯᠪᠡᠷᠢ ᠶᠢᠨ ᠪᠠᠶᠢᠭᠤᠯᠤᠯᠭ᠎ᠠ ︾  ᠶᠢ ᠬᠦᠴᠦᠯᠡᠨ ᠪᠠᠶᠢᠭᠤᠯᠵᠤ ᠂ ᠠᠵᠢᠯ ᠤᠨ ᠠᠴᠢᠶᠠᠯᠠᠪᠤᠷᠢ ᠶᠢ ᠳᠠᠰᠤᠷᠠᠯᠳᠠ ᠦᠭᠡᠢ ᠪᠠᠶᠠᠯᠢᠭᠵᠢᠭᠤᠯᠬᠤ ᠪᠠ ᠰᠢᠨ᠎ᠡ ᠶᠢ ᠡᠭᠦᠳᠴᠦ ᠂ ᠣᠨᠴᠠᠯᠢᠭᠲᠤ ᠨᠠᠮ ᠤᠨ ᠪᠠᠶᠢᠭᠤᠯᠤᠯᠲᠠ ᠶᠢᠨ ᠳᠦᠷᠦᠯ ᠲᠡᠮᠳᠡᠭ ᠢ ᠦᠷᠭᠦᠯᠵᠢᠯᠡᠨ ᠭᠡᠷᠡᠯᠳᠦᠬᠦᠯᠵᠦ᠂ ᠨᠠᠮ ᠤᠨ ᠪᠠᠶᠢᠭᠤᠯᠤᠯᠲᠠ ᠪᠣᠯᠣᠨ ︽ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ ︾  ᠤ ᠠᠵᠢᠯ ᠤᠨ ᠭᠦᠨᠵᠡᠭᠡᠢ ᠠᠭᠤᠰᠤᠯᠴᠠᠯ ᠢ ᠪᠦᠬᠦ ᠬᠦᠴᠦᠨ ᠢᠶᠠᠷ ᠢᠶᠠᠨ ᠠᠬᠢᠭᠤᠯᠵᠤ ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠪᠡ᠃ 
 图片4.png
   
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号