ᠤᠯᠠᠭᠠᠨᠬᠠᠳᠠ ᠬᠤᠲᠠ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠭᠠᠳᠠᠨᠠᠬᠢ ᠠᠵᠢᠯ  ᠤᠨ ᠪᠠᠶᠢᠴᠠᠭᠠᠯᠲᠠ ᠶᠢᠨ ᠥᠯᠢᠭᠡᠷ ᠡᠳ᠋ ᠠᠪᠬᠤ ᠠᠵᠢᠯ ᠢ ᠦᠨᠡᠨ ᠬᠦ ᠲᠦᠯᠬᠢᠨ ᠠᠬᠢᠭᠤᠯᠵᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/4/9
      ᠭᠠᠳᠠᠨᠠᠬᠢ ᠠᠵᠢᠯ  ᠤᠨ ᠪᠠᠶᠢᠴᠠᠭᠠᠯᠲᠠ ᠶᠢᠨ ᠥᠯᠢᠭᠡᠷ ᠡᠳ᠋ ᠠᠪᠬᠤ ᠪᠣᠯ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠵᠠᠩᠭᠢᠯᠠᠭ᠎ᠠ ᠶᠢᠨ ᠭᠤᠭᠴᠤᠭ᠎ᠠ ᠮᠥᠨ᠂ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠰᠢᠨᠵᠢᠯᠡᠬᠦ ᠤᠬᠠᠭᠠᠨᠴᠢ ᠴᠢᠨᠠᠷ᠂ ᠣᠨᠣᠪᠴᠢᠲᠤ ᠴᠢᠨᠠᠷ ᠢ ᠲᠣᠭᠲᠠᠭᠠᠬᠤ ᠭᠤᠣᠯᠳᠠᠯᠭ᠎ᠠ ᠮᠥᠨ᠃ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠭᠠᠳᠠᠨᠠᠬᠢ ᠦᠢᠯᠡᠰ ᠤᠨ ᠪᠠᠶᠢᠴᠠᠭᠠᠯᠲᠠ ᠶᠢᠨ ᠦᠯᠢᠭᠡᠷ ᠡᠳ᠋ ᠠᠪᠬᠤ ᠮᠡᠷᠭᠡᠵᠢᠯ ᠤᠨ ᠠᠵᠢᠯᠯᠠᠭᠠᠨ ᠤ ᠳᠦᠷᠢᠮᠵᠢᠯᠲᠦ ᠴᠢᠨᠠᠷ᠂ ᠲᠤᠭ᠎ᠠ ᠪᠠᠷᠢᠮᠲᠠ ᠲᠠᠭᠯᠠᠨ ᠮᠡᠳᠡᠭᠦᠯᠬᠦ ᠦᠨᠡᠨ ᠪᠣᠳᠠᠲᠤ ᠴᠢᠨᠠᠷ᠂ ᠮᠡᠳᠡᠭᠡ ᠵᠠᠩᠭᠢ ᠶᠢᠨ ᠪᠠᠶᠢᠴᠠᠭᠠᠯᠲᠠ ᠶᠢᠨ ᠣᠨᠣᠪᠴᠢᠲᠤ ᠴᠢᠨᠠᠷ ᠢ ᠪᠠᠲᠤᠯᠠᠵᠤ᠂ ᠰᠠᠭᠤᠷᠢ ᠲᠤᠭ᠎ᠠ ᠪᠠᠷᠢᠮᠲᠠ ᠶᠢᠨ ᠠᠰᠠᠭᠤᠳᠠᠯ ᠢ ᠦᠷ᠎ᠡ ᠪᠦᠲᠦᠭᠡᠯ ᠢ ᠨᠠᠶᠢᠷᠠᠭᠤᠯᠤᠨ ᠵᠣᠬᠢᠶᠠᠬᠤ ᠱᠠᠲᠤᠨ ᠳᠤ ᠣᠷᠣᠭᠤᠯᠬᠤ ᠠᠴᠠ ᠵᠠᠶᠢᠯᠠᠰᠬᠢᠵᠦ᠂ 2023 ᠣᠨ ᠤ ᠭᠠᠳᠠᠨᠠᠬᠢ ᠦᠢᠯᠡᠰ ᠤᠨ ᠪᠠᠶᠢᠴᠠᠭᠠᠯᠲᠠ ᠶᠢᠨ ᠦᠯᠢᠭᠡᠷ ᠡᠳ᠋ ᠠᠪᠬᠤ ᠳᠤ ᠣᠷᠣᠰᠢᠵᠤ ᠪᠠᠶᠢᠭ᠎ᠠ ᠠᠰᠠᠭᠤᠳᠠᠯ ᠪᠠ ᠲᠤᠷᠰᠢᠯᠭ᠎ᠠ ᠲᠠᠢ ᠤᠶᠠᠯᠳᠤᠭᠤᠯᠤᠨ᠂ ᠭᠠᠳᠠᠨᠠᠬᠢ ᠠᠵᠢᠯ  ᠤᠨ ᠪᠠᠶᠢᠴᠠᠭᠠᠯᠲᠠ ᠪᠠ ᠦᠯᠢᠭᠡᠷ ᠡᠳ᠋ ᠠᠪᠬᠤ ᠠᠵᠢᠯ ᠤᠨ ᠶᠠᠰᠤ ᠴᠢᠨᠠᠷ ᠢ ᠪᠠᠲᠤᠯᠠᠬᠤ ᠶᠢᠨ ᠲᠦᠯᠦᠭᠡ᠂ 3 ᠰᠠᠷ᠎ᠠ ᠶᠢᠨ 29 ᠤ ᠡᠳᠦᠷ ᠠᠴᠠ 4 ᠰᠠᠷ᠎ᠠ ᠶᠢᠨ 2 ᠤᠨ ᠡᠳᠦᠷ ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ ᠭᠠᠳᠠᠨᠠᠬᠢ ᠠᠵᠢᠯ  ᠤᠨ ᠪᠠᠶᠢᠴᠠᠭᠠᠯᠲᠠ ᠶᠢᠨ ᠦᠯᠢᠭᠡᠷ ᠡᠳ᠋ ᠠᠪᠬᠤ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠤᠨ ᠲᠤᠰᠬᠠᠢ ᠮᠡᠷᠭᠡᠵᠢᠯᠲᠡᠨ ᠴᠧᠨ ᠰᠢᠶᠣᠣ ᠯᠢ᠂ ᠤᠯᠠᠭᠠᠨᠴᠠᠪ ᠬᠤᠳᠠ ᠶᠢᠨ ᠦᠩᠭᠡᠨ ᠳᠠᠪᠬᠤᠷᠭ᠎ᠠ ᠶᠢᠨ ᠶᠠᠰᠤ ᠴᠢᠨᠠᠷ ᠢ ᠡᠵᠡᠮᠳᠡᠬᠦ ᠲᠤᠰᠬᠠᠢ ᠮᠡᠷᠭᠡᠵᠢᠯᠲᠡᠨ ᠵᠦ ᠯᠧ ᠤᠯᠠᠭᠠᠨᠬᠠᠳᠠ ᠬᠤᠳᠠ ᠶᠢᠨ 2024 ᠣᠨ ᠤᠨ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠵᠢᠷᠭᠤᠭᠠᠨ ᠬᠤᠰᠢᠭᠤ ᠰᠢᠶᠠᠨ ᠲᠣᠭᠤᠷᠢᠭ ᠲᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠭᠠᠳᠠᠨᠠᠬᠢ ᠠᠵᠢᠯ ᠤᠨ ᠪᠠᠶᠢᠴᠠᠭᠠᠯᠲᠠ ᠶᠢᠨ ᠦᠯᠢᠭᠡᠷ ᠡᠳ᠋ ᠠᠪᠬᠤ ᠲᠤᠬᠠᠢ ᠶᠢᠨ ᠲᠠᠯᠠᠪᠤᠷ ᠤᠨ ᠶᠠᠰᠤ ᠴᠢᠨᠠᠷ ᠢ ᠡᠵᠡᠮᠳᠡᠬᠦ ᠠᠵᠢᠯ ᠢ ᠥᠷᠨᠢᠭᠦᠯᠵᠡᠢ᠃      ᠭᠠᠳᠠᠨᠠᠬᠢ ᠶᠠᠰᠤ ᠴᠢᠨᠠᠷ ᠢ ᠡᠵᠡᠮᠳᠡᠬᠦ ᠲᠤᠬᠠᠢ ᠶᠢᠨ ᠲᠠᠯᠠᠪᠤᠷ ᠲᠤ᠂ ᠶᠠᠰᠤ ᠴᠢᠨᠠᠷ ᠢ ᠡᠵᠡᠮᠳᠡᠬᠦ ᠲᠤᠰᠬᠠᠢ ᠮᠡᠷᠭᠡᠵᠢᠯᠲᠡᠨ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠭᠠᠳᠠᠨᠠᠬᠢ ᠠᠵᠢᠯ ᠤᠨ ᠪᠠᠶᠢᠴᠠᠭᠠᠯᠲᠠ ᠶᠢᠨ ᠦᠯᠢᠭᠡᠷ ᠡᠳ᠋ ᠠᠪᠬᠤ ᠶᠠᠰᠤ ᠴᠢᠨᠠᠷ ᠢ ᠡᠵᠡᠮᠳᠡᠬᠦ ᠠᠵᠢᠯ ᠤᠨ ᠲᠥᠰᠥᠯ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠤᠩᠱᠠᠨ ᠲᠣᠭᠤᠷᠢᠭ᠂ ᠰᠦᠩᠱᠠᠨ ᠲᠣᠭᠤᠷᠢᠭ᠂ ᠶᠤᠸᠠᠨ ᠪᠦᠦ ᠱᠠᠨ ᠲᠣᠭᠤᠷᠢᠭ᠂ ᠬᠠᠷᠠᠴᠢᠨ ᠬᠤᠰᠢᠭᠤ᠂ ᠨᠢᠩᠴᠧᠩ ᠰᠢᠶᠠᠨ ᠪᠣᠯᠣᠨ ᠬᠡᠰᠢᠭᠲᠡᠨ ᠬᠤᠰᠢᠭᠤᠨ ᠤ ᠦᠯᠢᠭᠡᠷ ᠡᠳ᠋ ᠠᠪᠬᠤ ᠠᠩᠭᠢ ᠶᠢᠨ ᠦᠯᠢᠭᠡᠷ ᠡᠳ᠋ ᠠᠪᠬᠤ ᠭᠠᠵᠠᠷ ᠢ ᠬᠤᠯᠢᠯᠳᠤᠭᠤᠯᠤᠨ ᠪᠠᠶᠢᠷᠢᠯᠠᠭᠤᠯᠬᠤ᠂ ᠥᠩᠭᠡᠨ ᠲᠠᠯ᠎ᠠ ᠶᠢᠨ ᠦᠯᠢᠭᠡᠷ ᠡᠳ᠋ ᠠᠪᠬᠤ᠂ ᠦᠯᠢᠭᠡᠷ ᠡᠳ᠋ ᠢ ᠬᠤᠯᠢᠯᠳᠤᠭᠤᠯᠬᠤ᠂ ᠪᠠᠭᠲᠠᠭᠠᠮᠵᠢ ᠶᠢᠨ ᠲᠠᠯ᠎ᠠ ᠪᠠᠷ ᠦᠯᠢᠭᠡᠷ ᠡᠳ᠋ ᠠᠪᠬᠤ᠂ ᠭᠡᠷᠡᠯ ᠵᠢᠷᠤᠭ ᠰᠡᠭᠦᠳᠡᠷᠯᠡᠬᠦ᠂ ᠲᠤᠬᠠᠢ ᠶᠢᠨ ᠲᠠᠯᠠᠪᠤᠷ ᠤᠨ ᠮᠡᠳᠡᠭᠡ ᠵᠠᠩᠭᠢ ᠶᠢ ᠬᠢᠨᠠᠨ ᠪᠠᠶᠢᠴᠠᠭᠠᠬᠤ ᠵᠡᠷᠭᠡ ᠴᠢᠬᠤᠯᠠ ᠵᠠᠩᠭᠢᠯᠠᠭ᠎ᠠ ᠳᠤ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠭᠰᠡᠨ ᠪᠠᠶᠢᠨ᠎ᠠ᠃ ᠦᠯᠢᠭᠡᠷ ᠡᠳ᠋ ᠠᠪᠬᠤ ᠪᠠᠶᠢᠴᠠᠭᠠᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠵᠤ᠂ ᠬᠠᠯᠠᠨ ᠰᠠᠶᠢᠵᠢᠷᠠᠭᠤᠯᠬᠤ ᠠᠷᠭ᠎ᠠ᠂ ᠠᠷᠭ᠎ᠠ ᠬᠡᠮᠵᠢᠶ᠎ᠡ ᠪᠠ ᠴᠡᠭᠴᠡᠯᠡᠨ ᠰᠠᠶᠢᠵᠢᠷᠠᠭᠤᠯᠬᠤ ᠰᠠᠨᠠᠯ ᠢ ᠳᠤᠷᠠᠳᠤᠭᠰᠠᠨ ᠪᠥᠭᠡᠳ ᠦᠯᠢᠭᠡᠷ ᠡᠳ᠋ ᠠᠪᠬᠤ ᠠᠵᠢᠯᠲᠠᠨ ᠤ ᠳᠦᠷᠢᠮᠵᠢᠯ ᠦᠭᠡᠢ ᠠᠵᠢᠯᠯᠠᠭ᠎ᠠ ᠶᠢ ᠲᠤᠬᠠᠢ ᠶᠢᠨ ᠲᠠᠯᠠᠪᠤᠷ ᠲᠤ ᠵᠢᠱᠢᠶ᠎ᠡ ᠦᠵᠡᠭᠦᠯᠦᠨ ᠵᠠᠯᠠᠷᠠᠭᠤᠯᠬᠤ ᠶᠢ ᠤᠯᠠᠨ ᠤᠳᠠᠭ᠎ᠠ ᠬᠢᠭᠰᠡᠨ ᠤ ᠬᠠᠮᠲᠤ ᠶᠠᠰᠤ ᠴᠢᠨᠠᠷ ᠢ ᠡᠵᠡᠮᠳᠡᠬᠦ ᠠᠵᠢᠯᠲᠠᠨ ᠦᠯᠢᠭᠡᠷ ᠡᠳ᠋ ᠠᠪᠬᠤ ᠬᠥᠮᠥᠰ ᠤᠨ ᠦᠯᠢᠭᠡᠷ ᠡᠳ᠋ ᠠᠪᠬᠤ ᠶᠠᠪᠤᠴᠠ ᠳᠤ ᠲᠣᠬᠢᠶᠠᠯᠳᠤᠭᠰᠠᠨ ᠮᠡᠷᠭᠡᠵᠢᠯ ᠤᠨ ᠠᠰᠠᠭᠤᠳᠠᠯ ᠳᠤ ᠬᠠᠷᠢᠭᠤᠯᠲᠠ ᠥᠭᠴᠡᠢ᠃      ᠮᠢᠩᠭᠠᠨ ᠤ ᠲᠠᠪᠤ ᠶᠢᠨ ᠶᠠᠰᠤ ᠴᠢᠨᠠᠷ ᠤᠨ ᠡᠵᠡᠮᠳᠡᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠭᠠᠳᠠᠨᠠᠬᠢ ᠠᠵᠢᠯ ᠤᠨ ᠪᠠᠶᠢᠴᠠᠭᠠᠯᠲᠠ ᠶᠢᠨ ᠥᠯᠢᠭᠡᠷ ᠡᠳ᠋ ᠠᠪᠬᠤ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠳᠤᠭᠤᠶᠢᠯᠠᠩ ᠪᠠᠰᠠ 2024 ᠣᠨ ᠤ ᠤᠯᠠᠭᠠᠨᠬᠠᠳᠠ ᠬᠤᠲᠠ ᠶᠢᠨ ᠭᠤᠷᠪᠠᠳᠤᠭᠠᠷ ᠤᠳᠠᠭᠠᠨ ᠤ ᠨᠠᠶᠢᠳᠡᠮ ᠤᠨ ᠪᠠᠶᠢᠴᠠᠭᠠᠯᠲᠠ ᠶᠢᠨ ᠭᠠᠳᠠᠨᠠᠬᠢ ᠠᠵᠢᠯ ᠤᠨ ᠥᠯᠢᠭᠡᠷ ᠡᠳ᠋ ᠠᠪᠬᠤ ᠬᠤᠰᠢᠭᠤ ᠰᠢᠶᠠᠨ ᠲᠣᠭᠤᠷᠢᠭ ᠤᠨ 45 ᠥᠯᠢᠭᠡᠷ ᠡᠳ᠋ ᠠᠪᠬᠤ ᠴᠡᠭ ᠲᠤ ᠲᠤᠬᠠᠢ ᠶᠢᠨ ᠲᠠᠯᠠᠪᠤᠷ ᠤᠨ ᠶᠠᠰᠤ ᠴᠢᠨᠠᠷ ᠤᠨ ᠡᠵᠡᠮᠳᠡᠯ ᠤᠨ ᠠᠵᠢᠯ ᠢ ᠦᠷᠭᠦᠯᠵᠢᠯᠡᠨ ᠥᠷᠨᠢᠭᠦᠯᠵᠦ᠂ ᠭᠤᠷᠪᠠᠳᠤᠭᠠᠷ ᠤᠳᠠᠭᠠᠨ ᠤ ᠨᠠᠶᠢᠳᠡᠮ ᠤᠨ ᠪᠠᠶᠢᠴᠠᠭᠠᠯᠲᠠ ᠶᠢᠨ ᠭᠠᠳᠠᠨᠠᠬᠢ ᠠᠵᠢᠯ ᠤᠨ ᠥᠯᠢᠭᠡᠷ ᠡᠳ᠋ ᠠᠪᠬᠤ ᠠᠵᠢᠯ ᠤᠨ ᠣᠨᠣᠪᠴᠢᠲᠠᠶ᠂ ᠵᠢᠷᠤᠮᠵᠢᠯ ᠲᠠᠢ᠂ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠵᠤ᠂ ᠭᠤᠷᠪᠠᠳᠤᠭᠠᠷ ᠤᠳᠠᠭᠠᠨ ᠤ ᠨᠠᠶᠢᠳᠡᠮ ᠤᠨ ᠪᠠᠶᠢᠴᠠᠭᠠᠯᠲᠠ ᠶᠢᠨ ᠭᠠᠳᠠᠨᠠᠬᠢ ᠠᠵᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠪᠣᠯᠤᠨ᠎ᠠ᠃ 
 
ᠢᠷᠡᠯᠲᠡ᠄ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号