︵2024 ᠣᠨ ᠤ 7 ᠰᠠᠷ᠎ᠠ ᠶᠢᠨ 25 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ | ᠨᠢᠭᠡᠳᠦᠭᠡᠷ ᠬᠤᠷᠠᠯ ᠠᠴᠠ ᠪᠠᠲᠤᠯᠠᠪᠠ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠨᠡᠶᠢᠭᠡᠮ ᠤᠨ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠪᠠ ᠢᠲᠡᠭᠡᠮᠵᠢ ᠶᠢᠨ ᠬᠢᠷᠢ | ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ ᠪᠠ | ᠵᠢᠷᠤᠮᠵᠢᠭᠤᠯᠵᠤ᠂ ᠨᠡᠶᠢᠭᠡᠮ ᠤᠨ ᠢᠲᠡᠭᠡᠮᠵᠢ ᠶᠢᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ | ᠦᠵᠡᠯᠲᠡ ᠶᠢ ᠪᠠᠳᠠᠷᠠᠭᠤᠯᠬᠤ ᠶᠢᠨ ᠲᠥᠯᠥᠭᠡ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠨᠡᠶᠢᠭᠡᠮ ᠤᠨ | ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠥᠷᠨᠢᠭᠦᠯᠵᠦ᠂ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ | ᠬᠠᠮᠢᠶᠠᠷᠤᠯᠲᠠ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ᠂ | ᠢᠲᠡᠭᠡᠮᠵᠢ ᠶᠢᠨ ᠭᠤᠣᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ᠂ ᠢᠲᠡᠭᠡᠮᠵᠢ ᠶᠢᠨ ᠦᠢᠯᠡᠴᠢᠯᠡᠭᠡᠨ ᠤ ᠠᠵᠢᠯ ᠲᠥᠷᠥᠯ ᠢ | ᠵᠢᠷᠤᠮᠵᠢᠭᠤᠯᠬᠤ ᠪᠠ ᠬᠥᠭᠵᠢᠭᠦᠯᠬᠦ ᠵᠡᠷᠭᠡ ᠠᠵᠢᠯᠯᠠᠭ᠎ᠠ ᠳᠤ ᠲᠣᠰ ᠳᠦᠷᠢᠮ ᠬᠡᠷᠡᠭᠯᠡᠭᠳᠡᠨ᠎ᠡ᠃ | ᠭᠤᠷᠪᠠᠳᠤᠭᠠᠷ ᠵᠦᠢᠯ ᠲᠤᠰ ᠳᠦᠷᠢᠮ ᠳᠤ ᠬᠡᠯᠡᠵᠦ ᠪᠠᠶᠢᠭ᠎ᠠ ᠨᠡᠶᠢᠭᠡᠮ ᠤᠨ ᠢᠲᠡᠭᠡᠮᠵᠢ ᠭᠡᠳᠡᠭ ᠨᠢ ᠢᠷᠭᠡᠨ ᠤ | ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠪᠠᠶᠢᠭᠠᠯᠢ ᠬᠥᠮᠥᠨ᠂ ᠬᠠᠤᠯᠢ ᠶᠢᠨ ᠬᠥᠮᠥᠨ ᠪᠠ ᠬᠠᠤᠯᠢ ᠶᠢᠨ ᠬᠥᠮᠥᠨ | ᠪᠤᠰᠤ ᠵᠣᠬᠢᠶᠠᠨ ᠪᠠᠶᠢᠭᠤᠯᠤᠯᠲᠠ ᠵᠡᠷᠭᠡ ᠢᠲᠡᠭᠡᠮᠵᠢ ᠶᠢᠨ ᠭᠤᠣᠯ ᠴᠣᠭᠴᠠ ᠶᠢᠨ ᠬᠠᠤᠯᠢ ᠳᠤ ᠲᠣᠭᠲᠠᠭᠠᠭᠰᠠᠨ ᠡᠭᠦᠷᠭᠡ ᠶᠢ | ᠵᠢᠷᠤᠮᠯᠠᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠤᠶᠤ ᠪᠣᠯᠵᠣᠨ ᠲᠣᠭᠲᠠᠭᠰᠠᠨ ᠡᠭᠦᠷᠭᠡ ᠪᠠᠨ | ᠭᠦᠢᠴᠡᠳᠬᠡᠬᠦ ᠪᠠᠶᠢᠳᠠᠯ ᠢ ᠵᠢᠭᠠᠵᠤ ᠪᠤᠢ᠃ | ᠲᠣᠰ ᠳᠦᠷᠢᠮ ᠳᠤ ᠬᠡᠯᠡᠵᠦ ᠪᠠᠶᠢᠭ᠎ᠠ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠭᠡᠳᠡᠭ ᠨᠢ ᠢᠲᠡᠭᠡᠮᠵᠢ ᠶᠢᠨ | ᠭᠤᠣᠯ ᠴᠣᠭᠴᠠ ᠶᠢᠨ ᠨᠡᠶᠢᠭᠡᠮ ᠤᠨ ᠢᠲᠡᠭᠡᠮᠵᠢ ᠶᠢᠨ ᠪᠠᠶᠢᠳᠠᠯ ᠢ ᠢᠯᠭᠠᠨ ᠲᠠᠨᠢᠬᠤ᠂ ᠵᠠᠳᠠᠯᠬᠤ᠂ ᠮᠠᠭᠠᠳᠯᠠᠬᠤ ᠳᠤ ᠬᠡᠷᠡᠭᠯᠡᠵᠦ | ᠪᠤᠯᠬᠤ ᠪᠤᠰᠤᠳᠴᠢ ᠲᠤᠭ᠎ᠠ ᠪᠠᠷᠢᠮᠲᠠ ᠪᠠ ᠮᠠᠲ᠋ᠧᠷᠢᠶᠠᠯ ᠢ ᠵᠢᠭᠠᠵᠤ ᠪᠤᠶ᠂ ᠡᠭᠦᠨ ᠳᠤ ᠣᠯᠠᠨ ᠨᠡᠶᠢᠲᠡ ᠶᠢᠨ ᠢᠲᠡᠭᠡᠮᠵᠢ ᠶᠢᠨ | ᠮᠡᠳᠡᠭᠡ ᠵᠠᠩᠭᠢ ᠪᠠ ᠣᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠪᠠᠭᠲᠠᠨ᠎ᠠ᠃ | ᠲᠣᠰ ᠳᠦᠷᠢᠮ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ | ᠭᠡᠳᠡᠭ ᠨᠢ ᠲᠥᠷᠥ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ | ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠬᠢ ᠲᠠᠢ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠠᠪᠤᠴᠠ ᠳᠤ ᠪᠤᠶ ᠪᠣᠯᠤᠭᠰᠠᠨ | ᠪᠤᠶᠤ ᠣᠯᠣᠭᠰᠠᠨ ᠢᠲᠡᠭᠡᠮᠵᠢ ᠶᠢᠨ ᠭᠤᠣᠯ ᠴᠣᠭᠴᠠ ᠶᠢᠨ ᠨᠡᠶᠢᠭᠡᠮ ᠤᠨ ᠢᠲᠡᠭᠡᠮᠵᠢ ᠶᠢᠨ ᠪᠠᠶᠢᠳᠠᠯ ᠢ ᠢᠯᠭᠠᠨ ᠲᠠᠨᠢᠬᠤ᠂ | ᠵᠠᠳᠠᠯᠬᠤ᠂ ᠮᠠᠭᠠᠳᠯᠠᠵᠤ ᠪᠤᠯᠬᠤ ᠪᠤᠰᠤᠳᠴᠢ ᠲᠤᠭ᠎ᠠ ᠪᠠᠷᠢᠮᠲᠠ ᠪᠠ ᠮᠠᠲ᠋ᠧᠷᠢᠶᠠᠯ ᠢ ᠵᠢᠭᠠᠵᠤ ᠪᠤᠶ᠃ | ᠲᠣᠰ ᠳᠦᠷᠢᠮ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ | ᠭᠡᠳᠡᠭ ᠨᠢ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ | ᠨᠡᠶᠢᠭᠡᠮᠯᠢᠭ ᠵᠢᠴᠢ ᠪᠤᠰᠤᠳ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠵᠣᠬᠢᠶᠠᠨ ᠪᠠᠶᠢᠭᠤᠯᠤᠯᠲᠠ᠂ ᠪᠠᠶᠢᠭᠠᠯᠢ | ᠬᠥᠮᠥᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠪᠤᠶ ᠪᠣᠯᠤᠭᠰᠠᠨ ᠪᠤᠶᠤ ᠣᠯᠣᠭᠰᠠᠨ | ᠢᠲᠡᠭᠡᠮᠵᠢ ᠶᠢᠨ ᠮᠡᠳᠡᠭᠡ ᠵᠠᠩᠭᠢ ᠵᠢᠴᠢ ᠢᠯᠡᠷᠬᠡᠶᠢᠯᠡᠬᠦ᠂ ᠥᠪᠡᠰᠦᠪᠡᠨ ᠮᠡᠳᠡᠭᠦᠯᠬᠦ᠂ ᠠᠮᠠᠯᠠᠬᠤ ᠵᠡᠷᠭᠡ ᠭᠡᠯᠪᠡᠷᠢ ᠪᠠᠷ ᠬᠠᠩᠭᠠᠭᠰᠠᠨ | ᠲᠣᠰ ᠪᠡᠶ᠎ᠡ ᠶᠢᠨ ᠮᠡᠳᠡᠭᠡ ᠵᠠᠩᠭᠢ ᠶᠢ ᠵᠢᠭᠠᠵᠤ ᠪᠤᠶ᠃ | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ | ᠪᠠᠶᠢᠭᠤᠯᠤᠯᠲᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ | ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠪᠠ ᠲᠡᠭᠦᠨ ᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠤᠯᠢ ᠶᠣᠰᠣᠭᠠᠷ ᠬᠡᠷᠡᠭᠵᠢᠭᠦᠯᠬᠦ᠂ ᠵᠠᠰᠠᠭ ᠤᠨ | ᠣᠷᠳᠣᠨ ᠠᠴᠠ ᠠᠬᠢᠭᠤᠯᠬᠤ᠂ ᠨᠡᠶᠢᠭᠡᠮ ᠠᠴᠠ ᠬᠠᠮᠲᠤᠪᠠᠷ ᠪᠠᠶᠢᠭᠤᠯᠬᠤ᠂ ᠡᠷᠬᠡ ᠠᠰᠢᠭ ᠢ ᠬᠠᠮᠠᠭᠠᠯᠠᠬᠤ᠂ ᠮᠡᠳᠡᠭᠡ ᠵᠠᠩᠭᠢ ᠶᠢ | ᠬᠠᠮᠲᠤᠪᠠᠷ ᠡᠳ᠋ᠯᠡᠬᠦ᠂ ᠱᠠᠩᠨᠠᠵᠤ ᠲᠣᠷᠭᠠᠬᠤ ᠶᠢ ᠤᠶᠠᠯᠳᠤᠭᠤᠯᠬᠤ ᠵᠠᠷᠴᠢᠮ ᠢ ᠵᠢᠷᠤᠮᠯᠠᠬᠤ ᠬᠡᠷᠡᠭᠲᠡᠢ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠤᠰ | ᠵᠠᠰᠠᠭ ᠵᠠᠬᠢᠷᠭᠠᠨ ᠤ ᠣᠷᠣᠨ ᠤ ᠪᠠᠨ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠨᠢᠭᠡᠳᠦᠯᠲᠡᠢ | ᠲᠥᠯᠥᠪᠯᠡᠨ ᠲᠦᠯᠬᠢᠨ ᠠᠬᠢᠭᠤᠯᠵᠤ᠂ ᠲᠡᠭᠦᠨ ᠢ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ | ᠲᠥᠯᠦᠪᠵᠢᠭᠦᠯᠭᠡ ᠵᠢᠴᠢ ᠵᠠᠰᠠᠭ ᠤᠨ ᠣᠷᠳᠣᠨ ᠤ ᠬᠠᠷᠢᠭᠤᠴᠠᠯᠭ᠎ᠠ ᠶᠢᠨ ᠬᠠᠷᠠᠯᠲᠠ ᠶᠢᠨ ᠬᠢᠨᠠᠨ ᠰᠢᠯᠭᠠᠬᠤ ᠲᠣᠭᠲᠠᠯᠴᠠᠭ᠎ᠠ ᠳᠤ | ᠣᠷᠣᠭᠤᠯᠵᠤ᠂ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠠᠵᠢᠯ ᠤᠨ ᠬᠦᠴᠦᠨ ᠢ ᠪᠠᠲᠤᠯᠠᠵᠤ᠂ | ᠬᠡᠷᠡᠭᠰᠡᠬᠦ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠣᠷᠣᠨ ᠪᠦᠰᠡ ᠠᠯᠤᠰᠯᠠᠭᠰᠠᠨ | ᠢᠲᠡᠭᠡᠮᠵᠢ ᠶᠢᠨ ᠬᠠᠮᠲᠤᠷᠠᠯᠴᠠᠭ᠎ᠠ ᠶᠢᠨ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠡᠶᠢᠭᠡᠮ ᠤᠨ ᠢᠲᠡᠭᠡᠮᠵᠢ ᠶᠢᠨ ᠠᠵᠢᠯ ᠤᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ | ᠪᠠᠶᠢᠭᠤᠯᠤᠯᠲᠠ ᠶᠢᠨ ᠶᠡᠷᠦᠩᠬᠡᠶᠢᠯᠡᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠵᠤ᠂ ᠬᠠᠷᠢᠶ᠎ᠠ | ᠪᠦᠬᠦᠢ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠲᠤᠰ ᠵᠠᠰᠠᠭ ᠵᠠᠬᠢᠷᠭᠠᠨ ᠤ ᠣᠷᠣᠨ ᠤ ᠪᠠᠨ | ᠳᠣᠲᠣᠷᠠᠬᠢ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠬᠠᠮᠲᠤᠪᠠᠷ ᠬᠤᠪᠢᠶᠠᠯᠴᠠᠬᠤ᠂ ᠬᠡᠷᠡᠭᠯᠡᠬᠦ᠂ ᠦᠢᠯᠡᠴᠢᠯᠡᠬᠦ ᠵᠢᠴᠢ | ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠬᠠᠮᠢᠶᠠᠷᠤᠯᠲᠠ ᠶᠢᠨ ᠠᠵᠢᠯ ᠢ ᠪᠣᠳᠠᠲᠠᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ᠂ ᠠᠷᠠᠳ ᠤᠨ ᠶᠠᠪᠤᠳᠠᠯ᠂ ᠬᠠᠤᠯᠢ ᠴᠠᠭᠠᠵᠠ ᠵᠠᠰᠠᠭ ᠵᠠᠬᠢᠷᠭᠠᠨ᠂ ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ | ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ | ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠵᠡᠷᠭᠡ ᠨᠢ ᠲᠣᠰ ᠲᠣᠰ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ | ᠳᠣᠲᠣᠷ᠎ᠠ ᠪᠠᠨ ᠲᠣᠰ ᠠᠵᠢᠯ ᠲᠥᠷᠥᠯ᠂ ᠲᠣᠰ ᠬᠦᠷᠢᠶ᠎ᠡ ᠴᠠᠷᠠᠭᠠᠨ ᠳᠠᠬᠢ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ | ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | ᠳᠣᠯᠣᠳᠤᠭᠠᠷ ᠵᠦᠢᠯ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠨᠤᠭᠤᠳ ᠬᠠᠮᠢᠶ᠎ᠠ ᠪᠦᠬᠦᠢ | ᠬᠢᠴᠢᠶᠡᠯ ᠳᠤ ᠪᠠᠨ ᠲᠦᠰᠢᠭᠯᠡᠨ ᠢᠲᠡᠭᠡᠮᠵᠢ ᠶᠢᠨ ᠬᠥᠮᠦᠵᠢᠯ ᠢ ᠥᠷᠨᠢᠭᠦᠯᠬᠦ ᠬᠡᠷᠡᠭᠲᠡᠢ᠃ ᠳᠡᠭᠡᠳᠦ ᠰᠤᠷᠭᠠᠭᠤᠯᠢ ᠨᠤᠭᠤᠳ | ᠨᠡᠶᠢᠭᠡᠮ ᠤᠨ ᠢᠲᠡᠭᠡᠮᠵᠢ ᠶᠢᠨ ᠬᠠᠮᠢᠶ᠎ᠠ ᠪᠦᠬᠦᠢ ᠬᠢᠴᠢᠶᠡᠯ ᠨᠡᠭᠡᠭᠡᠵᠦ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ | ᠯᠤᠭ᠎ᠠ ᠶᠢᠨ ᠬᠤᠷᠰᠢᠯᠴᠠᠭ᠎ᠠ ᠪᠠᠨ ᠴᠢᠩᠭᠠᠳᠬᠠᠨ᠂ ᠢᠲᠡᠭᠡᠮᠵᠢ ᠶᠢᠨ ᠦᠢᠯᠡᠴᠢᠯᠡᠭᠡᠨ ᠤ ᠲᠤᠰᠬᠠᠢ ᠮᠡᠷᠭᠡᠵᠢᠯ ᠤᠨ | ᠴᠢᠳᠠᠪᠤᠷᠢᠲᠠᠨ ᠢ ᠬᠥᠮᠥᠵᠢᠭᠦᠯᠬᠦ ᠶᠢ ᠵᠣᠷᠢᠭᠵᠢᠭᠤᠯᠤᠨ᠎ᠠ᠃ | ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠰᠣᠨᠢᠨ ᠮᠡᠳᠡᠭᠡᠨ ᠤ ᠵᠠᠭᠤᠴᠢ ᠨᠤᠭᠤᠳ | ᠦᠨᠡᠨᠴᠢ ᠢᠲᠡᠭᠡᠮᠵᠢ ᠶᠢᠨ ᠲᠤᠬᠠᠢ ᠤᠬᠠᠭᠤᠯᠭ᠎ᠠ ᠪᠠᠨ ᠴᠢᠩᠭᠠᠳᠬᠠᠵᠤ᠂ ᠨᠡᠶᠢᠭᠡᠮ ᠤᠨ ᠢᠲᠡᠭᠡᠮᠵᠢ ᠶᠢᠨ ᠲᠤᠬᠠᠢ ᠮᠡᠳᠡᠯᠭᠡ ᠶᠢ | ᠲᠦᠭᠡᠮᠡᠯᠵᠢᠭᠦᠯᠦᠨ᠂ ᠦᠨᠡᠨᠴᠢ ᠢᠲᠡᠭᠡᠮᠵᠢᠲᠡᠢ ᠲᠡᠷᠢᠭᠦᠨ ᠤ ᠨᠡᠶᠢᠲᠡᠯᠢᠭ ᠵᠢᠱᠢᠶ᠎ᠡ ᠶᠢ ᠮᠠᠭᠲᠠᠨ ᠰᠠᠶᠢᠰᠢᠶᠠᠵᠤ᠂ ᠨᠡᠶᠢᠭᠡᠮ ᠤᠨ | ᠦᠨᠡᠨᠴᠢ ᠢᠲᠡᠭᠡᠮᠵᠢ ᠲᠠᠢ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ | ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠦᠨᠡᠨᠴᠢ ᠢᠲᠡᠭᠡᠮᠵᠢ ᠶᠢᠨ ᠰᠣᠶᠣᠯ ᠤᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠨᠡᠶᠢᠭᠡᠮ ᠨᠡᠶᠢᠲᠡ ᠶᠢᠨ ᠶᠣᠰᠣ ᠮᠣᠷᠠᠯ᠂ ᠠᠵᠢᠯ ᠮᠡᠷᠭᠡᠵᠢᠯ ᠤᠨ | ᠶᠣᠰᠣ ᠮᠣᠷᠠᠯ᠂ ᠭᠡᠷ ᠪᠦᠯᠢ ᠶᠢᠨ ᠰᠠᠶᠢᠬᠠᠨ ᠰᠤᠷᠲᠠᠯ ᠪᠠ ᠬᠤᠪᠢ ᠬᠥᠮᠥᠨ ᠤ ᠶᠣᠰᠣ ᠮᠣᠷᠠᠯ ᠤᠨ ᠬᠥᠮᠦᠵᠢᠯ ᠢ ᠥᠷᠨᠢᠭᠦᠯᠦᠨ᠂ | ᠦᠨᠡᠨᠴᠢ ᠢᠲᠡᠭᠡᠮᠵᠢ ᠶᠢᠨ ᠬᠡᠪ ᠳᠠᠭᠤᠷᠢᠶᠠᠯ ᠢ ᠪᠤᠶ ᠪᠤᠯᠭᠠᠵᠤ᠂ ᠦᠨᠡᠨᠴᠢ ᠢᠲᠡᠭᠡᠮᠵᠢᠲᠡᠢ ᠪᠠᠶᠢᠬᠤ ᠤᠯᠠᠮᠵᠢᠯᠠᠯᠲᠤ ᠰᠣᠶᠣᠯ ᠪᠠ | ᠭᠡᠷ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ | ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ | ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠳᠤᠮᠳᠠ ᠢᠯᠡᠷᠬᠡᠢ ᠠᠮᠵᠢᠯᠲᠠ ᠭᠠᠷᠭᠠᠭᠰᠠᠨ | ᠨᠢᠭᠡᠴᠢ ᠪᠣᠯᠣᠨ ᠬᠤᠪᠢ ᠬᠥᠮᠥᠨ ᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠰᠠᠶᠢᠰᠢᠶᠠᠨ ᠬᠥᠬᠢᠭᠦᠯᠬᠦ ᠪᠠ ᠱᠠᠩᠨᠠᠬᠤ ᠬᠡᠷᠡᠭᠲᠡᠢ᠃ | ᠬᠤᠶᠠᠳᠤᠭᠠᠷ ᠪᠦᠯᠦᠭ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ | ᠠᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢ | ᠪᠠᠶᠢᠭᠤᠯᠤᠨ ᠪᠦᠷᠢᠨᠰᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ | ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠣᠯᠠᠨ ᠨᠡᠶᠢᠲᠡ ᠶᠢᠨ ᠢᠲᠡᠭᠡᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠂ ᠰᠠᠶᠢᠨ ᠰᠠᠶᠢᠬᠠᠨ ᠨᠡᠶᠢᠭᠡᠮ ᠤᠨ ᠢᠲᠡᠭᠡᠮᠵᠢ ᠶᠢᠨ ᠣᠷᠴᠢᠨ ᠲᠣᠭᠤᠷᠢᠨ ᠢ ᠪᠤᠶ ᠪᠣᠯᠭᠠᠨ᠎ᠠ᠃ | ᠠᠷᠪᠠᠨ ᠨᠢᠭᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠠᠰᠠᠭ ᠤᠨ ᠶᠠᠪᠤᠳᠠᠯ ᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ | ᠲᠣᠭᠲᠠᠴᠠ ᠶᠢ ᠪᠦᠷᠢᠨᠰᠢᠭᠦᠯᠵᠦ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠦᠨᠡᠨᠴᠢ ᠢᠲᠡᠭᠡᠮᠵᠢᠲᠡᠢ ᠪᠠᠷ | ᠵᠠᠰᠠᠭ ᠶᠠᠪᠤᠭᠤᠯᠵᠤ᠂ ᠦᠨᠡᠨᠴᠢ ᠢᠲᠡᠭᠡᠮᠵᠢᠲᠡᠢ ᠪᠠᠷ ᠬᠠᠤᠯᠢ ᠬᠡᠷᠡᠭᠵᠢᠭᠦᠯᠵᠦ᠂ ᠰᠢᠢᠳᠪᠦᠷᠢᠲᠦ ᠪᠣᠳᠣᠯᠭ᠎ᠠ ᠶᠢᠨ ᠢᠯᠡ | ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠂ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢᠯᠠᠭᠰᠠᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠢᠲᠡᠭᠡᠯ ᠢᠶᠠᠨ ᠠᠯᠳᠠᠬᠤ ᠲᠦᠭᠰᠢᠭᠦᠷᠢ ᠶᠢᠨ ᠲᠠᠯᠳᠠ ᠭᠡᠮ ᠢ ᠰᠡᠷᠭᠡᠶᠢᠯᠡᠨ | ᠨᠠᠮᠬᠠᠳᠬᠠᠵᠤ᠂ ᠵᠠᠰᠠᠭ ᠤᠨ ᠣᠷᠳᠣᠨ ᠤ ᠤᠯᠠᠨ ᠨᠡᠶᠢᠲᠡ ᠳᠠᠬᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠳᠤᠮᠳᠠ ᠥᠯᠢᠭᠡᠷ ᠳᠠᠭᠤᠷᠢᠶᠠᠯ ᠪᠤᠯᠬᠤ ᠦᠢᠯᠡᠳᠦᠯ ᠢᠶᠠᠨ | ᠪᠠᠳᠠᠷᠠᠭᠤᠯᠵᠤ᠂ ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠬᠥᠮᠦᠵᠢᠯ ᠪᠠ ᠢᠲᠡᠭᠡᠮᠵᠢ ᠶᠢᠨ ᠬᠠᠮᠢᠶᠠᠷᠤᠯᠲᠠ ᠶᠢ | ᠴᠢᠩᠭᠠᠳᠬᠠᠨ᠂ ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠤᠨ ᠪᠦᠷᠢᠨᠰᠢᠭᠦᠯᠬᠦ | ᠬᠡᠷᠡᠭᠲᠡᠢ᠃ | ᠠᠷᠪᠠᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠬᠤᠳᠠᠯᠳᠤᠨ ᠠᠪᠬᠤ᠂ ᠵᠠᠰᠠᠭ ᠤᠨ ᠣᠷᠳᠣᠨ ᠪᠠ ᠨᠡᠶᠢᠭᠡᠮ ᠤᠨ | ᠬᠥᠷᠥᠩᠭᠡ ᠶᠢᠨ ᠬᠠᠮᠲᠤᠷᠠᠯᠴᠠᠭ᠎ᠠ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠵᠡᠷᠭᠡ ᠭᠤᠣᠯᠳᠠᠯᠭ᠎ᠠ ᠲᠠᠢ | ᠬᠦᠷᠢᠶᠡᠨ ᠳᠠᠬᠢ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠠᠵᠤ | ᠠᠬᠤᠶᠢᠯᠠᠯ ᠤᠨ ᠥᠷᠢᠲᠦᠭᠳᠡᠵᠦ ᠪᠠᠶᠢᠭ᠎ᠠ ᠲᠠᠩᠰᠠᠨ ᠵᠣᠭᠤᠰ ᠢ ᠰᠢᠢᠳᠪᠦᠷᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠦᠷᠢᠨᠰᠢᠭᠦᠯᠵᠦ᠂ ᠡᠵᠡᠩᠨᠡᠯᠲᠡ ᠶᠢᠨ ᠭᠤᠣᠯ ᠴᠣᠭᠴᠠ ᠳᠤ ᠬᠠᠤᠯᠢ ᠶᠣᠰᠣᠭᠠᠷ ᠬᠢᠭᠰᠡᠨ ᠲᠥᠷᠥ ᠶᠢᠨ | ᠪᠣᠳᠣᠯᠭ᠎ᠠ ᠶᠢᠨ ᠠᠮᠠᠯᠠᠯᠲᠠ ᠵᠢᠴᠢ ᠬᠠᠤᠯᠢ ᠶᠣᠰᠣᠭᠠᠷ ᠲᠣᠭᠲᠠᠭᠠᠭᠰᠠᠨ ᠡᠯ᠎ᠡ ᠲᠥᠷᠥᠯ ᠤᠨ ᠭᠡᠷ᠎ᠡ ᠶᠢ ᠭᠦᠢᠴᠡᠳᠬᠡᠬᠦ ᠳᠤ᠂ | ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ᠂ | ᠪᠠᠶᠢᠭᠤᠯᠤᠮᠵᠢ ᠪᠤᠶᠤ ᠡᠭᠦᠷᠭᠡ ᠴᠢᠳᠠᠪᠬᠢ ᠳᠤ ᠲᠣᠬᠢᠷᠠᠭᠤᠯᠤᠯᠲᠠ ᠬᠢᠬᠦ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠢ | ᠰᠣᠯᠢᠬᠤ ᠵᠡᠷᠭᠡ ᠪᠠᠷ ᠰᠢᠯᠲᠠᠭ ᠪᠤᠯᠭᠠᠵᠤ ᠭᠡᠷ᠎ᠡ ᠠᠴᠠ ᠵᠥᠷᠢᠴᠡᠨ ᠭᠡᠷ᠎ᠡ ᠶᠢ ᠡᠪᠳᠡᠵᠦ ᠪᠤᠯᠬᠤ ᠦᠭᠡᠢ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠢᠭᠦᠬᠦ | ᠬᠤᠷᠢᠶᠠᠨ ᠤ ᠬᠦᠴᠦᠨ ᠲᠠᠢ ᠪᠣᠯᠤᠭᠰᠠᠨ ᠲᠣᠭᠲᠠᠭᠠᠯᠲᠠ ᠶᠢ ᠢᠳᠡᠪᠬᠢᠲᠡᠢ ᠭᠦᠢᠴᠡᠳᠬᠡᠬᠦ ᠤᠯᠤᠰ ᠣᠷᠣᠨ ᠤ ᠠᠰᠢᠭ ᠲᠤᠰᠠ᠂ | ᠤᠯᠠᠨ ᠨᠡᠶᠢᠲᠡ ᠶᠢᠨ ᠠᠰᠢᠭ ᠲᠤᠰᠠ ᠪᠤᠶᠤ ᠬᠠᠤᠯᠢ ᠪᠠᠷ ᠲᠣᠭᠲᠠᠭᠠᠭᠰᠠᠨ ᠪᠤᠰᠤᠳ ᠤᠴᠢᠷ ᠰᠢᠯᠲᠠᠭᠠᠨ ᠠᠴᠠ ᠪᠣᠯᠵᠤ | ᠵᠠᠰᠠᠭ ᠤᠨ ᠣᠷᠳᠣᠨ ᠤ ᠲᠦᠷᠦ ᠶᠢᠨ ᠪᠣᠳᠣᠯᠭ᠎ᠠ ᠶᠢᠨ ᠠᠮᠠᠯᠠᠯᠲᠠ ᠪᠤᠶᠤ ᠭᠡᠷ᠎ᠡ ᠶᠢᠨ ᠪᠣᠯᠵᠣᠯ ᠢ ᠬᠤᠪᠢᠷᠠᠭᠤᠯᠬᠤ ᠴᠢᠬᠤᠯᠠᠲᠠᠢ | ᠪᠠᠶᠢᠪᠠᠯ᠂ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠤᠨ ᠶᠣᠰᠣᠭᠠᠷ ᠬᠤᠯᠪᠣᠭᠳᠠᠯ ᠪᠦᠬᠦᠢ | ᠡᠵᠡᠩᠨᠡᠯᠲᠡ ᠶᠢᠨ ᠭᠤᠣᠯ ᠴᠣᠭᠴᠠ ᠶᠢᠨ ᠡᠳ᠋ ᠬᠥᠷᠥᠩᠭᠡ ᠶᠢᠨ ᠬᠤᠬᠢᠷᠠᠯ ᠳᠤ ᠨᠥᠬᠦᠪᠦᠷᠢ ᠥᠭᠬᠦ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠵᠠᠰᠠᠭ ᠤᠨ ᠶᠠᠪᠤᠳᠠᠯ ᠤᠨ ᠢᠲᠡᠭᠡᠯ | ᠠᠯᠳᠠᠭᠰᠠᠨ ᠢ ᠲᠡᠮᠳᠡᠭᠯᠡᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠶᠠᠪᠤᠴᠠ ᠳᠤ ᠬᠠᠤᠯᠢ ᠲᠣᠭᠲᠠᠭᠠᠯ ᠠᠴᠠ ᠵᠥᠷᠢᠴᠡᠭᠰᠡᠨ᠂ ᠢᠲᠡᠭᠡᠯ ᠠᠯᠳᠠᠵᠤ ᠭᠡᠷ᠎ᠡ ᠵᠥᠷᠢᠴᠡᠭᠰᠡᠨ ᠵᠡᠷᠭᠡ | ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠲᠡᠮᠳᠡᠭᠯᠡᠯ ᠢ ᠴᠤᠭᠯᠠᠭᠤᠯᠬᠤ ᠶᠢ ᠬᠠᠷᠢᠭᠤᠴᠠᠬᠤ ᠶᠢᠨ ᠬᠠᠮᠲᠤ᠂ ᠬᠠᠤᠯᠢ | ᠲᠣᠭᠲᠠᠭᠠᠯ ᠶᠣᠰᠣᠭᠠᠷ ᠨᠡᠶᠢᠭᠡᠮ ᠳᠤ ᠢᠯᠡ ᠪᠠᠷ ᠨᠡᠶᠢᠲᠡᠯᠡᠨ᠎ᠡ᠃ | ᠥᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠤ ᠠᠬᠤᠶᠢᠯᠠᠯ ᠯᠤᠭ᠎ᠠ | ᠲᠣᠭᠲᠠᠭᠰᠠᠨ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ | ᠠᠵᠤ ᠦᠢᠯᠡᠰ ᠢᠶᠠᠷ ᠲᠡᠳᠬᠦᠬᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠵᠡᠷᠭᠡ ᠲᠠᠯ᠎ᠠ ᠳᠤ ᠬᠤᠯᠪᠣᠭᠳᠠᠭᠰᠠᠨ | ᠭᠡᠷ᠎ᠡ ᠶᠢ ᠭᠦᠢᠴᠡᠳᠬᠡᠭᠰᠡᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ ᠬᠤᠪᠢᠶᠠᠯᠴᠠᠵᠤ᠂ ᠬᠥᠳᠡᠯᠦᠩᠭᠦᠢ ᠪᠠᠷ ᠮᠥᠷᠳᠡᠬᠦ | ᠪᠠ ᠵᠠᠳᠠᠯᠤᠨ ᠰᠢᠢᠳᠪᠦᠷᠢᠯᠡᠬᠦ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠠᠴᠠ ᠵᠠᠰᠠᠭ ᠤᠨ ᠶᠠᠪᠤᠳᠠᠯ ᠤᠨ ᠢᠲᠡᠭᠡᠯ ᠢᠶᠠᠨ | ᠠᠯᠳᠠᠭᠰᠠᠳ ᠠᠴᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠲᠣᠭᠲᠠᠭᠠᠨ ᠲᠡᠭᠦᠯᠳᠡᠷᠵᠢᠭᠦᠯᠦᠨ᠎ᠡ᠃ ᠵᠠᠰᠠᠭ ᠤᠨ ᠶᠠᠪᠤᠳᠠᠯ ᠤᠨ | ᠢᠲᠡᠭᠡᠯ ᠠᠯᠳᠠᠭᠰᠠᠨ ᠲᠡᠮᠳᠡᠭᠯᠡᠯ ᠲᠠᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠢ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠤᠯᠢ ᠶᠣᠰᠣᠭᠠᠷ ᠱᠠᠭᠠᠷᠳᠠᠵᠤ | ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠭᠦᠯᠵᠦ᠂ ᠵᠠᠷᠯᠠᠨ ᠰᠢᠭᠦᠮᠵᠢᠯᠡᠬᠦ ᠶᠢᠨ ᠬᠠᠮᠲᠤ᠂ ᠵᠠᠰᠠᠭ ᠤᠨ | ᠶᠠᠪᠤᠳᠠᠯ ᠤᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠲᠠᠢ ᠵᠠᠰᠠᠭ ᠤᠨ ᠣᠷᠳᠣᠨ ᠪᠤᠶᠤ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠪᠠ ᠰᠢᠭᠤᠳ ᠬᠠᠷᠢᠭᠤᠴᠠᠯᠭᠠᠲᠠᠨ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠳᠣᠣᠷ᠎ᠠ ᠨᠢᠭᠡ ᠱᠠᠲᠤᠨ ᠤ ᠠᠷᠠᠳ ᠤᠨ ᠵᠠᠰᠠᠭ ᠤᠨ | ᠣᠷᠳᠣᠨ ᠳᠤ ᠲᠣᠭᠲᠠᠮᠠᠯ ᠬᠤᠭᠤᠴᠠᠭ᠎ᠠ ᠲᠠᠢ ᠪᠠᠷ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠬᠢᠨᠠᠯᠲᠠ | ᠪᠠᠶᠢᠴᠠᠭᠠᠯᠲᠠ ᠬᠢᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠰᠢᠯᠭᠠᠨ ᠦᠨᠡᠯᠡᠵᠦ᠂ ᠬᠢᠨᠠᠨ ᠰᠢᠯᠭᠠᠭᠰᠠᠨ ᠦᠷ᠎ᠡ | ᠳ᠋ᠦᠩ ᠢ ᠳᠣᠣᠷ᠎ᠠ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ | ᠰᠢᠯᠭᠠᠬᠤ ᠴᠢᠬᠤᠯᠠ ᠦᠨᠳᠦᠰᠦᠯᠡᠯ ᠪᠤᠯᠭᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠣᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠪᠠᠶᠢᠳᠠᠯ ᠤᠨ ᠲᠤᠬᠠᠢ ᠮᠡᠳᠡᠭᠦᠯᠦᠯᠲᠡ ᠬᠢᠵᠦ᠂ ᠬᠠᠤᠯᠢ ᠶᠣᠰᠣᠭᠠᠷ ᠬᠢᠨᠠᠯᠲᠠ ᠶᠢ ᠬᠦᠯᠢᠶᠡᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠡᠵᠡᠩᠨᠡᠯᠲᠡ ᠶᠢᠨ ᠭᠤᠣᠯ ᠴᠣᠭᠴᠠ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ | ᠵᠢᠷᠤᠮᠯᠠᠨ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠠᠵᠢᠯ ᠲᠦᠷᠦᠯ ᠤᠨ ᠨᠡᠶᠢᠲᠡ ᠶᠢᠨ ᠭᠡᠷ᠎ᠡ ᠶᠢ ᠵᠢᠷᠤᠮᠯᠠᠵᠤ᠂ | ᠠᠮᠠᠯᠠᠯᠲᠠ ᠪᠠᠨ ᠬᠢᠴᠢᠶᠡᠩᠭᠦᠶᠢᠯᠡᠨ ᠵᠢᠷᠤᠮᠯᠠᠵᠤ᠂ ᠭᠤᠣᠯᠴᠢ ᠪᠠᠷ ᠥᠷᠢᠰᠦᠯᠳᠦᠬᠦ ᠬᠡᠷᠡᠭᠲᠡᠢ᠃ | ᠡᠵᠡᠩᠨᠡᠯᠲᠡ ᠶᠢᠨ ᠭᠤᠣᠯ ᠴᠣᠭᠴᠠ ᠶᠢᠨ ᠥᠪᠡᠷ ᠢ ᠪᠠᠨ ᠬᠢᠵᠠᠭᠠᠷᠯᠠᠬᠤ᠂ ᠥᠪᠡᠷ ᠢ ᠪᠠᠨ ᠬᠠᠮᠢᠶᠠᠷᠬᠤ ᠲᠣᠭᠲᠠᠴᠠ ᠪᠠᠨ | ᠲᠡᠭᠦᠯᠳᠡᠷᠵᠢᠭᠦᠯᠬᠦ ᠶᠢ ᠵᠣᠷᠢᠭᠵᠢᠭᠤᠯᠵᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠠᠴᠠ ᠡᠮᠦᠨ᠎ᠡ ᠨᠡᠶᠢᠭᠡᠮ ᠳᠤ | ᠢᠯᠡ ᠪᠠᠷ ᠠᠮᠠᠯᠠᠯᠲᠠ ᠭᠢᠯᠭᠡᠵᠦ᠂ ᠬᠠᠤᠯᠢ ᠠᠴᠠ ᠵᠥᠷᠢᠴᠡᠨ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠡᠭᠦᠰᠦᠭᠰᠡᠨ ᠤ | ᠳᠠᠷᠠᠭ᠎ᠠ ᠰᠠᠶᠢᠨ ᠳᠤᠷ᠎ᠠ ᠠᠴᠠ ᠪᠠᠨ ᠬᠢᠵᠠᠭᠠᠷᠯᠠᠯ ᠪᠠ ᠵᠠᠯᠬᠠᠭᠠᠨ ᠴᠡᠭᠡᠷᠯᠡᠭᠦᠯᠬᠦ ᠶᠢ ᠬᠦᠯᠢᠶᠡᠬᠦ ᠶᠢ ᠵᠣᠷᠢᠭᠵᠢᠭᠤᠯᠤᠨ᠎ᠠ᠃ | ᠠᠷᠪᠠᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠢᠲᠡᠭᠡᠮᠵᠢ ᠪᠠᠷ ᠰᠠᠭᠤᠷᠢ | ᠪᠤᠯᠭᠠᠬᠰᠠᠨ ᠰᠢᠨ᠎ᠡ ᠭᠡᠯᠪᠡᠷᠢ ᠶᠢᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠂ ᠡᠵᠡᠩᠨᠡᠯᠲᠡ ᠶᠢᠨ ᠭᠤᠣᠯ ᠴᠣᠭᠴᠠ ᠶᠢᠨ | ᠢᠲᠡᠭᠡᠮᠵᠢ ᠶᠢᠨ ᠪᠠᠶᠢᠳᠠᠯ ᠢ ᠦᠨᠳᠦᠰᠦᠯᠡᠨ ᠢᠲᠡᠭᠡᠮᠵᠢ ᠶᠢᠨ ᠦᠨᠡᠯᠡᠯᠲᠡ ᠶᠢ ᠥᠷᠨᠢᠭᠦᠯᠵᠦ᠂ ᠱᠠᠲᠤ ᠲᠥᠷᠥᠯ ᠬᠤᠪᠢᠶᠠᠨ | ᠬᠢᠨᠠᠨ ᠬᠠᠮᠢᠶᠠᠷᠬᠤ ᠶᠢ ᠬᠡᠷᠡᠭᠵᠢᠭᠦᠯᠦᠨ᠂ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠲᠠᠢ ᠪᠠᠶᠢᠵᠤ ᠠᠮᠠᠯᠠᠯᠲᠠ ᠪᠠᠨ | ᠪᠡᠶᠡᠯᠡᠭᠦᠯᠬᠦ ᠶᠢ ᠬᠥᠲᠥᠯᠥᠨ ᠵᠢᠯᠤᠭᠤᠳᠴᠤ᠂ ᠢᠲᠡᠭᠡᠮᠵᠢ ᠶᠢᠨ ᠥᠪᠡᠷ ᠢ ᠪᠠᠨ ᠱᠠᠭᠠᠷᠳᠠᠬᠤ ᠶᠢ ᠴᠢᠩᠭᠠᠷᠠᠭᠤᠯᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠭᠦᠮ᠂ ᠨᠡᠶᠢᠭᠡᠮ | ᠨᠡᠶᠢᠲᠡ ᠶᠢᠨ ᠬᠢᠨ ᠦᠨᠡᠨᠴᠢ ᠢᠲᠡᠭᠡᠮᠵᠢ ᠶᠢᠨ ᠤᠬᠠᠮᠰᠠᠷ ᠢᠶᠠᠨ ᠳᠡᠭᠡᠭᠰᠢᠯᠡᠭᠦᠯᠭᠦ ᠬᠡᠷᠡᠭᠲᠡᠢ᠃ ᠨᠡᠶᠢᠭᠡᠮ ᠤᠨ | ᠪᠦᠷᠢᠯᠳᠦᠭᠦᠨ ᠨᠦᠭᠦᠳ ᠬᠤᠭᠤᠷᠣᠨᠳᠤ ᠪᠠᠨ ᠦᠨᠡᠨᠴᠢ ᠪᠠᠷ ᠬᠠᠨᠳᠤᠵᠤ᠂ ᠢᠲᠡᠭᠡᠯ ᠢᠶᠠᠷ ᠰᠠᠭᠤᠷᠢ ᠪᠤᠯᠭᠠᠵᠤ᠂ ᠠᠮᠠᠯᠠᠯᠲᠠ ᠪᠠᠨ | ᠪᠠᠲᠤ ᠰᠠᠬᠢᠵᠤ᠂ ᠥᠪᠡᠷ ᠤᠨ ᠰᠠᠶᠢᠨ ᠰᠠᠶᠢᠬᠠᠨ ᠢᠲᠡᠭᠡᠮᠵᠢ ᠪᠠᠨ ᠬᠠᠮᠠᠭᠠᠯᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠬᠤᠪᠢ ᠬᠥᠮᠥᠨ ᠤ | ᠢᠲᠡᠭᠡᠮᠵᠢ ᠶᠢᠨ ᠲᠡᠮᠳᠡᠭᠯᠡᠯ ᠤᠨ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠨᠡᠶᠢᠭᠡᠮ ᠤᠨ ᠪᠦᠷᠢᠯᠳᠦᠭᠦᠨ ᠢᠲᠡᠭᠡᠮᠵᠢ ᠲᠠᠢ | ᠪᠠᠶᠢᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠭᠦᠳᠡᠯᠮᠦᠷᠢ ᠬᠦᠴᠦᠨ ᠬᠡᠷᠡᠭᠯᠡᠬᠦ᠂ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠤ ᠰᠤᠳᠤᠯᠤᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ᠂ ᠠᠶᠤᠯᠭᠦᠢ ᠦᠢᠯᠡᠳᠪᠦᠷᠢᠯᠡᠯ᠂ ᠠᠮᠢ | ᠠᠬᠤᠢ ᠶᠢᠨ ᠣᠷᠴᠢᠨ ᠲᠣᠭᠤᠷᠢᠨ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠨᠡᠶᠢᠭᠡᠮ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠢᠯ ᠮᠡᠷᠭᠡᠵᠢᠯ ᠤᠨ ᠢᠲᠡᠭᠡᠮᠵᠢ ᠶᠢᠨ ᠮᠡᠳᠡᠭᠦᠯᠦᠯᠲᠡ ᠶᠢ ᠳᠡᠯᠭᠡᠷᠡᠭᠦᠯᠦᠨ | ᠬᠡᠷᠡᠭᠯᠡᠵᠦ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠬᠢᠭᠡᠳ ᠬᠠᠮᠲᠤ ᠶᠢᠨ ᠵᠠᠰᠠᠯᠲᠠ ᠶᠢᠨ ᠵᠣᠯᠭᠠᠯᠳᠤᠨ ᠬᠤᠯᠪᠤᠭᠠᠯᠠᠨ | ᠬᠥᠳᠡᠯᠦᠯᠴᠡᠬᠦ ᠶᠢ ᠴᠢᠩᠭᠠᠳᠬᠠᠨ᠂ ᠢᠲᠡᠭᠡᠯ ᠲᠠᠢ ᠪᠠᠶᠢᠬᠤ ᠨᠢ ᠢᠷᠠᠭᠤ ᠠᠯᠳᠠᠷ ᠲᠠᠢ᠂ ᠢᠲᠡᠭᠡᠯ ᠢᠶᠠᠨ ᠠᠯᠳᠠᠭᠰᠠᠨ ᠨᠢ | ᠢᠴᠢᠭᠦᠷᠢᠲᠡᠢ ᠨᠡᠶᠢᠭᠡᠮ ᠤᠨ ᠠᠭᠤᠷ ᠠᠮᠢᠰᠬᠤᠯ ᠢ ᠪᠤᠶ ᠪᠤᠯᠭᠠᠵᠤ᠂ ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ ᠠᠬᠢᠭᠤᠯᠬᠤ | ᠬᠡᠷᠡᠭᠲᠡᠢ᠃ | ᠠᠷᠪᠠ ᠶᠢᠰᠦᠳᠦᠭᠡᠷ ᠵᠦᠢᠯ ᠬᠠᠤᠯᠢ ᠴᠠᠭᠠᠵᠠ ᠶᠢᠨ ᠪᠠᠶᠢᠭᠤᠯᠭ᠎ᠠ ᠲᠥᠪ ᠭᠤᠣᠯᠴᠢ ᠪᠠ ᠦᠷ᠎ᠡ ᠠᠰᠢᠭ ᠢ ᠬᠠᠷᠢᠯᠴᠠᠨ | ᠨᠢᠭᠡᠳᠦᠭᠦᠯᠬᠦ ᠶᠢ ᠪᠠᠷᠢᠮᠲᠠᠯᠠᠵᠤ᠂ ᠬᠠᠤᠯᠢ ᠴᠠᠭᠠᠵᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ | ᠴᠠᠭᠠᠵᠠ ᠶᠢ ᠢᠯᠡ ᠪᠤᠯᠭᠠᠬᠤ ᠶᠢ ᠲᠦᠯᠬᠢᠨ ᠠᠬᠢᠭᠤᠯᠵᠤ᠂ ᠠᠷᠠᠳ ᠤᠨ ᠲᠥᠯᠥᠭᠡ ᠬᠠᠤᠯᠢ ᠪᠠᠷᠢᠬᠤ ᠶᠢ ᠦᠢᠯᠡᠳᠦᠯᠭᠡᠵᠢᠭᠦᠯᠵᠦ᠂ | ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠲᠥᠪ ᠭᠤᠣᠯᠴᠢ ᠪᠠᠷ ᠬᠠᠤᠯᠢ ᠪᠠᠷᠢᠬᠤ ᠶᠢ | ᠴᠢᠩᠳᠠᠯᠠᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠪᠠ ᠪᠤᠷᠤᠭᠤ | ᠰᠢᠢᠳᠪᠦᠷᠢᠯᠡᠭᠰᠡᠨ ᠬᠡᠷᠡᠭ ᠢ ᠨᠡᠬᠡᠮᠵᠢᠯᠡᠬᠦ ᠳᠦᠷᠢᠮ ᠢ ᠨᠠᠶᠢᠳᠠᠪᠤᠷᠢᠵᠢᠭᠤᠯᠵᠤ᠂ ᠤᠳᠠᠭᠠᠨ ᠲᠠᠩᠨᠠᠭᠠᠳ ᠳᠠᠭᠤᠰᠬᠠᠬᠤ ᠦᠭᠡᠢ᠂ | ᠤᠳᠠᠭᠠᠰᠢᠷᠠᠭᠤᠯᠤᠭᠠᠳ ᠰᠢᠢᠳᠪᠦᠷᠢᠯᠡᠬᠦ ᠦᠭᠡᠢ ᠬᠡᠷᠡᠭ ᠢ ᠰᠡᠷᠭᠡᠶᠢᠯᠡᠨ ᠵᠠᠯᠠᠷᠠᠭᠤᠯᠵᠤ᠂ ᠬᠤᠳᠠᠯ ᠬᠠᠭᠤᠷᠮᠠᠭ ᠵᠠᠷᠭᠤᠯᠳᠤᠬᠤ | ᠠᠵᠢᠯᠯᠠᠭ᠎ᠠ ᠶᠢ ᠰᠡᠷᠭᠡᠶᠢᠯᠡᠬᠦ ᠪᠠ ᠵᠠᠯᠬᠠᠭᠠᠨ ᠰᠢᠢᠳᠬᠡᠬᠦ ᠠᠵᠢᠯ ᠢ ᠴᠢᠩᠭᠠᠳᠬᠠᠵᠤ᠂ ᠠᠷᠠᠳ ᠤᠨ ᠢᠲᠡᠭᠡᠯ ᠢ ᠣᠯᠵᠤ᠂ ᠬᠠᠤᠯᠢ | ᠴᠠᠭᠠᠵᠠ ᠶᠢᠨ ᠤᠯᠠᠨ ᠨᠡᠶᠢᠲᠡ ᠳᠠᠬᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ | ᠬᠤᠷᠢᠳᠤᠭᠠᠷ ᠵᠦᠢᠯ ᠰᠢᠭᠦᠨ ᠲᠠᠰᠤᠯᠬᠤ ᠪᠠᠶᠢᠭᠤᠯᠭ᠎ᠠ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ ᠬᠠᠤᠯᠢ | ᠶᠣᠰᠣᠭᠠᠷ ᠭᠦᠢᠴᠡᠳᠬᠡᠵᠦ᠂ ᠬᠠᠤᠯᠢ ᠴᠠᠭᠠᠵᠠ ᠶᠢᠨ ᠮᠠᠭᠠᠳᠯᠠᠯᠲᠠ ᠪᠠ ᠲᠠᠰᠤᠯᠤᠯᠲᠠ ᠶᠢᠨ ᠡᠷᠬᠡ ᠪᠠᠨ ᠵᠥᠪ ᠢᠶᠠᠷ | ᠬᠡᠷᠡᠭᠵᠢᠭᠦᠯᠵᠦ᠂ ᠰᠢᠭᠦᠨ ᠲᠠᠰᠤᠯᠤᠯᠲᠠ ᠶᠢᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ | ᠬᠡᠷᠡᠭᠲᠡᠢ᠃ ᠭᠦᠢᠴᠡᠳᠬᠡᠬᠦ ᠠᠵᠢᠯᠯᠠᠭ᠎ᠠ ᠶᠢ ᠵᠢᠷᠤᠮᠵᠢᠭᠤᠯᠤᠨ᠂ ᠭᠦᠢᠴᠡᠳᠬᠡᠬᠦ ᠡᠷᠴᠢᠮ ᠢ ᠴᠢᠩᠭᠠᠷᠠᠭᠤᠯᠵᠤ᠂ ᠢᠲᠡᠭᠡᠮᠵᠢ ᠶᠢᠨ | ᠲᠠᠯ᠎ᠠ ᠪᠠᠷ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠦ᠂ ᠭᠡᠷ᠎ᠡ ᠠᠴᠠ ᠵᠥᠷᠢᠴᠡᠵᠦ ᠢᠲᠡᠭᠡᠯ ᠠᠯᠳᠠᠭᠰᠠᠨ ᠢ | ᠵᠠᠯᠬᠠᠭᠠᠨ ᠰᠢᠢᠳᠬᠡᠵᠦ᠂ ᠦᠨᠡᠨᠴᠢ ᠢᠲᠡᠭᠡᠮᠵᠢᠲᠡᠢ ᠪᠠᠶᠢᠬᠤ ᠶᠢ ᠬᠥᠲᠥᠯᠥᠨ ᠵᠢᠯᠤᠭᠤᠳᠴᠤ᠂ ᠠᠷᠠᠳ ᠤᠯᠠᠨ ᠤ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠨ᠂ ᠦᠨᠡᠨᠴᠢ ᠢᠲᠡᠭᠡᠮᠵᠢᠲᠡᠢ ᠨᠡᠶᠢᠭᠡᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ | ᠬᠡᠷᠡᠭᠲᠡᠢ᠃ | ᠬᠤᠷᠢᠨ ᠨᠢᠭᠡᠳᠦᠭᠡᠷ ᠵᠦᠢᠯ ᠪᠠᠶᠢᠴᠠᠭᠠᠬᠤ ᠪᠠᠶᠢᠭᠤᠯᠭ᠎ᠠ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ | ᠴᠢᠳᠠᠪᠤᠷᠢ ᠪᠠᠨ ᠬᠠᠤᠯᠢ ᠶᠣᠰᠣᠭᠠᠷ ᠭᠦᠢᠴᠡᠳᠬᠡᠵᠦ᠂ ᠡᠷᠡᠭᠦᠦ ᠶᠢᠨ ᠬᠡᠷᠡᠭ᠂ ᠢᠷᠭᠡᠨ ᠤ ᠬᠡᠷᠡᠭ᠂ ᠵᠠᠰᠠᠭ ᠵᠠᠬᠢᠷᠭᠠᠨ ᠤ ᠬᠡᠷᠡᠭ᠂ | ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠪᠠᠶᠢᠴᠠᠭᠠᠬᠤ ᠠᠵᠢᠯ ᠤᠨ ᠬᠠᠤᠯᠢ ᠴᠠᠭᠠᠵᠠ ᠶᠢᠨ ᠬᠢᠨᠠᠯᠲᠠ ᠶᠢᠨ ᠶᠠᠰᠤ ᠴᠢᠨᠠᠷ ᠪᠠ | ᠦᠷ᠎ᠡ ᠪᠦᠲᠦᠮᠵᠢ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ | ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠶᠢ ᠬᠤᠣᠰ ᠴᠢᠭᠯᠡᠯ ᠢᠶᠠᠷ ᠵᠣᠯᠭᠠᠭᠤᠯᠬᠤ ᠲᠣᠭᠲᠠᠴᠠ ᠶᠢ ᠴᠢᠩᠭᠠᠳᠬᠠᠵᠤ᠂ | ᠡᠷᠡᠭᠦᠦ ᠶᠢᠨ ᠬᠡᠷᠡᠭ ᠤᠨ ᠬᠡᠷᠡᠭ ᠪᠣᠯᠭᠠᠨ ᠳᠠᠩᠰᠠᠯᠠᠬᠤ᠂ ᠲᠤᠷᠰᠢᠨ ᠪᠠᠶᠢᠴᠠᠭᠠᠬᠤ ᠠᠵᠢᠯᠯᠠᠭ᠎ᠠ ᠪᠠ ᠰᠢᠭᠦᠨ ᠲᠠᠰᠤᠯᠬᠤ | ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠡᠷᠡᠭᠦᠦ ᠶᠢᠨ ᠬᠡᠷᠡᠭ ᠤᠨ ᠠᠷᠭ᠎ᠠ ᠪᠠᠷᠢᠯ ᠢ ᠠᠰᠢᠭᠯᠠᠨ ᠢᠷᠭᠡᠨ ᠤ | ᠬᠡᠷᠡᠭ᠂ ᠠᠵᠤ ᠠᠬᠤᠢ ᠶᠢᠨ ᠵᠠᠭᠤᠷᠠᠯᠳᠤᠭᠠᠨ ᠳᠤ ᠭᠠᠷ ᠲᠦᠷᠦᠭᠦ ᠶᠢ ᠰᠡᠷᠭᠡᠶᠢᠯᠡᠨ ᠵᠠᠯᠠᠷᠠᠭᠤᠯᠵᠤ᠂ ᠦᠨᠡᠨᠴᠢ ᠢᠲᠡᠭᠡᠮᠵᠢᠲᠡᠢ ᠪᠠᠷ | ᠵᠠᠷᠭᠤᠯᠳᠤᠬᠤ ᠣᠷᠴᠢᠨ ᠨᠥᠬᠦᠴᠡᠯ ᠢ ᠪᠤᠢ ᠪᠤᠯᠭᠠᠵᠤ᠂ ᠬᠠᠤᠯᠢ ᠴᠠᠭᠠᠵᠠ ᠶᠢᠨ ᠲᠥᠪ ᠭᠤᠣᠯᠴᠢ ᠪᠠ ᠬᠠᠤᠯᠢ ᠴᠠᠭᠠᠵᠠ ᠶᠢᠨ | ᠡᠷᠬᠡ ᠰᠦᠷ ᠢ ᠬᠠᠮᠠᠭᠠᠯᠠᠵᠤ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ | ᠵᠢᠷᠤᠮᠵᠢᠭᠤᠯᠤᠨ᠎ᠠ᠃ | ᠬᠤᠷᠢᠨ ᠬᠤᠶᠠᠳᠤᠭᠠᠷ ᠵᠦᠢᠯ ᠬᠥᠨᠳᠡᠯᠡᠨ ᠠᠴᠠ ᠲᠠᠰᠤᠯᠬᠤ ᠺᠣᠮᠢᠰ᠂ ᠬᠠᠤᠯᠢᠴᠢ ᠶᠢᠨ ᠬᠡᠷᠡᠭ ᠡᠷᠭᠢᠯᠡᠭᠦ ᠭᠠᠵᠠᠷ᠂ | ᠠᠯᠪᠠᠨ ᠭᠡᠷᠡᠴᠢᠯᠡᠭᠡ ᠶᠢᠨ ᠪᠠᠶᠢᠭᠤᠯᠤᠮᠵᠢ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ᠂ ᠬᠠᠤᠯᠢ | ᠴᠠᠭᠠᠵᠠ ᠶᠢᠨ ᠰᠢᠯᠭᠠᠨ ᠲᠣᠭᠲᠠᠭᠠᠯᠲᠠ ᠶᠢᠨ ᠪᠠᠶᠢᠭᠤᠯᠤᠮᠵᠢ ᠵᠡᠷᠭᠡ ᠨᠢ ᠲᠤᠰ ᠪᠡᠶ᠎ᠡ ᠶᠢᠨ ᠢᠲᠡᠭᠡᠮᠵᠢ ᠶᠢᠨ | ᠪᠠᠶᠢᠭᠤᠯᠤᠯᠲᠠ ᠪᠠᠨ ᠴᠢᠩᠭᠠᠳᠬᠠᠵᠤ᠂ ᠬᠠᠤᠯᠢ ᠶᠣᠰᠣᠭᠠᠷ ᠡᠷᠬᠡ ᠲᠡᠭᠰᠢ ᠲᠥᠪ ᠭᠤᠣᠯᠴᠢ ᠪᠠᠷ ᠠᠵᠢᠯ ᠡᠷᠭᠢᠯᠡᠭᠦ ᠬᠡᠷᠡᠭᠲᠡᠢ᠃ | ᠬᠥᠨᠳᠡᠯᠡᠨ ᠠᠴᠠ ᠲᠠᠰᠤᠯᠤᠭᠴᠢ᠂ ᠬᠠᠤᠯᠢᠴᠢ᠂ ᠠᠯᠪᠠᠨ ᠭᠡᠷᠡᠴᠢᠯᠡᠭᠴᠢ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ | ᠦᠢᠯᠡᠴᠢᠯᠡᠭᠡᠨ ᠤ ᠠᠵᠢᠯᠲᠠᠨ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠭᠦ ᠠᠵᠢᠯᠲᠠᠨ᠂ ᠬᠠᠤᠯᠢ ᠴᠠᠭᠠᠵᠠ ᠶᠢᠨ ᠬᠢᠨᠠᠨ | ᠲᠣᠭᠲᠠᠭᠠᠯᠲᠠ ᠶᠢᠨ ᠠᠵᠢᠯᠲᠠᠨ ᠲᠤᠬᠠᠶᠢᠯᠠᠭᠰᠠᠨ ᠠᠵᠢᠯ ᠤᠨ ᠶᠣᠰᠣ ᠮᠣᠷᠠᠯ ᠢ ᠬᠢᠴᠢᠶᠡᠩᠭᠦᠶᠢᠯᠡᠨ ᠵᠢᠷᠤᠮᠯᠠᠵᠤ᠂ ᠦᠨᠡᠨᠴᠢ | ᠢᠲᠡᠭᠡᠮᠵᠢᠲᠡᠢ ᠵᠢᠷᠤᠮᠵᠢᠯᠲᠠᠢ ᠪᠠᠷ ᠠᠵᠢᠯ ᠡᠷᠭᠢᠯᠡᠭᠦ ᠬᠡᠷᠡᠭᠲᠡᠢ᠃ | ᠭᠤᠷᠪᠠᠳᠤᠭᠠᠷ ᠪᠦᠯᠦᠭ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ | ᠬᠤᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ | ᠲᠠᠪᠴᠠᠩ ᠨᠢ ᠪᠦᠭᠦ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠢᠭᠡᠳᠦᠯᠲᠡᠢ ᠴᠤᠭᠯᠠᠭᠤᠯᠤᠨ ᠡᠮᠬᠢᠳᠬᠡᠬᠦ | ᠪᠠ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠠᠶᠢᠭᠤᠯᠤᠭᠰᠠᠨ | ᠠᠵᠢᠯ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠨᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ | ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠯᠤᠭ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠨ | ᠴᠤᠭᠯᠠᠭᠤᠯᠬᠤ᠂ ᠬᠠᠳᠠᠭᠠᠯᠠᠬᠤ᠂ ᠬᠠᠮᠲᠤᠪᠠᠷ ᠬᠤᠪᠢᠶᠠᠯᠴᠠᠬᠤ᠂ ᠢᠯᠡ ᠪᠤᠯᠭᠠᠬᠤ᠂ ᠬᠠᠶᠢᠨ ᠯᠠᠪᠯᠠᠬᠤ ᠪᠠ ᠬᠡᠷᠡᠭᠯᠡᠬᠦ ᠵᠡᠷᠭᠡ | ᠠᠵᠢᠯᠯᠠᠭ᠎ᠠ ᠳᠤ᠂ ᠬᠠᠤᠯᠢ ᠳᠤ ᠨᠡᠶᠢᠴᠡᠬᠦ᠂ ᠵᠦᠢ ᠶᠣᠰᠣᠨ ᠤ᠂ ᠴᠢᠬᠤᠯᠠᠲᠠᠢ᠂ ᠪᠣᠯᠭᠤᠮᠵᠢᠲᠠᠢ ᠪᠠᠶᠢᠬᠤ ᠵᠠᠷᠴᠢᠮ ᠢ ᠵᠢᠷᠤᠮᠯᠠᠵᠤ᠂ | ᠬᠠᠤᠯᠢ ᠴᠠᠭᠠᠵᠠ᠂ ᠬᠠᠤᠯᠢ ᠲᠣᠭᠲᠠᠭᠠᠯ ᠳᠠᠬᠢ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠠᠮᠤᠷ ᠲᠦᠪᠰᠢᠨ᠂ ᠬᠤᠪᠢ ᠬᠥᠮᠥᠨ ᠤ | ᠮᠡᠳᠡᠭᠡ ᠵᠠᠩᠭᠢ ᠶᠢ ᠬᠠᠮᠠᠭᠠᠯᠠᠬᠤ ᠵᠡᠷᠭᠡ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ | ᠬᠤᠷᠢᠨ ᠲᠠᠪᠤᠳᠤᠭᠠᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠨᠡᠶᠢᠲᠡᠯᠡᠬᠦ᠂ | ᠬᠡᠷᠡᠭᠯᠡᠬᠦ ᠵᠢᠴᠢ ᠬᠠᠮᠢᠶᠠᠷᠬᠤ ᠪᠠ ᠦᠢᠯᠡᠴᠢᠯᠡᠬᠦ ᠠᠵᠢᠯᠯᠠᠭ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠳᠦᠷᠢᠮ︾ ᠪᠣᠯᠣᠨ ᠪᠤᠰᠤᠳ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠬᠡᠷᠡᠭᠯᠡᠭᠳᠡᠨ᠎ᠡ᠃ | ᠬᠤᠷᠢᠨ ᠵᠢᠷᠭᠤᠳᠤᠭᠠᠷ ᠵᠦᠢᠯ ᠤᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ | ᠨᠢᠭᠡᠴᠢ ᠨᠦᠭᠦᠳ ᠤᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠶᠢ ᠬᠠᠤᠯᠢ ᠶᠣᠰᠣᠭᠠᠷ ᠴᠤᠭᠯᠠᠭᠤᠯᠵᠤ᠂ | ᠢᠲᠡᠭᠡᠮᠵᠢ ᠶᠢᠨ ᠲᠠᠩᠰᠠ ᠡᠪᠬᠡᠮᠡᠯ ᠪᠠᠶᠢᠭᠤᠯᠬᠤ ᠬᠡᠷᠡᠭᠲᠡᠢ᠃ | ᠣᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠨᠢᠭᠡᠴᠢ ᠶᠢᠨ ᠪᠣᠯᠵᠣᠨ | ᠲᠣᠭᠲᠠᠭᠰᠠᠨ ᠶᠣᠰᠣᠭᠠᠷ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠣᠯᠠᠨ ᠨᠡᠶᠢᠲᠡ ᠶᠢᠨ ᠪᠤᠰᠤ | ᠢᠲᠡᠭᠡᠮᠵᠢ ᠶᠢᠨ ᠮᠡᠳᠡᠭᠡ ᠵᠠᠩᠭᠢ ᠬᠠᠩᠭᠠᠬᠤ ᠶᠢ ᠵᠣᠷᠢᠭᠵᠢᠭᠤᠯᠤᠨ᠎ᠠ᠃ ᠣᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ | ᠵᠠᠩᠭᠢ ᠶᠢ ᠴᠤᠭᠯᠠᠭᠤᠯᠬᠤ ᠨᠢᠭᠡᠴᠢ ᠨᠢ ᠬᠠᠩᠭᠠᠭᠰᠠᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠤᠯᠢ ᠶᠣᠰᠣᠴᠢ ᠴᠢᠨᠠᠷ᠂ | ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠲᠤ ᠬᠠᠷᠢᠭᠤᠴᠠᠬᠤ ᠬᠡᠷᠡᠭᠲᠡᠢ᠃ | ᠣᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠪᠤᠯᠭᠠᠬᠤ᠂ ᠬᠠᠮᠲᠤᠪᠠᠷ ᠬᠤᠪᠢᠶᠠᠯᠴᠠᠬᠤ᠂ | ᠬᠠᠶᠢᠨ ᠯᠠᠪᠯᠠᠬᠤ ᠶᠢ ᠬᠠᠤᠯᠢ ᠶᠣᠰᠣᠭᠠᠷ ᠢᠯᠡ ᠪᠤᠯᠭᠠᠬᠤ᠂ ᠢᠲᠡᠭᠡᠮᠵᠢ ᠶᠢᠨ ᠭᠤᠣᠯ ᠴᠣᠭᠴᠠ ᠨᠢ ᠰᠠᠨᠠᠭᠠᠴᠢᠯᠠᠭ᠎ᠠ ᠠᠴᠠ ᠪᠠᠨ | ᠢᠯᠡ ᠪᠤᠯᠭᠠᠬᠤ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠬᠠᠤᠯᠢ ᠶᠣᠰᠣᠭᠠᠷ ᠬᠠᠩᠭᠠᠬᠤ ᠪᠤᠶᠤ ᠪᠣᠯᠵᠣᠨ | ᠲᠣᠭᠲᠠᠭᠰᠠᠨ ᠪᠤᠰᠤᠳ ᠠᠷᠭ᠎ᠠ ᠮᠠᠶ᠋ᠢᠭ ᠢᠶᠠᠷ ᠶᠠᠪᠤᠭᠳᠠᠭᠤᠯᠵᠤ ᠪᠣᠯᠣᠨ᠎ᠠ᠃ | ᠬᠤᠷᠢᠨ ᠳᠣᠯᠣᠳᠤᠭᠠᠷ ᠵᠦᠢᠯ ᠢᠲᠡᠭᠡᠮᠵᠢ ᠶᠢᠨ ᠭᠤᠣᠯ ᠴᠣᠭᠴᠠ ᠨᠢ ᠢᠯᠡᠷᠬᠡᠶᠢᠯᠡᠬᠦ᠂ ᠪᠡᠶ᠎ᠡ ᠪᠠᠨ ᠳᠠᠭᠠᠭᠠᠵᠤ | ᠮᠡᠳᠡᠭᠦᠯᠬᠦ᠂ ᠨᠡᠶᠢᠭᠡᠮ ᠳᠤ ᠠᠮᠠᠯᠠᠯᠲᠠ ᠬᠢᠬᠦ ᠵᠡᠷᠭᠡ ᠭᠡᠯᠪᠡᠷᠢ ᠪᠠᠷ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ᠂ | ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠨᠡᠶᠢᠭᠡᠮᠯᠢᠭ | ᠵᠡᠷᠭᠡ ᠳᠤ ᠲᠣᠰ ᠪᠡᠶ᠎ᠡ ᠶᠢᠨ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠪᠠᠨ ᠬᠠᠩᠭᠠᠬᠤ ᠶᠢᠨ ᠬᠠᠮᠲᠤ᠂ ᠬᠠᠩᠭᠠᠭᠰᠠᠨ | ᠮᠡᠳᠡᠭᠡ ᠵᠠᠩᠭᠢ ᠶᠢᠨ ᠬᠠᠤᠯᠢ ᠶᠣᠰᠣᠴᠢ ᠴᠢᠨᠠᠷ᠂ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠲᠤ | ᠬᠠᠷᠢᠭᠤᠴᠠᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ | ᠬᠤᠳᠠᠯᠳᠤᠭᠠᠨ ᠤ ᠨᠡᠶᠢᠭᠡᠮᠯᠢᠭ ᠵᠢᠴᠢ ᠪᠤᠰᠤᠳ ᠬᠠᠤᠯᠢ ᠶᠢᠨ ᠬᠥᠮᠥᠨ ᠪᠠ ᠬᠠᠤᠯᠢ ᠶᠢᠨ ᠬᠥᠮᠥᠨ ᠪᠤᠰᠤ ᠵᠣᠬᠢᠶᠠᠨ | ᠪᠠᠶᠢᠭᠤᠯᠤᠯᠲᠠ ᠯᠤᠭ᠎ᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠯᠠᠨ | ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠪᠠ ᠣᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠶᠢ | ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠬᠢᠭᠡᠳ ᠮᠥᠩᠭᠦᠨ | ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ ᠳ᠋ᠠᠶᠢᠲ᠋ᠠ ᠬᠥᠮᠥᠷᠭᠡ ᠵᠡᠷᠭᠡ ᠬᠠᠮᠢᠶ᠎ᠠ ᠪᠦᠬᠦᠢ ᠢᠲᠡᠭᠡᠮᠵᠢ ᠶᠢᠨ | ᠮᠡᠳᠡᠭᠡ ᠵᠠᠩᠭᠢ ᠶᠢᠨ ᠲᠠᠪᠴᠠᠩ ᠨᠢ ᠳ᠋ᠠᠶᠢᠲ᠋ᠠ ᠶᠢ ᠬᠠᠮᠲᠤᠪᠠᠷ ᠬᠤᠪᠢᠶᠠᠯᠴᠠᠬᠤ ᠶᠢ ᠴᠢᠩᠭᠠᠳᠬᠠᠵᠤ᠂ ᠨᠡᠶᠢᠭᠡᠮ ᠤᠨ ᠬᠡᠷᠡᠭᠯᠡᠭᠡᠨ ᠤ | ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ | ᠳᠥᠷᠪᠡᠳᠦᠭᠡᠷ ᠪᠦᠯᠦᠭ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠵᠠᠯᠬᠠᠭᠠᠨ | ᠴᠡᠭᠡᠷᠯᠡᠭᠦᠯᠬᠦ | ᠬᠤᠷᠢ ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ | ᠪᠠᠶᠢᠭᠤᠯᠵᠤ᠂ ᠢᠲᠡᠭᠡᠮᠵᠢ ᠲᠠᠢ ᠪᠠᠶᠢᠬᠤ ᠦᠢᠯᠡ ᠠᠵᠢᠯᠯᠠᠭ᠎ᠠ ᠶᠢ ᠰᠠᠨᠠᠭᠠᠴᠢᠯᠠᠬᠤ ᠪᠠ ᠰᠠᠶᠢᠰᠢᠶᠠᠵᠤ᠂ ᠢᠲᠡᠭᠡᠯ ᠠᠯᠳᠠᠭᠰᠠᠨ | ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠪᠠ ᠬᠢᠵᠠᠭᠠᠷᠯᠠᠬᠤ ᠬᠡᠷᠡᠭᠲᠡᠢ᠃ | ᠭᠤᠴᠢᠳᠤᠭᠠᠷ ᠵᠦᠢᠯ ᠢᠲᠡᠭᠡᠮᠵᠢ ᠲᠠᠢ ᠪᠠᠷ ᠤᠷᠮᠠᠰᠢᠭᠤᠯᠬᠤ ᠡᠲᠡᠭᠡᠳ ᠢ ᠦᠨᠡᠯᠡᠨ ᠲᠣᠭᠲᠠᠭᠠᠬᠤ ᠠᠷᠭ᠎ᠠ ᠶᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ | ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠬᠤ ᠶᠢᠨ ᠬᠠᠮᠲᠤ ᠨᠡᠶᠢᠭᠡᠮ ᠳᠤ | ᠨᠡᠶᠢᠲᠡᠯᠡᠨ᠎ᠡ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠦᠨᠡᠯᠡᠨ ᠲᠣᠭᠲᠠᠭᠠᠬᠤ ᠠᠷᠭ᠎ᠠ ᠶᠢᠨ ᠶᠣᠰᠣᠭᠠᠷ ᠢᠲᠡᠭᠡᠮᠵᠢ ᠲᠠᠢ ᠪᠠᠷ ᠤᠷᠮᠠᠰᠢᠭᠤᠯᠬᠤ ᠡᠲᠡᠭᠡᠳ ᠢ | ᠨᠤᠲᠠᠯᠠᠨ ᠲᠣᠭᠲᠠᠭᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ | ᠲᠠᠪᠴᠠᠩ ᠢᠶᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠨ᠎ᠡ᠃ | ᠭᠤᠴᠢᠨ ᠨᠢᠭᠡᠳᠦᠭᠡᠷ ᠵᠦᠢᠯ ᠲᠥᠷᠥ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ | ᠣᠯᠭᠤᠭᠰᠠᠨ ᠤᠯᠠᠨ ᠨᠡᠶᠢᠲᠡ ᠶᠢᠨ ᠠᠵᠢᠯ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠪᠦᠬᠦᠢ ᠵᠣᠬᠢᠶᠠᠨ ᠪᠠᠶᠢᠭᠤᠯᠤᠯᠲᠠ | ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶᠡᠨ ᠳᠣᠲᠣᠷ᠎ᠠ ᠢᠲᠡᠭᠡᠮᠵᠢ ᠲᠠᠢ ᠪᠠᠷ ᠤᠷᠮᠠᠰᠢᠭᠤᠯᠤᠬᠳᠠᠬᠤ ᠡᠲᠡᠭᠡᠳ ᠲᠤ | ᠤᠷᠮᠠᠰᠢᠭᠤᠯᠤᠨ ᠵᠣᠷᠢᠭᠵᠢᠭᠤᠯᠬᠤ ᠠᠷᠭ᠎ᠠ ᠬᠡᠮᠵᠢᠶ᠎ᠡ ᠠᠪᠴᠤ ᠪᠣᠯᠣᠨ᠎ᠠ᠃ | ᠭᠤᠴᠢᠨ ᠬᠤᠶᠠᠳᠤᠭᠠᠷ ᠵᠦᠢᠯ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠳᠤ ᠨᠠᠷᠢᠨ | ᠬᠠᠭᠤᠳᠠᠰᠤ ᠶᠢᠨ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ ᠪᠠ | ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠬᠠᠮᠢᠶ᠎ᠠ ᠪᠦᠬᠦᠢ ᠢᠲᠡᠭᠡᠮᠵᠢ ᠶᠢᠨ ᠭᠤᠣᠯ ᠴᠣᠭᠴᠠ ᠳᠤ | ᠲᠣᠳᠣᠷᠬᠠᠢ ᠬᠠᠭᠤᠳᠠᠰᠤᠨ ᠳᠤ ᠵᠢᠭᠰᠠᠭᠠᠭᠰᠠᠨ ᠬᠤᠬᠢᠷᠠᠯ ᠢ ᠪᠠᠭᠠᠰᠬᠠᠬᠤ ᠪᠤᠶᠤ ᠡᠭᠦᠷᠭᠡ ᠶᠢ ᠨᠡᠮᠡᠭᠳᠡᠭᠦᠯᠬᠦ ᠢᠲᠡᠭᠡᠯ ᠢᠶᠠᠨ | ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠴᠠ ᠳᠠᠪᠠᠭᠤᠯᠤᠨ ᠬᠡᠷᠡᠭᠵᠢᠭᠦᠯᠵᠦ ᠪᠤᠯᠬᠤ ᠦᠭᠡᠢ︔ | ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢᠨ ᠰᠢᠨᠵᠢ ᠴᠢᠨᠠᠷ᠂ ᠦᠢᠯᠡ ᠪᠠᠶᠢᠳᠠᠯ ᠪᠠ ᠨᠡᠶᠢᠭᠡᠮ ᠤᠨ ᠨᠥᠯᠥᠭᠡ ᠶᠢ | ᠦᠨᠳᠦᠰᠦᠯᠡᠨ᠂ ᠢᠲᠡᠭᠡᠯ ᠢᠶᠠᠨ ᠠᠯᠳᠠᠭᠰᠠᠨ ᠭᠤᠣᠯ ᠴᠣᠭᠴᠠ ᠳᠤ ᠬᠦᠨᠳᠦ ᠬᠥᠩᠭᠡᠨ ᠢ ᠵᠣᠬᠢᠰᠲᠠᠢ ᠵᠠᠯᠬᠠᠭᠠᠨ ᠴᠡᠭᠡᠷᠯᠡᠭᠦᠯᠬᠦ | ᠠᠷᠭ᠎ᠠ ᠬᠡᠮᠵᠢᠶ᠎ᠡ ᠠᠪᠬᠤ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠲᠥᠷᠥ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ | ᠡᠷᠬᠡ ᠣᠯᠭᠤᠭᠰᠠᠨ ᠣᠯᠠᠨ ᠨᠡᠶᠢᠲᠡ ᠶᠢᠨ ᠠᠵᠢᠯ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ | ᠪᠠᠶᠢᠭᠤᠯᠤᠯᠲᠠ ᠠᠴᠠ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ ᠶᠢ ᠨᠤᠲᠠᠯᠠᠨ ᠲᠣᠭᠲᠠᠭᠠᠬᠤ ᠳᠤ᠂ ᠬᠠᠤᠯᠢ ᠳᠤ | ᠨᠡᠶᠢᠴᠡᠬᠦ᠂ ᠪᠤᠰᠤᠳᠴᠢ᠂ ᠬᠢᠨᠠᠭᠤᠷ ᠪᠣᠯᠭᠤᠮᠵᠢᠲᠠᠢ᠂ ᠬᠤᠯᠪᠣᠭᠳᠠᠭᠤᠯᠬᠤ ᠵᠠᠷᠴᠢᠮ ᠢ ᠵᠢᠷᠤᠮᠯᠠᠨ᠂ ᠳᠣᠣᠷ᠎ᠠ ᠵᠢᠭᠰᠠᠭᠠᠭᠰᠠᠨ ᠪᠢᠴᠢᠭ | ᠬᠠᠷ᠎ᠠ ᠪᠠᠷ ᠦᠨᠳᠦᠰᠦᠯᠡᠯ ᠪᠤᠯᠭᠠᠬᠤ ᠬᠡᠷᠡᠭᠲᠡᠢ᠄ ︵ᠨᠢᠭᠡ︶ ᠬᠦᠴᠦᠨ ᠲᠠᠢ ᠪᠣᠯᠤᠭᠰᠠᠨ ᠬᠠᠤᠯᠢ ᠴᠠᠭᠠᠵᠠ ᠶᠢᠨ ᠲᠠᠰᠤᠯᠤᠨ | ᠲᠣᠭᠲᠠᠭᠠᠯᠲᠠ ᠶᠢᠨ ᠪᠢᠴᠢᠭ ᠬᠠᠷ᠎ᠠ ᠪᠠ ᠬᠥᠨᠳᠡᠯᠡᠨ ᠠᠴᠠ ᠲᠠᠰᠤᠯᠤᠬᠰᠠᠨ ᠪᠢᠴᠢᠭ ᠬᠠᠷ᠎ᠠ︔ ︵ᠬᠤᠶᠠᠷ︶ ᠬᠦᠴᠦᠨ ᠲᠠᠢ | ᠪᠣᠯᠤᠭᠰᠠᠨ ᠵᠠᠰᠠᠭ ᠵᠠᠬᠢᠷᠭᠠᠨ ᠤ ᠰᠢᠢᠳᠬᠡᠯ ᠪᠠ ᠵᠠᠰᠠᠭ ᠵᠠᠬᠢᠷᠭᠠᠨ ᠤ ᠲᠣᠭᠲᠠᠭᠠᠯᠲᠠ ᠵᠡᠷᠭᠡ ᠵᠠᠰᠠᠭ ᠵᠠᠬᠢᠷᠭᠠᠨ ᠤ ᠦᠢᠯᠡ | ᠠᠵᠢᠯᠯᠠᠭ᠎ᠠ ᠶᠢᠨ ᠲᠣᠭᠲᠠᠭᠠᠯ ᠤᠨ ᠪᠢᠴᠢᠭ ᠬᠠᠷ᠎ᠠ︔ ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ ᠤᠯᠤᠰ ᠠᠴᠠ | ᠲᠣᠭᠲᠠᠭᠠᠭᠰᠠᠨ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ ᠶᠢ ᠨᠤᠲᠠᠯᠠᠨ ᠲᠣᠭᠲᠠᠭᠠᠬᠤ ᠦᠨᠳᠦᠰᠦᠯᠡᠯ ᠪᠤᠯᠭᠠᠵᠤ | ᠪᠤᠯᠬᠤ ᠪᠤᠰᠤᠳ ᠪᠢᠴᠢᠭ ᠬᠠᠷ᠎ᠠ᠃ | ᠭᠤᠴᠢᠨ ᠳᠥᠷᠪᠡᠳᠦᠭᠡᠷ ᠵᠦᠢᠯ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠶᠢ ᠨᠢ ᠢᠲᠡᠭᠡᠯ ᠢᠶᠠᠨ ᠠᠯᠳᠠᠭᠰᠠᠨ | ᠮᠡᠳᠡᠭᠡ ᠵᠠᠩᠭᠢ ᠶᠢᠨ ᠲᠡᠮᠳᠡᠭᠯᠡᠯ ᠳᠤ ᠣᠷᠣᠭᠤᠯᠤᠭᠰᠠᠨ ᠪᠠᠶᠢᠪᠠᠯ᠂ ᠢᠲᠡᠭᠡᠮᠵᠢ ᠶᠢᠨ ᠭᠤᠣᠯ ᠴᠣᠭᠴᠠ ᠶᠢᠨ ᠨᠤᠲᠠᠯᠠᠨ | ᠲᠣᠭᠲᠠᠭᠠᠭᠰᠠᠨ ᠰᠢᠨᠵᠢ ᠴᠢᠨᠠᠷ᠂ ᠰᠢᠯᠲᠠᠭᠠᠨ᠂ ᠦᠨᠳᠦᠰᠦᠯᠡᠯ᠂ ᠰᠢᠯᠵᠢᠭᠦᠯᠦᠨ ᠭᠠᠷᠭᠠᠬᠤ ᠨᠥᠬᠦᠴᠡᠯ ᠪᠣᠯᠣᠨ ᠲᠡᠳᠬᠦᠬᠦ ᠠᠷᠭ᠎ᠠ | ᠵᠠᠮ ᠢ ᠬᠡᠯᠡᠵᠦ ᠥᠭᠬᠦ ᠬᠡᠷᠡᠭᠲᠡᠢ᠃ ᠢᠲᠡᠭᠡᠯ ᠠᠯᠳᠠᠭᠰᠠᠨ ᠢᠲᠡᠭᠡᠮᠵᠢ ᠶᠢᠨ ᠭᠤᠣᠯ ᠴᠣᠭᠴᠠ ᠳᠤ ᠵᠠᠯᠬᠠᠭᠠᠨ ᠴᠡᠭᠡᠷᠯᠡᠭᠦᠯᠬᠦ | ᠠᠷᠭ᠎ᠠ ᠬᠡᠮᠵᠢᠶ᠎ᠡ ᠠᠪᠬᠤ ᠪᠠᠷ ᠲᠣᠭᠲᠠᠭᠠᠭᠰᠠᠨ ᠪᠠᠶᠢᠪᠠᠯ᠂ ᠪᠠᠰᠠ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠦᠴᠦᠨ | ᠦᠭᠡᠢ ᠪᠤᠯᠭᠠᠬᠤ ᠨᠥᠬᠦᠴᠡᠯ ᠢ ᠬᠡᠯᠡᠵᠦ ᠥᠭᠬᠦ ᠬᠡᠷᠡᠭᠲᠡᠢ᠃ | ᠭᠤᠴᠢᠨ ᠲᠠᠪᠤᠳᠤᠭᠠᠷ ᠵᠦᠢᠯ ᠢᠲᠡᠭᠡᠮᠵᠢ ᠶᠢᠨ ᠭᠤᠣᠯ ᠴᠣᠭᠴᠠ ᠶᠢ ᠬᠦᠨᠳᠦ ᠨᠣᠴᠢᠲᠠᠢ ᠢᠲᠡᠭᠡᠯ ᠢᠶᠠᠨ ᠠᠯᠳᠠᠭᠰᠠᠨ | ᠭᠤᠣᠯ ᠴᠣᠭᠴᠠ ᠶᠢᠨ ᠨᠡᠷᠡᠰ ᠲᠤ ᠵᠢᠭᠰᠠᠭᠠᠨ ᠣᠷᠣᠭᠤᠯᠬᠤ ᠳᠤ᠂ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ | ᠤᠯᠤᠰ ᠠᠴᠠ ᠲᠣᠭᠲᠠᠭᠠᠭᠰᠠᠨ ᠦᠨᠳᠦᠰᠦᠯᠡᠯ ᠪᠣᠯᠣᠨ ᠨᠤᠲᠠᠯᠠᠨ ᠲᠣᠭᠲᠠᠭᠠᠬᠤ ᠶᠢᠨ ᠪᠠᠷᠢᠮᠵᠢᠶ᠎ᠠ ᠶᠢ ᠬᠡᠷᠡᠭᠵᠢᠭᠦᠯᠬᠦ ᠶᠢᠨ | ᠬᠠᠮᠲᠤ ᠳᠣᠣᠷᠠᠬᠢ ᠮᠡᠲᠦ ᠥᠢᠯᠡ ᠠᠵᠢᠯᠯᠠᠭ᠎ᠠ ᠪᠠᠷ ᠬᠢᠵᠠᠭᠠᠷᠯᠠᠬᠤ ᠬᠡᠷᠡᠭᠲᠡᠢ᠄ | ︵ᠨᠢᠭᠡ︶ ᠠᠷᠠᠳ ᠤᠯᠡᠠ ᠤ ᠪᠡᠶ᠎ᠡ ᠶᠢᠨ ᠡᠷᠡᠭᠦᠯ ᠮᠡᠡᠳᠦ ᠪᠠ ᠠᠮᠢ ᠨᠠᠰᠤᠨ ᠤ ᠠᠮᠤᠷ ᠲᠦᠪᠰᠢᠨ ᠳᠤ ᠬᠦᠨᠳᠦ ᠨᠣᠴᠢᠲᠠᠢ | ᠬᠤᠣᠷ ᠬᠥᠨᠥᠭᠡᠯ ᠤᠴᠠᠷᠠᠭᠤᠯᠤᠭᠰᠠᠨ ᠤᠢᠢᠯᠠ ᠠᠵᠢᠯᠯᠠᠭ᠎ᠠ︔ | ︵ᠬᠤᠶᠠᠷ︶ ᠵᠠᠬ᠎ᠠ ᠳᠡᠯᠭᠡᠭᠦᠷ ᠤᠨ ᠭᠤᠣᠯᠴᠢ ᠥᠷᠢᠰᠦᠯᠳᠦᠭᠡᠨ ᠤ ᠡᠮᠬᠢ ᠵᠢᠷᠤᠮ ᠪᠠ ᠨᠡᠶᠢᠭᠡᠮ ᠤᠨ ᠬᠡᠪ ᠤᠨ ᠡᠮᠬᠢ | ᠵᠢᠷᠤᠮ ᠢ ᠬᠦᠨᠳᠦ ᠨᠣᠴᠢᠲᠠᠢ ᠡᠪᠳᠡᠭᠰᠡᠨ ᠦᠢᠯᠡ ᠠᠵᠢᠯᠯᠠᠭ᠎ᠠ︔ | ︵ᠭᠤᠷᠪᠠ︶ ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠭᠦᠢᠴᠡᠳᠬᠡᠬᠦ ᠶᠢ ᠲᠡᠪᠴᠢᠵᠦ᠂ ᠬᠠᠤᠯᠢ ᠴᠠᠭᠠᠵᠠ ᠶᠢᠨ | ᠪᠠᠶᠢᠭᠤᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠤᠯᠠᠨ ᠨᠡᠶᠢᠲᠡ ᠳᠠᠬᠢ ᠢᠲᠡᠭᠡᠭᠦᠯᠬᠦ ᠬᠦᠴᠦᠨ ᠢ ᠬᠦᠨᠳᠦ ᠨᠣᠴᠢᠲᠠᠢ | ᠨᠥᠯᠥᠭᠡᠯᠡᠭᠰᠡᠨ ᠦᠢᠯᠡ ᠠᠵᠢᠯᠯᠠᠭ᠎ᠠ︔ | ︵ᠳᠥᠷᠪᠡ︶ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠪᠠᠨ ᠭᠦᠢᠴᠡᠳᠬᠡᠬᠦ ᠶᠢ ᠲᠡᠪᠴᠢᠭᠰᠡᠨ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠠᠰᠢᠭ ᠲᠤᠰᠠ ᠳᠤ ᠬᠤᠣᠷ ᠬᠥᠨᠥᠭᠡᠯ ᠤᠴᠠᠷᠠᠭᠤᠯᠤᠭᠰᠠᠨ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠲᠥᠬᠦᠭᠡᠷᠦᠮᠵᠢ ᠶᠢ ᠡᠪᠳᠡᠭᠰᠡᠨ ᠵᠡᠷᠭᠡ ᠦᠢᠯᠡ ᠠᠵᠢᠯᠯᠠᠭ᠎ᠠ︔ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠤᠯᠤᠰ ᠠᠴᠠ ᠲᠣᠭᠲᠠᠭᠠᠭᠰᠠᠨ ᠪᠤᠰᠤᠳ ᠬᠦᠨᠳᠦ ᠨᠣᠴᠢᠲᠠᠢ | ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ᠃ | ᠭᠤᠴᠢᠨ ᠵᠢᠷᠭᠤᠳᠤᠭᠠᠷ ᠵᠦᠢᠯ ᠲᠥᠷᠥ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ | ᠡᠷᠬᠡ ᠣᠯᠭᠤᠭᠰᠠᠨ ᠣᠯᠠᠨ ᠨᠡᠶᠢᠲᠡ ᠶᠢᠨ ᠠᠵᠢᠯ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ | ᠪᠠᠶᠢᠭᠤᠯᠤᠯᠲᠠ ᠠᠴᠠ ᠬᠦᠨᠳᠦ ᠨᠣᠴᠢᠲᠠᠢ ᠢᠲᠡᠭᠡᠯ ᠢᠶᠠᠨ ᠠᠯᠳᠠᠭᠰᠠᠨ ᠭᠤᠣᠯ ᠴᠣᠭᠴᠠ ᠶᠢ ᠨᠤᠲᠠᠯᠠᠨ ᠲᠣᠭᠲᠠᠭᠠᠬᠤ | ᠲᠣᠭᠲᠠᠭᠠᠯ ᠭᠠᠷᠭᠠᠬᠤ ᠠᠴᠠ ᠡᠮᠦᠨ᠎ᠡ᠂ ᠢᠲᠡᠭᠡᠮᠵᠢ ᠶᠢᠨ ᠭᠤᠣᠯ ᠴᠣᠭᠴᠠ ᠶᠢᠨ ᠲᠣᠭᠲᠠᠭᠠᠭᠰᠠᠨ ᠤᠴᠢᠷ ᠰᠢᠯᠲᠠᠭᠠᠨ᠂ | ᠦᠨᠳᠦᠰᠦᠯᠡᠯ ᠪᠣᠯᠣᠨ ᠬᠠᠤᠯᠢ ᠶᠣᠰᠣᠭᠠᠷ ᠡᠳ᠋ᠯᠡᠬᠦ ᠡᠷᠬᠡ ᠶᠢ ᠬᠡᠯᠡᠵᠦ ᠥᠭᠬᠦ ᠬᠡᠷᠡᠭᠲᠡᠢ᠃ ᠢᠲᠡᠭᠡᠮᠵᠢ ᠶᠢᠨ ᠭᠤᠣᠯ ᠴᠣᠭᠴᠠ | ᠣᠨᠳᠣᠣ ᠰᠠᠨᠠᠯ ᠳᠤᠷᠠᠳᠤᠭᠰᠠᠨ ᠪᠠᠶᠢᠪᠠᠯ᠂ ᠬᠢᠨᠠᠨ ᠬᠠᠷᠭᠤᠭᠤᠯᠬᠤ ᠶᠢᠨ ᠬᠠᠮᠲᠤ ᠲᠣᠭᠲᠠᠭᠠᠭᠰᠠᠨ ᠴᠠᠭ ᠬᠤᠭᠤᠴᠠᠭᠠᠨ | ᠳᠣᠲᠣᠷ᠎ᠠ ᠬᠠᠷᠢᠭᠤ ᠲᠤᠰᠬᠠᠬᠤ ᠬᠡᠷᠡᠭᠲᠡᠢ᠃ | ᠢᠲᠡᠭᠡᠮᠵᠢ ᠶᠢᠨ ᠭᠤᠣᠯ ᠴᠣᠭᠴᠠ ᠶᠢ ᠬᠦᠨᠳᠦ ᠨᠣᠴᠢᠲᠠᠢ ᠢᠲᠡᠭᠡᠯ ᠠᠯᠳᠠᠭᠰᠠᠨ ᠭᠤᠣᠯ ᠴᠣᠭᠴᠠ ᠶᠢᠨ ᠨᠡᠷᠡᠰ ᠲᠤ | ᠵᠢᠭᠰᠠᠭᠠᠨ ᠣᠷᠣᠭᠤᠯᠬᠤ ᠳᠤ ᠨᠤᠲᠠᠯᠠᠨ ᠲᠣᠭᠲᠠᠭᠠᠭᠰᠠᠨ ᠲᠣᠭᠲᠠᠭᠠᠯ ᠤᠨ ᠪᠢᠴᠢᠭ ᠬᠠᠷ᠎ᠠ ᠭᠠᠷᠭᠠᠵᠤ᠂ ᠤᠴᠢᠷ ᠰᠢᠯᠲᠠᠭᠠᠨ᠂ | ᠦᠨᠳᠦᠰᠦᠯᠡᠯ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠰᠠᠨᠠᠭᠤᠯᠤᠮᠵᠢ᠂ ᠰᠢᠯᠵᠢᠭᠦᠯᠦᠨ | ᠭᠠᠷᠭᠠᠬᠤ ᠨᠥᠬᠦᠴᠡᠯ ᠪᠠ ᠲᠠᠰ ᠳᠠᠷᠠᠭᠠᠯᠠᠯ ᠵᠢᠴᠢ ᠲᠡᠳᠬᠦᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠢᠲᠡᠭᠡᠮᠵᠢ ᠶᠢᠨ ᠭᠤᠣᠯ | ᠴᠣᠭᠴᠠ ᠳᠤ ᠬᠠᠤᠯᠢ ᠶᠣᠰᠣᠭᠠᠷ ᠬᠦᠷᠭᠡᠬᠦ ᠶᠢᠨ ᠬᠠᠮᠲᠤ ᠨᠤᠲᠠᠯᠠᠨ ᠲᠣᠭᠲᠠᠭᠠᠭᠰᠠᠨ ᠬᠦᠨᠳᠦ ᠨᠣᠴᠢᠲᠠᠢ ᠢᠲᠡᠭᠡᠯ ᠠᠯᠳᠠᠭᠰᠠᠨ | ᠭᠤᠣᠯ ᠴᠣᠭᠴᠠ ᠶᠢᠨ ᠨᠡᠷᠡᠰ ᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ | ᠲᠠᠪᠴᠠᠩ ᠢᠶᠠᠷ ᠴᠠᠭ ᠲᠤᠬᠠᠢ ᠳᠤ ᠨᠢ ᠨᠡᠶᠢᠭᠡᠮ ᠳᠤ ᠨᠡᠶᠢᠲᠡᠯᠡᠬᠦ ᠬᠡᠷᠡᠭᠲᠡᠢ᠃ | ᠨᠤᠲᠠᠯᠠᠨ ᠲᠣᠭᠲᠠᠭᠠᠬᠤ ᠪᠠᠷᠢᠮᠵᠢᠶ᠎ᠠ ᠪᠠ ᠨᠤᠲᠠᠯᠠᠨ ᠲᠣᠭᠲᠠᠭᠠᠬᠤ ᠵᠢᠷᠤᠮ ᠶᠣᠰᠣᠭᠠᠷ ᠬᠦᠨᠳᠦ ᠨᠣᠴᠢᠲᠠᠢ ᠢᠲᠡᠭᠡᠯ | ᠠᠯᠳᠠᠭᠰᠠᠨ ᠭᠤᠣᠯ ᠴᠣᠭᠴᠠ ᠶᠢᠨ ᠨᠡᠷᠡᠰ ᠢ ᠳᠤᠷ᠎ᠠ ᠪᠠᠷ ᠢᠶᠠᠨ ᠥᠯᠥ ᠨᠤᠲᠠᠯᠠᠨ ᠲᠣᠭᠲᠠᠭᠠᠬᠤ ᠶᠢ ᠴᠠᠭᠠᠵᠠᠯᠠᠨ᠎ᠠ᠃ | ᠭᠤᠴᠢᠨ ᠳᠣᠯᠣᠳᠤᠭᠠᠷ ᠵᠦᠢᠯ ᠬᠠᠤᠯᠢ ᠶᠢᠨ ᠬᠥᠮᠥᠨ᠂ ᠬᠠᠤᠯᠢ ᠶᠢᠨ ᠬᠥᠮᠥᠨ ᠪᠤᠰᠤ ᠵᠣᠬᠢᠶᠠᠨ ᠪᠠᠶᠢᠭᠤᠯᠤᠯᠲᠠ | ᠵᠡᠷᠭᠡ ᠨᠢ ᠬᠦᠨᠳᠦ ᠨᠣᠴᠢᠲᠠᠢ ᠢᠲᠡᠭᠡᠯ ᠢᠶᠠᠨ ᠠᠯᠳᠠᠭᠰᠠᠨ ᠭᠤᠣᠯ ᠴᠣᠭᠴᠠ ᠪᠠᠷ ᠨᠤᠲᠠᠯᠠᠨ ᠲᠣᠭᠲᠠᠭᠠᠭᠰᠠᠨ ᠪᠠᠶᠢᠪᠠᠯ᠂ | ᠤᠯᠤᠰ ᠤᠨ ᠲᠣᠭᠲᠠᠭᠠᠯ ᠶᠣᠰᠣᠭᠠᠷ ᠲᠡᠭᠦᠨ ᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠭᠤᠣᠯ ᠬᠠᠷᠢᠭᠤᠴᠠᠯᠭᠠᠲᠠᠨ᠂ | ᠪᠣᠳᠠᠲᠠᠢ ᠡᠵᠡᠮᠳᠡᠭᠴᠢ ᠶᠢ ᠢᠲᠡᠭᠡᠯ ᠠᠯᠳᠠᠭᠰᠠᠨ ᠲᠡᠮᠳᠡᠭᠯᠡᠯ ᠳᠤ ᠣᠷᠣᠭᠤᠯᠬᠤ ᠬᠡᠷᠡᠭᠲᠡᠢ᠃ | ᠲᠠᠪᠤᠳᠤᠭᠠᠷ ᠪᠦᠯᠦᠭ ᠢᠲᠡᠭᠡᠮᠵᠢ ᠶᠢᠨ ᠭᠤᠣᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ | ᠭᠤᠴᠢᠨ ᠨᠠᠢᠮᠠᠳᠤᠭᠠᠷ ᠵᠦᠢᠯ ᠢᠲᠡᠭᠡᠮᠵᠢ ᠶᠢᠨ ᠭᠤᠣᠯ ᠴᠣᠭᠴᠠ ᠨᠢ ᠲᠤᠰ ᠪᠡᠶ᠎ᠡ ᠶᠢᠨ ᠢᠲᠡᠭᠡᠮᠵᠢ ᠶᠢᠨ ᠮᠡᠳᠡᠭᠡ | ᠵᠠᠩᠭᠢ ᠪᠠᠨ ᠪᠠᠶᠢᠴᠠᠭᠠᠨ ᠯᠠᠪᠯᠠᠬᠤ ᠪᠠ ᠪᠠᠭᠤᠯᠭᠠᠨ ᠠᠪᠬᠤ ᠡᠷᠬᠡ ᠲᠠᠢ᠂ ᠲᠡᠭᠦᠨ ᠲᠠᠢ ᠬᠤᠯᠪᠣᠭᠳᠠᠬᠤ ᠢᠲᠡᠭᠡᠮᠵᠢ ᠶᠢᠨ ᠮᠡᠳᠡᠭᠡ | ᠵᠠᠩᠭᠢ ᠶᠢ ᠴᠤᠭᠯᠠᠭᠤᠯᠤᠭᠰᠠᠨ᠂ ᠴᠤᠭᠯᠠᠭᠤᠯᠤᠨ ᠡᠮᠬᠢᠳᠬᠡᠭᠰᠡᠨ᠂ ᠪᠣᠯᠪᠠᠰᠤᠷᠠᠭᠤᠯᠤᠭᠰᠠᠨ ᠪᠠ ᠬᠠᠮᠲᠤ ᠪᠠᠷ ᠬᠤᠪᠢᠶᠠᠯᠴᠠᠭᠰᠠᠨ | ᠪᠠᠶᠢᠳᠠᠯ ᠵᠢᠴᠢ ᠲᠡᠭᠦᠨ ᠤ ᠢᠲᠡᠭᠡᠮᠵᠢ ᠶᠢᠨ ᠮᠡᠳᠡᠭᠦᠯᠦᠯᠲᠡ ᠳᠤ ᠲᠣᠳᠣᠷᠬᠠᠢ ᠲᠡᠮᠳᠡᠭᠯᠡᠭᠰᠡᠨ ᠮᠡᠳᠡᠭᠡ ᠵᠠᠩᠭᠢ ᠶᠢᠨ ᠢᠷᠡᠯᠲᠡ | ᠪᠠ ᠬᠤᠪᠢᠷᠠᠯᠲᠠ ᠶᠢᠨ ᠤᠴᠢᠷ ᠰᠢᠯᠲᠠᠭᠠᠨ ᠢ ᠮᠡᠳᠡᠬᠦ ᠡᠷᠬᠡ ᠲᠠᠢ᠃ | ᠭᠤᠴᠢ ᠶᠢᠰᠦᠳᠦᠭᠡᠷ ᠵᠦᠢᠯ ᠢᠲᠡᠭᠡᠮᠵᠢ ᠶᠢᠨ ᠭᠤᠣᠯ ᠴᠣᠭᠴᠠ ᠨᠢ ᠢᠲᠡᠭᠡᠮᠵᠢ ᠶᠢᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠠᠷᠯᠠᠨ ᠨᠡᠶᠢᠲᠡᠯᠡᠭᠰᠡᠨ ᠪᠤᠶᠤ ᠲᠡᠮᠳᠡᠭᠯᠡᠭᠰᠡᠨ ᠤᠯᠠᠨ ᠨᠡᠶᠢᠲᠡ ᠶᠢᠨ ᠢᠲᠡᠭᠡᠮᠵᠢ ᠶᠢᠨ | ᠮᠡᠳᠡᠭᠡ ᠵᠠᠩᠭᠢ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠣᠷᠣᠰᠢᠵᠤ ᠪᠠᠶᠢᠨ᠎ᠠ ᠭᠡᠵᠦ ᠦᠵᠡᠪᠡᠯ᠂ ᠢᠲᠡᠭᠡᠯ | ᠠᠯᠳᠠᠭᠰᠠᠨ ᠦᠢᠯᠡ ᠠᠵᠢᠯᠯᠠᠭ᠎ᠠ ᠶᠢ ᠨᠤᠲᠠᠯᠠᠨ ᠲᠣᠭᠲᠠᠭᠠᠭᠰᠠᠨ ᠨᠢᠭᠡᠴᠢ ᠪᠤᠶᠤ ᠲᠡᠭᠦᠨ ᠤ ᠤᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠨ ᠲᠡᠮᠳᠡᠭᠯᠡᠭᠰᠡᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ | ᠪᠠᠶᠢᠭᠤᠯᠤᠮᠵᠢ ᠳᠤ ᠣᠨᠳᠣᠣ ᠰᠠᠨᠠᠯ ᠲᠠᠢ ᠪᠠᠶᠢᠬᠤ ᠭᠤᠶᠤᠴᠢᠯᠠᠯ ᠭᠠᠷᠭᠠᠵᠤ ᠪᠣᠯᠣᠨ᠎ᠠ᠄ | ︵ᠨᠢᠭᠡ︶ ᠪᠣᠳᠠᠲᠤ ᠪᠠᠶᠢᠳᠠᠯ ᠲᠠᠢ ᠨᠡᠶᠢᠴᠡᠬᠦ ᠦᠭᠡᠢ᠂ ᠪᠤᠷᠤᠭᠤᠳᠠᠭᠰᠠᠨ ᠪᠤᠶᠤ ᠣᠷᠬᠢᠭᠳᠠᠭᠤᠯᠤᠭᠰᠠᠨ ᠪᠠᠶᠢᠳᠠᠯ ᠲᠠᠢ | ᠪᠠᠶᠢᠬᠤ︔ | ︵ᠬᠤᠶᠠᠷ︶ ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ ᠨᠢᠭᠤᠴᠠ ᠪᠤᠶᠤ ᠪᠤᠰᠤᠳ ᠬᠠᠤᠯᠢ ᠶᠣᠰᠣᠨ ᠤ ᠡᠷᠬᠡ | ᠠᠰᠢᠭ ᠲᠤ ᠨᠢ ᠬᠠᠯᠳᠠᠬᠰᠠᠨ︔ | ︵ᠭᠤᠷᠪᠠ︶ ᠵᠠᠷᠯᠠᠨ ᠨᠡᠶᠢᠲᠡᠯᠡᠬᠦ ᠬᠤᠭᠤᠴᠠᠭ᠎ᠠ ᠠᠴᠠ ᠬᠡᠲᠦᠷᠡᠭᠰᠡᠨ ᠪᠠᠶᠢᠲᠠᠯ᠎ᠠ ᠮᠥᠨ ᠵᠠᠷᠯᠠᠨ ᠨᠡᠶᠢᠲᠡᠯᠡᠭᠰᠡᠨ︔ | ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠨᠡᠶᠢᠲᠡᠯᠡᠵᠦ ᠪᠤᠯᠬᠤ ᠦᠭᠡᠢ ᠪᠤᠰᠤᠳ | ᠮᠡᠳᠡᠭᠡ ᠵᠠᠩᠭᠢ᠃ | ᠳᠥᠴᠢᠳᠦᠭᠡᠷ ᠵᠦᠢᠯ ᠢᠲᠡᠭᠡᠮᠵᠢ ᠶᠢᠨ ᠭᠤᠣᠯ ᠴᠣᠭᠴᠠ ᠨᠢ ᠢᠲᠡᠭᠡᠮᠵᠢ ᠶᠢᠨ ᠮᠡᠳᠡᠭᠡ ᠵᠠᠩᠭᠢ ᠶᠢ ᠵᠠᠰᠠᠨ ᠰᠡᠷᠭᠦᠭᠡᠬᠦ | ᠡᠷᠬᠡ ᠶᠢ ᠬᠠᠤᠯᠢ ᠶᠣᠰᠣᠭᠠᠷ ᠡᠳ᠋ᠯᠡᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠠᠴᠠ ᠲᠣᠭᠲᠠᠭᠠᠭᠰᠠᠨ ᠵᠠᠰᠠᠨ | ᠰᠡᠷᠭᠦᠭᠡᠵᠦ ᠪᠤᠯᠬᠤ ᠦᠭᠡᠢ ᠪᠠᠶᠢᠳᠠᠯ ᠢ ᠭᠠᠷᠭᠠᠪᠠᠯ᠂ ᠬᠤᠯᠪᠣᠭᠳᠠᠯ ᠪᠦᠬᠦᠢ ᠨᠥᠬᠦᠴᠡᠯ ᠢ ᠬᠠᠩᠭᠠᠭᠰᠠᠨ ᠢᠲᠡᠭᠡᠮᠵᠢ ᠶᠢᠨ | ᠭᠤᠣᠯ ᠴᠣᠭᠴᠠ ᠨᠢ ᠴᠥᠮ ᠢᠲᠡᠭᠡᠮᠵᠢ ᠶᠢᠨ ᠮᠡᠳᠡᠭᠡ ᠵᠠᠩᠭᠢ ᠶᠢ ᠵᠠᠰᠠᠨ ᠰᠡᠷᠭᠦᠭᠡᠬᠦ ᠪᠠᠷ ᠭᠤᠶᠤᠴᠢᠯᠠᠬᠤ ᠡᠷᠬᠡ ᠲᠠᠢ᠃ | ᠲᠥᠷᠥ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ | ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ᠨᠢ ᠢᠲᠡᠭᠡᠮᠵᠢ ᠶᠢ | ᠰᠡᠷᠭᠦᠭᠡᠬᠦ ᠬᠠᠮᠵᠢᠯᠴᠠᠬᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠢᠲᠡᠭᠡᠮᠵᠢ ᠶᠢ ᠰᠡᠷᠭᠦᠭᠡᠭᠰᠡᠨ ᠦᠷ᠎ᠡ | ᠳ᠋ᠦᠩ ᠢ ᠴᠠᠭ ᠲᠤᠬᠠᠢ ᠳᠤ ᠨᠢ ᠵᠡᠷᠭᠡ ᠪᠠᠷ ᠰᠢᠨᠡᠳᠬᠡᠬᠦ ᠬᠡᠷᠡᠭᠲᠡᠢ᠃ ᠢᠲᠡᠭᠡᠮᠵᠢ ᠶᠢᠨ ᠰᠡᠷᠭᠦᠭᠡᠯᠲᠡ ᠶᠢ ᠪᠡᠶᠡᠯᠡᠭᠦᠯᠦᠭᠰᠡᠨ ᠤ | ᠳᠠᠷᠠᠭ᠎ᠠ᠂ ᠬᠠᠮᠢᠶ᠎ᠠ ᠪᠦᠬᠦᠢ ᠨᠢᠭᠡᠴᠢ ᠨᠢ ᠢᠲᠡᠭᠡᠮᠵᠢ ᠶᠢᠨ ᠭᠤᠣᠯ ᠴᠣᠭᠴᠠ ᠶᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠪᠠᠨ | ᠵᠣᠭᠰᠤᠭᠠᠬᠤ ᠬᠡᠷᠡᠭᠲᠡᠢ᠃ | ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠶᠠᠮᠠᠷ ᠨᠢᠭᠡᠨ ᠭᠡᠯᠪᠡᠷᠢ ᠪᠠᠷ ᠢᠲᠡᠭᠡᠮᠵᠢ ᠶᠢᠨ ᠰᠡᠷᠭᠦᠭᠡᠯᠲᠡ ᠶᠢ | ᠭᠤᠶᠤᠴᠢᠯᠠᠭᠰᠠᠨ ᠭᠤᠣᠯ ᠴᠣᠭᠴᠠ ᠠᠴᠠ ᠶᠠᠮᠠᠷ ᠴᠤ ᠰᠦᠢᠳᠬᠡᠯ ᠬᠤᠷᠢᠶᠠᠵᠤ ᠪᠤᠯᠬᠤ ᠦᠭᠡᠢ᠃ | ᠢᠲᠡᠭᠡᠮᠵᠢ ᠶᠢᠨ ᠮᠡᠳᠡᠭᠡ ᠵᠠᠩᠭᠢ ᠶᠢ ᠰᠡᠷᠭᠦᠭᠡᠬᠦ ᠪᠣᠳᠠᠲᠠᠢ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ ᠲᠣᠭᠲᠠᠭᠠᠬᠤ ᠶᠢᠨ ᠬᠠᠮᠲᠤ | ᠨᠡᠶᠢᠭᠡᠮ ᠳᠤ ᠨᠡᠶᠢᠲᠡᠯᠡᠨ᠎ᠡ᠃ | ᠳᠥᠴᠢᠨ ᠨᠢᠭᠡᠳᠦᠭᠡᠷ ᠵᠦᠢᠯ ᠲᠥᠷᠥ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ | ᠣᠯᠭᠤᠭᠰᠠᠨ ᠤᠯᠠᠨ ᠨᠡᠶᠢᠲᠡ ᠶᠢᠨ ᠠᠵᠢᠯ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠬᠢ ᠪᠦᠬᠦᠢ ᠵᠣᠬᠢᠶᠠᠨ | ᠪᠠᠶᠢᠭᠤᠯᠤᠯᠲᠠ ᠨᠤᠭᠤᠳ ᠳᠣᠣᠷ᠎ᠠ ᠵᠢᠭᠰᠠᠭᠠᠭᠰᠠᠨ ᠢᠲᠡᠭᠡᠮᠵᠢ ᠶᠢᠨ ᠮᠡᠳᠡᠭᠡ ᠵᠠᠩᠭᠢ ᠶᠢᠨ ᠠᠶᠤᠯ ᠦᠭᠡᠢ ᠶᠢᠨ | ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠄ | ︵ᠨᠢᠭᠡ︶ ᠢᠲᠡᠭᠡᠮᠵᠢ ᠶᠢᠨ ᠮᠡᠳᠡᠭᠡ ᠵᠠᠩᠭᠢ ᠶᠢᠨ ᠠᠶᠤᠯ ᠦᠭᠡᠢ ᠶᠢᠨ ᠬᠠᠮᠢᠶᠠᠷᠤᠯᠲᠠ ᠶᠢᠨ ᠲᠣᠭᠲᠠᠴᠠ ᠪᠣᠯᠣᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠬᠤ ᠭᠡᠷᠡᠭᠲᠡᠢ︔ | ︵ᠬᠤᠶᠠᠷ︶ ᠢᠲᠡᠭᠡᠮᠵᠢ ᠶᠢᠨ ᠮᠡᠳᠡᠭᠡ ᠵᠠᠩᠭᠢ ᠶᠢ ᠬᠠᠶᠢᠨ ᠯᠠᠪᠯᠠᠬᠤ ᠳᠦᠷᠢᠮ ᠤᠨ ᠵᠢᠷᠤᠮᠵᠢᠯ ᠢ ᠪᠠᠶᠢᠭᠤᠯᠬᠤ ᠭᠡᠷᠡᠭᠲᠡᠢ︔ | ︵ᠭᠤᠷᠪᠠ︶ ᠢᠲᠡᠭᠡᠮᠵᠢ ᠶᠢᠨ ᠮᠡᠳᠡᠭᠡ ᠵᠠᠩᠭᠢ ᠶᠢ ᠬᠠᠮᠢᠶᠠᠷᠬᠤ ᠨᠢᠭᠤᠴᠠ ᠶᠢ ᠬᠠᠮᠠᠭᠠᠯᠠᠬᠤ ᠶᠢ ᠬᠢᠨᠠᠨ ᠪᠠᠶᠢᠴᠠᠭᠠᠬᠤ | ᠳᠦᠷᠢᠮ ᠢ ᠪᠠᠶᠢᠭᠤᠯᠬᠤ ᠭᠡᠷᠡᠭᠲᠡᠢ︔ | ︵ᠳᠥᠷᠪᠡ︶ ᠠᠶᠤᠯᠭᠦᠢ ᠡᠵᠡᠮᠳᠡᠵᠦ ᠪᠤᠯᠬᠤ ᠮᠡᠷᠭᠡᠵᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠬᠤ ᠭᠡᠷᠡᠭᠳᠠᠢ︔ | ︵ᠲᠠᠪᠤ︶ ᠮᠡᠳᠡᠭᠡ ᠵᠠᠩᠭᠢ ᠶᠢᠨ ᠠᠮᠤᠷ ᠲᠦᠪᠰᠢᠨ ᠤ ᠲᠤᠬᠠᠢ ᠤᠯᠤᠰ ᠤᠨ ᠬᠤᠯᠪᠣᠭᠳᠠᠯ ᠪᠦᠬᠦᠢ ᠪᠤᠰᠤᠳ | ᠲᠣᠭᠲᠠᠭᠠᠯ ᠢ ᠵᠢᠷᠤᠮᠯᠠᠬᠤ ᠬᠡᠷᠡᠭᠲᠡᠢ᠃ | ᠳᠥᠴᠢᠨ ᠬᠤᠶᠠᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠳᠣᠣᠷᠠᠬᠢ ᠦᠢᠯᠡ | ᠠᠵᠢᠯᠯᠠᠭ᠎ᠠ ᠶᠢ ᠬᠢᠵᠦ ᠪᠤᠯᠬᠤ ᠦᠭᠡᠢ᠄ | ︵ᠨᠢᠭᠡ︶ ᠢᠲᠡᠭᠡᠮᠵᠢ ᠶᠢᠨ ᠮᠡᠳᠡᠭᠡ ᠵᠠᠩᠭᠢ ᠶᠢ ᠬᠠᠤᠯᠢ ᠪᠤᠰᠤ ᠪᠠᠷ ᠬᠠᠩᠭᠠᠬᠤ᠂ ᠣᠯᠬᠤ᠂ ᠴᠤᠭᠯᠠᠭᠤᠯᠬᠤ᠂ᠴᠤᠭᠯᠠᠭᠤᠯᠤᠨ | ᠡᠮᠬᠢᠳᠬᠡᠬᠦ᠂ ᠬᠠᠶᠢᠨ ᠯᠠᠪᠯᠠᠬᠤ᠂ ᠬᠠᠳᠠᠭᠠᠯᠠᠬᠤ᠂ ᠬᠡᠷᠡᠭᠯᠡᠬᠦ᠂ ᠬᠠᠮᠲᠤᠪᠠᠷ ᠬᠤᠪᠢᠶᠠᠯᠴᠠᠬᠤ᠂ ᠢᠯᠡ ᠪᠤᠯᠭᠠᠬᠤ᠂ ᠪᠤᠯᠪᠠᠰᠤᠷᠠᠭᠤᠯᠬᠤ᠂ | ᠳᠠᠮᠵᠢᠭᠤᠯᠬᠤ ᠵᠢᠴᠢ ᠬᠠᠳᠠᠭᠠᠯᠠᠬᠤ︔ | ︵ᠬᠤᠶᠠᠷ︶ ᠢᠲᠡᠭᠡᠮᠵᠢ ᠶᠢᠨ ᠭᠤᠣᠯ ᠴᠣᠭᠴᠠ ᠯᠤᠭ᠎ᠠ ᠪᠣᠯᠵᠣᠨ ᠲᠣᠭᠲᠠᠭᠰᠠᠨ ᠬᠡᠪᠴᠢᠶᠡᠨ ᠠᠴᠠ ᠬᠡᠲᠦᠷᠡᠭᠦᠯᠦᠨ | ᠢᠲᠡᠭᠡᠮᠵᠢ ᠶᠢᠨ ᠮᠡᠳᠡᠭᠡ ᠵᠠᠩᠭᠢ ᠶᠢ ᠭᠡᠷᠡᠭᠯᠡᠭᠦ︔ | ︵ᠭᠤᠷᠪᠠ︶ ᠢᠲᠡᠭᠡᠮᠵᠢ ᠶᠢᠨ ᠮᠡᠳᠡᠭᠡ ᠵᠠᠩᠭᠢ ᠶᠢ ᠬᠤᠯᠠᠭᠠᠶᠢᠯᠠᠵᠤ᠂ ᠥᠭᠡᠷᠡᠲᠦᠭᠦᠯᠵᠦ᠂ ᠬᠤᠳᠠᠯ ᠢᠶᠠᠷ ᠵᠣᠬᠢᠶᠠᠵᠤ᠂ | ᠲᠣᠭᠲᠠᠭᠠᠯ ᠠᠴᠠ ᠵᠥᠷᠢᠴᠡᠨ ᠬᠠᠰᠤᠵᠤ ᠬᠠᠶᠠᠬᠤ︔ | ︵ᠳᠥᠷᠪᠡ︶ ᠡᠷᠬᠡ ᠣᠯᠭᠤᠭᠰᠠᠨ ᠦᠭᠡᠢ ᠪᠠᠷ ᠢᠯᠡ ᠪᠤᠯᠭᠠᠬᠰᠠᠨ ᠢᠲᠡᠭᠡᠮᠵᠢ ᠶᠢᠨ ᠮᠡᠳᠡᠭᠡ ᠵᠠᠩᠭᠢ ᠶᠢ ᠵᠠᠳᠠᠷᠠᠭᠤᠯᠬᠤ︔ | ︵ᠲᠠᠪᠤ︶ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ ᠨᠢᠭᠤᠴᠠ ᠳᠤ ᠬᠤᠯᠪᠣᠭᠳᠠᠭᠰᠠᠨ | ᠢᠲᠡᠭᠡᠮᠵᠢ ᠶᠢᠨ ᠮᠡᠳᠡᠭᠡ ᠵᠠᠩᠭᠢ ᠶᠢ ᠵᠠᠳᠠᠷᠠᠭᠤᠯᠬᠤ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠴᠠᠭᠠᠵᠠᠯᠠᠭᠰᠠᠨ ᠪᠤᠰᠤᠳ ᠦᠢᠯᠡ ᠠᠵᠢᠯᠯᠠᠭ᠎ᠠ᠃ | ᠵᠢᠷᠭᠤᠳᠤᠭᠠᠷ ᠪᠦᠯᠦᠭ ᠢᠲᠡᠭᠡᠮᠵᠢ ᠶᠢᠨ ᠦᠢᠯᠡᠴᠢᠯᠡᠭᠡᠨ ᠤ ᠠᠵᠢᠯ ᠲᠦᠷᠦᠯ ᠢ ᠵᠢᠷᠤᠮᠵᠢᠭᠤᠯᠬᠤ ᠪᠠ ᠬᠥᠭᠵᠢᠭᠦᠯᠬᠦ | ᠳᠥᠴᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠥᠭᠵᠢᠯᠲᠡ ᠶᠢ ᠲᠡᠮᠵᠢᠵᠤ᠂ ᠢᠲᠡᠭᠡᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠶᠢ ᠪᠣᠶᠢᠵᠢᠭᠤᠯᠬᠤ ᠶᠢ ᠴᠢᠩᠭᠠᠳᠬᠠᠨ᠂ ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ | ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠲᠡᠮᠵᠢᠵᠤ᠂ ᠬᠥᠲᠥᠯᠥᠨ ᠵᠢᠯᠤᠭᠤᠳᠬᠤ ᠬᠡᠷᠡᠭᠲᠡᠢ᠃ | ᠳᠥᠴᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ | ᠨᠡᠶᠢᠭᠡᠮ ᠳᠤ ᠨᠡᠭᠡᠭᠡᠯᠲᠡ ᠲᠠᠢ ᠪᠤᠯᠭᠠᠬᠤ ᠶᠢ ᠡᠮᠬᠢ ᠵᠢᠷᠤᠮ ᠲᠠᠢ ᠪᠠᠷ ᠥᠷᠭᠡᠳᠬᠡᠵᠦ᠂ ᠢᠲᠡᠭᠡᠮᠵᠢ ᠶᠢᠨ ᠦᠢᠯᠡᠴᠢᠯᠡᠭᠡᠨ ᠤ | ᠠᠵᠢᠯ ᠲᠥᠷᠥᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠰᠠᠯᠠᠭ᠎ᠠ ᠮᠥᠴᠢᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠢᠲᠡᠭᠡᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠳᠤ ᠬᠢᠨᠠᠯᠲᠠ ᠲᠠᠯᠪᠢᠵᠤ ᠬᠠᠮᠢᠶᠠᠷᠬᠤ ᠪᠠᠨ ᠴᠢᠩᠭᠠᠳᠬᠠᠵᠤ᠂ ᠢᠲᠡᠭᠡᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠶᠢᠨ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠲᠣᠭᠲᠠᠭᠠᠨ᠂ ᠢᠲᠡᠭᠡᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠬᠢᠭᠡᠳ ᠲᠡᠭᠦᠨ ᠤ ᠠᠵᠢᠯᠯᠠᠭᠰᠠᠳ ᠤᠨ ᠢᠲᠡᠭᠡᠮᠵᠢ ᠶᠢ ᠲᠡᠮᠳᠡᠭᠯᠡᠬᠦ ᠲᠣᠭᠲᠠᠯᠴᠠᠭ᠎ᠠ ᠶᠢ | ᠪᠦᠷᠢᠨᠰᠢᠭᠦᠯᠦᠨ᠎ᠡ᠃ | ᠳᠥᠴᠢᠨ ᠲᠠᠪᠤᠳᠤᠭᠠᠷ ᠵᠦᠢᠯ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠬᠢᠭᠡᠳ ᠲᠡᠭᠦᠨ ᠤ ᠠᠵᠢᠯᠯᠠᠭᠰᠠᠳ | ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠥᠷᠨᠢᠭᠦᠯᠬᠦ ᠳᠤ᠂ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠵᠢᠴᠢ | ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠢᠲᠡᠭᠡᠮᠵᠢ ᠶᠢᠨ ᠦᠢᠯᠡᠴᠢᠯᠡᠭᠡᠨ ᠤ ᠠᠵᠢᠯ | ᠲᠥᠷᠥᠯ ᠤᠨ ᠵᠢᠷᠤᠮᠵᠢᠯ ᠳᠤ ᠨᠡᠶᠢᠴᠡᠭᠰᠡᠨ ᠪᠠᠶᠢᠬᠤ ᠬᠡᠷᠡᠭᠲᠡᠢ᠂ ᠳᠣᠣᠷᠠᠬᠢ ᠥᠢᠯᠡ ᠠᠵᠢᠯᠯᠠᠭ᠎ᠠ ᠶᠢ ᠬᠢᠵᠦ ᠪᠤᠯᠬᠤ ᠦᠭᠡᠢ᠄ | ︵ᠨᠢᠭᠡ︶ ᠬᠤᠳᠠᠯ ᠬᠠᠭᠤᠷᠮᠠᠭ ᠢᠶᠠᠷ ᠤᠬᠠᠭᠤᠯᠬᠤ᠂ ᠨᠤᠲᠠᠯᠠᠨ ᠲᠣᠭᠲᠠᠭᠠᠬᠤ ᠵᠡᠷᠭᠡ ᠳᠡᠰ ᠢ ᠠᠮᠠᠯᠠᠵᠤ ᠥᠭᠬᠦ ᠵᠡᠷᠭᠡ | ᠠᠷᠭ᠎ᠠ ᠮᠠᠶ᠋ᠢᠭ ᠢᠶᠠᠷ ᠲᠤᠬᠠᠶᠢᠯᠠᠭᠰᠠᠨ ᠠᠵᠢᠯ ᠢ ᠳᠠᠭᠠᠭᠠᠨ ᠠᠪᠬᠤ︔ | ︵ᠬᠤᠶᠠᠷ︶ ᠮᠠᠭᠤ ᠰᠠᠨᠠᠭ᠎ᠠ ᠡᠪᠦᠷᠯᠡᠨ ᠢᠲᠡᠭᠡᠮᠵᠢ ᠶᠢᠨ ᠭᠤᠣᠯ ᠴᠣᠭᠴᠠ ᠳᠤ ᠲᠡᠰ ᠲᠣᠬᠲᠠᠭᠠᠬᠤ︔ | ︵ᠭᠤᠷᠪᠠ︶ ᠬᠤᠳᠠᠯ ᠬᠠᠭᠤᠷᠮᠠᠭ ᠢᠲᠡᠭᠡᠮᠵᠢ ᠶᠢᠨ ᠨᠤᠲᠠᠯᠠᠯᠲᠠ ᠶᠢᠨ ᠮᠡᠳᠡᠭᠦᠯᠦᠯᠲᠡ ᠭᠠᠷᠭᠠᠵᠤ ᠥᠭᠭᠦ︔ | ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠴᠠᠭᠠᠵᠠᠯᠠᠭᠰᠠᠨ ᠪᠤᠰᠤᠳ ᠥᠢᠯᠡ ᠠᠵᠢᠯᠯᠠᠭ᠎ᠠ᠃ | ᠳᠥᠴᠢᠨ ᠵᠢᠷᠭᠤᠳᠤᠭᠠᠷ ᠵᠦᠢᠯ ᠢᠲᠡᠭᠡᠮᠵᠢ ᠶᠢᠨ ᠦᠢᠯᠡᠴᠢᠯᠡᠭᠡᠨ ᠤ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ | ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠬᠠᠮᠢᠶᠠᠷᠤᠯᠲᠠ ᠪᠠᠨ ᠴᠢᠩᠭᠠᠳᠬᠠᠵᠤ᠂ ᠬᠠᠮᠢᠶᠠᠷᠤᠯᠲᠠ ᠶᠢᠨ ᠵᠢᠷᠤᠮᠵᠢᠯ | ᠲᠣᠭᠲᠠᠭᠠᠨ᠂ ᠤᠬᠠᠭᠤᠯᠭ᠎ᠠ ᠪᠣᠯᠪᠠᠰᠤᠷᠠᠯ ᠪᠠ ᠠᠵᠢᠯ ᠲᠦᠷᠦᠯ ᠤᠨ ᠮᠡᠳᠡᠭᠡ ᠵᠠᠩᠭᠢ ᠨᠡᠶᠢᠲᠡᠯᠡᠬᠦ ᠵᠡᠷᠭᠡ ᠠᠵᠢᠯᠯᠠᠭ᠎ᠠ ᠶᠢ | ᠥᠷᠨᠢᠭᠦᠯᠵᠦ᠂ ᠠᠵᠢᠯ ᠲᠦᠷᠦᠯ ᠤᠨ ᠦᠢᠯᠡᠴᠢᠯᠡᠭᠡᠨ ᠤ ᠴᠢᠳᠠᠪᠤᠷᠢ ᠪᠠ ᠤᠯᠠᠨ ᠨᠡᠶᠢᠲᠡ ᠳᠤ ᠢᠲᠡᠭᠡᠭᠦᠯᠬᠦ ᠬᠦᠴᠦᠨ ᠢᠶᠠᠨ | ᠳᠡᠭᠡᠭᠰᠢᠯᠡᠭᠦᠯᠭᠦ ᠬᠡᠷᠡᠭᠲᠡᠢ᠃ | ᠳᠣᠯᠣᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠳᠥᠴᠢᠨ ᠳᠣᠯᠣᠳᠤᠭᠠᠷ ᠵᠦᠢᠯ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ | ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠨ ᠲᠣᠷᠭᠠᠬᠤ | ᠲᠣᠭᠲᠠᠭᠠᠯ ᠲᠠᠢ ᠪᠣᠯ᠂ ᠲᠡᠷᠡ ᠲᠣᠭᠲᠠᠭᠠᠯ ᠢ ᠵᠢᠷᠤᠮᠯᠠᠨ᠎ᠠ᠃ | ᠳᠥᠴᠢᠨ ᠨᠠᠢᠮᠠᠳᠤᠭᠠᠷ ᠵᠦᠢᠯ ᠲᠤᠰ ᠳᠦᠷᠢᠮ ᠤᠨ ᠳᠥᠴᠢᠨ ᠲᠠᠪᠤᠳᠤᠭᠠᠷ ᠵᠦᠢᠯ ᠤᠨ ᠲᠣᠭᠲᠠᠭᠠᠯ ᠠᠴᠠ | ᠵᠥᠷᠢᠴᠡᠵᠦ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠬᠢᠭᠡᠳ ᠲᠡᠭᠦᠨ ᠤ ᠠᠵᠢᠯᠯᠠᠭᠰᠠᠳ ᠳᠣᠣᠷᠠᠬᠢ ᠥᠢᠯᠡ | ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠬᠥᠭᠵᠢᠭᠦᠯᠦᠯᠲᠡ᠂ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ ᠬᠠᠤᠯᠢ ᠪᠤᠰᠤ ᠣᠯᠵᠠᠪᠤᠷᠢ ᠶᠢ ᠨᠢ ᠬᠤᠷᠢᠶᠠᠨ ᠠᠪᠴᠤ᠂ | ᠨᠢᠭᠡᠴᠢ ᠶᠢ 2 ᠲᠦᠮᠡᠨ ᠲᠥᠭᠦᠷᠢᠭ ᠠᠴᠠ ᠳᠡᠭᠡᠭᠰᠢ 20 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ | ᠬᠤᠪᠢ ᠬᠥᠮᠥᠨ ᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ | ᠲᠣᠷᠭᠠᠨ᠎ᠠ︔ ᠢᠲᠡᠭᠡᠮᠵᠢ ᠶᠢᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠲᠤ ᠬᠤᠬᠢᠷᠠᠯ ᠤᠴᠠᠷᠠᠭᠤᠯᠤᠭᠰᠠᠨ | ᠪᠠᠶᠢᠪᠠᠯ᠂ ᠬᠠᠤᠯᠢ ᠶᠣᠰᠣᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠨ᠎ᠡ︔ ᠶᠠᠯ᠎ᠠ ᠳᠤ ᠭᠦᠷᠥᠭᠰᠡᠨ ᠪᠣᠯ᠂ ᠬᠠᠤᠯᠢ | ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠬᠤᠳᠠᠯ ᠬᠠᠭᠤᠷᠮᠠᠭ ᠢᠶᠠᠷ ᠤᠬᠠᠭᠤᠯᠬᠤ᠂ ᠨᠤᠲᠠᠯᠠᠨ ᠲᠣᠭᠲᠠᠭᠠᠬᠤ ᠵᠡᠷᠭᠡ ᠲᠡᠰ ᠢ ᠠᠮᠠᠯᠠᠬᠤ ᠵᠡᠷᠭᠡ ᠠᠷᠭ᠎ᠠ | ᠮᠠᠶ᠋ᠢᠭ ᠢᠶᠠᠷ ᠲᠤᠬᠠᠶᠢᠯᠠᠭᠰᠠᠨ ᠠᠵᠢᠯ ᠢ ᠳᠠᠭᠠᠭᠠᠨ ᠠᠪᠤᠬᠰᠠᠨ︔ | ︵ᠬᠤᠶᠠᠷ︶ ᠮᠠᠭᠤ ᠰᠠᠨᠠᠭ᠎ᠠ ᠡᠪᠦᠷᠯᠡᠨ ᠢᠲᠡᠭᠡᠮᠵᠢ ᠶᠢᠨ ᠭᠤᠣᠯ ᠴᠣᠭᠴᠠ ᠳᠤ ᠲᠡᠰ ᠲᠣᠬᠲᠠᠭᠠᠬᠰᠠᠨ︔ | ︵ᠭᠤᠷᠪᠠ︶ ᠬᠤᠳᠠᠯ ᠬᠠᠭᠤᠷᠮᠠᠭ ᠢᠲᠡᠭᠡᠮᠵᠢ ᠶᠢᠨ ᠨᠤᠲᠠᠯᠠᠯᠲᠠ ᠶᠢᠨ ᠮᠡᠳᠡᠭᠦᠯᠦᠯᠲᠡ ᠭᠠᠷᠭᠠᠵᠤ ᠥᠭᠭᠦᠭᠰᠡᠨ᠃ | ᠳᠥᠴᠢ ᠶᠢᠰᠦᠳᠦᠭᠡᠷ ᠵᠦᠢᠯ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠤᠨ | ᠳᠤᠮᠳᠠ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ | ᠬᠤᠪᠢ ᠶᠢᠨ ᠨᠠᠶᠢᠷ ᠢᠶᠠᠷ ᠬᠠᠤᠯᠢ ᠶᠣᠰᠣ ᠠᠴᠠ ᠵᠥᠷᠢᠴᠡᠭᠰᠡᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ | ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭᠠᠲᠠᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠳᠤ | ᠭᠦᠷᠥᠭᠰᠡᠨ ᠪᠣᠯ᠂ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃ | ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠲᠠᠪᠢᠳᠤᠭᠠᠷ ᠵᠦᠢᠯ ᠮᠡᠳᠡᠭᠡ ᠵᠠᠩᠭᠢ ᠴᠤᠭᠯᠠᠭᠤᠯᠬᠤ ᠠᠵᠤ ᠦᠢᠯᠡᠰ ᠤᠨ ᠬᠢᠨᠠᠯᠲᠠ ᠬᠠᠮᠢᠶᠠᠷᠤᠯᠲᠠ ᠶᠢ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃ | ᠲᠠᠪᠢᠨ ᠨᠢᠭᠡᠳᠦᠭᠡᠷ ᠵᠦᠢᠯ ᠲᠤᠰ ᠳᠦᠷᠢᠮ ᠢ 2024 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ |