ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠦᠷ᠎ᠡ ᠦᠢᠯᠡᠳᠬᠦ ᠲᠣᠮᠣ ᠰᠢᠶᠠᠨ ︵ᠬᠤᠶᠠᠳᠤᠭᠠᠷ ᠪᠦᠯᠦᠭ︶ ᠢ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/9/14
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠳᠡᠰ ᠤᠨ ᠦᠷ᠎ᠡ ᠦᠢᠯᠡᠳᠬᠦ ᠲᠣᠮᠣ ᠰᠢᠶᠠᠨ ︵ᠬᠤᠶᠠᠳᠤᠭᠠᠷ ᠪᠦᠯᠦᠭ︶ ᠢ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠦᠷ᠎ᠡ ᠲᠠᠷᠬᠠᠭᠠᠭᠰᠠᠨ〔2024〕347 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠨ ᠬᠠᠮᠢᠶᠠᠷᠴᠤ ᠪᠦᠬᠦᠢ ᠰᠠᠯᠠᠭ᠎ᠠ ᠮᠥᠴᠢᠷ ᠠᠴᠠ ᠭᠤᠶᠤᠴᠢᠯᠠᠨ ᠮᠡᠳᠡᠭᠦᠯᠵᠦ᠂ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠴᠠ ᠬᠢᠨᠠᠨ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ ᠪᠠᠷ ᠳᠠᠮᠵᠢᠨ᠂ ᠮᠠᠨ ᠤ ᠲᠢᠩᠬᠢᠮ ᠠᠴᠠ ᠤᠯᠠᠭᠠᠨᠬᠠᠳᠠ ᠬᠤᠲᠠ ᠶᠢᠨ ᠠᠤᠬᠠᠨ ᠬᠤᠰᠢᠭᠤ ︵ᠡᠷᠳᠡᠨᠢ ᠰᠢᠰᠢ︶᠂ ᠤᠯᠠᠭᠠᠨᠴᠠᠪ ᠬᠤᠲᠠ ᠶᠢᠨ ᠱᠠᠩᠳᠤ ᠰᠢᠶᠠᠨ ︵ᠲᠥᠮᠥᠰᠥ︶᠂ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤ ︵ᠡᠷᠳᠡᠨᠢ ᠰᠢᠰᠢ︶ ᠵᠡᠷᠭᠡ 3 ᠬᠤᠰᠢᠭᠤ ᠰᠢᠶᠠᠨ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠦᠷ᠎ᠡ ᠦᠢᠯᠡᠳᠬᠦ ᠲᠣᠮᠣ ᠰᠢᠶᠠᠨ ᠢᠶᠠᠷ ᠮᠠᠭᠠᠳᠯᠠᠨ ᠲᠣᠭᠲᠠᠭᠠᠬᠤ ᠪᠠᠷ ᠪᠣᠶ᠂ ᠡᠳᠦᠭᠡ ᠵᠠᠷᠯᠠᠨ ᠨᠡᠶᠢᠲᠡᠯᠡᠵᠦ ᠪᠠᠶᠢᠨ᠎ᠠ᠃       ᠵᠠᠷᠯᠠᠨ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠣᠯᠣᠨ᠎ᠠ᠂ ᠬᠡᠷᠪᠡ ᠣᠨᠳᠣᠣ ᠰᠠᠨᠠᠯ ᠲᠠᠢ ᠪᠣᠯ ᠵᠠᠷᠯᠠᠨ ᠨᠡᠶᠢᠳᠡᠯᠡᠬᠦ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ ᠬᠠᠷᠢᠭᠤ ᠲᠤᠰᠬᠠᠵᠤ ᠪᠣᠯᠣᠨ᠎ᠠ᠃      ᠬᠠᠷᠢᠯᠴᠠᠬᠤ ᠬᠥᠮᠥᠨ᠄ ᠪᠠᠢ ᠢᠦᠢ ᠲᠢᠩ      ᠤᠲᠠᠰᠤ᠄ 0471-6651883      ᠢᠮᠧᠯ᠄ nmgnmtzyc@163.com                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                     ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                           2024 ᠣᠨ ᠤ 9 ᠰᠠᠷ᠎ᠠ ᠶᠢᠨ 14 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号