ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠤᠨ ︽2024 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠠᠵᠢᠯ ᠢ ᠰᠠᠶᠢᠲᠤᠷ | ᠬᠢᠬᠦ ᠲᠤᠬᠠᠢ ᠮᠡᠳᠡᠭᠳᠡᠯ︾ ︵ᠥᠪᠥᠷ ᠬᠥᠮᠥᠨ ᠨᠡᠶᠢᠭᠡᠮ ᠠᠯᠪᠠᠨ ᠲᠠᠷᠬᠠᠭᠠᠭᠰᠠᠨ ﹇2024﹈ 85 ᠳ᠋ᠤᠭᠠᠷ ᠲᠣᠭᠠᠲᠤ︶ | ᠪᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ | ᠮᠡᠷᠭᠡᠵᠢᠯᠲᠡᠨ ᠤ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠨᠥᠬᠦᠴᠡᠯ﹀ ᠢ ᠳᠠᠷᠤᠮᠠᠯᠯᠠᠨ ᠲᠠᠷᠬᠠᠭᠠᠬᠤ ᠲᠤᠬᠠᠢ | ᠮᠡᠳᠡᠭᠳᠡᠯ︾ ︵ᠥᠪᠥᠷ ᠬᠥᠮᠥᠨ ᠨᠡᠶᠢᠭᠡᠮ ᠲᠠᠷᠬᠠᠭᠠᠭᠰᠠᠨ ﹇2022﹈ 1 ᠳ᠋ᠤᠭᠡᠷ ᠲᠣᠭᠠᠲᠤ︶ ᠵᠡᠷᠭᠡ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ 2024 ᠣᠨ ᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠶᠢᠨ ᠰᠢᠷᠢᠰ ᠮᠡᠷᠭᠡᠵᠢᠯ ᠤᠨ ᠴᠣᠯᠠ ᠰᠢᠯᠭᠠᠷᠠᠭᠤᠯᠬᠤ ᠠᠵᠢᠯ ᠨᠢᠭᠡᠨᠲᠡ ᠳᠠᠭᠤᠰᠪᠠ᠃ ᠡᠳᠦᠭᠡ | ᠪᠠᠲᠤᠯᠠᠬᠤ ᠪᠠᠷ ᠪᠠᠶᠢᠭ᠎ᠠ ᠬᠥᠮᠥᠰ ᠤᠨ ᠨᠡᠷᠡᠰ ᠢ ᠵᠠᠷᠯᠠᠨ ᠨᠡᠶᠢᠲᠡᠯᠡᠵᠦ ᠪᠠᠶᠢᠨ᠎ᠠ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ | 2024 ᠣᠨ ᠤ 9 ᠰᠠᠷ᠎ᠠ ᠶᠢᠨ 25 ᠤ ᠡᠳᠦᠷ ᠠᠴᠠ 2024 ᠣᠨ ᠤ 9 ᠰᠠᠷ᠎ᠠ ᠶᠢᠨ 30 ᠤ ᠡᠳᠦᠷ ᠪᠣᠯᠲᠠᠯ᠎ᠠ᠃ | ᠢᠯᠡ ᠨᠡᠶᠢᠲᠡᠯᠡᠬᠦ ᠬᠤᠭᠤᠴᠠᠭᠠᠨ ᠳᠤ᠂ ᠬᠡᠷᠪᠡ ᠰᠢᠯᠭᠠᠷᠠᠭᠤᠯᠤᠯᠲᠠ ᠳᠤ ᠪᠠᠲᠤᠯᠠᠭᠳᠠᠭᠰᠠᠨ ᠬᠥᠮᠥᠰ ᠲᠤ | ᠣᠨᠳᠣᠣ ᠰᠠᠨᠠᠯ ᠲᠠᠢ ᠪᠠᠶᠢᠪᠠᠯ᠂ ᠤᠲᠠᠰᠤ᠂ ᠵᠠᠬᠢᠳᠠᠯ᠂ ᠰᠣᠷᠪᠤᠯᠵᠢᠯᠠᠭ᠎ᠠ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠷᠢᠰ ᠳᠡᠭᠡᠳᠦ | ᠵᠡᠷᠭᠡ ᠶᠢᠨ ᠲᠤᠰᠬᠠᠢ ᠮᠡᠷᠭᠡᠵᠢᠯ ᠤᠨ ᠬᠢᠷᠢ ᠬᠡᠮ ᠤᠨ ᠰᠢᠯᠭᠠᠷᠠᠭᠤᠯᠤᠯᠲᠠ ᠶᠢᠨ ᠺᠣᠮᠢᠰ ᠲᠤ ᠠᠰᠠᠭᠤᠳᠠᠯ ᠢᠶᠠᠨ | ᠳᠤᠰᠬᠠᠭᠠᠷᠠᠢ᠃ ᠠᠰᠠᠭᠤᠳᠠᠯ ᠢ ᠲᠤᠰᠬᠠᠬᠤ ᠳᠤ ᠦᠨᠡᠨ ᠪᠣᠳᠠᠲᠠᠢ ᠭᠡᠷᠡᠴᠢ ᠪᠠᠷᠢᠮᠲᠠ ᠪᠠᠶᠢᠬᠤ ᠬᠡᠷᠡᠭᠲᠡᠢ ᠪᠥᠭᠡᠳ | ᠪᠢᠴᠢᠭ ᠤᠨ ᠮᠠᠲ᠋ᠧᠷᠢᠶᠠᠯ᠂ ᠦᠨᠡᠨ ᠪᠣᠳᠠᠲᠠᠢ ᠣᠪᠣᠭ ᠨᠡᠷ᠎ᠡ᠂ ᠬᠠᠷᠢᠯᠴᠠᠬᠤ ᠤᠲᠠᠰᠤ ᠶᠢ ᠳᠠᠭᠠᠯᠳᠤᠭᠤᠯᠬᠤ ᠬᠡᠷᠡᠭᠲᠡᠢ᠃ | ᠵᠠᠷᠯᠠᠨ ᠨᠡᠶᠢᠲᠡᠯᠡᠭᠰᠡᠨ ᠬᠤᠪᠢ ᠬᠥᠮᠥᠨ ᠤ ᠮᠡᠳᠡᠭᠡ ᠵᠠᠩᠭᠢ ᠳᠤ ᠬᠡᠷᠪᠡ ᠪᠤᠷᠤᠭᠤ ᠲᠠᠢ ᠪᠣᠯ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠬᠢᠷᠢ ᠬᠡᠮ ᠤᠨ | ᠰᠢᠯᠭᠠᠷᠠᠭᠤᠯᠤᠯᠲᠠ ᠶᠢᠨ ᠺᠣᠮᠢᠰ ᠲᠠᠢ ᠬᠠᠷᠢᠯᠴᠠᠵᠤ ᠵᠠᠰᠠᠪᠤᠷᠢ ᠣᠷᠣᠭᠤᠯᠬᠤ ᠬᠡᠷᠡᠭᠲᠡᠢ᠃ | ᠬᠠᠷᠢᠯᠴᠠᠬᠤ ᠤᠲᠠᠰᠤ᠄ 0471-6652201︵8:30-12:00᠂ 14:30-17:30︶ | ᠢᠮᠧᠯ᠄ LMJ999999@163.com | ᠬᠠᠷᠢᠯᠴᠠᠬᠤ ᠬᠠᠶ᠋ᠢᠭ᠄ ᠬᠥᠬᠡᠬᠤᠲᠠ ᠶᠢᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠣᠮᠧᠷ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ︵ᠰᠢᠤᠳᠠᠨ ᠳ᠋ᠤᠭᠠᠷ᠄ 010011︶ | ᠲᠠᠶᠢᠯᠪᠤᠷᠢ᠄ ᠬᠡᠷᠪᠡ ᠤᠲᠠᠰᠤ ᠡᠵᠡᠯᠡᠭᠳᠡᠬᠦ ᠵᠡᠷᠭᠡ ᠰᠢᠯᠲᠠᠭᠠᠨ ᠲᠠᠢ ᠲᠣᠬᠢᠶᠠᠯᠳᠤᠪᠠᠯ᠂ ᠲᠤᠰᠬᠠᠭᠰᠠᠨ | ᠠᠰᠠᠭᠤᠳᠠᠯ ᠢᠶᠠᠨ ᠪᠢᠴᠢᠭ ᠤᠨ ᠬᠡᠯᠪᠡᠷᠢ ᠪᠠᠷ ᠳᠡᠭᠡᠷ᠎ᠡ ᠳᠤᠷᠠᠳᠤᠭᠰᠠᠨ ᠲᠣᠭᠲᠠᠭᠰᠠᠨ ᠢᠮᠧᠯ ᠳᠤ ᠶᠠᠪᠤᠭᠤᠯᠵᠤ | ᠪᠣᠯᠣᠨ᠎ᠠ᠂ ᠪᠢᠳᠡ ᠲᠡᠷᠡ ᠳᠠᠷᠤᠢ ᠳᠤᠨᠢ ᠲᠠᠨ ᠳᠤ ᠬᠠᠷᠢᠭᠤ ᠦᠭᠬᠦ ᠪᠣᠯᠤᠨ᠎ᠠ᠃ | | ᠳᠠᠭᠠᠯᠳᠤᠭᠤᠯᠤᠯ᠄ 2024 ᠣᠨ ᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠰᠢᠷᠢᠰ ᠲᠤᠰᠬᠠᠢ ᠮᠡᠷᠭᠡᠵᠢᠯ ᠤᠨ ᠬᠢᠷᠢ ᠬᠡᠮ ᠤᠨ ᠰᠢᠯᠭᠠᠷᠠᠭᠤᠯᠤᠯᠲᠠ ᠳᠤ ᠪᠠᠲᠤᠯᠠᠬᠤ ᠪᠠᠷ ᠪᠠᠶᠢᠭ᠎ᠠ ᠬᠥᠮᠥᠰ ᠤᠨ | ᠨᠡᠷᠡᠰ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠶᠢᠨ ᠰᠢᠷᠢᠰ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ | ᠬᠢᠷᠢ ᠬᠡᠮ ᠤᠨ ᠰᠢᠯᠭᠠᠷᠠᠭᠤᠯᠤᠯᠲᠠ ᠶᠢᠨ ᠺᠣᠮᠢᠰ | 2024 ᠣᠨ ᠤ 9 ᠰᠠᠷ᠎ᠠ ᠶᠢᠨ 25 ᠤ ᠡᠳᠦᠷ | |