ᠲᠡᠵᠢᠭᠡᠯ ᠡᠪᠡᠰᠦ ᠲᠠᠷᠢᠬᠤ ᠮᠡᠷᠭᠡᠵᠢᠯ ᠤᠨ ᠭᠤᠣᠯᠳᠠᠯᠭ᠎ᠠ
ᠨᠡᠶᠢᠲᠡᠯᠡᠭᠰᠡᠨ ᠴᠠᠭ᠄
2025/1/10
      ᠨᠢᠭᠡ᠂ ᠡᠭᠦᠯᠳᠡᠷ ᠰᠣᠩᠭᠤᠬᠤ      ᠲᠤᠬᠠᠢ ᠶᠢᠨ ᠭᠠᠵᠠᠷ ᠤᠨ ᠠᠭᠤᠷ ᠠᠮᠢᠰᠬᠤᠯ᠂ ᠬᠥᠷᠥᠰᠥ ᠰᠢᠷᠣᠢ ᠶᠢᠨ ᠨᠥᠬᠦᠴᠡᠯ ᠪᠣᠯᠣᠨ ᠲᠡᠵᠢᠭᠡᠨ ᠦᠷᠡᠵᠢᠭᠦᠯᠬᠦ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠲᠣᠬᠢᠷᠠᠮᠵᠢᠲᠠᠢ ᠲᠡᠵᠢᠭᠡᠯ ᠡᠪᠡᠰᠦᠨ ᠤ ᠡᠭᠦᠯᠳᠡᠷ ᠢ ᠰᠣᠩᠭᠤᠨ᠎ᠠ᠃ ᠬᠦᠢᠲᠡᠨ ᠳᠤ ᠳᠠᠭᠠᠭᠠᠴᠠᠲᠠᠢ᠂ ᠭᠠᠩ ᠳᠤ ᠳᠠᠭᠠᠭᠠᠮᠠᠭᠠᠢ᠂ ᠨᠣᠶᠢᠲᠠᠨ ᠳᠤ ᠳᠠᠭᠠᠭᠠᠮᠠᠭᠠᠢ᠂ ᠬᠤᠵᠢᠷ ᠲᠤ ᠳᠠᠭᠠᠭᠠᠮᠠᠭᠠᠢ ᠵᠡᠷᠭᠡ ᠣᠨᠴᠠᠯᠢᠭ ᠢ ᠪᠣᠳᠤᠯᠬᠢᠯᠠᠨ᠂ ᠲᠡᠵᠢᠭᠡᠯ ᠡᠪᠡᠰᠦᠨ ᠤ ᠵᠣᠬᠢᠴᠠᠬᠤ ᠴᠢᠨᠠᠷ ᠢ ᠪᠠᠲᠤᠯᠠᠨ᠎ᠠ᠃ ᠥᠨᠳᠥᠷ ᠬᠤᠷᠢᠶᠠᠯᠲᠠ ᠲᠠᠢ᠂ ᠴᠢᠨᠠᠷ ᠰᠠᠶᠢᠲᠠᠢ᠂ ᠡᠪᠡᠳᠴᠢᠨ ᠬᠤᠷᠣᠬᠠᠢ ᠶᠢᠨ ᠭᠠᠮᠰᠢᠭ ᠢ ᠡᠰᠡᠷᠭᠦᠴᠡᠵᠦ ᠲᠡᠶᠢᠯᠬᠦ ᠡᠭᠦᠯᠳᠡᠷ ᠢ ᠰᠣᠩᠭᠤᠵᠤ᠂ ᠲᠡᠵᠢᠭᠡᠯ ᠡᠪᠡᠰᠦᠨ ᠤ ᠭᠠᠷᠤᠯᠲᠠ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ᠃      ᠬᠤᠶᠠᠷ᠂ ᠭᠠᠵᠠᠷ ᠲᠠᠷᠢᠶ᠎ᠠ ᠶᠢᠨ ᠪᠡᠯᠡᠳᠭᠡᠯ      ᠪᠤᠵᠠᠷ ᠡᠪᠡᠰᠦ᠂ ᠴᠢᠯᠠᠭᠤ ᠵᠡᠷᠭᠡ ᠡᠯᠳᠡᠪ ᠶᠠᠭᠤᠮ᠎ᠠ ᠶᠢ ᠴᠡᠪᠡᠷᠯᠡᠨ ᠠᠷᠢᠯᠭᠠᠵᠤ᠂ ᠬᠦᠷᠦᠰᠦ ᠶᠢ ᠤᠷᠪᠠᠭᠤᠯᠤᠨ ᠬᠠᠭᠠᠯᠪᠤᠷᠢᠯᠠᠵᠤ᠂ ᠬᠥᠷᠥᠰᠥ ᠰᠢᠷᠣᠢ ᠶᠢᠨ ᠨᠡᠪᠲᠡᠷᠡᠬᠦ ᠴᠢᠨᠠᠷ ᠪᠠ ᠤᠰᠤ ᠬᠠᠳᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠡᠷᠡᠭᠴᠡᠭᠡ ᠪᠠᠨ ᠦᠨᠳᠦᠰᠦᠯᠡᠨ ᠰᠠᠭᠤᠷᠢ ᠪᠣᠷᠳᠣᠭᠤᠷ ᠣᠷᠣᠭᠤᠯᠵᠤ᠂ ᠬᠥᠷᠥᠰᠥ ᠰᠢᠷᠣᠢ ᠶᠢᠨ ᠥᠩ ᠰᠢᠮ᠎ᠡ ᠶᠢ ᠨᠡᠮᠡᠭᠳᠡᠭᠦᠯᠦᠨ᠂ ᠲᠡᠵᠢᠭᠡᠯ ᠡᠪᠡᠰᠦᠨ ᠤ ᠥᠰᠦᠯᠲᠡ ᠳᠤ ᠭᠦᠢᠴᠡᠳ ᠰᠢᠮ᠎ᠡ ᠲᠡᠵᠢᠭᠡᠯ ᠬᠠᠩᠭᠠᠨ᠎ᠠ᠃ ᠭᠠᠵᠠᠷ ᠤᠨ ᠪᠠᠶᠢᠴᠠ ᠨᠢ ᠲᠡᠭᠰᠢᠬᠡᠨ᠂ ᠤᠰᠤ ᠵᠠᠯᠠᠬᠤ  ᠨᠢ ᠰᠠᠶᠢᠨ᠂ ᠬᠥᠷᠥᠰᠥᠨ ᠤ ᠳᠠᠪᠬᠤᠷᠭ᠎ᠠ ᠨᠢ ᠵᠤᠵᠠᠭᠠᠨ ᠥᠩ ᠰᠢᠮᠡᠯᠢᠭ ᠭᠠᠵᠠᠷ ᠰᠢᠷᠣᠢ ᠶᠢ ᠰᠣᠩᠭᠤᠵᠤ ᠲᠡᠵᠢᠭᠡᠯ ᠡᠪᠡᠰᠦ ᠳᠠᠷᠢᠬᠤ ᠭᠠᠵᠠᠷ ᠪᠣᠯᠭᠠᠨ᠎ᠠ᠃      ᠭᠤᠷᠪᠠ᠂ ᠲᠠᠷᠢᠬᠤ ᠠᠴᠠ ᠡᠮᠦᠨᠡᠬᠢ ᠦᠷ᠎ᠡ ᠶᠢ ᠰᠢᠢᠳᠪᠦᠷᠢᠯᠡᠬᠦ      ᠡᠷᠡᠭᠦᠯ ᠴᠢᠭᠢᠷᠠᠭ ᠳᠦᠭᠦᠷᠡᠩ ᠦᠷ᠎ᠡ ᠶᠢ ᠰᠣᠩᠭᠤᠵᠤ᠂ ᠦᠷ᠎ᠡ ᠡᠭᠡᠭᠡᠬᠦ᠂ ᠦᠷ᠎ᠡ ᠳᠡᠪᠲᠦᠭᠡᠬᠦ᠂ ᠡᠮ ᠨᠠᠶᠢᠷᠠᠯᠭ᠎ᠠ ᠪᠠᠷ ᠦᠷ᠎ᠡ ᠬᠤᠯᠢᠬᠤ ᠵᠡᠷᠭᠡ ᠪᠠᠷ ᠰᠢᠢᠳᠪᠦᠷᠢᠯᠡᠵᠦ᠂ ᠦᠷ᠎ᠡ ᠶᠢᠨ ᠨᠠᠬᠢᠶᠠᠯᠠᠬᠤ ᠨᠤᠷᠮ᠎ᠠ ᠪᠠ ᠡᠪᠡᠳᠴᠢᠨ ᠬᠤᠷᠣᠬᠠᠢ ᠶᠢᠨ ᠬᠥᠨᠥᠭᠡᠯ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃      ᠳᠥᠷᠪᠡ᠂ ᠲᠠᠷᠢᠬᠤ ᠴᠠᠭ ᠬᠤᠭᠤᠴᠠᠭ᠎ᠠ      ᠲᠤᠬᠠᠢ ᠶᠢᠨ ᠭᠠᠵᠠᠷ ᠤᠨ ᠠᠭᠤᠷ ᠠᠮᠢᠰᠬᠤᠯ ᠤᠨ ᠨᠥᠬᠦᠴᠡᠯ ᠢ ᠦᠨᠳᠦᠰᠦᠯᠡᠵᠦ᠂ ᠲᠣᠬᠢᠷᠠᠮᠵᠢᠲᠠᠢ ᠲᠠᠷᠢᠬᠤ ᠴᠠᠭ ᠢ ᠰᠣᠩᠭᠤᠵᠤ᠂ ᠶᠡᠷᠦ ᠳᠡᠭᠡᠨ ᠬᠠᠪᠤᠷ ᠤᠨ ᠤᠯᠠᠷᠢᠯ ᠪᠠ ᠨᠠᠮᠤᠷ ᠤᠨ ᠤᠯᠠᠷᠢᠯ ᠳᠤ ᠲᠠᠷᠢᠪᠠᠯ ᠵᠣᠬᠢᠨ᠎ᠠ᠃      ᠲᠠᠪᠤ᠂ ᠲᠠᠷᠢᠬᠤ ᠭᠦᠨᠴᠡ ᠪᠠ ᠲᠠᠷᠢᠬᠤ ᠠᠷᠭ᠎ᠠ      ᠲᠠᠷᠢᠬᠤ ᠭᠦᠨᠴᠡ ᠪᠠ ᠲᠠᠷᠢᠬᠤ ᠠᠷᠭ᠎ᠠ ᠶᠢ ᠲᠣᠭᠲᠠᠭᠠᠵᠤ᠂ ᠲᠠᠷᠢᠬᠤ ᠳᠤ ᠵᠢᠭᠳᠡ᠂ ᠭᠦᠨ ᠤ ᠬᠡᠮᠵᠢᠶ᠎ᠡ ᠶᠢ ᠲᠣᠬᠢᠷᠠᠮᠵᠢᠲᠠᠢ ᠪᠠᠶᠢᠯᠭᠠᠵᠤ᠂ ᠲᠡᠵᠢᠭᠡᠯ ᠡᠪᠡᠰᠦᠨ ᠤ ᠥᠰᠦᠯᠲᠡ ᠪᠤᠶᠢᠵᠢᠯᠲᠠ ᠳᠤ ᠠᠰᠢᠭᠲᠠᠢ ᠪᠠᠶᠢᠯᠭᠠᠨ᠎ᠠ᠃      ᠵᠢᠷᠭᠤᠭ᠎ᠠ᠂ ᠤᠰᠤᠯᠠᠬᠤ      ᠲᠡᠵᠢᠭᠡᠯ ᠡᠪᠡᠰᠦ ᠶᠢᠨ ᠤᠷᠭᠤᠯᠲᠠ  ᠨᠢ ᠭᠦᠢᠴᠡᠳ ᠬᠡᠮᠵᠢᠶᠡᠨ ᠤ ᠤᠰᠤ ᠬᠡᠷᠡᠭᠰᠡᠬᠦ ᠲᠤᠯᠠ ᠬᠥᠷᠥᠰᠥ ᠰᠢᠷᠣᠢ ᠶᠢᠨ ᠴᠢᠨᠠᠷ ᠪᠠ ᠠᠭᠤᠷ ᠠᠮᠢᠰᠬᠤᠯ ᠤᠨ ᠨᠥᠬᠦᠴᠡᠯ ᠢ ᠦᠨᠳᠦᠰᠦᠯᠡᠨ ᠵᠣᠬᠢᠰᠲᠠᠢ ᠤᠰᠤᠯᠠᠵᠤ᠂ ᠲᠡᠵᠢᠭᠡᠯ ᠡᠪᠡᠰᠦ ᠶᠢᠨ ᠤᠷᠭᠤᠯᠲᠠ ᠶᠢᠨ ᠶᠠᠪᠤᠴᠠ ᠳᠠᠬᠢ ᠤᠰᠤᠨ ᠤ ᠬᠡᠷᠡᠭᠴᠡᠭᠡ ᠶᠢ ᠬᠠᠩᠭᠠᠬᠤ ᠬᠡᠷᠡᠭᠲᠡᠢ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号