ᠪᠠᠶᠠᠷ ᠤᠨ ᠮᠡᠳᠡᠭᠡ︕ ᠣᠷᠳᠣᠰ ᠬᠤᠲᠠ ᠶᠢᠨ 10 ᠲᠠᠷᠢᠶᠠᠯᠠᠩ ᠤᠨ ᠲᠠᠯᠠᠪᠠᠶ ︽ᠥᠪᠡᠷᠲᠡᠭᠡᠨ ᠵᠠᠰᠠᠬᠤ ᠣᠷᠣᠨ ᠤ ᠲᠠᠰ ᠤᠨ ᠠᠮᠢ ᠠᠬᠤᠢ ᠶᠢᠨ ᠲᠠᠷᠢᠶᠠᠯᠠᠩ ᠤᠨ ᠲᠠᠯᠠᠪᠠᠶ︾ ᠶᠢᠨ ᠢᠷᠠᠭᠤ ᠠᠯᠳᠠᠷ ᠢ ᠭᠥᠷᠳᠡᠪᠡ
ᠨᠡᠶᠢᠲᠡᠯᠡᠭᠰᠡᠨ ᠴᠠᠭ᠄
2025/1/13
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ 2024 ᠣᠨ ᠤ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠲᠠᠷᠢᠶᠠᠯᠠᠩ ᠤᠨ ᠲᠠᠯᠠᠪᠠᠶ ᠶᠢ ᠪᠣᠶᠢᠵᠢᠭᠤᠯᠬᠤ ᠨᠡᠷᠡᠰ ᠢ ᠨᠡᠶᠢᠲᠡᠯᠡᠪᠡ᠂ ᠣᠷᠳᠣᠰ ᠬᠤᠳᠠ ᠶᠢᠨ ᠨᠡᠶᠢᠳᠡ 10 ᠲᠠᠷᠢᠶᠠᠯᠠᠩ ᠤᠨ ᠲᠠᠯᠠᠪᠠᠢ ︽ᠥᠪᠡᠷᠲᠡᠭᠡᠨ ᠵᠠᠰᠠᠬᠤ ᠣᠷᠣᠨ ᠤ ᠲᠡᠰ ᠤᠨ ᠠᠮᠢ ᠠᠬᠤᠢ ᠶᠢᠨ ᠲᠠᠷᠢᠶᠠᠯᠠᠩ ᠤᠨ ᠲᠠᠯᠠᠪᠠᠢ︾  ᠶᠢᠨ ᠢᠷᠠᠭᠤ ᠠᠯᠳᠠᠷ ᠢ ᠬᠦᠷᠲᠡᠵᠦ᠂ ᠪᠦᠬᠦ ᠣᠷᠣᠨ ᠤ ᠰᠢᠯᠭᠠᠷᠠᠭᠤᠯᠤᠭᠰᠠᠨ ᠶᠡᠷᠦᠩᠬᠡᠢ ᠲᠣᠭᠠᠨ ᠤ 30% ᠢ ᠡᠵᠡᠯᠡᠵᠦ᠂ ᠣᠷᠳᠣᠰ ᠬᠤᠳᠠ ᠶᠢᠨ ᠤᠳᠤ ᠦᠶ᠎ᠡ ᠶᠢᠨ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠪᠠᠷ ᠬᠢ ᠡᠷᠡᠰ ᠪᠠᠲᠤ ᠵᠣᠷᠢᠭ ᠪᠣᠯᠣᠨ ᠢᠯᠡᠳᠲᠡ ᠦᠷ᠎ᠡ ᠪᠦᠲᠦᠮᠵᠢ ᠶᠢ ᠬᠠᠷᠠᠭᠤᠯᠵᠠᠢ᠃      ᠣᠶᠢᠷ᠎ᠠ ᠶᠢᠨ ᠵᠢᠯ ᠳᠤ᠂ ᠣᠷᠳᠣᠰ ᠬᠤᠲᠠ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠲᠠᠷᠢᠶᠠᠯᠠᠩ ᠤᠨ ᠬᠥᠭᠵᠢᠯᠲᠡ ᠶᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠲᠠᠷᠢᠶᠠᠯᠠᠩ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠪᠣᠬᠢᠷᠲᠤᠯ ᠦᠭᠡᠢ ᠡᠷᠭᠢᠯᠲᠡᠲᠦ ᠦᠢᠯᠡᠳᠪᠦᠷᠢᠯᠡᠯ ᠤᠨ ᠵᠠᠭᠪᠤᠷ ᠢ ᠶᠡᠬᠡᠪᠡᠷ ᠬᠡᠷᠡᠭᠵᠢᠭᠦᠯᠵᠦ᠂ ᠲᠠᠷᠢᠶᠠᠯᠠᠩ ᠤᠨ ᠦᠷᠭᠦᠯᠵᠢᠯᠡᠬᠦᠶᠢᠴᠡ ᠬᠥᠭᠵᠢᠯᠲᠡ ᠶᠢᠨ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠨᠢᠭᠡ ᠪᠦᠯᠦᠭ ᠠᠮᠢ ᠠᠬᠤᠢ ᠶᠢᠨ ᠲᠠᠷᠢᠶᠠᠯᠠᠩ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠴᠣᠭᠴᠠᠯᠠᠵᠤ᠂ ᠠᠮᠢ ᠠᠬᠤᠢ ᠶᠢᠨ ᠲᠠᠷᠢᠶᠠᠯᠠᠩ ᠤᠨ ᠡᠷᠭᠢᠯᠲᠡᠲᠦ ᠰᠢᠰᠲ᠋ᠧᠮᠵᠢ ᠶᠢ ᠲᠦᠷᠭᠡᠨ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ ᠳᠤᠰ ᠤᠳᠠᠭ᠎ᠠ ᠶᠢᠨ ᠰᠢᠯᠭᠠᠷᠠᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠳᠡᠰ ᠤᠨ ᠠᠮᠢ ᠠᠬᠤᠢ ᠶᠢᠨ ᠲᠠᠷᠢᠶᠠᠯᠠᠩ ᠤᠨ ᠲᠠᠯᠠᠪᠠᠢ ᠪᠣᠯ ᠣᠷᠳᠣᠰ ᠬᠤᠳᠠ ᠶᠢᠨ ᠠᠮᠢ ᠠᠬᠤᠢ ᠶᠢᠨ ᠲᠠᠷᠢᠶᠠᠯᠠᠩ ᠤᠨ ᠬᠥᠭᠵᠢᠯᠲᠡ ᠶᠢᠨ ᠠᠮᠢᠳᠤᠯᠢᠭ ᠵᠢᠷᠤᠭᠯᠠᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ᠠᠮᠢ ᠠᠬᠤᠢ ᠶᠢᠨ ᠲᠠᠷᠢᠶᠠᠯᠠᠩ ᠤᠨ ᠲᠠᠯᠠᠪᠠᠶ ᠶᠢ ᠦᠨᠡᠯᠡᠬᠦ ᠠᠵᠢᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠲᠥᠪ ᠠᠴᠠ ᠵᠣᠬᠢᠶᠠᠨ ᠪᠠᠶᠢᠭᠤᠯᠤᠨ ᠥᠷᠨᠢᠭᠦᠯᠵᠦ᠂ ᠭᠤᠣᠯ ᠴᠣᠭᠴᠠ ᠠᠴᠠ ᠭᠤᠶᠤᠴᠢᠯᠠᠨ ᠮᠡᠳᠡᠭᠦᠯᠬᠦ᠂ ᠰᠢᠶᠠᠨ ᠤ ᠱᠠᠲᠤᠨ ᠠᠴᠠ ᠲᠠᠨᠢᠯᠴᠠᠭᠤᠯᠬᠤ᠂ ᠬᠤᠲᠠ ᠶᠢᠨ ᠱᠠᠲᠤᠨ ᠠᠴᠠ ᠳᠠᠬᠢᠨ ᠬᠢᠨᠠᠬᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠶᠡᠷᠦᠩᠬᠡᠶᠢᠯᠡᠨ ᠦᠨᠡᠯᠡᠬᠦ ᠪᠠ ᠦᠷ᠎ᠡ ᠳ᠋ᠦᠩ ᠢ ᠵᠠᠷᠯᠠᠨ ᠨᠡᠶᠢᠲᠡᠯᠡᠬᠦ ᠴᠢᠩᠭ᠎ᠠ ᠨᠢᠮᠪᠠᠢ ᠲᠠᠰ ᠳᠠᠷᠠᠭᠠᠯᠠᠯ ᠢᠶᠠᠷ ᠳᠡᠮᠵᠢᠨ᠂ ᠡᠴᠦᠰ ᠲᠡᠭᠡᠨ ᠣᠷᠳᠣᠰ ᠬᠤᠲᠠ ᠶᠢᠨ 10 ᠲᠠᠷᠢᠶᠠᠯᠠᠩ ᠤᠨ ᠲᠠᠯᠠᠪᠠᠶ ᠶᠢ ᠠᠮᠵᠢᠯᠲᠠ ᠲᠠᠢ ᠪᠠᠷ ᠰᠢᠯᠭᠠᠷᠠᠭᠤᠯᠪᠠ᠃ ᠡᠳᠡᠭᠡᠷ ᠲᠠᠷᠢᠶᠠᠯᠠᠩ ᠤᠨ ᠲᠠᠯᠠᠪᠠᠢ ᠨᠢ ᠠᠮᠢ ᠠᠬᠤᠢ ᠶᠢᠨ ᠲᠠᠷᠢᠮᠠᠯ᠂ ᠪᠣᠬᠢᠷᠲᠤᠯ ᠦᠭᠡᠢ ᠲᠡᠵᠢᠭᠡᠨ ᠦᠷᠡᠵᠢᠭᠦᠯᠬᠦ᠂ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠵᠢᠴᠢ ᠲᠠᠷᠢᠶᠠᠯᠠᠩ ᠬᠢᠭᠡᠳ ᠵᠤᠭᠠᠴᠠᠯ ᠢ ᠠᠭᠤᠰᠤᠯᠴᠠᠭᠤᠯᠬᠤ ᠵᠡᠷᠭᠡ ᠲᠠᠯ᠎ᠠ ᠪᠠᠷ ᠢᠳᠡᠪᠬᠢᠲᠡᠢ ᠬᠠᠶᠢᠨ ᠰᠦᠪᠡᠭᠴᠢᠯᠡᠯᠲᠡ ᠪᠠ ᠰᠢᠨ᠎ᠡ ᠶᠢ ᠡᠭᠦᠳᠴᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠲᠤᠰ ᠭᠠᠵᠠᠷ ᠣᠷᠣᠨ ᠤ ᠪᠠᠨ ᠠᠮᠢ ᠠᠬᠤᠢ ᠶᠢᠨ ᠣᠷᠴᠢᠨ ᠲᠣᠭᠤᠷᠢᠨ ᠢ ᠪᠦᠲᠦᠮᠵᠢᠲᠡᠢ ᠬᠠᠮᠠᠭᠠᠯᠠᠵᠤ᠂ ᠪᠣᠬᠢᠷᠲᠤᠯ ᠦᠭᠡᠢ ᠬᠥᠭᠵᠢᠯᠲᠡ ᠶᠢᠨ ᠬᠡᠪ ᠳᠠᠭᠤᠷᠢᠶᠠᠯ ᠢ ᠪᠤᠢ ᠪᠣᠯᠭᠠᠭᠰᠠᠨ ᠪᠠᠶᠢᠨ᠎ᠠ᠃ 
图片1.png
       ᠲᠠᠷᠠᠭᠠᠴᠢ ᠶᠢᠨ ᠠᠯᠬᠤᠮ ᠳᠤ᠂ ᠣᠷᠳᠣᠰ ᠬᠤᠲᠠ ᠦᠷᠭᠦᠯᠵᠢᠯᠡᠨ ᠠᠮᠢ ᠠᠬᠤᠢ ᠶᠢᠨ ᠲᠠᠷᠢᠶᠠᠯᠠᠩ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠠᠮᠢ ᠠᠬᠤᠢ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠠᠷᠢᠶᠠᠯᠠᠩ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠵᠠᠰᠠᠯᠲᠠ ᠶᠢ ᠴᠢᠩᠭᠠᠳᠬᠠᠨ᠂ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠨ᠎ᠠ︔ ᠡᠭᠦᠨ ᠤ ᠬᠠᠮᠲᠤ᠂ ᠤᠯᠤᠰ ᠤᠨ ᠲᠠᠰ ᠤᠨ ᠠᠮᠢ ᠠᠬᠤᠢ ᠶᠢᠨ ᠲᠠᠷᠢᠶᠠᠯᠠᠩ ᠤᠨ ᠲᠠᠯᠠᠪᠠᠶ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠠᠮᠢ ᠠᠬᠤᠢ ᠶᠢᠨ ᠲᠠᠷᠢᠶᠠᠯᠠᠩ ᠤᠨ ᠲᠠᠯᠠᠪᠠᠶ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠨᠠᠩ ᠣᠯᠠᠨ ᠲᠠᠷᠢᠶᠠᠯᠠᠩ ᠤᠨ ᠲᠠᠯᠠᠪᠠᠶ ᠶᠢ ᠳᠠᠶᠢᠴᠢᠯᠠᠨ ᠠᠮᠢ ᠠᠬᠤᠢ ᠶᠢᠨ ᠲᠠᠷᠢᠶᠠᠯᠠᠩ ᠤᠨ ᠬᠥᠭᠵᠢᠯᠲᠡ ᠶᠢᠨ ᠵᠠᠮ ᠢᠶᠠᠷ ᠵᠠᠮᠨᠠᠭᠤᠯᠵᠤ᠂ ᠪᠣᠬᠢᠷᠲᠤᠯ ᠦᠭᠡᠢ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠣᠷᠳᠣᠰ ᠬᠤᠳᠠ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号