2025 ᠣᠨ ᠤ ᠴᠠᠭᠠᠨ ᠰᠠᠷ᠎ᠠ ᠬᠦᠷᠴᠦ ᠢᠷᠡᠬᠦ ᠭᠡᠵᠦ ᠪᠠᠶᠢᠨ᠎ᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠪᠠ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ | ᠲᠦᠪᠰᠢᠨ︾ ᠢ ᠦᠨᠡᠨᠬᠦ ᠪᠠᠲᠤᠯᠠᠬᠤ ᠶᠢᠨ ᠲᠥᠯᠥᠭᠡ᠂ 1 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ᠂ ᠳᠡᠳ᠋ ᠲᠢᠩᠬᠢᠮ ᠤᠨ ᠳᠠᠷᠤᠭ᠎ᠠ ᠬᠠᠢ ᠱᠠᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠢ ᠳᠠᠭᠠᠭᠤᠯᠤᠨ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ᠂ ᠢᠦᠢ ᠴᠢᠦᠸᠠᠨ ᠲᠣᠭᠤᠷᠢᠭ ᠲᠤ | ᠴᠠᠭᠠᠨ ᠰᠠᠷ᠎ᠠ ᠠᠴᠠ ᠡᠮᠦᠨᠡᠬᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠲᠤᠰᠬᠠᠢ ᠪᠠᠶᠢᠴᠠᠭᠠᠯᠲᠠ ᠶᠢ ᠥᠷᠨᠢᠭᠦᠯᠪᠡ᠃ | | | | ᠪᠠᠶᠢᠴᠠᠭᠠᠬᠤ ᠳᠤᠭᠤᠶᠢᠯᠠᠩ ᠤᠨ ᠬᠢᠨ ᠬᠥᠬᠡᠬᠤᠲᠠ ᠶᠢᠨ ᠢᠦᠢ ᠴᠢᠦᠸᠠᠨ ᠲᠣᠭᠤᠷᠢᠭ ᠤᠨ ᠮᠧᠢ ᠲᠦᠩ | ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠰᠢ ᠶᠤᠸᠠᠨ ᠮᠢᠬᠠᠨ ᠤ ᠬᠤᠯᠪᠣᠭ᠎ᠠ ᠶᠢᠨ ᠺᠣᠮᠫᠠᠨᠢ᠂ ᠰᠢᠨ᠎ᠡ ᠬᠤᠳᠠ | ᠲᠣᠭᠤᠷᠢᠭ ᠤᠨ ᠥᠪᠥᠷ ᠮᠣᠩᠭᠤᠯ ᠤᠨ ᠵᠢᠩ ᠯᠦᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠰᠣᠨᠣᠰᠬᠤ᠂ ᠠᠰᠠᠭᠤᠬᠤ᠂ ᠪᠠᠶᠢᠴᠠᠭᠠᠬᠤ᠂ ᠰᠢᠯᠭᠠᠬᠤ ᠵᠡᠷᠭᠡ | ᠠᠷᠭ᠎ᠠ ᠬᠡᠯᠪᠡᠷᠢ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠠᠷᠭ᠎ᠠ ᠬᠡᠮᠵᠢᠶ᠎ᠡ ᠶᠢ ᠨᠠᠷᠢᠨ ᠣᠶᠢᠯᠠᠭᠠᠵᠤ᠂ ᠲᠠᠷᠢᠶᠠᠨ ᠡᠮ ᠢ ᠠᠶᠤᠯ | ᠦᠭᠡᠢ ᠬᠡᠷᠡᠭᠯᠡᠬᠦ᠂ ᠠᠯᠠᠵᠤ ᠨᠢᠲᠤᠯᠬᠤ ᠶᠢᠨ ᠬᠢᠵᠢᠭ ᠤᠨ ᠪᠠᠶᠢᠴᠠᠭᠠᠯᠲᠠ ᠬᠢᠬᠦ ᠵᠢᠴᠢ ᠪᠠᠷᠢᠮᠵᠢᠶ᠎ᠠ ᠳᠤ ᠬᠦᠷᠬᠦ | ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠢ ᠪᠢᠴᠢᠵᠦ ᠥᠭᠬᠦ ᠵᠡᠷᠭᠡ ᠳᠤ ᠨᠠᠷᠢᠨ ᠨᠢᠭᠲᠠ ᠪᠠᠶᠢᠴᠠᠭᠠᠯᠲᠠ ᠬᠢᠪᠡ᠃ | ᠪᠠᠰᠠ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠶᠠᠰᠤ ᠴᠢᠨᠠᠷ ᠢ ᠡᠵᠡᠮᠳᠡᠬᠦ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠵᠢᠯᠤᠭᠤᠳᠴᠤ᠂ ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ | ᠲᠡᠩᠴᠡᠭᠰᠡᠨ ᠦᠨᠡᠮᠯᠡᠯ ᠣᠯᠭᠤᠬᠤ ᠶᠢ ᠵᠢᠷᠤᠮᠵᠢᠭᠤᠯᠤᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠦᠨᠡᠮᠯᠡᠯ ᠲᠠᠢ ᠪᠠᠷ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠬᠤ ᠶᠢ ᠪᠡᠶᠡᠯᠡᠭᠦᠯᠵᠦ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠵᠥᠪᠰᠢᠶᠡᠷᠡᠨ ᠭᠠᠷᠭᠠᠬᠤ ᠬᠢᠭᠡᠳ ᠵᠠᠬ᠎ᠠ | ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠰᠠᠶᠢᠲᠤᠷ ᠬᠢᠵᠦ᠂ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠶᠤᠯ ᠦᠭᠡᠢ ᠪᠠᠷ ᠵᠠᠬ᠎ᠠ ᠳᠡᠯᠭᠡᠭᠦᠷ ᠲᠤ ᠭᠠᠷᠬᠤ ᠶᠢ ᠦᠨᠡᠨᠬᠦ ᠪᠠᠲᠤᠯᠠᠵᠤ᠂ | ᠡᠬᠢ ᠡᠭᠦᠰᠦᠯ ᠠᠴᠠ ᠨᠢ ᠮᠦᠷᠳᠡᠨ ᠨᠡᠬᠡᠮᠵᠢᠯᠡᠬᠦ ᠳᠤ ᠲᠦᠭᠦᠮ ᠪᠤᠯᠭᠠᠪᠠ᠃ | | | | ᠬᠠᠢ ᠱᠠᠨ ᠵᠢᠭᠠᠵᠤ ᠭᠠᠷᠭᠠᠭᠰᠠᠨ ᠨᠢ᠂ ᠴᠠᠭᠠᠨ ᠰᠠᠷ᠎ᠠ ᠶᠢᠨ ᠬᠤᠭᠤᠴᠠᠭᠠᠨ ᠳᠤ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠬᠡᠷᠡᠭᠯᠡᠭᠡᠨ ᠤ ᠬᠥᠭᠵᠢᠯᠲᠡᠢ ᠤᠯᠠᠷᠢᠯ ᠳᠤ ᠣᠷᠣᠬᠤ ᠶᠢᠨ ᠬᠠᠮᠲᠤ ᠪᠠᠰᠠ ᠶᠠᠰᠤ | ᠴᠢᠨᠠᠷ ᠤᠨ ᠠᠮᠤᠷ ᠲᠦᠪᠰᠢᠨ ᠤ ᠠᠶᠤᠯ ᠲᠦᠭᠰᠢᠭᠦᠷᠢ ᠲᠥᠪᠯᠡᠷᠡᠵᠦ᠂ ᠠᠰᠠᠭᠤᠳᠠᠯ ᠠᠮᠠᠷᠬᠠᠨ ᠡᠭᠦᠰᠬᠦ ᠰᠡᠷᠭᠡᠭ ᠴᠠᠭ | ᠬᠤᠭᠤᠴᠠᠭ᠎ᠠ ᠪᠣᠯᠣᠨ᠎ᠠ᠃ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠶᠡᠷᠦᠩᠬᠡᠢ | ᠱᠦᠵᠢ ᠰᠢ ᠶᠢᠨ ᠫᠢᠩ ᠤᠨ ︽ᠲᠦᠷᠪᠡᠨ ᠬᠠᠮᠤᠭ ᠠᠴᠠ ᠴᠢᠩᠭ᠎ᠠ ᠪᠠᠶᠢᠬᠤ︾ ᠵᠢᠭᠠᠪᠤᠷᠢ ᠶᠢᠨ ᠱᠠᠭᠠᠷᠳᠠᠯᠭ᠎ᠠ ᠶᠢ | ᠬᠢᠨᠠᠮᠠᠭᠠᠢ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠣᠨ ᠰᠠᠯᠠᠭ᠎ᠠ | ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭᠠᠷᠠᠭᠤᠯᠤᠨ᠂ ᠠᠵᠢᠯ ᠤᠨ ᠲᠣᠭᠲᠠᠴᠠ ᠪᠠᠨ ᠪᠦᠷᠢᠨᠰᠢᠭᠦᠯᠵᠦ᠂ | ᠬᠦᠴᠦᠲᠡᠢ ᠠᠷᠭ᠎ᠠ ᠬᠡᠮᠵᠢᠶ᠎ᠡ ᠠᠪᠴᠤ᠂ ︽ᠢᠳᠡᠰᠢᠨ ᠨᠤᠭᠤᠭ᠎ᠠ︾ ᠶᠢᠨ ᠪᠦᠲᠦᠭᠡᠭᠳᠡᠬᠦᠨ ᠤ ᠭᠠᠷᠤᠯᠲᠠ ᠶᠢ | ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠠᠵᠢᠯ ᠢ ᠨᠠᠶᠢᠳᠠᠪᠤᠷᠢᠵᠢᠭᠤᠯᠤᠨ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠵᠠᠭᠠᠷ ᠱᠤᠭᠤᠮ ᠢ ᠡᠷᠡᠰ ᠪᠠᠲᠤ | ᠰᠠᠬᠢᠵᠤ᠂ ᠴᠠᠭᠠᠨ ᠰᠠᠷ᠎ᠠ ᠶᠢᠨ ᠬᠤᠭᠤᠴᠠᠭᠠᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠶᠤᠯ ᠦᠭᠡᠢ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃ | | | | ᠬᠠᠢ ᠱᠠᠨ ᠱᠠᠭᠠᠷᠳᠠᠭᠰᠠᠨ ᠨᠢ᠂ ᠨᠢᠭᠡ ᠳᠤ ᠠᠶᠤᠯ ᠲᠦᠭᠰᠢᠭᠦᠷᠢ ᠶᠢᠨ ᠪᠠᠶᠢᠴᠠᠭᠠᠯᠲᠠ ᠶᠢ ᠴᠢᠩᠭᠠᠳᠬᠠᠵᠤ᠂ | ᠴᠠᠭᠠᠨ ᠰᠠᠷ᠎ᠠ ᠶᠢᠨ ᠬᠤᠭᠤᠴᠠᠭᠠᠨ ᠳᠤ ᠵᠠᠬ᠎ᠠ ᠳᠡᠯᠭᠡᠭᠦᠷ ᠲᠤ ᠭᠠᠷᠤᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠵᠠᠬ᠎ᠠ ᠳᠡᠯᠭᠡᠭᠦᠷ ᠲᠤ ᠭᠠᠷᠤᠭᠰᠠᠨ ᠪᠠᠶᠢᠳᠠᠯ ᠢ ᠲᠣᠳᠣᠷᠬᠠᠢ ᠣᠶᠢᠯᠠᠭᠠᠵᠤ᠂ | ᠭᠤᠣᠯᠳᠠᠯᠭ᠎ᠠ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠳᠤ ᠨᠢᠰᠦᠯᠲᠡ ᠶᠢᠨ ᠪᠠᠶᠢᠴᠠᠭᠠᠯᠲᠠ | ᠬᠢᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠢ ᠳᠤᠨᠢ ᠢᠯᠡᠷᠡᠭᠦᠯᠬᠦ ᠬᠡᠷᠡᠭᠲᠡᠢ᠃ ᠬᠤᠶᠠᠷ ᠲᠤ ᠡᠳᠦᠷ | ᠳᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠲᠤ ᠭᠠᠷᠤᠭᠰᠠᠨ ᠦᠢᠯᠡᠳᠬᠦᠨ ᠢ | ᠲᠣᠭᠤᠷᠢᠨ ᠪᠠᠶᠢᠴᠠᠭᠠᠵᠤ ᠪᠠᠶᠢᠴᠠᠭᠠᠬᠤ ᠤᠳᠠᠭ᠎ᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠳᠤ | ᠲᠦᠷᠭᠡᠨ ᠬᠡᠮᠵᠢᠨ ᠰᠢᠭᠰᠢᠨ ᠪᠠᠶᠢᠴᠠᠭᠠᠯᠲᠠ ᠬᠢᠵᠦ᠂ ᠦᠢᠯᠡᠳᠪᠦᠷᠢᠯᠡᠯ ᠤᠨ ᠭᠤᠣᠯ ᠴᠣᠭᠴᠠ ᠶᠢ ᠱᠠᠯᠠᠪᠳᠠᠭᠤᠯᠤᠨ | ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠭᠠᠷᠭᠠᠯᠭᠠᠵᠤ᠂ ᠬᠠᠤᠯᠢ ᠠᠴᠠ | ᠵᠥᠷᠢᠴᠡᠭᠰᠡᠨ ᠬᠦᠨᠳᠦ ᠨᠣᠴᠢᠲᠠᠢ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠭᠤᠷᠪᠠ ᠳᠤ ᠪᠠᠴᠢᠮ | ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠪᠠᠶᠠᠷ ᠤᠨ ᠡᠳᠦᠷ ᠤᠨ | ᠬᠤᠭᠤᠴᠠᠭᠠᠨ ᠳᠤ ᠵᠢᠵᠢᠭᠦᠷᠯᠡᠨ ᠰᠠᠬᠢᠬᠤ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠶᠠᠷᠢᠶ᠎ᠠ ᠬᠡᠯᠡᠯᠴᠡᠭᠡᠨ ᠤ | ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠪᠦᠲᠦᠮᠵᠢᠲᠡᠢ | ᠰᠢᠢᠳᠪᠦᠷᠢᠯᠡᠵᠦ᠂ ᠥᠷᠭᠡᠨ ᠤᠯᠠᠨ ᠠᠷᠠᠳ ᠲᠦᠮᠡᠨ ᠢ ᠠᠶᠤᠯ ᠦᠭᠡᠢ᠂ ᠥᠯᠵᠡᠢ ᠪᠡᠯᠭᠡ ᠲᠠᠢ ᠴᠠᠭᠠᠨ ᠰᠠᠷ᠎ᠠ ᠶᠢ | ᠥᠩᠭᠡᠷᠡᠭᠦᠯᠬᠦ ᠬᠡᠷᠡᠭᠲᠡᠢ ᠭᠡᠪᠡ᠃ | |