ᠰᠡᠳᠬᠢᠯ ᠤᠨ ᠦᠭᠡ ᠪᠠᠨ ᠶᠠᠷᠢᠯᠴᠠᠬᠤ ᠠᠵᠢᠯᠯᠠᠭ᠎ᠠ ᠥᠷᠨᠢᠭᠦᠯᠵᠦ ᠠᠵᠢᠯ ᠬᠢᠵᠦ ᠠᠳᠠᠯ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠪᠡ
ᠨᠡᠶᠢᠲᠡᠯᠡᠭᠰᠡᠨ ᠴᠠᠭ᠄
2025/1/16
      ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠤᠨ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠥᠰᠥᠯ ᠤᠨ ᠱᠠᠭᠠᠷᠳᠠᠯᠭ᠎ᠠ ᠶᠣᠰᠣᠭᠠᠷ᠂ 1 ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠢᠩᠬᠢᠮ ᠤᠨ ᠳᠠᠷᠤᠭ᠎ᠠ ᠵᠠᠩ ᠢᠦᠢ ᠨᠥᠬᠦᠷ᠂ ᠬᠤᠪᠢᠳᠠᠨ ᠬᠠᠮᠢᠶᠠᠷᠴᠤ ᠪᠦᠬᠦᠢ ᠬᠦᠷᠢᠶ᠎ᠡ ᠴᠠᠷᠠᠭᠠᠨ ᠳᠠᠬᠢ ᠭᠠᠵᠠᠷ ᠠᠯᠪᠠᠨ ᠭᠡᠷ ᠲᠣᠪᠴᠢᠶ᠎ᠠ ᠶᠢᠨ ᠬᠠᠷᠢᠭᠤᠴᠠᠯᠭᠠᠲᠠᠨ᠂ ᠪᠠᠶᠢᠭ᠎ᠠ ᠨᠠᠮ ᠤᠨ ᠡᠭᠦᠷ ᠤᠨ ᠡᠩ ᠤᠨ ᠨᠠᠮ ᠤᠨ ᠭᠡᠰᠢᠭᠦᠳ ᠲᠠᠢ ᠬᠠᠮᠲᠤ ᠪᠠᠷ ᠰᠡᠳᠬᠢᠯ ᠤᠨ ᠦᠭᠡ ᠪᠠᠨ ᠶᠠᠷᠢᠯᠴᠠᠪᠠ᠃
1.png
       ᠵᠠᠩ ᠢᠦᠢ ᠨᠥᠬᠦᠷ ᠶᠠᠷᠢᠶᠠᠨ ᠳᠠᠭᠠᠨ ᠱᠠᠭᠠᠷᠳᠠᠭᠰᠠᠨ ᠨᠢ᠂ ᠬᠤᠪᠢᠳᠠᠨ ᠬᠠᠮᠢᠶᠠᠷᠴᠤ ᠪᠦᠬᠦᠢ ᠬᠦᠷᠢᠶ᠎ᠡ ᠴᠠᠷᠠᠭᠠᠨ ᠤ ᠭᠠᠵᠠᠷ ᠠᠯᠪᠠᠨ ᠭᠡᠷ ᠲᠣᠪᠴᠢᠶ᠎ᠠ ᠶᠢᠨ ᠺᠠᠳ᠋ᠷ ᠠᠵᠢᠯᠲᠠᠨ 2025 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠲᠣᠭᠤᠷᠢᠨ ᠳᠤ᠂ ᠲᠠᠪᠤᠨ ᠲᠠᠯ᠎ᠠ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢ ᠴᠢᠨᠠᠭᠰᠢᠳᠠ ᠰᠠᠶᠢᠲᠤᠷ ᠬᠢᠬᠦ ᠬᠡᠷᠡᠭᠲᠡᠢ᠃ ᠨᠢᠭᠡ ᠳᠤ ᠤᠯᠤᠰ ᠲᠦᠷᠦ ᠶᠢᠨ ᠲᠠᠯ᠎ᠠ ᠪᠠᠷ᠂ ᠦᠵᠡᠯ ᠰᠠᠨᠠᠭᠠᠨ ᠤ ᠰᠤᠷᠤᠯᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠲᠦᠷᠦ ᠶᠢᠨ ᠦᠵᠡᠯ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ︽ᠬᠤᠶᠠᠷ ᠢ ᠲᠣᠭᠲᠠᠭᠠᠬᠤ︾ ᠶᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠬᠤᠶᠠᠷ ᠲᠤ ᠨᠠᠮᠴᠢ ᠴᠢᠨᠠᠷ ᠤᠨ ᠲᠠᠯ᠎ᠠ ᠪᠠᠷ᠂ ᠨᠠᠮᠴᠢ ᠴᠢᠨᠠᠷ ᠤᠨ ᠳᠠᠪᠲᠠᠯᠲᠠ ᠶᠢ ᠴᠢᠨᠠᠭᠰᠢᠳᠠ ᠴᠢᠩᠭᠠᠳᠬᠠᠵᠤ᠂ ᠨᠠᠮᠴᠢ ᠴᠢᠨᠠᠷ ᠤᠨ ᠰᠠᠬᠢᠯᠭ᠎ᠠ ᠪᠠᠲᠤ᠂ ᠤᠯᠤᠰ ᠲᠦᠷᠦ ᠶᠢᠨ ᠰᠠᠬᠢᠯᠭ᠎ᠠ ᠪᠠᠲᠤ ᠶᠢ ᠳᠡᠭᠡᠭᠰᠢᠯᠡᠭᠦᠯᠵᠦ᠂ ᠤᠯᠤᠰ ᠲᠦᠷᠦ ᠶᠢᠨ ᠲᠣᠭᠲᠠᠯ ᠬᠦᠴᠦᠨ ᠢ ᠴᠢᠩᠭᠠᠳᠬᠠᠵᠤ᠂ ᠤᠯᠤᠰ ᠲᠦᠷᠦ ᠶᠢᠨ ︽ᠭᠤᠷᠪᠠᠨ ᠴᠢᠳᠠᠪᠤᠷᠢ︾ ︵ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠣᠶᠢᠯᠠᠭᠠᠬᠤ ᠴᠢᠳᠠᠪᠤᠷᠢ᠂ ᠬᠡᠷᠡᠭᠵᠢᠭᠦᠯᠬᠦ ᠬᠦᠴᠦᠨ︶ ᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠯ᠎ᠠ ᠪᠠᠷ᠂ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠠᠲᠤ ᠪᠠᠬᠢ ᠪᠤᠢ ᠪᠣᠯᠭᠠᠬᠤ ᠬᠡᠷᠡᠭᠲᠡᠢ᠃ ᠳᠥᠷᠪᠡ ᠳᠤ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠲᠠᠯ᠎ᠠ ᠪᠠᠷ᠂ ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠬᠤᠪᠢᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠤᠬᠠᠮᠰᠠᠷ ᠢᠶᠠᠨ ᠴᠢᠩᠭᠠᠳᠬᠠᠵᠤ᠂ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ ᠪᠣᠳᠠᠲᠠᠢ ᠶᠢ ᠡᠷᠬᠢᠮᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠲᠠᠪᠤ ᠳᠤ ᠠᠷᠢᠭᠤᠨ ᠴᠢᠬᠡᠴᠢ ᠪᠠᠷ ᠵᠠᠰᠠᠭ ᠪᠠᠷᠢᠬᠤ ᠲᠠᠯ᠎ᠠ ᠪᠠᠷ᠂ ᠠᠷᠢᠭᠤᠨ ᠴᠢᠬᠡᠴᠢ ᠶᠢᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠵᠤ᠂ ᠠᠶᠤᠯ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠴᠠᠭ ᠢᠮᠠᠭᠲᠠ ᠨᠢᠮᠭᠡᠨ ᠮᠥᠰᠥᠨ ᠳᠡᠭᠡᠷ᠎ᠡ ᠭᠢᠰᠬᠢᠭᠰᠡᠨ ᠮᠡᠲᠦ᠂ ᠭᠦᠨ ᠬᠦᠪ ᠲᠤ ᠬᠦᠷᠦᠭᠰᠡᠨ ᠮᠡᠲᠦ ᠰᠣᠨᠣᠷ ᠰᠡᠷᠡᠮᠵᠢ ᠲᠠᠢ ᠪᠠᠶᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢᠨ ᠲᠠᠯ᠎ᠠ ᠪᠠᠷ ᠪᠡᠶ᠎ᠡ ᠪᠠᠨ ᠬᠦᠨᠳᠦᠳᠬᠡᠵᠦ ᠪᠡᠶ᠎ᠡ ᠪᠠᠨ ᠰᠡᠷᠡᠮᠵᠢᠯᠡᠵᠦ ᠪᠡᠶ᠎ᠡ ᠪᠠᠨ ᠰᠡᠬᠡᠭᠡᠷᠡᠭᠦᠯᠦᠨ ᠪᠡᠶ᠎ᠡ ᠪᠠᠨ ᠵᠣᠷᠢᠭᠵᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠬᠠᠷᠢᠴᠠᠯᠠᠰᠢ ᠦᠭᠡᠢ ᠦᠨᠡᠨᠴᠢ ᠰᠢᠳᠤᠷᠭᠤ᠂ ᠬᠠᠷᠢᠴᠠᠯᠠᠰᠢ ᠦᠭᠡᠢ ᠨᠠᠶᠢᠳᠠᠪᠤᠷᠢᠲᠠᠢ᠂ ᠬᠠᠷᠢᠴᠠᠯᠠᠰᠢ ᠦᠭᠡᠢ ᠠᠷᠢᠭᠤᠨ ᠴᠡᠪᠡᠷ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号