ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ | ᠰᠤᠭᠤᠴᠢᠨ ᠪᠠᠶᠢᠴᠠᠭᠠᠬᠤ ᠭᠠᠵᠠᠷ ᠣᠷᠣᠨ ᠢ ᠲᠣᠬᠢᠶᠠᠯᠳᠤᠯ ᠢᠶᠠᠷ ᠰᠤᠭᠤᠴᠢᠨ ᠠᠪᠬᠤ ᠪᠠᠷ ᠳᠡᠮᠵᠢᠨ᠂ ᠬᠥᠯᠥᠨ ᠪᠤᠶᠢᠷ | ᠬᠤᠲᠠ ᠶᠢ 2025 ᠣᠨ ᠤ ᠤᠯᠤᠰ ᠤᠨ ᠠᠩᠬᠠᠳᠠᠭᠴᠢ ᠮᠠᠯ ᠵᠢᠭᠦᠷᠲᠡᠨ ᠤ ᠪᠦᠲᠦᠭᠡᠭᠳᠡᠬᠦᠨ ᠤ ᠶᠠᠰᠤ ᠴᠢᠨᠠᠷ ᠤᠨ | ᠠᠮᠤᠷ ᠲᠦᠪᠰᠢᠨ ᠤ ᠵᠤᠷᠰᠢᠯ ᠤᠨ ᠬᠢᠨᠠᠨ ᠬᠡᠮᠵᠢᠯᠲᠡ ︵ᠠᠶᠤᠯ ᠲᠦᠭᠰᠢᠭᠦᠷᠢ ᠶᠢᠨ ᠬᠢᠨᠠᠨ ᠬᠡᠮᠵᠢᠯᠲᠡ︶ ᠶᠢᠨ ᠭᠠᠵᠠᠷ | ᠣᠷᠣᠨ ᠢᠶᠠᠷ ᠲᠣᠭᠲᠠᠭᠠᠪᠠ᠃ ᠣᠶᠢᠷ᠎ᠠ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠠᠯ ᠵᠢᠭᠦᠷᠲᠡᠨ ᠤ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠰᠢᠯᠭᠠᠨ ᠬᠡᠮᠵᠢᠬᠦ ᠲᠥᠪ | ︵ᠵᠧᠩᠵᠧᠦ︶ ᠤᠨ ᠠᠵᠢᠯᠯᠠᠬᠤ ᠳᠤᠭᠤᠶᠢᠯᠠᠩ ᠤᠨ ᠬᠢᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠨᠠᠶᠢᠳᠠᠯᠭ᠎ᠠ ᠪᠠᠷ | ᠬᠥᠯᠥᠨ ᠪᠤᠶᠢᠷ ᠬᠤᠲᠠ ᠳᠤ ᠬᠦᠷᠴᠦ ᠮᠠᠯ ᠵᠢᠭᠦᠷᠲᠡᠨ ᠤ ᠪᠦᠲᠦᠭᠡᠭᠳᠡᠬᠦᠨ ᠤ ᠵᠤᠷᠰᠢᠯ ᠤᠨ ᠬᠢᠨᠠᠨ ᠬᠡᠮᠵᠢᠬᠦ ᠠᠵᠢᠯ ᠢ | ᠥᠷᠨᠢᠭᠦᠯᠪᠡ᠃ | ᠲᠣᠰ ᠤᠳᠠᠭᠠᠨ ᠤ ᠬᠢᠨᠠᠨ ᠬᠡᠮᠵᠢᠭᠰᠡᠨ ᠡᠭᠦᠯᠳᠡᠷ ᠨᠢ ᠮᠠᠯ ᠵᠢᠭᠦᠷᠲᠡᠨ ᠤ ᠪᠦᠲᠦᠭᠡᠭᠳᠡᠬᠦᠨ ᠪᠠᠶᠢᠵᠤ᠂ ᠡᠭᠦᠨ ᠳᠤ | ᠭᠤᠣᠯᠳᠠᠭᠤ ᠭᠠᠭ᠋ᠠᠢ ᠶᠢᠨ ᠮᠢᠬ᠎ᠠ᠂ ᠦᠬᠡᠷ ᠤᠨ ᠮᠢᠬ᠎ᠠ᠂ ᠬᠤᠨᠢᠨ ᠮᠢᠬ᠎ᠠ᠂ ᠲᠠᠬᠢᠶᠠᠨ ᠮᠢᠬ᠎ᠠ᠂ ᠲᠠᠬᠢᠶᠠᠨ ᠥᠨᠳᠡᠭᠡ | ᠪᠠᠭᠲᠠᠨ᠎ᠠ᠃ ᠦᠯᠢᠭᠡᠷ ᠡᠳ᠋ ᠠᠪᠬᠤ ᠭᠤᠭᠴᠤᠭ᠎ᠠ ᠳᠤ ᠭᠤᠣᠯᠳᠠᠭᠤ ᠨᠢᠲᠤᠯᠬᠤ ᠭᠠᠵᠠᠷ᠂ ᠲᠡᠵᠢᠭᠡᠨ ᠦᠷᠡᠵᠢᠭᠦᠯᠬᠦ | ᠲᠠᠯᠠᠪᠠᠢ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠪᠠ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ | ᠪᠠᠭᠲᠠᠨ᠎ᠠ᠃ ᠠᠵᠢᠯᠯᠠᠬᠤ ᠳᠤᠭᠤᠶᠢᠯᠠᠩ ᠤᠨ ᠬᠢᠨ ᠤᠷᠢᠳ ᠬᠤᠵᠢᠳ ᠬᠠᠶᠢᠯᠠᠷ ᠲᠣᠭᠤᠷᠢᠭ᠂ ᠡᠸᠡᠩᠬᠢ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠵᠡᠷᠭᠡ ᠭᠠᠵᠠᠷ ᠣᠷᠣᠨ ᠳᠤ ᠬᠦᠷᠴᠦ ᠦᠯᠢᠭᠡᠷ ᠡᠳ᠋ ᠠᠪᠬᠤ | ᠠᠵᠢᠯ ᠥᠷᠨᠢᠭᠦᠯᠵᠦ᠂ ᠪᠦᠲᠦᠭᠡᠭᠳᠡᠬᠦᠨ ᠤ ᠦᠯᠢᠭᠡᠷ ᠡᠳ᠋ ᠠᠪᠬᠤ ᠵᠢᠴᠢ ᠮᠡᠳᠡᠭᠡ ᠵᠠᠩᠭᠢ ᠶᠢ ᠰᠢᠩᠭᠡᠬᠡᠨ | ᠣᠷᠣᠭᠤᠯᠬᠤ ᠪᠠᠷ ᠳᠠᠮᠵᠢᠭᠤᠯᠤᠨ ᠨᠡᠶᠢᠲᠡ 28 ᠪᠦᠯᠦᠭ ᠤᠳᠠᠭ᠎ᠠ ᠶᠢᠨ ᠦᠯᠢᠭᠡᠷ ᠡᠳ᠋ ᠠᠪᠬᠤ ᠠᠵᠢᠯ ᠢ | ᠪᠡᠶᠡᠯᠡᠭᠦᠯᠵᠦ᠂ ᠦᠯᠢᠭᠡᠷ ᠡᠳ᠋ ᠠᠪᠴᠤ ᠪᠠᠶᠢᠴᠠᠭᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | ᠦᠷᠭᠦᠯᠵᠢᠯᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ | ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠠᠵᠢᠯ ᠤᠨ ᠡᠭᠦᠷᠭᠡ ᠪᠠ ᠠᠵᠢᠯ ᠤᠨ ᠠᠭᠤᠯᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠬᠠᠮᠢᠶ᠎ᠠ ᠪᠦᠬᠦᠢ ᠠᠵᠢᠯ ᠤᠨ ᠳᠦᠷᠢᠮ ᠢ ᠴᠢᠩᠭ᠎ᠠ ᠬᠡᠷᠡᠭᠵᠢᠭᠦᠯᠦᠨ᠂ ᠲᠣᠭᠲᠠᠭᠰᠠᠨ ᠬᠠᠷᠠᠯᠲᠠ ᠪᠠ | ᠰᠢᠨᠵᠢᠯᠡᠬᠦ ᠤᠬᠠᠭᠠᠨᠴᠢ ᠴᠢᠩᠭ᠎ᠠ ᠨᠢᠮᠪᠠᠢ᠂ ᠦᠨᠡᠨ ᠪᠣᠳᠠᠲᠠᠢ ᠣᠨᠣᠪᠴᠢᠲᠠᠶ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ | ᠠᠵᠢᠯ ᠤᠨ ᠵᠠᠷᠴᠢᠮ ᠶᠣᠰᠣᠭᠠᠷ᠂ ᠣᠨ ᠤ ᠠᠵᠢᠯ ᠤᠨ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠪᠥᠬᠦ ᠬᠤᠲᠠ ᠶᠢᠨ | ᠢᠳᠡᠭᠡᠨ ᠤ ᠠᠮᠤᠷ ᠲᠦᠪᠰᠢᠨ ᠤ ᠠᠵᠢᠯ ᠢ ᠪᠠᠲᠤᠯᠠᠨ ᠬᠠᠮᠠᠭᠠᠯᠠᠨ᠎ᠠ᠃ |