1 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠴᠢᠨᠠᠷ ᠰᠠᠶᠢᠲᠠᠢ ᠪᠣᠬᠢᠷᠲᠤᠯ | ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠡᠭᠡᠵᠢᠩ ᠳᠤ ᠣᠷᠣᠬᠤ ᠵᠢᠯ ᠤᠨ ᠪᠠᠷᠠᠭᠠᠨ ᠤ | ᠨᠠᠶᠢᠷ ᠵᠢᠴᠢ︱2025 ᠣᠨ ᠤ ᠪᠠᠷᠠᠭ᠎ᠠ ᠵᠠᠬᠢᠶᠠᠯᠠᠬᠤ ᠴᠤᠭᠯᠠᠭᠠᠨ ᠪᠥᠬᠦ ᠤᠯᠤᠰ ᠤᠨ ᠲᠠᠷᠢᠶᠠᠯᠠᠩ ᠤᠨ | ᠦᠵᠡᠰᠬᠦᠯᠡᠩ ᠤᠨ ᠣᠷᠳᠣᠨ ᠳᠤ ᠦᠪᠡᠳᠡᠭᠰᠢ ᠶᠡᠭᠡ ᠪᠠᠷ ᠡᠬᠢᠯᠡᠪᠡ᠃ | | | | ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠪᠠ ᠲᠥᠪ ᠤᠨ | ᠨᠢᠭᠡᠴᠡ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠭᠦᠨᠵᠡᠭᠡᠶᠢᠷᠡᠭᠦᠯᠬᠦ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ | ︽ᠵᠢᠷᠭᠤᠭᠠᠨ ᠠᠵᠢᠯᠯᠠᠭ᠎ᠠ︾ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ | ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ ᠬᠡᠪᠴᠢᠶ᠎ᠡ ᠶᠢ ᠥᠷᠭᠡᠳᠬᠡᠵᠦ᠂ 2025 ᠣᠨ ᠳᠤ ᠥᠪᠥᠷ | ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠵᠤ | ᠪᠣᠷᠣᠯᠠᠭᠤᠯᠬᠤ ᠶᠢ ᠰᠠᠶᠢᠲᠤᠷ ᠡᠬᠢᠯᠡᠭᠦᠯᠬᠦ ᠶᠢᠨ ᠲᠦᠯᠦᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠪᠡᠭᠡᠵᠢᠩ ᠬᠤᠲᠠ ᠶᠢᠨ | ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ ᠪᠣᠯᠣᠨ ᠪᠥᠬᠦ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ | ᠣᠷᠳᠣᠨ ᠬᠠᠮᠲᠤᠪᠠᠷ ᠲᠣᠰ ᠤᠳᠠᠭᠠᠨ ᠤ ᠰᠢᠷᠢᠰ ᠠᠵᠢᠯᠯᠠᠭ᠎ᠠ ᠶᠢ ᠡᠷᠬᠢᠯᠡᠪᠡ᠃ ᠪᠡᠭᠡᠵᠢᠩ ᠥᠪᠥᠷ ᠮᠣᠩᠭᠤᠯ ᠬᠤᠶᠠᠷ | ᠭᠠᠵᠠᠷ ᠤᠨ ᠲᠠᠷᠢᠶᠠᠯᠠᠩ ᠮᠠᠯ ᠠᠵᠤ ᠠᠬᠤᠢ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ᠂ ᠪᠡᠭᠡᠵᠢᠩ ᠬᠤᠲᠠ ᠶᠢᠨ ᠲᠦᠷ ᠴᠠᠭ ᠲᠤᠰᠢᠶᠠᠯ ᠡᠭᠦᠷᠭᠡᠯᠡᠬᠦ ᠺᠠᠳ᠋ᠷ ᠤᠨ ᠪᠦᠯᠬᠦᠮ ᠵᠡᠷᠭᠡ | ᠨᠢᠭᠡᠴᠡ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠠᠶᠢᠮᠠᠭ ᠬᠤᠲᠠ᠂ ᠬᠤᠰᠢᠭᠤ | ᠰᠢᠶᠠᠨ ᠤ ᠬᠤᠯᠪᠣᠭᠳᠠᠯ ᠪᠦᠬᠦᠢ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠠᠵᠤ ᠠᠬᠤᠶᠢᠯᠠᠯ ᠤᠨ ᠲᠥᠯᠥᠭᠡᠯᠡᠭᠴᠢ | ᠲᠣᠰ ᠠᠵᠢᠯᠯᠠᠭ᠎ᠠ ᠳᠤ ᠣᠷᠣᠯᠴᠠᠪᠠ᠃ | | | | ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠤᠯᠤᠰ ᠤᠨ ᠴᠢᠬᠤᠯᠠ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠲᠦᠯᠬᠢᠨ ᠠᠬᠢᠭᠤᠯᠵᠤ᠂ ᠥᠪᠡᠷᠮᠢᠴᠡ ᠣᠨᠴᠠᠯᠢᠭ ᠲᠠᠢ ᠪᠠᠶᠢᠭᠠᠯᠢ ᠶᠢᠨ ᠡᠬᠢ ᠪᠠᠶᠠᠯᠢᠭ ᠪᠣᠯᠣᠨ ᠭᠠᠵᠠᠷ | ᠵᠦᠢ ᠶᠢᠨ ᠳᠠᠪᠠᠭᠤᠯᠢᠭ ᠲᠤ ᠲᠦᠰᠢᠭᠯᠡᠨ᠂ ᠠᠵᠤ ᠦᠢᠯᠡᠰ ᠤᠨ ᠪᠦᠲᠦᠴᠡ ᠶᠢ ᠳᠠᠰᠤᠷᠠᠯᠳᠠ ᠦᠭᠡᠢ ᠰᠢᠯᠢᠳᠡᠭᠵᠢᠭᠦᠯᠵᠦ᠂ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠦᠷᠭᠡᠨ | ᠬᠥᠭᠵᠢᠯᠲᠡ ᠶᠢ ᠪᠡᠶᠡᠯᠡᠭᠦᠯᠵᠦ᠂ ᠠᠮᠤ ᠪᠤᠳᠠᠭᠠᠨ ᠤ ᠶᠡᠷᠦᠩᠬᠡᠢ ᠤᠨᠠᠯᠲᠠ ᠪᠦᠬᠦ ᠤᠯᠤᠰ ᠤᠨ ᠠᠷᠪᠠᠳᠤᠭᠠᠷ ᠲᠤ | ᠪᠠᠶᠢᠭᠰᠠᠨ ᠠᠴᠠ ᠪᠠᠨ ᠵᠢᠷᠭᠤᠳᠤᠭᠠᠷ ᠲᠤ ᠣᠷᠣᠵᠤ᠂ ᠦᠨᠢᠶᠡᠨ ᠰᠦ᠂ ᠬᠤᠨᠢᠨ ᠮᠢᠬ᠎ᠠ᠂ ᠦᠬᠡᠷ ᠤᠨ ᠮᠢᠬ᠎ᠠ ᠵᠢᠴᠢ | ᠨᠤᠤᠯᠤᠭᠤᠷ᠂ ᠲᠡᠵᠢᠭᠡᠯ ᠡᠪᠡᠰᠦᠨ ᠤ ᠭᠠᠷᠤᠯᠲᠠ ᠪᠦᠬᠦ ᠤᠯᠤᠰ ᠤᠨ ᠲᠡᠷᠢᠭᠦᠨ ᠳᠤ ᠯᠠᠪᠳᠠᠭᠤᠨ ᠪᠠᠶᠢᠷᠢᠯᠠᠵᠦ᠂ ᠨᠡᠷ᠎ᠡ | ᠨᠢᠳᠡᠷ ᠲᠡᠭᠡᠨ ᠨᠡᠶᠢᠴᠡᠭᠰᠡᠨ ︽ᠠᠮᠤ ᠪᠤᠳᠠᠭᠠᠨ ᠤ ᠰᠠᠩ︾ ︽ᠮᠢᠬᠠᠨ ᠤ ᠬᠥᠮᠥᠷᠭᠡ︾ ︽ᠰᠠᠭᠠᠯᠢ ᠶᠢᠨ ᠰᠠᠪᠠ︾ ᠪᠠ | ︽ᠨᠤᠤᠯᠤᠭᠤᠷ ᠤᠨ ᠬᠤᠳᠠ︾ ᠪᠣᠯᠪᠠ᠃ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠢᠨ ᠲᠣᠭᠲᠠᠴᠠ | ᠪᠠᠶᠢᠭᠤᠯᠬᠤ᠂ ᠰᠠᠭᠤᠷᠢ ᠲᠠᠯᠪᠢᠬᠤ ᠪᠠᠷ ᠳᠡᠮᠵᠢᠨ᠂ ᠨᠡᠷᠡᠲᠦ ᠲᠡᠮᠳᠡᠭᠲᠦ ᠪᠠᠨ ᠴᠢᠩᠭᠠᠳᠬᠠᠵᠤ᠂ ᠴᠢᠨᠠᠷ ᠴᠢᠨᠰᠠᠭ᠎ᠠ ᠪᠠᠨ | ᠳᠡᠭᠡᠭᠰᠢᠯᠡᠭᠦᠯᠵᠦ᠂ ᠪᠣᠷᠤᠯᠠᠭᠤᠯᠭ᠎ᠠ ᠶᠢᠨ ᠵᠠᠮ ᠢᠶᠠᠨ ᠥᠷᠭᠡᠳᠬᠡᠵᠦ᠂ ᠬᠡᠪ ᠵᠠᠭᠪᠤᠷ ᠢᠶᠠᠨ ᠡᠭᠦᠳᠴᠦ᠂ ᠪᠡᠭᠡᠵᠢᠩ ᠥᠪᠥᠷ | ᠮᠣᠩᠭᠤᠯ ᠤᠨ ᠬᠠᠮᠵᠢᠯᠴᠠᠭ᠎ᠠ ᠪᠠ ᠲᠥᠪ ᠤᠨ ᠨᠢᠭᠡᠴᠡ ᠶᠢᠨ ᠲᠣᠭᠲᠠᠭᠰᠠᠨ ᠴᠡᠭ ᠤᠨ ᠬᠠᠪᠰᠤᠷᠤᠨ ᠲᠡᠳᠬᠦᠬᠦ | ᠲᠣᠭᠲᠠᠴᠠ ᠶᠢ ᠠᠰᠢᠭᠯᠠᠨ᠂ ᠤᠷᠢᠳ ᠬᠤᠵᠢᠳ ᠪᠡᠭᠡᠵᠢᠩ᠂ ᠴᠦᠩᠴᠢᠩ᠂ ᠬᠠᠩᠵᠧᠦ ᠵᠡᠷᠭᠡ ᠭᠠᠵᠠᠷ ᠲᠤ ᠬᠡᠷᠡᠭᠯᠡᠭᠡ ᠶᠢ | ᠬᠠᠪᠰᠤᠷᠤᠨ ᠲᠡᠳᠬᠦᠬᠦ ᠲᠥᠪᠯᠡᠷᠡᠭᠦᠯᠦᠨ ᠴᠤᠭᠯᠠᠭᠤᠯᠬᠤ ᠶᠢ ᠲᠠᠨᠢᠯᠴᠠᠭᠤᠯᠬᠤ ᠠᠵᠢᠯᠯᠠᠭ᠎ᠠ ᠶᠢ ᠳᠥᠷᠪᠡ ᠤᠳᠠᠭ᠎ᠠ | ᠡᠷᠭᠢᠯᠡᠵᠦ᠂ ︽ᠬᠢᠩᠭᠠᠨ ᠠᠶᠢᠮᠠᠭ ᠤᠨ ᠲᠤᠲᠤᠷᠭ᠎ᠠ︾᠂ ︽ᠰᠢᠯᠢ ᠶᠢᠨ ᠭᠤᠣᠯ ᠤᠨ ᠬᠤᠨᠢᠨ ᠮᠢᠬ᠎ᠠ︾᠂ ︽ᠤᠯᠠᠭᠠᠨᠬᠠᠳᠠ ᠶᠢᠨ | ᠡᠯᠳᠡᠪ ᠠᠮᠤ︾᠂ ︽ᠤᠯᠠᠭᠠᠨᠴᠠᠪ ᠤᠨ ᠲᠥᠮᠥᠰᠥ︾᠂ ︽ᠬᠤᠷᠴᠢᠨ ᠦᠬᠡᠷ ᠤᠨ ᠮᠢᠬ᠎ᠠ︾᠂ ︽ᠪᠣᠷᠣᠳᠣᠬᠤᠢ ᠶᠢᠨ ᠭᠤᠯᠢᠷ︾ | ᠵᠡᠷᠭᠡ ᠮᠠᠰᠢ ᠤᠯᠠᠨ ︽ᠦᠪᠦᠷ ᠮᠣᠩᠭᠤᠯ ᠨᠡᠷᠡᠳᠦ︾ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ | ᠨᠡᠶᠢᠰᠯᠡᠯ ᠳᠤ ᠠᠯᠳᠠᠷᠰᠢᠭᠰᠠᠨ ᠢᠶᠠᠷ ᠪᠠᠷᠠᠬᠤ ᠦᠭᠡᠢ ᠪᠠᠰᠠ ᠶᠡᠭᠡ ᠮᠥᠷᠡᠨ ᠤ ᠡᠮᠦᠨ᠎ᠡ ᠤᠮᠠᠷ᠎ᠠ ᠳᠤ ᠪᠣᠷᠤᠯᠠᠭᠤᠯᠭ᠎ᠠ | ᠰᠠᠶᠢᠲᠠᠢ ᠪᠠᠶᠢᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠵᠢᠯ ᠳᠠᠷᠠᠭᠠᠯᠠᠨ | ᠨᠡᠮᠡᠭᠳᠡᠵᠦ᠂ 2024 ᠣᠨ ᠳᠤ 308 ᠳ᠋ᠦᠩᠰᠢᠭᠤᠷ ᠲᠥᠭᠦᠷᠢᠭ ᠲᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ | ᠳᠠᠬᠢᠨᠲᠠ ᠡᠭᠦᠳᠴᠡᠢ᠃ | | | | | ᠡᠬᠢᠯᠡᠯᠲᠡ ᠶᠢᠨ ᠶᠣᠰᠣᠯᠠᠯ ᠳᠡᠭᠡᠷ᠎ᠡ᠂ ᠤᠮᠠᠷᠠᠲᠤ ᠶᠢᠨ ᠢᠳᠡᠰᠢᠨ ᠨᠣᠭᠤᠭ᠎ᠠ ᠶᠢᠨ ᠢᠨᠵᠧᠨᠧᠷᠢᠩ᠂ ᠵᠢᠩ ᠨᠧᠩ | ᠪᠦᠯᠦᠭᠯᠡᠯ᠂ ᠤᠮᠠᠷᠠᠲᠤ ᠶᠢᠨ ᠮᠠᠰᠢᠨ ᠲᠡᠷᠭᠡᠨ ᠤ ᠪᠦᠯᠦᠭᠯᠡᠯ ᠵᠡᠷᠭᠡ ᠪᠡᠭᠡᠵᠢᠩ ᠥᠪᠥᠷ ᠮᠣᠩᠭᠤᠯ ᠬᠤᠶᠠᠷ ᠭᠠᠵᠠᠷ ᠠᠴᠠ | ᠢᠷᠡᠭᠰᠡᠨ ᠲᠣᠮᠣ ᠬᠡᠯᠪᠡᠷᠢ ᠶᠢᠨ ᠬᠤᠳᠠᠯᠳᠤᠨ ᠠᠪᠬᠤ ᠠᠵᠤ ᠠᠬᠤᠶᠢᠯᠠᠯ ᠲᠤᠬᠠᠢ ᠶᠢᠨ ᠲᠠᠯᠠᠪᠤᠷ ᠲᠤ 4 ᠳ᠋ᠦᠩᠰᠢᠭᠤᠷ | ᠲᠥᠭᠦᠷᠢᠭ ᠤᠨ ᠬᠤᠳᠠᠯᠳᠤᠨ ᠠᠪᠬᠤ ᠬᠡᠯᠡᠯᠴᠡᠭᠡᠷ ᠲᠣᠭᠲᠠᠪᠠ᠃ ᠡᠭᠦᠨ ᠤ ᠬᠠᠮᠲᠤ᠂ ᠥᠪᠥᠷ ᠮᠣᠩᠭᠤᠯ ᠠᠴᠠ ᠢᠷᠡᠭᠰᠡᠨ | ᠤᠯᠠᠭᠠᠨᠮᠥ᠋ᠴᠢᠷ ᠪᠠᠰᠠ ᠨᠡᠶᠢᠰᠯᠡᠯ ᠬᠤᠲᠠ ᠶᠢᠨ ᠠᠷᠠᠳ ᠲᠤ ᠥᠪᠥᠷ ᠮᠣᠩᠭᠤᠯ ᠤᠨ ᠣᠨᠴᠠᠯᠢᠭ ᠲᠠᠢ ᠭᠤᠶᠢᠳᠠ | ᠰᠠᠶᠢᠬᠠᠨ ᠤᠷᠠᠨ ᠰᠠᠶᠢᠬᠠᠨ ᠤ ᠲᠣᠭᠯᠠᠯᠲᠠ ᠶᠢ ᠠᠪᠴᠢᠷᠠᠨ ᠥᠭᠴᠦ᠂ ᠲᠠᠯ᠎ᠠ ᠨᠤᠲᠤᠭ ᠤᠨ ᠬᠢᠵᠠᠭᠠᠯᠠᠰᠢ ᠦᠭᠡᠢ ᠷᠢᠳᠢ | ᠰᠢᠳᠢ ᠶᠢ ᠬᠠᠷᠠᠭᠤᠯᠤᠭᠰᠠᠨ ᠪᠠᠶᠢᠨ᠎ᠠ︕ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠥᠪᠥᠷ ᠮᠣᠩᠭᠤᠯ ᠤᠨ 12 ᠠᠶᠢᠮᠠᠭ ᠬᠤᠳᠠ ᠶᠢᠨ 100 | ᠭᠠᠷᠤᠢ ᠠᠵᠤ ᠠᠬᠤᠶᠢᠯᠠᠯ 500 ᠭᠠᠷᠤᠢ ᠲᠦᠷᠦᠯ ᠤᠨ ᠪᠦᠲᠦᠭᠡᠭᠳᠡᠬᠦᠨ ᠢᠶᠠᠨ ᠠᠪᠴᠤ ᠦᠵᠡᠰᠬᠦᠯᠡᠩ ᠳᠤ | ᠣᠷᠣᠯᠴᠠᠵᠤ᠂ ᠣᠨᠴᠠᠯᠢᠭᠲᠤ ᠪᠦᠲᠦᠭᠡᠭᠳᠡᠬᠦᠨ ᠢᠶᠠᠨ ᠲᠠᠨᠢᠯᠴᠠᠭᠤᠯᠬᠤ᠂ ᠵᠠᠬᠢᠶᠠᠯᠠᠭ᠎ᠠ ᠶᠢᠨ ᠬᠠᠭᠤᠳᠠᠰᠤ ᠶᠢ | ᠴᠤᠭᠯᠠᠭᠤᠯᠤᠨ ᠭᠡᠷ᠎ᠡ ᠲᠣᠭᠲᠠᠬᠤ᠂ ᠰᠦᠯᠵᠢᠶ᠎ᠡ ᠪᠠᠷ ᠳᠡᠯᠭᠡᠨ ᠬᠤᠳᠠᠯᠳᠤᠬᠤ ᠶᠢ ᠰᠢᠭᠤᠳ ᠨᠡᠪᠲᠡᠷᠡᠭᠦᠯᠬᠦ ᠪᠠ | ᠦᠢᠯᠡᠳᠦᠯᠴᠡᠨ ᠰᠢᠯᠭᠠᠨ ᠦᠵᠡᠬᠦ ᠵᠡᠷᠭᠡ ᠭᠤᠭᠴᠤᠭ᠎ᠠ ᠪᠠᠷ ᠳᠠᠮᠵᠢᠭᠤᠯᠵᠤ᠂ ᠤᠯᠠᠨ ᠢᠶᠠᠷ ᠢᠶᠠᠨ ᠪᠡᠭᠡᠵᠢᠩ ᠳᠤ | ︽ᠮᠢᠩᠭᠠᠨ ᠭᠠᠵᠠᠷ ᠤᠨ ᠲᠠᠯ᠎ᠠ ᠨᠤᠲᠤᠭ᠂ ᠲᠦᠮᠡᠨ ᠡᠾᠧᠺᠲᠷ ᠮᠠᠯᠵᠢᠯ ᠤᠨ ᠲᠠᠯᠠᠪᠠᠢ᠂ ᠠᠮᠢ ᠠᠬᠤᠢ ᠶᠢᠨ ᠥᠪᠥᠷ | ᠮᠣᠩᠭᠤᠯ᠂ ᠪᠣᠬᠢᠷᠲᠤᠯ ᠦᠭᠡᠢ ᠰᠠᠶᠢᠬᠠᠨ ᠦᠨᠦᠷ ᠠᠮᠲᠠ︾ ᠪᠠᠷ ᠰᠢᠯᠭᠠᠨ ᠦᠵᠡᠵᠡᠢ︕ |