ᠥᠪᠥᠷ ᠮᠣᠩᠭᠤᠯ·ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠬᠥᠭᠵᠢᠯᠲᠡ ᠶᠢᠨ ᠶᠡᠭᠡ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2025/1/20
      1 ᠰᠠᠷ᠎ᠠ ᠶᠢᠨ 19  ᠤ ᠡᠳᠦᠷ ᠠᠴᠠ 20 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ︵ᠨᠢᠭᠡ ᠡᠪᠡᠰᠦ᠂ ᠨᠢᠭᠡ ᠬᠤᠨᠢ᠂ ᠨᠢᠭᠡ ᠰᠢᠷᠡᠭᠡ︶ ᠤ ᠬᠥᠭᠵᠢᠯᠲᠡ ᠶᠢᠨ ᠶᠡᠭᠡ ᠬᠤᠷᠠᠯ ᠥᠪᠡᠷᠲᠡᠭᠡᠨ ᠵᠠᠰᠠᠬᠤ ᠣᠷᠣᠨ ᠤ ᠲᠥᠪ︱ᠬᠥᠬᠡᠬᠤᠲᠠ ᠳᠤ ᠦᠪᠡᠳᠡᠭᠰᠢ ᠶᠡᠬᠡᠪᠡᠷ ᠬᠤᠷᠠᠯᠳᠤᠪᠠ᠃ ᠲᠣᠰ ᠤᠳᠠᠭ᠎ᠠ ᠶᠢᠨ ᠶᠡᠭᠡ ᠬᠤᠷᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠰᠤᠳᠤᠯᠬᠤ ᠭᠠᠵᠠᠷ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤᠮᠳᠠᠭᠠᠨ ᠬᠢᠭᠡᠳ ᠵᠣᠴᠢᠳ ᠤᠨ ᠪᠠᠭᠤᠳᠠᠯ ᠤᠨ ᠠᠵᠢᠯ ᠲᠥᠷᠥᠯ ᠤᠨ ᠨᠡᠶᠢᠭᠡᠮᠯᠢᠭ᠂ ᠥᠪᠥᠷ ᠮᠣᠩᠭᠤᠯ ᠤᠨ ᠤᠮᠠᠷᠠᠲᠤ ᠬᠢᠯᠢ ᠶᠢᠨ ᠮᠣᠩᠭᠤᠯ ᠬᠤᠭᠤᠯᠠᠨ ᠤ ᠰᠤᠳᠤᠯᠭᠠᠨ ᠤ ᠬᠦᠷᠢᠶᠡᠯᠡᠩ ᠳᠠᠭᠠᠭᠠᠴᠢᠯᠠᠨ ᠡᠷᠭᠢᠯᠡᠵᠦ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ᠂ ᠳᠤᠮᠳᠠᠳᠤ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠬᠠᠤᠯᠢ ᠪᠠᠷ ᠵᠠᠰᠠᠬᠤ ᠰᠤᠳᠤᠯᠭᠠᠨ ᠤ ᠨᠡᠶᠢᠭᠡᠮᠯᠢᠭ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠢ ᠠᠵᠢᠯ ᠤᠨ ᠺᠣᠮᠢᠰ ᠵᠡᠷᠭᠡ ᠨᠢᠭᠡᠴᠡ ᠠᠴᠠ ᠣᠨᠴᠠᠭᠠᠶ ᠳᠡᠮᠵᠢᠭᠰᠡᠨ  ᠪᠠᠶᠢᠨ᠎ᠠ᠃ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠲᠦᠷᠦᠯ ᠤᠨ ᠨᠡᠶᠢᠭᠡᠮᠯᠢᠭ ᠵᠢᠴᠢ ᠣᠷᠣᠨ ᠤ ᠳᠣᠲᠣᠷ᠎ᠠ ᠭᠠᠳᠠᠨᠠᠬᠢ ᠬᠠᠮᠢᠶ᠎ᠠ ᠪᠦᠬᠦᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠡ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠦᠢᠯᠡᠳᠪᠦᠷᠢᠯᠡᠵᠦ ᠬᠠᠩᠭᠠᠬᠤ ᠵᠢᠴᠢ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠨᠡᠶᠢᠳᠡ 150 ᠭᠠᠷᠤᠢ ᠨᠢᠭᠡᠴᠡ ᠶᠢᠨ 300 ᠲᠥᠯᠥᠭᠡᠯᠡᠭᠴᠢ ᠬᠤᠷᠠᠯ ᠳᠤ ᠣᠷᠣᠯᠴᠠᠪᠠ᠃ 
11.webp.png
       ᠥᠪᠥᠷ ᠮᠣᠩᠭᠤᠯ ᠪᠣᠯ ᠮᠠᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠮᠥᠨ᠂ ᠶᠡᠷᠦᠩᠬᠡᠢ ᠱᠦᠵᠢ ᠰᠢ ᠶᠢᠨ ᠫᠢᠩ ᠤᠨ ᠲᠣᠮᠣ ᠲᠠᠷᠢᠶᠠᠯᠠᠩ ᠤᠨ ᠦᠵᠡᠯᠲᠡ᠂ ᠲᠣᠮᠣ ᠢᠳᠡᠭᠡᠨ ᠤ ᠦᠵᠡᠯᠲᠡ᠂ ︽ᠨᠤᠲᠤᠭ ᠤᠨ ᠣᠨᠴᠠ ᠭᠠᠷᠤᠯᠲᠠ︾ ᠶᠢᠨ ᠲᠣᠮᠣ ᠶᠠᠪᠤᠳᠠᠯ ᠢ ᠰᠠᠶᠢᠲᠤᠷ ᠬᠢᠬᠦ ᠵᠡᠷᠭᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠢᠮᠠᠭᠲᠠ ᠨᠠᠶᠢᠳᠠᠪᠤᠷᠢᠵᠢᠭᠤᠯᠵᠤ᠂ ︽ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ᠂ ᠪᠣᠬᠢᠷᠲᠤᠯ ᠦᠭᠡᠢ ᠪᠠᠷ ᠲᠠᠷᠢᠶᠠᠯᠠᠩ ᠢ ᠬᠥᠭᠵᠢᠭᠦᠯᠬᠦ᠂ ᠨᠡᠷᠡᠲᠦ ᠲᠡᠮᠳᠡᠭᠲᠦ ᠪᠠᠷ ᠲᠠᠷᠢᠶᠠᠯᠠᠩ ᠢ ᠬᠦᠴᠦᠷᠬᠡᠭᠵᠢᠭᠦᠯᠬᠦ︾ ᠪᠠᠷ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠠᠭᠤᠷᠢᠯᠠᠨ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠲᠣᠮᠣ ᠠᠵᠤ ᠦᠢᠯᠡᠰ ᠢ ᠪᠣᠶ ᠪᠣᠯᠭᠠᠵᠤ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠬᠦᠴᠦᠯᠡᠨ ᠠᠬᠢᠭᠤᠯᠵᠤ᠂ ᠨᠢᠭᠡ ᠲᠠᠯ᠎ᠠ ᠪᠠᠷ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠶᠢ ᠠᠳᠬᠤᠵᠤ᠂ ᠨᠥᠭᠦᠭᠡ ᠲᠠᠯ᠎ᠠ ᠪᠠᠷ ᠨᠠᠷᠠᠲᠤ ᠲᠡᠮᠳᠡᠭᠲᠦ ᠶᠢ ᠡᠵᠡᠩᠨᠡᠨ ᠪᠣᠷᠣᠯᠠᠭᠤᠯᠬᠤ ᠶᠢ ᠠᠳᠬᠤᠵᠤ᠂ ᠰᠣᠳᠣᠨ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠡᠮᠳᠡᠭᠲᠦ ᠪᠠ ᠠᠵᠤ ᠠᠬᠤᠶᠢᠯᠠᠯ ᠤᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢ ᠦᠷᠭᠦᠯᠵᠢᠯᠡᠨ ᠬᠦᠴᠦᠷᠬᠡᠭᠵᠢᠭᠦᠯᠵᠦ᠂ ᠣᠶᠢᠷ᠎ᠠ ᠶᠢᠨ ᠵᠢᠯ ᠤᠳ ᠲᠤ ᠲᠤᠬᠠᠢ ᠶᠢᠨ ᠭᠠᠵᠠᠷ ᠤᠨ ᠣᠨᠴᠠᠯᠢᠭ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠦᠨᠵᠡᠭᠡᠢ ᠠᠭᠤᠳᠠᠯᠵᠤ᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠭᠤᠶᠤᠴᠢᠯᠠᠨ ᠮᠡᠳᠡᠭᠦᠯᠬᠦ ᠠᠵᠢᠯ ᠢ ᠢᠳᠡᠪᠬᠢᠲᠡᠢ ᠥᠷᠨᠢᠭᠦᠯᠪᠡ᠃ ᠣᠲᠣ ᠪᠣᠯᠲᠠᠯ᠎ᠠ᠂ ᠨᠢᠭᠡᠨᠲᠡ 848 ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠠᠮᠵᠢᠯᠲᠠ ᠲᠠᠢ ᠪᠠᠷ ᠰᠣᠩᠭᠤᠭᠳᠠᠨ ᠣᠷᠣᠵᠤ᠂ ᠲᠤᠭ᠎ᠠ ᠬᠡᠮᠵᠢᠶ᠎ᠡ ᠨᠢ ᠪᠥᠬᠦ ᠤᠯᠤᠰ ᠤᠨ ᠲᠡᠷᠢᠭᠦᠨ ᠳᠤ ᠣᠷᠣᠪᠠ᠃ ᠡᠨᠡ ᠨᠢ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠮᠠᠭᠠᠢ ᠴᠢᠨᠠᠷ ᠴᠢᠨᠰᠠᠭ᠎ᠠ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠥᠪᠥᠷ ᠮᠣᠩᠭᠤᠯ ᠤᠨ ᠪᠣᠬᠢᠷᠲᠤᠯ ᠦᠭᠡᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠬᠢ ᠢᠯᠡᠳᠲᠡ ᠦᠷ᠎ᠡ ᠪᠦᠲᠦᠮᠵᠢ ᠶᠢ ᠢᠯᠡᠷᠡᠭᠦᠯᠵᠦ᠂ ᠲᠠᠯ᠎ᠠ ᠨᠤᠲᠤᠭ ᠤᠨ ᠦᠨᠦᠷ ᠠᠮᠲᠠ ᠶᠢ ᠪᠥᠬᠦ ᠤᠯᠤᠰ ᠲᠤ ᠭᠠᠷᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ 
22.webp.png
       ᠡᠪᠡᠰᠦ ᠪᠣᠯᠭᠠᠨ ᠳᠤ ᠡᠬᠡ ᠪᠠᠶᠢᠭᠠᠯᠢ ᠶᠢᠨ ᠪᠡᠯᠡᠭ ᠢ ᠠᠭᠤᠯᠵᠤ᠂ ᠲᠠᠯ᠎ᠠ ᠨᠤᠲᠤᠭ ᠤᠨ ᠬᠤᠨᠢᠨ ᠳᠤ ᠪᠠᠶᠢᠭᠠᠯᠢᠯᠢᠭ᠂ ᠪᠣᠬᠢᠷᠳᠤᠯ ᠦᠭᠡᠢ ᠢᠳᠡᠭᠡᠨ ᠢ ᠬᠠᠩᠭᠠᠵᠤ᠂ ᠲᠠᠯ᠎ᠠ ᠨᠤᠲᠤᠭ ᠤᠨ ᠬᠤᠨᠢᠨ ᠤ ᠮᠢᠬ᠎ᠠ ᠶᠢᠨ ᠰᠢᠨ᠎ᠡ ᠰᠣᠷᠭᠤᠭ ᠰᠢᠭᠦᠰᠦᠯᠢᠭ᠂ ᠰᠢᠮ᠎ᠡ ᠲᠡᠵᠢᠭᠡᠯ ᠡᠯᠪᠡᠭ ᠥᠪᠡᠷᠮᠢᠴᠡ ᠴᠢᠨᠠᠷ ᠴᠢᠨᠰᠠᠭ᠎ᠠ ᠶᠢ ᠪᠣᠶ ᠪᠣᠯᠭᠠᠭᠰᠠᠨ ᠪᠠᠶᠢᠨ᠎ᠠ᠃ ᠨᠢᠭᠡ ᠬᠤᠨᠢ ᠨᠢ ᠮᠠᠯᠵᠢᠯ ᠤᠨ ᠲᠠᠯᠠᠪᠠᠶ ᠠᠴᠠ ᠬᠤᠭᠤᠯᠠᠨ ᠰᠢᠷᠡᠭᠡᠨ ᠳᠤ ᠰᠢᠯᠵᠢᠭᠰᠡᠨ ᠶᠠᠪᠤᠳᠠᠯ ᠨᠢ ᠥᠪᠥᠷ ᠮᠣᠩᠭᠤᠯ ᠤᠨ ᠮᠠᠯ ᠠᠵᠤ ᠠᠬᠤᠢ ᠶᠢᠨ ᠨᠠᠷᠢᠯᠢᠭ ᠰᠠᠶᠢᠨ ᠦᠢᠯᠡᠳᠪᠦᠷᠢᠯᠡᠵᠦ ᠡᠳ᠋ᠰᠢᠭᠦᠯᠦᠭᠰᠡᠨ ᠬᠤᠭᠤᠯᠠ ᠬᠢᠬᠦ ᠤᠷ᠎ᠠ ᠮᠡᠷᠭᠡᠵᠢᠯ ᠢ ᠬᠠᠷᠠᠭᠤᠯᠤᠭᠰᠠᠨ ᠢᠶᠠᠷ ᠪᠠᠷᠠᠬᠤ ᠦᠭᠡᠢ᠂ ᠨᠠᠩ ᠴᠤ ᠢᠳᠡᠭᠡᠨ ᠤᠮᠳᠠᠭᠠᠨ ᠤ ᠠᠵᠢᠯ ᠲᠥᠷᠥᠯ ᠤᠨ ᠬᠢᠨ ᠤ ᠴᠢᠨᠠᠷ ᠰᠠᠶᠢᠲᠠᠢ ᠢᠳᠡᠭᠡᠨ ᠤ ᠮᠠᠲ᠋ᠧᠷᠢᠶᠠᠯ ᠢ ᠰᠢᠨ᠎ᠡ ᠪᠠᠷ ᠡᠭᠦᠳᠦᠨ ᠬᠡᠷᠡᠭᠯᠡᠵᠦ ᠪᠠᠶᠢᠭ᠎ᠠ ᠶᠢ ᠬᠠᠷᠠᠭᠤᠯᠤᠭᠰᠠᠨ ᠪᠠᠶᠢᠨ᠎ᠠ᠃ ᠲᠤᠰ ᠤᠳᠠᠭᠠᠨ ᠤ ᠶᠡᠭᠡ ᠬᠤᠷᠠᠯ ᠨᠢ ︽ᠨᠢᠭᠡ ᠡᠪᠡᠰᠦ᠂ ᠨᠢᠭᠡ ᠬᠤᠨᠢ᠂ ᠨᠢᠭᠡ ᠰᠢᠷᠡᠭᠡ︾ ᠢᠶᠠᠷ ᠭᠤᠣᠯ ᠰᠢᠵᠢᠮ ᠪᠣᠯᠭᠠᠵᠤ᠂ ᠲᠠᠯ᠎ᠠ ᠨᠤᠲᠤᠭ ᠤᠨ ᠬᠤᠨᠢ ᠪᠠᠷ ᠭᠤᠣᠯ ᠪᠣᠯᠭᠠᠵᠤ ᠂ ᠲᠥᠪᠯᠡᠷᠡᠭᠦᠯᠦᠨ ᠳᠡᠯᠭᠡᠨ ᠦᠵᠡᠭᠦᠯᠬᠦ ᠂ ᠶᠠᠰᠤ ᠴᠢᠨᠠᠷ ᠢ ᠰᠢᠯᠭᠠᠨ ᠰᠣᠯᠢᠯᠴᠠᠬᠤ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠥᠪᠥᠷ ᠮᠣᠩᠭᠤᠯ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠲᠦ ᠲᠡᠮᠳᠡᠭᠲᠦ ᠶᠢᠨ ᠳᠦᠷᠢ ᠲᠥᠷᠬᠦ ᠶᠢ ᠪᠦᠬᠦ ᠲᠠᠯ᠎ᠠ ᠪᠠᠷ ᠲᠤᠪᠤᠶᠢᠯᠭᠠᠵᠦ᠂ ᠲᠤᠭ᠎ᠠ ᠪᠠᠷᠢᠮᠲᠠᠴᠢᠯᠠᠭᠰᠠᠨ ᠠᠷᠭ᠎ᠠ ᠪᠠᠷᠢᠯ ᠪᠣᠯᠣᠨ ᠬᠡᠷᠡᠭᠯᠡᠭᠴᠢᠳ ᠤᠨ ᠠᠮᠲᠠ ᠰᠢᠮᠳᠠ ᠶᠢᠨ ᠣᠶᠢᠯᠠᠭᠠᠯᠲᠠ ᠶᠢ ᠠᠰᠢᠭᠯᠠᠨ᠂ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ︽ᠶᠠᠭᠤᠨ ᠤ ᠤᠴᠢᠷ ᠠᠴᠠ ᠰᠠᠶᠢᠨ ᠪᠤᠢ᠂ ᠰᠠᠶᠢᠨ ᠨᠢ ᠬᠠᠮᠢᠭ᠎ᠠ ᠪᠠᠶᠢᠬᠤ ᠪᠤᠢ︾᠂ ︽ᠠᠮᠠ ᠠᠮᠠ︾ ᠪᠠᠷ ᠤᠯᠠᠮᠵᠢᠯᠠᠵᠤ᠂ ᠮᠠᠨ ᠤ ᠤᠯᠤᠰ ᠤᠨ ᠶᠢᠰᠦᠳᠦᠭᠡᠷ ᠲᠣᠮᠣ ᠨᠣᠭᠤᠭ᠎ᠠ ᠶᠢᠨ ᠰᠢᠰᠲ᠋ᠧᠮ︱︽ᠦᠪᠦᠷ ᠮᠣᠩᠭᠤᠯ ᠨᠣᠭᠤᠭ᠎ᠠ︾ ᠶᠢ ᠪᠦᠲᠦᠭᠡᠬᠦ ᠳᠤ ᠬᠤᠪᠢ ᠨᠡᠮᠡᠷᠢ ᠦᠵᠡᠭᠦᠯᠦᠨ᠎ᠡ᠃ ︽ᠨᠢᠭᠡ ᠡᠪᠡᠰᠦ᠂ ᠨᠢᠭᠡ ᠬᠤᠨᠢ᠂ ᠨᠢᠭᠡ ᠰᠢᠷᠡᠭᠡ︾ ᠶᠢᠨ ᠠᠵᠤ ᠦᠢᠯᠡᠰ ᠤᠨ ᠬᠥᠭᠵᠢᠯᠲᠡ ᠶᠢᠨ ᠰᠤᠳᠠᠰᠤ ᠶᠢ ᠪᠦᠬᠦ ᠲᠠᠯ᠎ᠠ ᠪᠠᠷ ᠭᠦᠨᠵᠡᠭᠡᠢ ᠲᠠᠶᠢᠯᠪᠤᠷᠢᠯᠠᠬᠤ ᠪᠠᠷ ᠳᠡᠮᠵᠢᠨ᠂ ᠥᠷᠭᠡᠨ ᠠᠭᠤᠳᠠᠮ ᠲᠠᠯ᠎ᠠ ᠨᠤᠲᠤᠭ ᠲᠤ ᠢᠳᠡᠷᠡᠭᠦᠨ ᠢᠶᠠᠷ ᠦᠰᠦᠨ ᠪᠣᠶᠢᠵᠢᠭᠰᠠᠨ ᠰᠢᠯᠢᠳᠡᠭ ᠲᠡᠵᠢᠭᠡᠯ ᠡᠪᠡᠰᠦ ᠠᠴᠠ ᠪᠠᠶᠢᠭᠠᠯᠢ ᠶᠢᠨ ᠡᠪᠡᠰᠦ ᠪᠣᠷᠳᠤᠭ᠎ᠠ ᠪᠠᠷ ᠢᠳᠡᠰᠢ ᠪᠣᠯᠭᠠᠵᠤ᠂ ᠴᠢᠯᠦᠭᠡᠲᠡᠢ ᠪᠡᠯᠴᠢᠭᠡᠷᠯᠡᠭᠦᠯᠦᠨ ᠲᠡᠵᠢᠭᠡᠭᠰᠡᠨ ᠲᠠᠯ᠎ᠠ ᠨᠤᠲᠤᠭ ᠤᠨ ᠬᠤᠨᠢ ᠢᠮᠠᠭ᠎ᠠ ᠬᠦᠷᠲᠡᠯ᠎ᠡ᠂ ᠳᠠᠬᠢᠭᠠᠳ ᠬᠤᠭᠤᠯᠠᠨ ᠰᠢᠷᠡᠭᠡᠨ ᠳᠤ ᠲᠠᠯᠪᠢᠭᠰᠠᠨ ᠠᠮᠲᠠᠲᠤ ᠢᠳᠡᠭᠡᠨ ᠬᠦᠷᠲᠡᠯ᠎ᠡ᠂ ᠥᠪᠥᠷ ᠮᠣᠩᠭᠤᠯ ᠤᠨ ᠲᠠᠯ᠎ᠠ ᠨᠤᠲᠤᠭ ᠤᠨ ᠬᠤᠨᠢᠨ ᠤ ᠠᠵᠤ ᠦᠢᠯᠡᠰ ᠤᠨ ᠲᠠᠯ᠎ᠠ ᠨᠤᠲᠤᠭ ᠠᠴᠠ ᠬᠤᠭᠤᠯᠠᠨ ᠰᠢᠷᠡᠭᠡ ᠬᠦᠷᠲᠡᠯ᠎ᠡ᠂ ᠮᠠᠯᠵᠢᠯ ᠤᠨ ᠲᠠᠯᠠᠪᠠᠶ ᠠᠴᠠ ᠬᠡᠯᠡᠨ ᠤ ᠦᠵᠦᠭᠦᠷ ᠬᠦᠷᠲᠡᠯᠡᠬᠢ ᠪᠥᠬᠦ ᠠᠵᠤ ᠦᠢᠯᠡᠰ ᠤᠨ ᠬᠡᠯᠬᠢᠶ᠎ᠡ ᠪᠠ ᠬᠡᠯᠡᠨ ᠤ ᠦᠵᠦᠭᠦᠷ ᠤᠨ ᠲᠠᠲᠠᠬᠤ ᠬᠦᠴᠦᠨ ᠢ ᠪᠦᠷᠢᠨ ᠢᠯᠡᠷᠡᠭᠦᠯᠦᠭᠰᠡᠨ ᠪᠠᠶᠢᠨ᠎ᠠ᠃
33.webp.png
       ᠲᠣᠰ ᠤᠳᠠᠭ᠎ᠠ ᠶᠢᠨ ᠬᠤᠷᠠᠯ ᠠᠴᠠ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠳᠤ ᠠᠷᠠᠯᠵᠢᠶᠠᠨ ᠤ ᠲᠠᠪᠴᠠᠩ ᠪᠠᠶᠢᠭᠤᠯᠤᠨ ᠥᠭᠴᠦ᠂ ᠪᠦᠲᠦᠭᠡᠭᠳᠡᠬᠦᠨ ᠤ ᠠᠷᠠᠯᠵᠢᠶᠠᠨ ᠤ ᠲᠣᠣᠷ ᠰᠦᠯᠵᠢᠶ᠎ᠡ ᠶᠢ ᠪᠠᠶᠢᠭᠤᠯᠤᠨ᠂ ᠰᠠᠶᠢᠨ ᠪᠦᠲᠦᠭᠡᠭᠳᠡᠬᠦᠨ ᠢ ᠰᠠᠶᠢᠨ ᠦᠨ᠎ᠡ ᠪᠠᠷ ᠬᠤᠳᠠᠯᠳᠤᠨ ᠭᠠᠷᠭᠠᠵᠤ᠂ ᠴᠢᠨᠠᠷ ᠰᠠᠶᠢᠲᠠᠢ ᠪᠥᠭᠡᠳ ᠰᠠᠶᠢᠨ ᠦᠨ᠎ᠡ ᠪᠠᠷ ᠬᠤᠳᠠᠯᠳᠤᠬᠤ ᠶᠢ ᠪᠡᠶᠡᠯᠡᠭᠦᠯᠬᠦ ᠪᠠᠷ ᠲᠤᠷᠰᠢᠵᠠᠢ︔ ᠡᠭᠦᠨ ᠤ ᠬᠠᠮᠲᠤ ᠬᠤᠨᠢᠨ ᠤ ᠠᠵᠤ ᠦᠢᠯᠡᠰ ᠤᠨ ᠬᠡᠯᠬᠢᠶ᠎ᠡ ᠶᠢᠨ ᠠᠳᠠᠯᠢ ᠪᠤᠰᠤ ᠠᠵᠢᠯ ᠲᠥᠷᠥᠯ ᠤᠨ ᠬᠤᠭᠤᠷᠣᠨᠳᠣᠬᠢ ᠰᠣᠯᠢᠯᠴᠠᠭ᠎ᠠ ᠪᠠ ᠠᠭᠤᠰᠤᠯᠴᠠᠯ ᠢ ᠴᠢᠩᠭᠠᠳᠬᠠᠵᠤ᠂ ᠢᠳᠡᠭᠡᠨ ᠤ ᠮᠠᠲ᠋ᠧᠷᠢᠶᠠᠯ ᠤᠨ ᠦᠢᠯᠡᠳᠪᠦᠷᠢᠯᠡᠯ ᠠᠴᠠ ᠢᠳᠡᠭᠡᠨ ᠤᠮᠳᠠᠭᠠᠨ ᠤ ᠦᠢᠯᠡᠴᠢᠯᠡᠭᠡ ᠬᠦᠷᠲᠡᠯ᠎ᠡ᠂ ᠨᠢᠭᠡ ᠦᠷᠲᠡᠭᠡᠴᠢᠯᠡᠭᠰᠡᠨ ᠬᠥᠭᠵᠢᠯᠲᠡ ᠶᠢ ᠪᠡᠶᠡᠯᠡᠭᠦᠯᠵᠦ᠂ ᠪᠦᠬᠦ᠋ᠢᠯᠡ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠨ ᠳᠡᠰ ᠳᠡᠪᠰᠢᠬᠦ ᠶᠢ ᠠᠬᠢᠭᠤᠯᠵᠤ᠂ ᠥᠪᠥᠷ ᠮᠣᠩᠭᠤᠯ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢᠨ ᠳᠦᠷᠢ ᠲᠥᠷᠬᠦ ᠶᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠥᠪᠡᠷᠮᠢᠴᠡ ᠷᠢᠳᠢ ᠰᠢᠳᠢ ᠶᠢ ᠪᠥᠬᠦ ᠤᠯᠤᠰ ᠴᠢᠨᠠᠭᠰᠢᠯᠠᠪᠠᠯ ᠳᠡᠯᠡᠬᠡᠢ ᠶᠢᠨ ᠬᠡᠷᠡᠭᠯᠡᠭᠴᠢᠳ ᠲᠤ ᠳᠡᠯᠭᠡᠨ ᠦᠵᠡᠭᠦᠯᠬᠦ ᠶᠢ ᠲᠦᠯᠬᠢᠨ ᠠᠬᠢᠭᠤᠯᠵᠤ᠂ ᠥᠪᠥᠷ ᠮᠣᠩᠭᠤᠯ ᠤᠨ ᠰᠠᠶᠢᠨ ᠢᠳᠡᠭᠡᠨ ᠤ ᠮᠠᠲ᠋ᠧᠷᠢᠶᠠᠯ ᠬᠢᠭᠡᠳ ᠢᠳᠡᠭᠡᠨ ᠤᠮᠳᠠᠭᠠᠨ ᠤ ᠰᠣᠶᠣᠯ ᠤᠨ ᠪᠥᠬᠦ ᠤᠯᠤᠰ᠂ ᠳᠡᠯᠡᠬᠡᠢ ᠳᠤ ᠬᠠᠨᠳᠤᠬᠤ ᠳᠤ ᠬᠦᠴᠦᠨ ᠨᠡᠮᠡᠷᠢᠯᠡᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠷᠭᠦᠯᠵᠢᠯᠡᠨ ᠲᠦᠷᠭᠡᠨ ᠪᠥᠭᠡᠳ ᠴᠢᠨᠠᠷ ᠰᠠᠶᠢᠲᠠᠢ ᠬᠥᠭᠵᠢᠬᠦ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠭᠰᠠᠨ ᠪᠠᠶᠢᠨ᠎ᠠ᠃
44.webp.png
       ᠲᠤᠰ ᠤᠳᠠᠭ᠎ᠠ ᠶᠢᠨ ᠬᠤᠷᠠᠯ ᠢ ᠠᠮᠵᠢᠯᠲᠠ ᠲᠠᠢ ᠡᠷᠬᠢᠯᠡᠭᠰᠡᠨ ᠨᠢ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠲᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠥᠭᠡᠳ ᠪᠤᠰᠤᠳ ᠭᠠᠵᠠᠷ ᠣᠷᠣᠨ ᠤ ᠣᠨᠴᠠᠯᠢᠭᠲᠤ ᠲᠠᠷᠢᠶᠠᠯᠠᠩ ᠢ ᠬᠥᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠡᠷᠬᠢᠮ ᠨᠠᠨᠳᠢᠨ ᠲᠣᠯᠢᠯᠠᠬᠤ ᠲᠤᠷᠰᠢᠯᠭ᠎ᠠ ᠬᠠᠩᠭᠠᠵᠠᠢ᠃ ᠢᠷᠡᠭᠡᠳᠦᠢ ᠳᠤ᠂ ᠥᠪᠥᠷ ᠮᠣᠩᠭᠤᠯ  ᠨᠢ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠳᠦ ᠲᠡᠮᠳᠡᠭᠲᠦ ᠶᠢ ᠭᠡᠷᠡᠯᠳᠦᠬᠦᠯᠵᠦ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠴᠣ᠋ ᠰᠢᠨ᠎ᠡ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃
55.webp.png
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号