ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠢᠭᠡᠳ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠦᠨᠡᠯᠡᠯᠲᠡ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/1/20
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠂ ᠬᠠᠮᠢᠶ᠎ᠠ ᠪᠦᠬᠦᠢ ᠨᠢᠭᠡᠴᠡ ᠳᠤ᠄      ᠪᠦᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠪᠠ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠵᠢᠷᠤᠮᠵᠢᠯ ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠦᠨᠡᠯᠡᠯᠲᠡ ᠶᠢᠨ ᠠᠷᠭ᠎ᠠ︾ ᠶᠢ ᠲᠣᠭᠲᠠᠭᠠᠵᠤ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠵᠢᠷᠤᠮᠯᠠᠨ ᠬᠡᠷᠡᠭᠵᠢᠭᠦᠯᠲᠦᠭᠡᠢ᠃                                                              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                            ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ                             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ                            ᠡᠬᠢ ᠪᠠᠶᠠᠯᠢᠭ ᠤᠨ ᠠᠷᠠᠯᠵᠢᠶᠠᠨ ᠤ ᠲᠥᠪ                                               2025 ᠣᠨ ᠤ 1 ᠰᠠᠷ᠎ᠠ ᠶᠢᠨ 20 ᠤ ᠡᠳᠦᠷ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠠᠷᠭ᠎ᠠ      ᠨᠢᠭᠡᠳᠦᠭᠡᠷ ᠪᠦᠯᠦᠭ  ᠶᠡᠷᠦᠩᠬᠡᠢ ᠳᠦᠷᠢᠮ      ᠨᠢᠭᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ ᠶᠢ ᠬᠡᠷᠡᠭᠵᠢᠭᠦᠯᠬᠦ ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢ ᠬᠡᠷᠡᠭᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ︽ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠦᠨ ᠲᠡᠭᠦᠯᠳᠡᠷᠵᠢᠭᠦᠯᠵᠦ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠠᠬ᠎ᠠ ᠳᠡᠯᠭᠡᠭᠦᠷ ᠤᠨ ᠵᠢᠷᠤᠮᠵᠢᠭᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠰᠠᠨᠠᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠲᠤᠬᠠᠢ ᠮᠡᠳᠡᠭᠳᠡᠯ︾ ᠤᠨ ᠲᠣᠭᠲᠠᠭᠠᠯ ᠢ ᠦᠨᠳᠦᠰᠦᠯᠡᠵᠦ᠂ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠣᠳᠠᠲᠠᠢ ᠲᠠᠢ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃       ᠬᠤᠶᠠᠳᠤᠭᠠᠷ ᠵᠦᠢᠯ  ᠲᠣᠰ ᠠᠷᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠠᠤᠯᠢ ᠶᠣᠰᠣᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ᠂ ᠵᠢᠴᠢ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢ ᠬᠡᠷᠡᠭᠯᠡᠨ ᠬᠤᠳᠠᠯᠳᠤᠨ ᠠᠪᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠪᠠᠷᠢᠯᠭ᠎ᠠ᠂ ᠪᠠᠷᠠᠭ᠎ᠠ᠂ ᠦᠢᠯᠡᠴᠢᠯᠡᠭᠡ ᠵᠡᠷᠭᠡ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠳᠤ ᠬᠡᠷᠡᠭᠯᠡᠨ᠎ᠡ᠃ ᠪᠤᠰᠤᠳ ᠠᠷᠭ᠎ᠠ ᠮᠠᠶ᠋ᠢᠭ ᠢᠶᠠᠷ ᠬᠤᠳᠠᠯᠳᠤᠨ ᠠᠪᠬᠤ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠪᠠ ︽ᠣᠷᠣᠨ ᠨᠤᠲᠤᠭ ᠤᠨ ᠲᠥᠰᠥᠪ ᠤᠨ ᠨᠢᠭᠡᠴᠡ ᠶᠢᠨ ᠵᠠᠰᠠᠭ ᠤᠨ ᠣᠷᠳᠣᠨ ᠤ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠵᠢᠴᠢ ᠪᠠᠷᠢᠮᠵᠢᠶ᠎ᠠ ᠶᠢᠨ ᠵᠢᠯᠣᠭᠤᠳᠤᠮᠵᠢ ︵2020 ᠣᠨ ᠤ ᠬᠡᠪᠯᠡᠯ︶ ᠵᠢᠴᠢ ︽ᠪᠥᠬᠦ ᠣᠷᠣᠨ ᠤ ᠨᠢᠭᠡᠳᠦᠯᠲᠡᠢ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ︵2025 ᠣᠨ ᠤ ᠬᠡᠪᠯᠡᠯ︶︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ ᠬᠡᠷᠡᠭᠲᠡᠢ᠃       ᠭᠤᠷᠪᠠᠳᠤᠭᠠᠷ ᠵᠦᠢᠯ  ᠲᠤᠰ ᠠᠷᠭ᠎ᠠ ᠳᠤ ᠲᠣᠭᠲᠠᠭᠠᠭᠰᠠᠨ ᠡᠷᠬᠡᠪᠰᠢ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠬᠢᠬᠦ ᠬᠡᠷᠡᠭᠲᠡᠢ ᠲᠥᠷᠥᠯ ᠵᠦᠢᠯ ᠭᠡᠳᠡᠭ ᠨᠢ ᠲᠥᠪ ᠬᠢᠭᠡᠳ ᠣᠷᠣᠨᠨᠤᠲᠤᠭ ᠤᠨ ᠡᠯ᠎ᠡ ᠱᠠᠲᠤᠨ ᠤ ᠡᠳ᠋ ᠤᠨ ᠵᠠᠰᠠᠭ ᠠᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ ᠪᠡᠯᠡ ᠮᠥᠩᠭᠦ ᠣᠷᠣᠭᠤᠯᠵᠤ ᠪᠦᠲᠦᠭᠡᠨ ᠪᠠᠶᠢᠭᠤᠯᠬᠤ ᠪᠠᠷᠢᠯᠭ᠎ᠠ᠂ ᠪᠠᠷᠠᠭ᠎ᠠ ᠪᠣᠯᠣᠨ ᠦᠢᠯᠡᠴᠢᠯᠡᠭᠡ ᠶᠢ ᠵᠢᠭᠠᠵᠤ ᠪᠤᠢ᠃       ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠭᠡᠳᠡᠭ ᠨᠢ ᠤᠯᠤᠰ ᠤᠨ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠳᠦᠷᠢᠮ︾ ︵GB/T 30600︱2022︶ ᠤᠨ ᠱᠠᠭᠠᠷᠳᠠᠭᠰᠠᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠤᠰᠤᠳ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠢᠨᠵᠧᠨᠧᠷᠢᠩ ᠢ ᠵᠢᠭᠠᠵᠤ ᠪᠣᠶ︔ ᠡᠳ᠋ ᠪᠠᠷᠠᠭ᠎ᠠ ᠭᠡᠳᠡᠭ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠷᠢᠯᠭ᠎ᠠ ᠶᠢᠨ ᠦᠨᠳᠦᠰᠦᠨ ᠴᠢᠳᠠᠮᠵᠢ ᠶᠢ ᠪᠦᠷᠢᠯᠳᠦᠭᠦᠯᠬᠦ ᠳᠤ ᠵᠠᠪᠠᠯ ᠬᠡᠷᠡᠭᠰᠡᠬᠦ ᠲᠥᠬᠦᠭᠡᠷᠦᠮᠵᠢ ᠪᠠ ᠮᠠᠲ᠋ᠧᠷᠢᠶᠠᠯ ᠵᠡᠷᠭᠡ ᠶᠢ ᠵᠢᠭᠠᠵᠤ ᠪᠠᠶᠢᠨ᠎ᠠ︔ ᠦᠢᠯᠡᠴᠢᠯᠡᠭᠡ ᠭᠡᠳᠡᠭ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠢᠨᠵᠧᠨᠧᠷᠢᠩ ᠢ ᠪᠡᠶᠡᠯᠡᠭᠦᠯᠬᠦ ᠳᠤ ᠬᠡᠷᠡᠭᠰᠡᠬᠦ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠬᠢᠨᠠᠨ ᠬᠠᠮᠢᠶᠠᠷᠬᠤ᠂ ᠨᠤᠲᠠᠯᠠᠬᠤ᠂ ᠰᠢᠯᠭᠠᠨ ᠠᠪᠬᠤ᠂ ᠵᠥᠪᠯᠡᠯᠭᠡ ᠥᠭᠬᠦ ᠵᠡᠷᠭᠡ ᠠᠵᠢᠯᠯᠠᠭ᠎ᠠ ᠶᠢ ᠵᠢᠭᠠᠵᠤ ᠪᠠᠶᠢᠨ᠎ᠠ᠃       ᠳᠥᠷᠪᠡᠳᠦᠭᠡᠷ ᠵᠦᠢᠯ  ︽ᠣᠷᠣᠭᠤᠯᠬᠤ ᠶᠣᠰᠣᠲᠠᠢ ᠶᠢ ᠨᠢ ᠵᠠᠪᠠᠯ ᠣᠷᠣᠭᠤᠯᠬᠤ︾ ᠵᠠᠷᠴᠢᠮ ᠶᠣᠰᠣᠭᠠᠷ᠂ ᠬᠠᠤᠯᠢ ᠶᠣᠰᠣᠭᠠᠷ ᠵᠠᠪᠠᠯ ᠳᠠᠭᠠᠭᠠᠴᠢᠯᠠᠯᠲᠠ ᠵᠠᠷᠯᠠᠬᠤ ᠬᠡᠷᠡᠭᠲᠡᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠪᠠᠶᠢᠭᠤᠯᠤᠭᠰᠠᠨ ᠡᠯ᠎ᠡ ᠱᠠᠲᠤ᠂ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠷᠣᠭᠤᠯᠤᠨ ᠠᠷᠠᠯᠵᠢᠶᠠᠯᠠᠵᠤ᠂ ᠪᠥᠬᠦ ᠴᠤᠪᠤᠷᠠᠯ ᠤᠨ ᠡᠯᠧᠺᠲ᠋ᠣᠷᠣᠨᠴᠢᠯᠠᠭᠰᠠᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠪᠠ ᠠᠯᠤᠰ  ᠠᠴᠠ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠶᠢ ᠬᠡᠷᠡᠭᠵᠢᠭᠦᠯᠦᠨ᠎ᠡ᠃       ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠲᠠᠯᠠᠪᠤᠷ ᠲᠤ ᠣᠷᠣᠬᠤ ᠨᠥᠬᠦᠴᠡᠯ ᠳᠤ ᠥᠯᠥ ᠬᠦᠷᠦᠭᠰᠡᠨ ᠲᠥᠷᠥᠯ ᠵᠦᠢᠯ ᠢ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠤᠳᠠᠯᠳᠤᠨ ᠠᠪᠤᠨ᠎ᠠ᠃       ᠲᠠᠪᠤᠳᠤᠭᠠᠷ ᠵᠦᠢᠯ  ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯ ᠳᠤ ᠱᠠᠲᠤ ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠎ᠡ᠃       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢ ᠬᠠᠷᠢᠭᠤᠴᠠᠨ ᠵᠢᠯᠣᠭᠤᠳᠤᠨ᠎ᠠ᠃       ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢ ᠵᠢᠯᠤᠭᠤᠳᠬᠤ ᠶᠢᠨ ᠬᠠᠮᠲᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃       ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠬᠦ ᠶᠢ ᠬᠠᠷᠢᠭᠤᠴᠠᠨ᠎ᠠ᠃       ᠬᠤᠶᠠᠳᠤᠭᠠᠷ ᠪᠦᠯᠦᠭ  ᠳᠠᠭᠠᠭᠠᠴᠢᠯᠠᠯᠲᠠ ᠵᠠᠷᠯᠠᠬᠤ      ᠵᠢᠷᠭᠤᠳᠤᠭᠠᠷ ᠵᠦᠢᠯ  ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ  ᠠᠴᠠ ᠡᠮᠦᠨ᠎ᠡ ᠲᠥᠷᠥᠯ ᠵᠦᠢᠯ ᠤᠨ ᠬᠠᠤᠯᠢ ᠶᠢᠨ ᠡᠷᠬᠡᠲᠡᠨ ᠢ ᠪᠠᠶᠢᠭᠤᠯᠵᠤ᠂ ᠲᠥᠷᠥᠯ ᠵᠦᠢᠯ ᠤᠨ ᠬᠠᠤᠯᠢ ᠶᠢᠨ ᠡᠷᠬᠡᠲᠡᠨ ᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠂ ᠲᠥᠷᠥᠯ ᠵᠦᠢᠯ ᠤᠨ ᠬᠠᠤᠯᠢ ᠶᠢᠨ ᠡᠷᠬᠡᠲᠡᠨ ᠠᠴᠠ ︽ᠬᠡᠨ ᠳᠠᠭᠠᠭᠠᠴᠢᠯᠠᠯᠲᠠ ᠵᠠᠷᠯᠠᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠤᠨ ᠥᠷᠨᠢᠭᠦᠯᠬᠦ ᠬᠡᠷᠡᠭᠲᠡᠢ᠃ ᠳᠠᠭᠠᠭᠠᠴᠢᠯᠠᠯᠲᠠ ᠵᠠᠷᠯᠠᠬᠤ ᠲᠥᠰᠥᠯ ᠲᠣᠭᠲᠠᠭᠠᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠭᠤᠭᠴᠤᠭ᠎ᠠ ᠳᠤ ᠳᠣᠲᠣᠭᠠᠳᠤ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠣᠨᠳᠣᠣ ᠰᠠᠨᠠᠯ ᠪᠠ ᠵᠠᠭᠠᠯᠳᠤᠯᠭ᠎ᠠ ᠶᠢ ᠰᠢᠢᠳᠪᠦᠷᠢᠯᠡᠬᠦ ᠳᠤ ᠢᠳᠡᠪᠬᠢᠲᠡᠢ ᠬᠠᠮᠵᠢᠯᠴᠠᠬᠤ ᠬᠡᠷᠡᠭᠲᠡᠢ᠃ ᠳᠠᠭᠠᠭᠠᠴᠢᠯᠠᠯᠲᠠ ᠵᠠᠷᠯᠠᠬᠤ ᠲᠥᠰᠥᠯ ᠢ ᠲᠤᠰ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠳᠡᠭᠡᠳᠦ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃       ᠳᠣᠯᠣᠳᠤᠭᠠᠷ ᠵᠦᠢᠯ  ᠳᠠᠭᠠᠭᠠᠴᠢᠯᠠᠯᠲᠠ ᠵᠠᠷᠯᠠᠭᠴᠢ ᠨᠢ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠬᠦᠴᠦᠨ ᠲᠠᠢ ᠬᠤᠭᠤᠴᠠᠭ᠎ᠠ ᠵᠡᠷᠭᠡ ᠣᠨᠴᠠᠭᠠᠶ ᠴᠢᠨᠠᠷ ᠢ ᠦᠨᠳᠦᠰᠦᠯᠡᠨ ᠳᠠᠭᠠᠭᠠᠴᠢᠯᠠᠯᠲᠠ ᠶᠢᠨ ᠬᠡᠰᠡᠭ ᠢ ᠵᠦᠢ ᠵᠣᠬᠢᠰᠲᠠᠢ ᠪᠠᠷ ᠬᠤᠪᠢᠶᠠᠷᠢᠯᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠭᠲᠠᠭᠠᠵᠤ᠂ ᠶᠠᠰᠤ ᠴᠢᠨᠠᠷ᠂ ᠠᠶᠤᠯᠭᠦᠢ ᠪᠠᠶᠢᠬᠤ ᠵᠡᠷᠭᠡ ᠬᠠᠷᠠᠯᠲᠠ ᠶᠢᠨ ᠱᠠᠭᠠᠷᠳᠠᠯᠭ᠎ᠠ ᠪᠠᠨ ᠳᠤᠷᠠᠳᠴᠤ ᠪᠣᠯᠬᠤ ᠪᠥᠭᠡᠳ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠠᠭᠠᠨ ᠲᠣᠳᠣᠷᠬᠠᠢ ᠲᠡᠮᠳᠡᠭᠯᠡᠵᠦ ᠪᠣᠯᠣᠨ᠎ᠠ᠃ ᠬᠡᠪᠴᠢᠶ᠎ᠡ ᠪᠠᠷ ᠪᠠᠭ᠎ᠠ᠂ ᠳᠣᠪᠣᠷᠬᠠᠭ ᠠᠭᠤᠯᠠᠷᠬᠠᠭ ᠣᠷᠣᠨ᠂ ᠬᠡᠰᠡᠭ ᠭᠠᠵᠠᠷ ᠵᠡᠷᠭᠡ ᠵᠠᠯᠭᠠᠯᠳᠤᠭᠰᠠᠨ ᠦᠭᠡᠢ ᠲᠠᠷᠢᠶᠠᠨ ᠭᠠᠵᠠᠷ ᠲᠤ ᠪᠣᠯ᠂ ᠲᠥᠷᠥᠯ ᠵᠦᠢᠯ ᠤᠨ ᠬᠠᠮᠢᠶᠠᠷᠤᠯᠲᠠ ᠳᠤ ᠠᠰᠢᠭᠲᠠᠢ ᠪᠠᠶᠢᠯᠭᠠᠬᠤ ᠵᠠᠷᠴᠢᠮ ᠶᠣᠰᠣᠭᠠᠷ᠂ ᠰᠢᠶᠠᠩ ᠪᠠᠯᠭᠠᠰᠤ᠂ ᠤᠰᠤᠯᠠᠯᠲᠠ ᠶᠢᠨ ᠣᠷᠣᠨ ᠪᠤᠶᠤ ᠵᠠᠮ ᠬᠠᠷᠢᠯᠴᠠᠭᠠᠨ ᠤ ᠱᠤᠭᠤᠮ ᠵᠡᠷᠭᠡ ᠪᠠᠷ ᠨᠢᠭᠡᠴᠢ ᠪᠣᠯᠭᠠᠨ ᠪᠠᠷᠢᠮᠵᠢᠶ᠎ᠠ ᠶᠢᠨ ᠬᠡᠰᠡᠭ ᠢ ᠵᠦᠢ ᠵᠣᠬᠢᠰᠲᠠᠢ ᠪᠠᠶᠢᠷᠢᠯᠠᠭᠤᠯᠵᠤ᠂ ᠵᠠᠷᠴᠢᠮ ᠳᠡᠭᠡᠷ᠎ᠡ ᠪᠠᠨ ᠪᠠᠷᠢᠯᠭ᠎ᠠ ᠶᠢᠨ ᠪᠠᠷᠢᠮᠵᠢᠶ᠎ᠠ ᠶᠢᠨ ᠬᠡᠰᠡᠭ ᠤᠨ ᠲᠠᠯᠠᠪᠠᠶ ᠶᠢ 10000 ᠮᠦ ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠣᠨ ᠤ ᠪᠠᠷᠢᠯᠭ᠎ᠠ ᠶᠢᠨ ᠡᠭᠦᠷᠭᠡ ᠶᠢ ᠪᠦᠬᠦᠯᠢ ᠴᠣᠭᠴᠠ ᠪᠠᠷ ᠨᠢ ᠳᠠᠭᠠᠭᠠᠴᠢᠯᠠᠭᠤᠯᠬᠤ ᠶᠢ ᠵᠥᠪᠰᠢᠶᠡᠷᠡᠨ᠎ᠡ᠃ ᠳᠠᠭᠠᠭᠠᠴᠢᠯᠠᠯᠲᠠ ᠵᠠᠷᠯᠠᠭᠴᠢ ᠨᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠳᠤ ᠣᠷᠣᠬᠤ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠬᠤ ᠬᠡᠷᠡᠭᠲᠡᠢ᠂ ᠳᠠᠭᠠᠭᠠᠴᠢᠯᠠᠯᠲᠠ ᠶᠢᠨ ᠬᠡᠰᠡᠭ ᠢ ᠬᠤᠪᠢᠶᠠᠷᠢᠯᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠪᠣᠳᠠᠲᠤ ᠬᠡᠷᠡᠭᠴᠡᠭᠡ ᠲᠠᠢ ᠵᠣᠬᠢᠴᠠᠬᠤ ᠦᠭᠡᠢ ᠪᠤᠶᠤ ᠭᠡᠷ᠎ᠡ ᠶᠢ ᠭᠦᠢᠴᠡᠳᠬᠡᠬᠦ ᠲᠠᠢ ᠬᠤᠯᠪᠣᠭᠳᠠᠯ ᠦᠭᠡᠢ ᠵᠦᠢ ᠵᠣᠬᠢᠰ ᠦᠭᠡᠢ ᠨᠥᠬᠦᠴᠡᠯ ᠢ ᠠᠰᠢᠭᠯᠠᠨ ᠳᠠᠭᠠᠭᠠᠴᠢᠯᠠᠯᠲᠠ ᠳᠤ ᠣᠷᠣᠬᠤ ᠳᠠᠯᠳᠠ ᠬᠥᠮᠥᠨ ᠢ ᠬᠢᠵᠠᠭᠠᠷᠯᠠᠬᠤ ᠪᠤᠶᠤ ᠭᠠᠳᠠᠭᠤᠷᠴᠢᠯᠠᠵᠤ ᠪᠣᠯᠬᠤ ᠦᠭᠡᠢ᠃       ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠨᠢ ᠪᠥᠬᠦ ᠶᠠᠪᠤᠴᠠ ᠶᠢᠨ ᠪᠠᠷᠢᠯᠭ᠎ᠠ ᠶᠢᠨ ᠯᠠᠪᠯᠠᠭ᠎ᠠ ᠥᠭᠬᠦ᠂ ᠪᠠᠷᠢᠯᠭ᠎ᠠ ᠶᠢᠨ ᠶᠡᠷᠦᠩᠬᠡᠢ ᠳᠠᠭᠠᠭᠠᠴᠢᠯᠠᠯᠲᠠ ᠶᠢᠨ ᠵᠠᠭᠪᠤᠷ ᠢᠶᠠᠷ ᠳᠠᠭᠠᠭᠠᠴᠢᠯᠠᠯᠲᠠ ᠵᠠᠷᠯᠠᠬᠤ ᠶᠢ ᠵᠣᠷᠢᠭᠵᠢᠭᠤᠯᠬᠤ ᠪᠥᠭᠡᠳ ᠲᠣᠰ ᠲᠣᠰ ᠲᠤᠨᠢ ᠳᠠᠭᠠᠭᠠᠴᠢᠯᠠᠯᠲᠠ ᠵᠠᠷᠯᠠᠭᠰᠠᠨ ᠴᠤ ᠪᠣᠯᠣᠨ᠎ᠠ᠃       ᠨᠠᠢᠮᠠᠳᠤᠭᠠᠷ ᠵᠦᠢᠯ  ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ  ᠨᠢ ᠡᠷᠬᠡᠪᠰᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠳᠠᠭᠠᠭᠠᠴᠢᠯᠠᠯᠲᠠ ᠵᠠᠷᠯᠠᠬᠤ ᠬᠡᠪᠴᠢᠶᠡᠨ ᠳᠠᠬᠢ ᠵᠣᠬᠢᠴᠠᠩᠭᠤᠢ ᠮᠡᠷᠭᠡᠵᠢᠯ᠂ ᠦᠢᠯᠡᠴᠢᠯᠡᠭᠡᠨ ᠤ ᠴᠢᠳᠠᠪᠤᠷᠢ ᠲᠠᠢ ᠪᠠ ᠵᠦᠢᠯᠡᠰ ᠢ ᠮᠡᠳᠡᠭᠦᠯᠦᠨ ᠪᠠᠶᠢᠭᠤᠯᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠲᠠᠯᠠᠪᠤᠷ ᠲᠤ ᠣᠷᠣᠬᠤ ᠭᠠᠷ ᠭᠦᠢᠴᠡᠳᠬᠡᠯ ᠬᠢᠬᠦ ᠶᠢ ᠰᠠᠶᠢᠨ ᠮᠡᠳᠡᠳᠡᠭ ᠲᠤᠰᠬᠠᠢ ᠮᠡᠷᠭᠡᠵᠢᠯ ᠤᠨ ᠠᠵᠢᠯᠲᠠᠨ ᠲᠠᠢ ᠪᠠᠶᠢᠬᠤ ᠬᠡᠷᠡᠭᠲᠡᠢ᠃ ᠡᠷᠬᠡᠪᠰᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠴᠢᠳᠠᠪᠤᠷᠢ ᠲᠠᠢ ᠪᠠᠶᠢᠵᠤ᠂ ᠳᠠᠭᠠᠭᠠᠴᠢᠯᠠᠯᠲᠠ ᠵᠠᠷᠯᠠᠭᠴᠢ ᠶᠢ ᠬᠠᠪᠰᠤᠷᠤᠨ ᠲᠥᠷᠥᠯ ᠵᠦᠢᠯ ᠤᠨ ᠣᠨᠴᠠᠯᠢᠭ᠂ ᠬᠡᠷᠡᠭᠵᠢᠭᠦᠯᠬᠦ ᠣᠷᠣᠨ ᠪᠦᠰᠡ᠂ ᠪᠡᠯᠡ ᠣᠷᠣᠭᠤᠯᠤᠯᠲᠠ ᠶᠢᠨ ᠵᠣᠭᠤᠰ ᠤᠨ ᠲᠤᠭ᠎ᠠ᠂ ᠳᠠᠭᠠᠭᠠᠴᠢᠯᠠᠯᠲᠠ ᠵᠠᠷᠯᠠᠬᠤ ᠠᠭᠤᠯᠭ᠎ᠠ ᠶᠢ ᠦᠨᠳᠦᠰᠦᠯᠡᠨ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠵᠢᠴᠢ ᠳᠠᠭᠠᠭᠠᠴᠢᠯᠠᠯᠲᠠ ᠶᠢᠨ ᠬᠡᠰᠡᠭ ᠤᠨ ᠬᠤᠪᠢᠶᠠᠷᠢᠯᠠᠯ ᠢ ᠲᠣᠭᠲᠠᠭᠠᠵᠤ ᠳᠡᠶᠢᠯᠬᠦ ᠬᠡᠷᠡᠭᠲᠡᠢ᠃       ᠭᠤᠷᠪᠠᠳᠤᠭᠠᠷ ᠪᠦᠯᠦᠭ   ᠳᠠᠭᠠᠭᠠᠴᠢᠯᠠᠯᠲᠠ ᠬᠦᠯᠢᠶᠡᠬᠦ       ᠶᠢᠰᠦᠳᠦᠭᠡᠷ ᠵᠦᠢᠯ  ᠳᠠᠭᠠᠭᠠᠴᠢᠯᠠᠯᠲᠠ ᠳᠤ ᠣᠷᠣᠭᠴᠢ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠠ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ᠪᠥᠭᠡᠳ ᠲᠣᠭᠲᠠᠪᠤᠷᠢᠲᠠᠢ ᠵᠦᠢᠯᠡᠰ ᠤᠨ ᠪᠦᠯᠬᠦᠮ ᠨᠡᠶᠢᠲᠡ ᠪᠠ ᠵᠣᠬᠢᠬᠤ ᠲᠣᠭᠠᠨ ᠤ ᠲᠤᠰᠬᠠᠢ ᠮᠡᠷᠭᠡᠵᠢᠯ ᠤᠨ ᠠᠵᠢᠯᠲᠠᠨ ᠲᠠᠢ ᠪᠠᠶᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠡᠭᠦᠷᠭᠡᠯᠡᠬᠦ ᠴᠢᠳᠠᠪᠤᠷᠢ ᠲᠠᠢ ᠪᠠᠶᠢᠬᠤ ᠬᠡᠷᠡᠭᠲᠡᠢ᠃       ᠠᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠦᠨᠡᠯᠡᠯᠲᠡ ᠶᠢᠨ ᠬᠠᠷ᠎ᠠ ᠲᠠᠩᠰᠠᠨ ᠳᠤ ᠵᠢᠭᠰᠠᠭᠠᠭᠳᠠᠭᠰᠠᠨ ᠠᠵᠤ ᠠᠬᠤᠶᠢᠯᠠᠯ ᠨᠢ᠂ ᠭᠤᠷᠪᠠᠨ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠬᠤ ᠶᠢ ᠵᠥᠪᠰᠢᠶᠡᠷᠡᠬᠦ ᠦᠭᠡᠢ᠃       ᠠᠷᠪᠠᠨ ᠨᠢᠭᠡᠳᠦᠭᠡᠷ ᠵᠦᠢᠯ  ᠳᠠᠭᠠᠭᠠᠴᠢᠯᠠᠯᠲᠠ ᠳᠤ ᠣᠷᠣᠭᠴᠢ ᠥᠷᠢᠰᠦᠯᠳᠦᠭᠡᠨ ᠤ ᠦᠨ᠎ᠡ ᠬᠠᠩᠰᠢ ᠶᠢ ᠬᠤᠤᠷᠤᠨ ᠰᠠᠨᠠᠭ᠎ᠠ  ᠲᠠᠢ ᠪᠠᠷ ᠪᠠᠭᠤᠷᠠᠭᠤᠯᠵᠤ ᠪᠣᠯᠬᠤ ᠦᠭᠡᠢ᠂ ᠪᠤᠰᠤᠳ ᠤᠨ ᠡᠬᠢ ᠪᠠᠶᠠᠯᠢᠭ ᠢ ᠠᠰᠢᠭᠯᠠᠨ ᠳᠠᠭᠠᠭᠠᠴᠢᠯᠠᠯᠲᠠ ᠳᠤ ᠣᠷᠣᠯᠴᠠᠵᠤ ᠪᠣᠯᠬᠤ ᠦᠭᠡᠢ︔ ᠲᠦᠷᠢᠶᠡᠰᠦᠯᠡᠭᠦᠯᠬᠦ᠂ ᠲᠦᠰᠢᠭᠯᠡᠬᠦ᠂ ᠰᠢᠯᠵᠢᠭᠦᠯᠦᠨ ᠳᠠᠭᠠᠭᠠᠴᠢᠯᠠᠭᠤᠯᠬᠤ᠂ ᠠᠵᠢᠯ ᠤᠨ ᠪᠦᠲᠦᠮᠵᠢ ᠶᠢ ᠬᠤᠳᠠᠯ ᠢᠶᠠᠷ ᠮᠡᠳᠡᠭᠦᠯᠬᠦ ᠵᠡᠷᠭᠡ ᠬᠡᠯᠪᠡᠷᠢ ᠶᠢ ᠠᠪᠬᠤ ᠪᠤᠶᠤ ᠪᠤᠰᠤᠳ ᠠᠷᠭ᠎ᠠ ᠮᠠᠶ᠋ᠢᠭ ᠢᠶᠠᠷ ᠬᠤᠳᠠᠯ ᠬᠠᠭᠤᠷᠮᠠᠭ ᠢᠶᠠᠷ ᠵᠣᠬᠢᠶᠠᠵᠤ᠂ ᠳᠠᠭᠠᠭᠠᠴᠢᠯᠠᠯᠲᠠ ᠶᠢ ᠮᠡᠬᠡᠯᠡᠨ ᠣᠯᠵᠤ ᠪᠣᠯᠬᠤ ᠦᠭᠡᠢ᠃ ᠬᠡᠷᠪᠡ ᠪᠠᠶᠢᠴᠠᠭᠠᠭᠠᠳ ᠡᠶᠢᠮᠦ ᠪᠠᠶᠢᠳᠠᠯ ᠪᠠᠶᠢᠪᠠᠯ ᠳᠠᠭᠠᠭᠠᠴᠢᠯᠠᠯᠲᠠ ᠵᠠᠷᠯᠠᠭᠴᠢ ᠶᠢᠨ ᠳᠠᠭᠠᠭᠠᠴᠢᠯᠠᠯᠲᠠ ᠬᠦᠯᠢᠶᠡᠬᠦ᠂ ᠳᠠᠭᠠᠭᠠᠴᠢᠯᠠᠯᠲᠠ ᠣᠯᠬᠤ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠡᠷᠬᠡ ᠲᠠᠢ ᠪᠠᠶᠢᠵᠤ᠂ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ︾ ᠤᠨ ᠶᠣᠰᠣᠭᠠᠷ ᠰᠢᠢᠳᠬᠡᠨ ᠲᠣᠷᠭᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠦᠨᠡᠯᠡᠯᠲᠡ ᠶᠢᠨ ᠬᠠᠷ᠎ᠠ ᠲᠠᠩᠰᠠ ᠶᠢᠨ D ᠲᠠᠰ ᠲᠤ ᠵᠢᠭᠰᠠᠭᠠᠨ ᠣᠷᠣᠭᠤᠯᠤᠨ᠎ᠠ᠃       ᠳᠥᠷᠪᠡᠳᠦᠭᠡᠷ ᠪᠦᠯᠦᠭ  ᠳᠠᠭᠠᠭᠠᠴᠢᠯᠠᠯᠲᠠ ᠨᠡᠶᠢᠲᠡᠯᠡᠬᠦ᠂ ᠳᠠᠭᠠᠭᠠᠴᠢᠯᠠᠯᠲᠠ ᠦᠨᠡᠯᠡᠬᠦ ᠪᠠ ᠳᠠᠭᠠᠭᠠᠴᠢᠯᠠᠯᠲᠠ ᠣᠯᠬᠤ      ᠠᠷᠪᠠᠨ ᠬᠤᠶᠠᠳᠤᠭᠠᠷ ᠵᠦᠢᠯ   ᠲᠥᠷᠥᠯ ᠵᠦᠢᠯ ᠢ ᠰᠢᠭᠤᠳ ᠭᠤᠤᠯᠯᠠᠨ  ᠬᠠᠮᠢᠶᠠᠷᠬᠤ ᠰᠠᠯᠠᠭ᠎ᠠ ᠮᠥᠴᠢᠷ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠴᠠᠭ᠂ ᠭᠠᠵᠠᠷ ᠤᠨ ᠶᠣᠰᠣᠭᠠᠷ ᠳᠠᠭᠠᠭᠠᠴᠢᠯᠠᠯᠲᠠ ᠨᠡᠶᠢᠲᠡᠯᠡᠬᠦ ᠬᠤᠷᠠᠯᠳᠤᠭᠠᠨ ᠳᠤ ᠣᠷᠣᠯᠴᠠᠬᠤ ᠬᠡᠷᠡᠭᠲᠡᠢ᠃ ᠳᠠᠭᠠᠭᠠᠴᠢᠯᠠᠯᠲᠠ ᠰᠢᠯᠭᠠᠷᠠᠭᠤᠯᠬᠤ ᠲᠤᠰᠬᠠᠢ ᠮᠡᠷᠭᠡᠵᠢᠯᠲᠡᠨ ᠤ ᠰᠣᠩᠭᠤᠨ ᠠᠪᠬᠤ ᠪᠠ ᠳᠠᠭᠠᠭᠠᠴᠢᠯᠠᠯᠲᠠ ᠨᠡᠶᠢᠲᠡᠯᠡᠬᠦ᠂ ᠳᠠᠭᠠᠭᠠᠴᠢᠯᠠᠯᠲᠠ ᠦᠨᠡᠯᠡᠬᠦ ᠪᠥᠬᠦ ᠶᠠᠪᠤᠴᠠ ᠶᠢᠨ ᠲᠠᠰ ᠳᠠᠷᠠᠭᠠᠯᠠᠯ ᠤᠨ ᠴᠢᠨᠠᠷ᠂ ᠬᠠᠤᠯᠢ ᠶᠣᠰᠣᠴᠢ ᠴᠢᠨᠠᠷ ᠲᠤ ᠬᠢᠨᠠᠯᠲᠠ ᠲᠠᠯᠪᠢᠬᠤ ᠶᠢ ᠬᠡᠷᠡᠭᠵᠢᠭᠦᠯᠦᠨ᠎ᠡ᠃       ᠠᠷᠪᠠᠨ ᠭᠤᠷᠪᠠᠳᠤᠭᠠᠷ ᠵᠦᠢᠯ  ᠳᠠᠭᠠᠭᠠᠴᠢᠯᠠᠯᠲᠠ ᠵᠠᠷᠯᠠᠭᠴᠢ ᠠᠴᠠ ᠪᠥᠬᠦ ᠣᠷᠣᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠶᠡᠷᠦᠩᠬᠡᠶᠢᠯᠡᠭᠰᠡᠨ ᠳᠠᠭᠠᠭᠠᠴᠢᠯᠠᠯᠲᠠ ᠦᠨᠡᠯᠡᠵᠦ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠨᠢᠭᠡᠳᠦᠯᠲᠡᠢ ᠬᠥᠮᠥᠷᠭᠡ ᠳᠤ ᠲᠦᠰᠢᠭᠯᠡᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ ᠦᠨᠳᠦᠰᠦᠯᠡᠨ᠂ ᠲᠤᠰᠬᠠᠢ ᠮᠡᠷᠭᠡᠵᠢᠯᠲᠡᠨ ᠤ ᠲᠤᠰᠬᠠᠢ ᠮᠡᠷᠭᠡᠵᠢᠯ ᠤᠨ ᠲᠥᠷᠥᠯ ᠢᠯᠭᠠᠯ ᠢ ᠵᠦᠢ ᠵᠣᠬᠢᠰᠲᠠᠢ ᠰᠣᠩᠭᠤᠵᠤ᠂ ᠲᠣᠭᠲᠠᠭᠠᠭᠰᠠᠨ ᠴᠤᠪᠤᠷᠠᠯ ᠶᠣᠰᠣᠭᠠᠷ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ ᠢ ᠲᠠᠰᠢᠷᠠᠮ ᠢᠶᠠᠷ ᠰᠣᠩᠭᠤᠨ ᠠᠪᠴᠤ᠂ ᠳᠠᠭᠠᠭᠠᠴᠢᠯᠠᠯᠲᠠ ᠦᠨᠡᠯᠡᠬᠦ ᠺᠣᠮᠢᠰ ᠢ ᠪᠦᠷᠢᠯᠳᠦᠭᠦᠯᠦᠨ᠎ᠡ᠃ ᠠᠯᠤᠰ ᠡᠵᠡᠮᠰᠢᠯ ᠢᠶᠠᠷ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠶᠢ ᠬᠡᠷᠡᠭᠯᠡᠨ᠂ ᠴᠢᠨᠠᠷ ᠰᠠᠶᠢᠲᠠᠢ ᠲᠤᠰᠬᠠᠢ ᠮᠡᠷᠭᠡᠵᠢᠯᠲᠡᠨ ᠤ ᠡᠬᠢ ᠪᠠᠶᠠᠯᠢᠭ ᠢ ᠬᠠᠮᠲᠤᠪᠠᠷ ᠡᠳ᠋ᠯᠡᠵᠦ᠂ ᠳᠠᠭᠠᠭᠠᠴᠢᠯᠠᠯᠲᠠ ᠦᠨᠡᠯᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃       ᠠᠷᠪᠠᠨ ᠳᠥᠷᠪᠡᠳᠦᠭᠡᠷ ᠵᠦᠢᠯ  ᠳᠠᠭᠠᠭᠠᠴᠢᠯᠠᠯᠲᠠ ᠦᠨᠡᠯᠡᠬᠦ ᠺᠣᠮᠢᠰ ᠤᠨ ᠪᠦᠷᠢᠯᠳᠦᠭᠦᠨ ᠨᠠᠷ ᠳᠠᠭᠠᠭᠠᠴᠢᠯᠠᠯᠲᠠ ᠦᠨᠡᠯᠡᠬᠦ ᠬᠠᠮᠢᠶᠠᠷᠤᠯᠲᠠ ᠶᠢᠨ ᠲᠤᠬᠠᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠵᠤ᠂ ᠡᠭᠦᠷᠭᠡ ᠲᠤᠰᠢᠶᠠᠯ ᠢᠶᠠᠨ ᠪᠤᠰᠤᠳᠴᠢ ᠪᠠᠷ᠂ ᠭᠤᠣᠯᠴᠢ ᠪᠠᠷ ᠭᠦᠢᠴᠡᠳᠬᠡᠵᠦ᠂ ᠳᠤᠷᠠᠳᠤᠭᠰᠠᠨ ᠬᠢᠨᠠᠨ ᠲᠣᠭᠲᠠᠭᠠᠭᠰᠠᠨ ᠰᠠᠨᠠᠯ ᠳᠤ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠳᠠᠭᠠᠭᠠᠴᠢᠯᠠᠯᠲᠠ ᠦᠨᠡᠯᠡᠬᠦ ᠺᠣᠮᠢᠰ ᠤᠨ ᠪᠦᠷᠢᠯᠳᠦᠭᠦᠨ ᠨᠢ ᠳᠠᠭᠠᠭᠠᠴᠢᠯᠠᠯᠲᠠ ᠳᠤ ᠤᠷᠤᠯᠴᠠᠬᠴᠢ ᠲᠠᠢ ᠳᠠᠯᠳᠠᠭᠤᠷ ᠬᠠᠷᠢᠯᠴᠠᠵᠤ᠂ ᠭᠤᠣᠯᠴᠢ ᠪᠠᠷ ᠳᠠᠭᠠᠭᠠᠴᠢᠯᠠᠯᠲᠠ ᠦᠨᠡᠯᠡᠬᠦ ᠦᠭᠡᠢ ᠪᠠᠶᠢᠵᠤ ᠪᠣᠯᠬᠤ ᠦᠭᠡᠢ᠃ ᠵᠢᠷᠤᠮᠵᠢᠯ ᠦᠭᠡᠢ ᠥᠢᠯᠡ ᠠᠵᠢᠯᠯᠠᠭ᠎ᠠ ᠶᠢ ᠣᠯᠵᠤ ᠮᠡᠳᠡᠪᠡᠯ᠂ ᠳᠠᠭᠠᠭᠠᠴᠢᠯᠠᠯᠲᠠ ᠵᠠᠷᠯᠠᠭᠴᠢ ᠠᠴᠠ ᠳᠠᠭᠠᠭᠠᠴᠢᠯᠠᠯᠲᠠ ᠦᠨᠡᠯᠡᠬᠦ ᠬᠢᠷᠢ ᠬᠡᠮ ᠢ ᠨᠢ ᠬᠠᠰᠤᠵᠤ᠂ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡ᠊  ᠢ ᠰᠣᠯᠢᠬᠤ ᠬᠡᠷᠡᠭᠲᠡᠢ᠃       ᠠᠷᠪᠠᠨ ᠲᠠᠪᠤᠳᠤᠭᠠᠷ ᠵᠦᠢᠯ  ᠳᠠᠭᠠᠭᠠᠴᠢᠯᠠᠯᠲᠠ ᠣᠯᠣᠭᠰᠠᠨ ᠮᠡᠳᠡᠭᠳᠡᠯ ᠤᠨ ᠪᠢᠴᠢᠭ ᠢ ᠶᠠᠪᠤᠭᠤᠯᠤᠭᠰᠠᠨ ᠡᠳᠦᠷ ᠠᠴᠠ ᠡᠬᠢᠯᠡᠨ 30 ᠡᠳᠦᠷ  ᠤᠨ ᠳᠣᠲᠣᠷ᠎ᠠ᠂ ᠳᠠᠭᠠᠭᠠᠴᠢᠯᠠᠯᠲᠠ ᠵᠠᠷᠯᠠᠭᠴᠢ ᠪᠣᠯᠣᠨ ᠳᠠᠭᠠᠭᠠᠴᠢᠯᠠᠯᠲᠠ ᠣᠯᠣᠭᠴᠢ ᠨᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠪᠣᠯᠣᠨ ᠳᠠᠭᠠᠭᠠᠴᠢᠯᠠᠯᠲᠠ ᠣᠯᠣᠭᠴᠢ ᠶᠢᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠤᠨ ᠶᠣᠰᠣᠭᠠᠷ ᠪᠢᠴᠢᠭᠯᠡᠭᠰᠡᠨ ᠭᠡᠷ᠎ᠡ ᠲᠣᠭᠲᠠᠵᠤ᠂ ᠢᠲᠡᠭᠡᠮᠵᠢ ᠶᠢᠨ ᠬᠠᠮᠢᠶᠠᠷᠤᠯᠲᠠ ᠪᠣᠯᠣᠨ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠷᠠᠭᠤᠯᠤᠨ᠂ ︽ᠠᠷᠭ᠎ᠠ ᠪᠢᠯᠢᠭ ᠭᠡᠷ᠎ᠡ︾᠂ ︽ᠳᠣᠣᠷ᠎ᠠ ᠳᠤᠮᠳᠠ ᠥᠨᠳᠥᠷ ᠢᠶᠠᠷ ᠢᠶᠠᠨ ᠳ᠋ᠦᠩᠨᠡᠭᠰᠡᠨ︾ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠡᠭᠦᠰᠬᠦ ᠶᠢ ᠰᠡᠷᠭᠡᠶᠢᠯᠡᠬᠦ ᠬᠡᠷᠡᠭᠲᠡᠢ᠃ ᠢᠨᠵᠧᠨᠧᠷᠢᠩ ᠤᠨ ᠬᠤᠪᠢᠷᠠᠭᠤᠯᠤᠯᠲᠠ  ᠠᠴᠠ ᠪᠣᠯᠵᠤ ᠨᠢᠭᠡᠨᠲᠡ ᠦᠨ᠎ᠡ ᠮᠡᠳᠡᠭᠦᠯᠦᠭᠰᠡᠨ ᠪᠠᠷᠢᠯᠭ᠎ᠠ ᠶᠢᠨ ᠬᠡᠮᠵᠢᠶ᠎ᠡ ᠶᠢᠨ ᠨᠠᠷᠢᠨ ᠬᠠᠭᠤᠳᠠᠰᠤ ᠶᠢᠨ ᠲᠥᠷᠥᠯ ᠵᠦᠢᠯ ᠪᠤᠶᠤ ᠲᠡᠭᠦᠨ ᠤ ᠪᠠᠷᠢᠯᠭ᠎ᠠ ᠶᠢᠨ ᠲᠤᠭ᠎ᠠ ᠬᠡᠮᠵᠢᠶ᠎ᠡ ᠳᠤ ᠬᠤᠪᠢᠷᠠᠯᠲᠠ ᠭᠠᠷᠪᠠᠯ᠂ ᠳ᠋ᠦᠩᠨᠡᠨ ᠪᠤᠳᠤᠭᠰᠠᠨ ᠦᠨ᠎ᠡ ᠶᠢ ᠣᠲᠣ ᠶᠢᠨ ᠬᠡᠷᠡᠭᠵᠢᠭᠦᠯᠵᠦ ᠪᠠᠶᠢᠭ᠎ᠠ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠡᠮᠵᠢᠶ᠎ᠡ ᠶᠢᠨ ᠨᠠᠷᠢᠨ ᠬᠠᠭᠤᠳᠠᠰᠤ ᠶᠢᠨ ᠦᠨ᠎ᠡ ᠪᠤᠳᠤᠬᠤ ᠵᠢᠷᠤᠮᠵᠢᠯ︾ ᠤᠨ ᠱᠠᠭᠠᠷᠳᠠᠯᠭ᠎ᠠ ᠶᠣᠰᠣᠭᠠᠷ ᠲᠣᠬᠢᠷᠠᠭᠤᠯᠤᠯᠲᠠ ᠬᠢᠬᠦ ᠬᠡᠷᠡᠭᠲᠡᠢ᠃ ᠨᠡᠮᠡᠭᠰᠡᠨ ᠪᠠᠷᠢᠯᠭ᠎ᠠ ᠶᠢᠨ ᠬᠡᠮᠵᠢᠶ᠎ᠡ ᠪᠤᠶᠤ ᠪᠠᠷᠢᠯᠭ᠎ᠠ ᠶᠢᠨ ᠠᠭᠤᠯᠭ᠎ᠠ ᠠᠴᠠ ᠪᠣᠯᠵᠤ ᠵᠢᠱᠢᠭᠰᠡᠨ ᠳ᠋ᠦᠩᠨᠡᠨ ᠪᠤᠳᠤᠭᠰᠠᠨ ᠶᠡᠷᠦᠩᠬᠡᠢ ᠦᠨ᠎ᠡ ᠨᠢ ᠳᠠᠭᠠᠭᠠᠴᠢᠯᠠᠯᠲᠠ ᠣᠯᠣᠭᠰᠠᠨ ᠶᠡᠷᠦᠩᠬᠡᠢ ᠦᠨ᠎ᠡ ᠶᠢᠨ 10%  ᠠᠴᠠ ᠬᠡᠲᠦᠷᠡᠭᠰᠡᠨ ᠪᠠᠶᠢᠪᠠᠯ᠂ ᠤᠤᠯ ᠤᠨ ᠬᠢᠨᠠᠨ ᠵᠥᠪᠰᠢᠶᠡᠷᠡᠭᠰᠡᠨ ᠨᠢᠭᠡᠴᠡ ᠠᠴᠠ ᠬᠢᠨᠠᠨ ᠵᠥᠪᠰᠢᠶᠡᠷᠡᠬᠦ ᠬᠡᠷᠡᠭᠲᠡᠢ᠂ ᠬᠡᠷᠪᠡ ᠨᠡᠮᠡᠭᠰᠡᠨ ᠪᠠᠷᠢᠯᠭ᠎ᠠ ᠶᠢᠨᠬᠡᠮᠵᠢᠶ᠎ᠡ ᠨᠢ ᠤᠤᠯ ᠤᠨ ᠭᠡᠷ᠎ᠡ ᠶᠢᠨ ᠪᠠᠷᠢᠯᠭ᠎ᠠ ᠶᠢᠨ ᠬᠡᠮᠵᠢᠶ᠎ᠡ ᠲᠠᠢ ᠰᠠᠯᠵᠤ ᠳᠡᠶᠢᠯᠬᠦ ᠲᠠᠩ ᠴᠣᠭᠴᠠᠲᠤ ᠪᠠᠷᠢᠯᠭ᠎ᠠ ᠪᠠᠶᠢᠪᠠᠯ᠂ ᠨᠡᠮᠡᠭᠰᠡᠨ ᠬᠡᠰᠡᠭ ᠪᠠᠷᠢᠯᠭ᠎ᠠ ᠶᠢᠨ ᠬᠡᠮᠵᠢᠶ᠎ᠡ ᠶᠢᠨ ᠳᠠᠭᠠᠭᠠᠴᠢᠯᠠᠯᠲᠠ ᠵᠠᠷᠯᠠᠬᠤ ᠶᠢ ᠳᠠᠭᠢᠵᠤ ᠵᠣᠬᠢᠶᠠᠨ ᠪᠠᠶᠢᠭᠤᠯᠬᠤ ᠬᠡᠷᠡᠭᠲᠡᠢ︔ ᠬᠡᠷᠪᠡ ᠨᠡᠮᠡᠵᠦ ᠣᠷᠣᠭᠤᠯᠤᠭᠰᠠᠨ ᠪᠠᠷᠢᠯᠭ᠎ᠠ ᠶᠢᠨ ᠬᠡᠮᠵᠢᠶ᠎ᠡ ᠶᠢ ᠤᠤᠯ ᠤᠨ ᠭᠡᠷ᠎ᠡ ᠶᠢᠨ ᠪᠠᠷᠢᠯᠭ᠎ᠠ ᠶᠢᠨ ᠬᠡᠮᠵᠢᠶ᠎ᠡ ᠯᠦᠭᠡ ᠰᠠᠯᠭᠠᠵᠤ ᠳᠡᠶᠢᠯᠬᠦ ᠦᠭᠡᠢ ᠬᠤᠯᠪᠣᠯᠳᠤᠭᠰᠠᠨ ᠪᠠᠷᠢᠯᠭ᠎ᠠ ᠳᠤ ᠪᠣᠯ ᠳᠠᠭᠠᠭᠠᠴᠢᠯᠠᠯᠲᠠ ᠵᠠᠷᠯᠠᠭᠴᠢ ᠨᠢ ᠡᠳ᠋ ᠤᠨ ᠵᠠᠰᠠᠭ  ᠤᠨ ᠬᠢᠨᠠᠨ ᠲᠣᠭᠲᠠᠭᠠᠯᠲᠠ ᠪᠠᠷ ᠳᠠᠮᠵᠢᠬᠤ ᠪᠤᠶᠤ ᠵᠣᠬᠢᠴᠠᠩᠭᠤᠢ ᠬᠢᠷᠢ ᠴᠢᠳᠠᠮᠵᠢ ᠲᠠᠢ ᠭᠤᠷᠪᠠᠳᠤᠭᠠᠷ ᠡᠲᠡᠭᠡᠳ ᠲᠤ ᠨᠠᠶᠢᠳᠠᠵᠤ ᠵᠦᠢ ᠵᠣᠬᠢᠰᠲᠠᠢ ᠦᠨ᠎ᠡ ᠶᠢᠨ ᠵᠣᠭᠤᠰ ᠢ ᠲᠣᠭᠲᠠᠭᠠᠯᠭᠠᠵᠤ᠂ ᠳᠠᠭᠠᠭᠠᠴᠢᠯᠠᠯᠲᠠ ᠣᠯᠣᠭᠴᠢ ᠯᠤᠭ᠎ᠠ ᠵᠥᠪᠳᠡᠯᠴᠡᠭᠡᠳ ᠰᠠᠨᠠᠯ ᠨᠢᠭᠡᠳᠦᠭᠰᠡᠨ ᠤ ᠲᠠᠷᠠᠭ᠎ᠠ ᠰᠠᠶ᠋ᠢ ᠨᠥᠬᠦᠪᠦᠷᠢ ᠵᠥᠪᠯᠡᠯᠴᠡᠭᠡᠷ ᠲᠣᠭᠲᠠᠵᠤ ᠳ᠋ᠥᠢᠩᠨᠡᠨ ᠪᠤᠳᠤᠵᠤ ᠪᠣᠯᠣᠨ᠎ᠠ᠃      ᠠᠷᠪᠠᠨ ᠵᠢᠷᠭᠤᠳᠤᠭᠠᠷ ᠵᠦᠢᠯ  ᠳᠠᠭᠠᠭᠠᠴᠢᠯᠠᠯᠲᠠ ᠣᠯᠣᠭᠴᠢ ᠨᠢ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠡᠭᠦᠷᠭᠡ ᠪᠠᠨ ᠴᠢᠩᠭ᠎ᠠ ᠭᠦᠢᠴᠡᠳᠬᠡᠬᠦ ᠬᠡᠷᠡᠭᠲᠡᠢ᠃ ᠳᠠᠭᠠᠭᠠᠴᠢᠯᠠᠯᠲᠠ ᠣᠯᠣᠭᠰᠠᠨ ᠲᠥᠷᠥᠯ ᠵᠦᠢᠯ ᠢᠬᠠᠤᠯᠢ ᠠᠴᠠ ᠵᠥᠷᠢᠴᠡᠨ ᠰᠢᠯᠵᠢᠭᠦᠯᠦᠨ ᠳᠠᠭᠠᠭᠠᠴᠢᠯᠠᠭᠤᠯᠬᠤ ᠪᠤᠶᠤ ᠬᠤᠪᠢᠶᠠᠨ ᠳᠠᠭᠠᠭᠠᠴᠢᠯᠠᠭᠤᠯᠵᠤ ᠪᠣᠯᠬᠤ ᠦᠭᠡᠢ᠂ ᠬᠡᠷᠪᠡ ᠳᠡᠭᠡᠷ᠎ᠡ ᠳᠤᠷᠠᠳᠤᠭᠰᠠᠨ ᠦᠶᠯᠡ ᠠᠵᠢᠯᠯᠠᠭ᠎ᠠ ᠶᠢ ᠣᠯᠵᠤ ᠮᠡᠳᠡᠪᠡᠯ᠂ ᠳᠠᠭᠠᠭᠠᠴᠢᠯᠠᠯᠲᠠ ᠵᠠᠷᠯᠠᠭᠴᠢ ᠨᠢ ᠲᠡᠭᠦᠨ ᠤ ᠳᠣᠲᠣᠷᠠᠬᠢ ᠳᠠᠭᠠᠭᠠᠴᠢᠯᠠᠯᠲᠠ ᠬᠦᠯᠢᠶᠡᠬᠦ ᠬᠢᠷᠢ ᠬᠡᠮ ᠢ ᠨᠢ ᠬᠦᠴᠦᠨ ᠦᠭᠡᠢ ᠪᠣᠯᠭᠠᠵᠤ᠂ ᠭᠡᠷ᠎ᠡ ᠶᠢ ᠨᠢ ᠳᠠᠭᠤᠰᠬᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠦᠨᠡᠯᠡᠯᠲᠡ ᠶᠢᠨ D ᠲᠠᠰ ᠤᠨ ᠬᠠᠷ᠎ᠠ ᠲᠠᠩᠰᠠᠨ ᠳᠤ ᠵᠢᠭᠰᠠᠭᠠᠨ ᠣᠷᠣᠭᠤᠯᠤᠨ᠎ᠠ᠃       ᠠᠷᠪᠠᠨ ᠳᠣᠯᠣᠳᠤᠭᠠᠷ ᠵᠦᠢᠯ  ᠳᠠᠭᠠᠭᠠᠴᠢᠯᠠᠯᠲᠠ ᠵᠠᠷᠯᠠᠬᠤ ᠠᠵᠢᠯᠯᠠᠭ᠎ᠠ ᠳᠠᠭᠤᠰᠤᠭᠰᠠᠨ ᠤ ᠲᠠᠷᠠᠭ᠎ᠠ᠂ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ 10 ᠠᠵᠢᠯᠯᠠᠬᠤ ᠡᠳᠦᠷ ᠤᠨ ᠳᠣᠲᠣᠷ᠎ᠠ᠂ ᠳᠠᠭᠠᠭᠠᠴᠢᠯᠠᠯᠲᠠ ᠨᠡᠶᠢᠲᠡᠯᠡᠬᠦ᠂ ᠳᠠᠭᠠᠭᠠᠴᠢᠯᠠᠯᠲᠠ ᠦᠨᠡᠯᠡᠬᠦ᠂ ᠳᠠᠭᠠᠭᠠᠴᠢᠯᠠᠯᠲᠠ ᠣᠯᠣᠭᠰᠠᠨ ᠪᠠ ᠲᠠᠭᠤ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠵᠡᠷᠭᠡ ᠪᠥᠬᠦ ᠶᠠᠪᠤᠴᠠ ᠶᠢᠨ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠭᠴᠢ ᠳᠤ ᠰᠢᠯᠵᠢᠭᠦᠯᠦᠨ ᠲᠤᠰᠢᠶᠠᠵᠤ᠂ ᠰᠢᠯᠵᠢᠭᠦᠯᠦᠨ ᠲᠤᠰᠢᠶᠠᠭᠰᠠᠨ ᠮᠠᠲ᠋ᠧᠷᠢᠶᠠᠯ ᠤᠨ ᠠᠭᠤᠯᠭ᠎ᠠ ᠶᠢ ᠪᠦᠷᠢᠨ ᠪᠦᠲᠦᠨ ᠵᠢᠷᠤᠮᠵᠢᠯ ᠲᠠᠢ ᠪᠥᠭᠡᠳ ᠲᠠᠩᠰᠠ ᠡᠪᠬᠡᠮᠡᠯ ᠳᠤ ᠣᠷᠣᠭᠤᠯᠬᠤ ᠳᠤ ᠲᠥᠭᠦᠮ ᠪᠠᠶᠢᠯᠭᠠᠬᠤ ᠬᠡᠷᠡᠭᠲᠡᠢ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠲᠠᠩᠰᠠ ᠡᠪᠬᠡᠮᠡᠯ ᠤᠨ ᠮᠠᠲ᠋ᠧᠷᠢᠶᠠᠯ ᠳᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠦᠶᠯᠡ ᠠᠵᠢᠯᠯᠠᠭ᠎ᠠ ᠲᠠᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠤᠨ D ᠲᠠᠰ ᠤᠨ ᠬᠠᠷ᠎ᠠ ᠲᠠᠩᠰᠠᠨ ᠳᠤ ᠵᠢᠭᠰᠠᠭᠠᠨ ᠣᠷᠣᠭᠤᠯᠤᠨ᠎ᠠ᠃       ᠠᠷᠪᠠᠨ ᠨᠠᠢᠮᠠᠳᠤᠭᠠᠷ ᠵᠦᠢᠯ  ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠵᠢᠴᠢ ᠲᠡᠭᠦᠨ ᠤ ᠲᠤᠬᠠᠢ ᠶᠢᠨ ᠬᠥᠮᠥᠨ ᠨᠢ ᠳᠡᠭᠡᠳᠦ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠬᠢᠭᠡᠳ ᠬᠠᠮᠢᠶ᠎ᠠ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠤᠯᠢ ᠶᠣᠰᠣᠭᠠᠷ ᠶᠠᠪᠤᠭᠤᠯᠬᠤ ᠬᠢᠨᠠᠯᠲᠠ ᠬᠠᠮᠢᠶᠠᠷᠤᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃       ᠲᠠᠪᠤᠳᠤᠭᠠᠷ ᠪᠦᠯᠦᠭ   ᠬᠢᠨᠠᠯᠲᠠ ᠬᠠᠮᠢᠶᠠᠷᠤᠯᠲᠠ       ᠠᠷᠪᠠ ᠶᠢᠰᠦᠳᠦᠭᠡᠷ ᠵᠦᠢᠯ  ︽ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ᠂ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ︾ ︽ᠬᠡᠨ ᠭᠤᠣᠯᠴᠢᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠠᠬ᠎ᠠ ᠳᠡᠯᠭᠡᠭᠦᠷ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠤᠮᠳᠠᠬᠢ ᠬᠡᠷᠡᠭᠯᠡᠯᠲᠡ ᠶᠢ ᠴᠢᠩᠭᠠᠷᠠᠭᠤᠯᠤᠨ᠎ᠠ᠃ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠤ ᠬᠦᠨᠳᠦ ᠨᠣᠴᠢᠲᠠᠢ ᠢᠲᠡᠭᠡᠯ ᠠᠯᠳᠠᠭᠰᠠᠨ ᠠᠵᠢᠯᠯᠠᠭ᠎ᠠ ᠶᠢᠨ ᠨᠡᠷᠡᠰ ᠢ ᠮᠡᠳᠡᠭᠡᠯᠡᠬᠦ ᠳᠦᠷᠢᠮ ᠢ ᠬᠡᠷᠡᠭᠵᠢᠭᠦᠯᠵᠦ᠂ ᠬᠠᠤᠯᠢ ᠲᠣᠭᠲᠠᠭᠠᠯ ᠶᠣᠰᠣᠭᠠᠷ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃       ᠬᠤᠷᠢᠳᠤᠭᠠᠷ ᠵᠦᠢᠯ  ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠬᠢᠨᠠᠨ ᠪᠤᠳᠤᠬᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠵᠡᠷᠭᠡ ᠰᠠᠯᠠᠭ᠎ᠠ ᠮᠥᠴᠢᠷ ᠯᠦᠭᠡ ᠬᠤᠯᠪᠣᠭᠠᠯᠠᠵᠤ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠬᠢᠵᠦ᠂ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠢ ᠣᠯᠵᠤ ᠮᠡᠳᠡᠪᠡᠯ᠂ ᠬᠠᠮᠢᠶ᠎ᠠ ᠪᠦᠬᠦᠢ ᠲᠤᠬᠠᠢ ᠶᠢᠨ ᠬᠥᠮᠥᠨ ᠢ ᠵᠠᠷᠯᠢᠭᠳᠠᠵᠤ ᠪᠠᠶᠢᠭᠠᠳ ᠴᠠᠭ ᠲᠤᠬᠠᠢ ᠳᠤᠨᠢ ᠵᠠᠯᠠᠷᠠᠭᠤᠯᠬᠤ ᠶᠢᠨ ᠬᠠᠮᠲᠤ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ︔ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢᠨ ᠳᠤᠮᠳᠠᠬᠢ ᠬᠠᠮᠢᠶ᠎ᠠ ᠪᠦᠬᠦᠢ ᠵᠠᠭᠠᠯᠳᠤᠯᠭ᠎ᠠ ᠶᠢ ᠬᠠᠤᠯᠢ ᠶᠣᠰᠣᠭᠠᠷ ᠭᠥᠯᠢᠶᠡᠨ ᠠᠪᠴᠤ ᠰᠢᠢᠳᠪᠦᠷᠢᠯᠡᠨ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢᠨ ᠳᠤᠮᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃       ᠬᠤᠷᠢᠨ ᠨᠢᠭᠡᠳᠦᠭᠡᠷ ᠵᠦᠢᠯ  ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠳᠠᠭᠠᠭᠠᠴᠢᠯᠠᠯᠲᠠ ᠣᠯᠣᠭᠰᠠᠨ ᠤ ᠳᠠᠷᠠᠭᠠᠬᠢ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢᠶᠠᠨ ᠴᠢᠩᠭᠠᠳᠬᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠦᠨᠡᠯᠡᠯᠲᠡ ᠶᠢᠨ ᠠᠷᠭ᠎ᠠ︾ ᠶᠣᠰᠣᠭᠠᠷ ᠢᠲᠡᠭᠡᠮᠵᠢ ᠶᠢᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ᠂ ᠪᠠᠷᠢᠯᠭ᠎ᠠ ᠶᠢ ᠬᠢᠨᠠᠨ ᠬᠠᠮᠢᠶᠠᠷᠬᠤ᠂ ᠪᠠᠷᠢᠯᠭ᠎ᠠ ᠪᠠᠷᠢᠬᠤ ᠨᠢᠭᠡᠴᠡ᠂ ᠮᠠᠲ᠋ᠧᠷᠢᠶᠠᠯ ᠬᠠᠩᠭᠠᠬᠤ ᠵᠡᠷᠭᠡ ᠠᠵᠤ ᠠᠬᠤᠶᠢᠯᠠᠯ ᠤᠨ ᠢᠲᠡᠭᠡᠮᠵᠢ ᠶᠢᠨ ᠲᠠᠰ ᠢ D ᠲᠠᠰ ᠢᠶᠠᠷ ᠦᠨᠡᠯᠡᠭᠰᠡᠨ ᠢ ᠪᠦᠬᠦᠨ ᠢ ᠪᠠᠷᠢᠯᠭ᠎ᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠬᠠᠷ᠎ᠠ ᠲᠠᠩᠰᠠᠨ ᠳᠤ ᠣᠷᠣᠭᠤᠯᠬᠤ ᠶᠢᠨ ᠬᠠᠮᠲᠤ ᠪᠥᠬᠦ ᠣᠷᠣᠨ ᠳᠤ ᠵᠠᠷᠯᠠᠨ ᠨᠡᠶᠢᠲᠡᠯᠡᠵᠦ᠂ ᠭᠤᠷᠪᠠᠨ ᠵᠢᠯ ᠤᠨ ᠳᠣᠲᠣᠷ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠳᠤ ᠤᠷᠤᠯᠴᠠᠭᠤᠯᠵᠦ ᠪᠣᠯᠬᠤ ᠦᠭᠡᠢ᠂ ᠬᠤᠯᠪᠣᠭᠳᠠᠯ ᠪᠦᠬᠦᠢ ᠰᠦᠪᠡᠭᠴᠢ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠭᠦᠯᠦᠨ᠎ᠡ᠃       ᠵᠢᠷᠭᠤᠳᠤᠭᠠᠷ ᠪᠦᠯᠦᠭ   ᠳᠠᠭᠠᠯᠳᠤᠭᠤᠯᠤᠯ ᠳᠦᠷᠢᠮ      ᠬᠤᠷᠢᠨ ᠬᠤᠶᠠᠳᠤᠭᠠᠷ ᠵᠦᠢᠯ  ᠲᠤᠰ ᠠᠷᠭ᠎ᠠ ᠶᠢᠨ ᠬᠢᠵᠦ ᠳᠠᠭᠤᠰᠤᠭᠠᠳᠤᠢ ᠵᠦᠢᠯ ᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠬᠠᠮᠢᠶ᠎ᠠ ᠪᠦᠬᠦᠢ ᠳᠦᠷᠢᠮ ᠤᠨ ᠶᠣᠰᠣᠭᠠᠷ ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠪᠤᠰᠤᠳ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠵᠢᠷᠤᠮᠯᠠᠨ᠎ᠠ᠃       ᠬᠤᠷᠢᠨ ᠭᠤᠷᠪᠠᠳᠤᠭᠠᠷ ᠵᠦᠢᠯ  ᠲᠣᠰ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠠᠴᠠ ᠬᠠᠷᠢᠭᠤᠴᠠᠨ ᠲᠠᠶᠢᠯᠪᠤᠷᠢᠯᠠᠨ᠎ᠠ᠃       ᠬᠤᠷᠢᠨ ᠳᠥᠷᠪᠡᠳᠦᠭᠡᠷ ᠵᠦᠢᠯ   ᠲᠣᠰ ᠠᠷᠭ᠎ᠠ ᠶᠢ 2025 ᠣᠨ ᠤ 2 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠶᠢᠨ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠠᠷᠭ᠎ᠠ︾ ︵ᠥᠪᠥᠷ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠲᠣᠭᠲᠠᠭᠠᠯ ﹇2022﹈ 4 ᠳ᠋ᠦ᠋ᠭᠡᠷ ᠲᠣᠭᠠᠲᠤ︶ ᠶᠢ ᠬᠦᠴᠦᠨ ᠦᠭᠡᠢ ᠪᠣᠯᠭᠠᠨ᠎ᠠ᠃        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠦᠨᠡᠨᠴᠢ ᠢᠲᠡᠭᠡᠮᠵᠢ ᠶᠢᠨ ᠦᠨᠡᠯᠡᠯᠲᠡ ᠶᠢᠨ ᠠᠷᠭ᠎ᠠ       ᠨᠢᠭᠡᠳᠦᠭᠡᠷ ᠪᠦᠯᠦᠭ  ᠶᠡᠷᠦᠩᠬᠡᠢ ᠳᠦᠷᠢᠮ      ᠨᠢᠭᠡᠳᠦᠭᠡᠷ ᠵᠦᠢᠯ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠨᠢᠭᠡᠴᠡ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠦ᠂ ᠪᠠᠶᠢᠭᠤᠯᠬᠤ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠶ ᠪᠣᠯᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠨᠢᠭᠡᠴᠡ ᠶᠢᠨ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠤᠬᠠᠮᠰᠠᠷ ᠢ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠳᠤᠯᠠᠬᠤ  ᠶᠢᠨ ᠲᠦᠯᠦᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ︽ᠠᠯᠪᠠᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠦᠨ ᠲᠡᠭᠦᠯᠳᠡᠷᠵᠢᠭᠦᠯᠵᠦ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠠᠬ᠎ᠠ ᠳᠡᠯᠭᠡᠭᠦᠷ ᠤᠨ ᠵᠢᠷᠤᠮᠵᠢᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠰᠠᠨᠠᠯ︾ ︵ᠲᠥᠷᠥ ᠠᠯᠪᠠᠨ ᠲᠠᠷᠬᠠᠭᠠᠭᠰᠠᠨ ﹇2024﹈21 ᠳ᠋ᠦ᠋ᠭᠡᠷ ᠲᠣᠭᠠᠲᠤ︶᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠶᠢᠨ ᠠᠯᠪᠠᠨ ᠲᠢᠩᠬᠢᠮ ᠤᠨ ︽ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶ᠎ᠡ ᠴᠠᠷᠠᠭ᠎ᠠ ᠳᠠᠬᠢ ᠢᠲᠡᠭᠡᠮᠵᠢ ᠶᠢᠨ ᠦᠨᠡᠯᠡᠯᠲᠡ ᠶᠢᠨ ᠬᠡᠷᠡᠭᠯᠡᠯᠲᠡ ᠶᠢ ᠵᠢᠷᠤᠮᠵᠢᠭᠤᠯᠬᠤ ᠲᠤᠬᠠᠢ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠠᠯᠪᠠᠨ ᠭᠡᠷ ᠡᠳ᠋ ᠤᠨ ᠵᠠᠰᠠᠭ ᠮᠥᠩᠭᠦ ﹇2023﹈ 860 ᠳ᠋ᠤᠭᠠᠷ ᠲᠣᠭᠠᠲᠤ︶᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾ ︵ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠷᠯᠢᠭ 2019 ᠣᠨ ᠤ 4 ᠳ᠋ᠦ᠋ᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠵᠡᠷᠭᠡ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃       ᠬᠤᠶᠠᠳᠤᠭᠠᠷ ᠵᠦᠢᠯ  ᠲᠣᠰ ᠠᠷᠭ᠎ᠠ ᠳᠤ ᠬᠡᠯᠡᠵᠦ ᠪᠠᠶᠢᠭ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠭᠡᠳᠡᠭ ᠨᠢ ︽ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾ ᠳᠤ ᠬᠡᠯᠡᠵᠦ ᠪᠠᠶᠢᠭ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠢᠭᠠᠵᠤ ᠪᠣᠶ᠃ ᠲᠣᠰ ᠠᠷᠭ᠎ᠠ ᠳᠤ ᠬᠡᠯᠡᠵᠦ ᠪᠠᠶᠢᠭ᠎ᠠ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠨᠢᠭᠡᠴᠡ ᠭᠡᠳᠡᠭ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠲᠥᠪ ᠠᠴᠠ ᠪᠡᠯᠡ ᠣᠷᠣᠭᠤᠯᠬᠤ ᠵᠢᠴᠢ ᠣᠷᠣᠨ ᠨᠤᠲᠤᠭ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠪᠡᠯᠡ ᠮᠥᠩᠭᠦ ᠶᠢᠨ ᠳᠡᠮᠵᠢᠯᠭᠡ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠣᠷᠣᠯᠠᠨ ᠭᠦᠢᠴᠡᠳᠬᠡᠬᠦ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠪᠠ ᠮᠠᠲ᠋ᠧᠷᠢᠶᠠᠯ ᠲᠥᠬᠦᠭᠡᠷᠦᠮᠵᠢ ᠬᠠᠩᠭᠠᠬᠤ ᠵᠡᠷᠭᠡ ᠨᠢᠭᠡᠴᠡ ᠶᠢ ᠵᠢᠭᠠᠵᠤ ᠪᠣᠶ᠃       ᠭᠤᠷᠪᠠᠳᠤᠭᠠᠷ ᠵᠦᠢᠯ  ᠲᠣᠰ ᠠᠷᠭ᠎ᠠ ᠳᠤ ᠬᠡᠯᠡᠵᠦ ᠪᠠᠶᠢᠭ᠎ᠠ ᠢᠲᠡᠭᠡᠮᠵᠢ ᠶᠢᠨ ᠦᠨᠡᠯᠡᠯᠲᠡ ᠭᠡᠳᠡᠭ ᠨᠢ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠤᠨ ᠪᠢᠴᠢᠭ ᠮᠠᠲ᠋ᠧᠷᠢᠶᠠᠯ ᠵᠡᠷᠭᠡ ᠶᠢ ᠦᠨᠳᠦᠰᠦᠯᠡᠨ᠂ ᠲᠣᠭᠲᠠᠭᠠᠭᠰᠠᠨ ᠪᠠᠷᠢᠮᠵᠢᠶ᠎ᠠ᠂ ᠲᠠᠰ ᠳᠠᠷᠠᠭᠠᠯᠠᠯ ᠪᠠ ᠠᠷᠭ᠎ᠠ ᠶᠢᠨ ᠶᠣᠰᠣᠭᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠵᠢᠴᠢ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠠᠵᠢᠯᠯᠠᠭ᠎ᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠦᠨᠡᠯᠡᠨ ᠲᠣᠭᠲᠠᠭᠠᠬᠤ᠂ ᠬᠡᠷᠡᠭᠯᠡᠬᠦ ᠵᠢᠴᠢ ᠬᠢᠨᠠᠯᠲᠠ ᠲᠠᠯᠪᠢᠵᠤ ᠬᠠᠮᠢᠶᠠᠷᠬᠤ ᠶᠢ ᠵᠢᠭᠠᠵᠤ ᠪᠣᠶ᠃       ᠳᠥᠷᠪᠡᠳᠦᠭᠡᠷ ᠵᠦᠢᠯ  ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠨᠢᠭᠡᠴᠡ ᠶᠢᠨ ᠢᠲᠡᠭᠡᠮᠵᠢ ᠶᠢᠨ ᠦᠨᠡᠯᠡᠯᠲᠡ ᠳᠤ ᠪᠤᠰᠤᠳᠴᠢ ᠪᠥᠭᠡᠳ ᠲᠥᠪ ᠭᠤᠥᠯᠴᠢ᠂ ᠬᠢᠨᠠᠮᠠᠭᠠᠢ ᠴᠢᠩᠭ᠎ᠠ ᠨᠢᠮᠪᠠᠢ᠂ ᠬᠥᠳᠡᠯᠦᠩᠭᠦᠢ ᠪᠠᠷ ᠬᠢᠨᠠᠨ ᠬᠠᠮᠢᠶᠠᠷᠬᠤ ᠵᠠᠷᠴᠢᠮ ᠢ ᠪᠠᠷᠢᠮᠲᠠᠯᠠᠵᠤ᠂ ︽ᠨᠢᠭᠡ ᠭᠡᠷ᠎ᠡ ᠨᠢᠭᠡ ᠦᠨᠡᠯᠡᠯᠲᠡ︾ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃       ᠲᠠᠪᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢ ᠡᠯ᠎ᠡ ᠠᠶᠢᠮᠠᠭ ᠬᠤᠲᠠ ᠶᠢᠨ ᠳᠡᠭᠡᠭᠰᠢ ᠮᠡᠳᠡᠭᠦᠯᠦᠭᠰᠡᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠦᠨᠡᠨᠴᠢ ᠢᠲᠡᠭᠡᠮᠵᠢ ᠶᠢᠨ ᠦᠶᠯᠡ ᠠᠵᠢᠯᠯᠠᠭ᠎ᠠ ᠪᠠ ᠣᠨ ᠤ ᠢᠲᠡᠭᠡᠮᠵᠢ ᠶᠢᠨ ᠦᠨᠡᠯᠡᠯᠲᠡ ᠶᠢ ᠬᠤᠷᠢᠶᠠᠩᠭᠤᠶᠢᠯᠠᠨ ᠬᠢᠨᠠᠨ ᠲᠣᠭᠲᠠᠭᠠᠬᠤ ᠶᠢᠨ ᠬᠠᠮᠲᠤ ᠨᠢᠭᠡᠳᠦᠯᠲᠡᠢ ᠨᠡᠶᠢᠲᠡᠯᠡᠬᠦ ᠶᠢ ᠬᠠᠷᠢᠭᠤᠴᠠᠨ᠎ᠠ︔ ᠡᠭᠦᠨ ᠤ ᠬᠠᠮᠲᠤ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠦᠨᠡᠨᠴᠢ ᠢᠲᠡᠭᠡᠮᠵᠢ ᠶᠢᠨ ᠦᠶᠯᠡ ᠠᠵᠢᠯᠯᠠᠭ᠎ᠠ ᠶᠢᠨ ᠦᠨᠡᠯᠡᠯᠲᠡ ᠳᠤ ᠬᠢᠨᠠᠯᠲᠠ ᠲᠠᠯᠪᠢᠬᠤ ᠪᠠ ᠵᠢᠭᠠᠨ ᠵᠢᠯᠣᠭᠤᠳᠤᠯᠭ᠎ᠠ ᠬᠢᠨ᠎ᠡ᠃       ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠷᠢᠶ᠎ᠠ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠦᠨᠡᠯᠡᠭᠰᠡᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠦᠨᠡᠨᠴᠢ ᠢᠲᠡᠭᠡᠮᠵᠢ ᠶᠢᠨ ᠦᠶᠯᠡ ᠠᠵᠢᠯᠯᠠᠭ᠎ᠠ ᠪᠠ ᠣᠨ ᠤ ᠢᠲᠡᠭᠡᠮᠵᠢ ᠶᠢᠨ ᠵᠡᠷᠭᠡ ᠳᠡᠰ ᠲᠤ ᠬᠢᠨᠠᠨ ᠲᠣᠭᠲᠠᠭᠠᠯᠲᠠ ᠬᠢᠵᠦ᠂ ᠵᠠᠷᠯᠠᠨ ᠨᠡᠶᠢᠲᠡᠯᠡᠬᠦ ᠶᠢᠨ ᠬᠠᠮᠲᠤ ᠬᠤᠷᠢᠶᠠᠩᠭᠤᠶᠢᠯᠠᠨ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ︔ ᠡᠭᠦᠨ ᠤ ᠬᠠᠮᠲᠤ ᠲᠣᠰ ᠱᠠᠲᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠳᠤ ᠣᠨ ᠤ ᠢᠲᠡᠭᠡᠮᠵᠢ ᠶᠢᠨ ᠦᠨᠡᠯᠡᠯᠲᠡ᠂ ᠵᠠᠷᠯᠠᠨ ᠨᠡᠶᠢᠲᠡᠯᠡᠬᠦ ᠪᠠ ᠳᠡᠭᠡᠭᠰᠢ ᠮᠡᠳᠡᠭᠦᠯᠵᠦ᠂ ᠬᠢᠨᠠᠨ ᠬᠠᠷᠭᠤᠭᠤᠯᠤᠭᠠᠳ D ᠲᠠᠰ ᠢᠶᠠᠷ ᠰᠢᠭᠤᠳ ᠦᠨᠡᠯᠡᠨ ᠲᠣᠭᠲᠠᠭᠠᠭᠰᠠᠨ ᠢᠲᠡᠭᠡᠮᠵᠢ ᠶᠢᠨ ᠠᠵᠢᠯᠯᠠᠭ᠎ᠠ ᠶᠢ ᠴᠠᠭ ᠲᠤᠬᠠᠢ ᠳᠤᠨᠢ ᠨᠡᠶᠢᠲᠡᠯᠡᠨ᠎ᠡ᠃       ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠳᠤ ᠣᠨ ᠤ ᠢᠲᠡᠭᠡᠮᠵᠢ ᠶᠢᠨ ᠲᠠᠰ ᠤᠨ ᠦᠨᠡᠯᠡᠯᠲᠡ ᠬᠢᠵᠦ᠂ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ᠃       ᠬᠤᠶᠠᠳᠤᠭᠠᠷ ᠪᠦᠯᠦᠭ  ᠦᠨᠡᠯᠡᠬᠦ ᠠᠭᠤᠯᠭ᠎ᠠ ᠬᠢᠭᠡᠳ ᠵᠢᠷᠤᠮ      ᠵᠢᠷᠭᠤᠳᠤᠭᠠᠷ ᠵᠦᠢᠯ  ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ᠂ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ᠂ ᠲᠤᠰᠬᠠᠢ ᠵᠦᠢᠯ ᠢᠶᠠᠷ ᠪᠠᠶᠢᠴᠠᠭᠠᠬᠤ᠂ ᠠᠵᠤ ᠠᠬᠤᠶᠢᠯᠠᠯ ᠪᠠ ᠣᠯᠠᠨ ᠲᠦᠮᠡᠨ ᠤ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠳᠤ ᠢᠲᠡᠭᠡᠮᠵᠢ ᠶᠢᠨ ᠦᠨᠡᠯᠡᠯᠲᠡ ᠬᠢᠨ᠎ᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠥᠷᠥᠯ ᠵᠦᠢᠯ ᠤᠨ ᠰᠤᠭᠤᠴᠢᠨ ᠪᠠᠶᠢᠴᠠᠭᠠᠬᠤ ᠲᠠᠢ ᠤᠶᠠᠯᠳᠤᠭᠤᠯᠤᠨ᠂ ᠲᠤᠬᠠᠢ ᠶᠢᠨ ᠭᠠᠵᠠᠷ ᠲᠤᠨᠢ ᠵᠢᠯᠤᠭᠤᠳᠬᠤ ᠪᠤᠶᠤ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠬᠤᠰᠢᠭᠤ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠳᠤ 10%  ᠠᠴᠠ ᠳᠣᠣᠷ᠎ᠠ ᠦᠭᠡᠢ ᠬᠠᠷᠢᠴᠠᠯ ᠢᠶᠠᠷ ᠲᠠᠰᠢᠷᠠᠮ ᠳᠠᠭᠠᠤ ᠰᠤᠭᠤᠴᠢᠨ ᠪᠠᠶᠢᠴᠠᠭᠠᠯᠲᠠ ᠬᠢᠨ᠎ᠡ᠃       ᠳᠣᠯᠣᠳᠤᠭᠠᠷ ᠵᠦᠢᠯ  ᠢᠲᠡᠭᠡᠮᠵᠢ ᠶᠢᠨ ᠦᠨᠡᠯᠡᠯᠲᠡ ᠶᠢᠨ ᠠᠭᠤᠯᠭ᠎ᠠ ᠳᠤ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠬᠢᠷᠢ ᠬᠡᠮ ᠤᠨ ᠬᠠᠮᠢᠶᠠᠷᠤᠯᠲᠠ᠂ ᠬᠢᠨᠠᠯᠲᠠ ᠪᠠᠶᠢᠴᠠᠭᠠᠯᠲᠠ ᠬᠢᠭᠡᠳ ᠲᠥᠷᠥᠯ ᠵᠦᠢᠯ ᠤᠨ ᠬᠠᠮᠢᠶᠠᠷᠤᠯᠲᠠ᠂ ᠦᠷ᠎ᠡ ᠪᠦᠲᠦᠭᠡᠯ ᠤᠨ ᠶᠠᠰᠤ ᠴᠢᠨᠠᠷ᠂ ᠠᠵᠢᠯ ᠡᠷᠭᠢᠯᠡᠬᠦ ᠦᠶᠯᠡ ᠠᠵᠢᠯᠯᠠᠭ᠎ᠠ᠂ ᠠᠶᠤᠯᠭᠦᠢ ᠦᠢᠯᠡᠳᠪᠦᠷᠢᠯᠡᠯ᠂ ᠲᠤᠭ᠎ᠠ ᠪᠠᠷᠢᠮᠲᠠ ᠶᠢᠨ ᠪᠦᠷᠢᠳᠬᠡᠯ᠂ ᠥᠮᠴᠢᠲᠡᠨ ᠤ ᠬᠠᠨᠤᠮᠵᠢ ᠶᠢᠨ ᠬᠡᠮᠵᠢᠶ᠎ᠡ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠵᠡᠷᠭᠡ ᠲᠠᠯ᠎ᠠ ᠪᠠᠭᠲᠠᠨ᠎ᠠ᠃       ᠨᠠᠢᠮᠠᠳᠤᠭᠠᠷ ᠵᠦᠢᠯ  ᠢᠲᠡᠭᠡᠮᠵᠢ ᠶᠢᠨ ᠦᠨᠡᠯᠡᠯᠲᠡ ᠶᠢᠨ ᠠᠵᠢᠯ ᠢ ᠣᠨ ᠢᠶᠠᠷ ᠪᠤᠳᠤᠨ᠎ᠠ᠃ ᠪᠠᠶᠢᠭᠤᠯᠬᠤ ᠳᠤ ᠣᠷᠣᠯᠴᠠᠭᠰᠠᠨ ᠨᠢᠭᠡᠴᠡ ᠶᠢᠨ ᠡᠯ᠎ᠡ ᠲᠥᠷᠥᠯ ᠤᠨ ᠲᠤᠭ᠎ᠠ ᠪᠠᠷᠢᠮᠲᠠ ᠶᠢ ᠭᠡᠷ᠎ᠡ ᠶᠢᠨ ᠴᠠᠭ ᠤᠨ ᠵᠠᠩᠭᠢᠯᠠᠭ᠎ᠠ ᠶᠢᠨ ᠴᠡᠭ ᠢᠶᠠᠷ ᠪᠦᠷᠢᠳᠬᠡᠵᠦ᠂ ᠳᠠᠭᠤᠰᠬᠤ ᠴᠠᠭ ᠨᠢ ᠳᠡᠭᠡᠷ᠎ᠡ ᠵᠢᠯ ᠤᠨ 8 ᠰᠠᠷ᠎ᠠ ᠶᠢᠨ 30 ᠤ ᠡᠳᠦᠷ ᠪᠣᠯᠣᠨ᠎ᠠ᠃       ᠶᠢᠰᠦᠳᠦᠭᠡᠷ ᠵᠦᠢᠯ  ᠦᠨᠡᠯᠡᠬᠦ ᠳᠡᠰ ᠳᠠᠷᠠᠭᠠᠯᠠᠯ ᠪᠠ ᠡᠭᠦᠷᠭᠡ ᠬᠠᠷᠢᠭᠤᠴᠠᠯᠭ᠎ᠠ᠄      ︵ᠨᠢᠭᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠪᠠᠭᠤᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠳᠠᠭᠠᠭᠠᠨ ᠠᠪᠤᠭᠰᠠᠨ ᠨᠢᠭᠡᠴᠡ ᠨᠢ ᠳᠠᠭᠠᠭᠠᠨ ᠠᠪᠤᠭᠰᠠᠨ ᠲᠥᠷᠥᠯ ᠵᠦᠢᠯ ᠤᠨ ᠭᠡᠷ᠎ᠡ ᠲᠣᠭᠲᠠᠭᠰᠠᠨ ᠤ ᠳᠠᠷᠠᠭᠠᠬᠢ 30 ᠡᠳᠦᠷ ᠤᠨ ᠳᠣᠲᠣᠷ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠩᠰᠠᠯᠠᠭᠤᠯᠬᠤ ᠬᠦᠰᠦᠨᠦᠭᠲᠦ︾ ︵ᠳᠠᠭᠠᠯᠳᠤᠭᠤᠯᠤᠯ 1︶ ᠶᠢ ᠲᠠᠭᠯᠠᠨ ᠠᠳᠠᠯᠢ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠥᠷᠥᠯ ᠵᠦᠢᠯ ᠤᠨ ᠳᠠᠩᠰᠠᠯᠠᠯ ᠬᠢᠵᠦ᠂ ᠢᠲᠡᠭᠡᠮᠵᠢ ᠶᠢᠨ ᠦᠨᠡᠯᠡᠯᠲᠡ ᠶᠢ ᠬᠦᠯᠢᠶᠡᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃       ︵ᠬᠤᠶᠠᠷ︶ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ  ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠡᠯ᠎ᠡ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠰᠢᠨᠵᠢ ᠴᠢᠨᠠᠷ ᠢ ᠳᠠᠭᠠᠯᠳᠤᠭᠤᠯᠤᠯ ᠳᠣᠲᠣᠷᠠᠬᠢ ᠵᠣᠬᠢᠬᠤ ᠬᠦᠰᠦᠨᠦᠭᠲᠦ ᠳᠠᠬᠢ ᠦᠨᠡᠯᠡᠬᠦ ᠠᠭᠤᠯᠭ᠎ᠠ᠂ ᠪᠠᠷᠢᠮᠵᠢᠶ᠎ᠠ ᠪᠠ ᠪᠠᠶᠢᠴᠠᠭᠠᠬᠤ ᠱᠠᠭᠠᠷᠳᠠᠯᠭ᠎ᠠ ᠲᠠᠢ ᠬᠠᠷᠢᠴᠠᠭᠤᠯᠤᠨ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠬᠠᠶᠢᠯᠠᠭᠰᠠᠨ ᠠᠵᠢᠯ ᠥᠷᠨᠢᠭᠦᠯᠵᠦ ᠪᠠᠶᠢᠭ᠎ᠠ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠪᠠᠶᠢᠳᠠᠯ ᠢ ᠴᠤᠭᠯᠠᠭᠤᠯᠬᠤ ᠪᠠ ᠲᠡᠮᠳᠡᠭᠯᠡᠵᠦ᠂ ︽ᠨᠢᠭᠡ ᠭᠡᠷ᠎ᠡ ᠳᠤ ᠨᠢᠭᠡ ᠦᠨᠡᠯᠡᠯᠲᠡ ᠬᠢᠬᠦ︾ ᠵᠠᠷᠴᠢᠮ ᠤᠨ ᠶᠣᠰᠣᠭᠠᠷ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠠᠵᠢᠯᠯᠠᠭ᠎ᠠ ᠳᠤ ᠢᠲᠡᠭᠡᠮᠵᠢ ᠶᠢᠨ ᠦᠨᠡᠯᠡᠯᠲᠡ ᠬᠢᠬᠦ ᠬᠡᠷᠡᠭᠲᠡᠢ᠃ ᠡᠭᠦᠨ ᠤ ᠬᠠᠮᠲᠤ᠂ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤ ᠲᠤᠰᠬᠠᠭᠰᠠᠨ ᠠᠰᠠᠭᠤᠳᠠᠯ ᠤᠨ ᠨᠠᠷᠢᠨ ᠬᠠᠭᠤᠳᠠᠰᠤ ᠠᠴᠠ ᠢᠲᠡᠭᠡᠮᠵᠢ ᠶᠢᠨ ᠬᠤᠪᠢ ᠶᠢᠨ ᠥᠷᠲᠡᠭ ᠢ ᠵᠦᠢᠯ ᠳᠠᠷᠠᠭᠠᠯᠠᠨ ᠬᠠᠰᠤᠨ᠎ᠠ᠃ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠣᠨ ᠤ ᠢᠲᠡᠭᠡᠮᠵᠢ ᠶᠢᠨ ᠲᠠᠰ ᠤᠨ ᠦᠨᠡᠯᠡᠯᠲᠡ ᠶᠢᠨ ᠦᠷ᠎ᠡ ᠳ᠋ᠦᠩ ᠢ ᠵᠢᠯ ᠪᠦᠷᠢ ᠶᠢᠨ 9 ᠰᠠᠷ᠎ᠠ ᠶᠢᠨ ᠰᠡᠭᠦᠯᠴᠢ ᠠᠴᠠ ᠡᠮᠦᠨ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃       ︵ᠭᠤᠷᠪᠠ︶ ᠠᠶᠢᠮᠠᠭ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠷᠢᠶ᠎ᠠ ᠣᠷᠣᠨ ᠤ ᠪᠠᠨ ᠳᠣᠲᠣᠷᠠᠬᠢ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ  ᠤᠨ ᠮᠡᠳᠡᠭᠦᠯᠦᠭᠰᠡᠨ ᠪᠦᠲᠦᠭᠡᠨ ᠪᠠᠶᠢᠭᠤᠯᠬᠤ ᠳᠤ ᠣᠷᠣᠯᠴᠠᠭᠰᠠᠨ ᠨᠢᠭᠡᠴᠡ ᠶᠢᠨ ᠣᠨ ᠤ ᠢᠲᠡᠭᠡᠮᠵᠢ ᠶᠢᠨ ᠲᠡᠰ ᠤᠨ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ ᠬᠤᠷᠢᠶᠠᠩᠭᠤᠶᠢᠯᠠᠬᠤ ᠪᠠ ᠬᠢᠨᠠᠨ ᠲᠣᠭᠲᠠᠭᠠᠬᠤ ᠶᠢᠨ ᠬᠠᠮᠲᠤ ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ ᠥᠷᠳᠡᠭᠡ ᠪᠠᠷ ᠳᠠᠮᠵᠢᠭᠤᠯᠤᠨ ᠨᠡᠶᠢᠭᠡᠮ ᠳᠤ ᠨᠡᠶᠢᠳᠡ ᠳᠤ ᠵᠠᠷᠯᠠᠨ᠎ᠠ᠂ ᠨᠡᠶᠢᠳᠡ ᠳᠤ ᠵᠠᠷᠯᠠᠭ ᠬᠤᠭᠤᠴᠠᠭ᠎ᠠ ᠨᠢ 5 ᠠᠵᠢᠯᠯᠠᠬᠤ ᠡᠳᠦᠷ ᠪᠠᠶᠢᠵᠤ᠂ ᠨᠡᠶᠢᠳᠡ ᠳᠤ ᠵᠠᠷᠯᠠᠭ ᠬᠤᠭᠤᠴᠠᠭᠠᠨ ᠳᠤ ᠪᠦᠲᠦᠭᠡᠨ ᠪᠠᠶᠢᠭᠤᠯᠬᠤ ᠳᠤ ᠣᠷᠣᠯᠴᠠᠭᠰᠠᠨ ᠨᠢᠭᠡᠴᠡ ᠬᠢᠨᠠᠨ ᠲᠣᠭᠲᠠᠭᠠᠭᠰᠠᠨ ᠢᠲᠡᠭᠡᠮᠵᠢ ᠶᠢᠨ ᠲᠡᠰ ᠳᠤ ᠣᠨᠳᠣᠣ ᠰᠠᠨᠠᠯ ᠲᠠᠢ ᠪᠣᠯ ᠲᠡᠬᠢᠨ ᠵᠥᠪᠯᠡᠭᠦᠯᠬᠦ ᠪᠠᠷ ᠳᠤᠷᠠᠳᠴᠤ ᠪᠣᠯᠣᠨ᠎ᠠ᠃ ᠳᠠᠬᠢᠨ ᠵᠥᠪᠯᠡᠭᠰᠡᠨ ᠪᠠᠶᠢᠳᠠᠯ ᠢ ᠦᠨᠳᠦᠰᠦᠯᠡᠨ᠂ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠡᠰᠡᠭ ᠦᠨᠡᠯᠡᠯᠲᠡ ᠶᠢᠨ ᠦᠷ᠎ᠡ ᠳ᠋ᠦᠩ ᠳᠤ ᠴᠢᠬᠤᠯᠠ ᠪᠦᠬᠦᠢ ᠬᠢᠨᠠᠨ ᠬᠠᠷᠭᠤᠭᠤᠯᠵᠤ ᠲᠣᠬᠢᠷᠠᠭᠤᠯᠤᠯᠲᠠ ᠬᠢᠵᠦ᠂ ᠬᠠᠮᠤᠭ ᠡᠴᠦᠰ ᠲᠤ ᠪᠠᠶᠢᠭᠤᠯᠬᠤ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠦᠨᠡᠯᠡᠯᠲᠡ ᠶᠢᠨ ᠲᠠᠰ ᠢ ᠲᠣᠭᠲᠠᠭᠠᠨ᠎ᠠ᠃       ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠵᠢᠯ ᠪᠦᠷᠢ ᠶᠢᠨ 9 ᠰᠠᠷ᠎ᠠ ᠶᠢᠨ ᠳᠤᠮᠳᠠᠴᠢ ᠪᠠᠷ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠳᠡᠭᠡᠭᠰᠢ ᠮᠡᠳᠡᠭᠦᠯᠦᠭᠰᠡᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠣᠨ ᠤ ᠢᠲᠡᠭᠡᠮᠵᠢ ᠶᠢᠨ ᠲᠠᠰ ᠤᠨ ᠦᠨᠡᠯᠡᠯᠲᠡ ᠶᠢᠨ ᠦᠷ᠎ᠡ ᠳ᠋ᠦᠩ ᠢ ᠬᠢᠨᠠᠨ ᠲᠣᠭᠲᠠᠭᠠᠬᠤ ᠪᠠ ᠢᠯᠡ ᠨᠡᠶᠢᠲᠡᠯᠡᠬᠦ ᠠᠵᠢᠯ ᠢ ᠪᠡᠶᠡᠯᠡᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠬᠤᠷᠢᠶᠠᠩᠭᠤᠶᠢᠯᠠᠨ ᠮᠡᠳᠡᠭᠦᠯᠬᠦ ᠬᠡᠷᠡᠭᠲᠡᠢ᠃       ︵ᠳᠥᠷᠪᠡ︶ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ  ᠨᠢ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠳᠡᠭᠡᠭᠰᠢ ᠮᠡᠳᠡᠭᠦᠯᠦᠭᠰᠡᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠣᠨ ᠤ ᠢᠲᠡᠭᠡᠮᠵᠢ ᠶᠢᠨ ᠲᠠᠰ ᠤᠨ ᠦᠨᠡᠯᠡᠯᠲᠡ ᠶᠢᠨ ᠦᠷ᠎ᠡ ᠳ᠋ᠦᠩ ᠢ ᠬᠤᠷᠢᠶᠠᠩᠭᠤᠶᠢᠯᠠᠨ ᠬᠢᠨᠠᠨ ᠲᠣᠭᠲᠠᠭᠠᠬᠤ ᠠᠵᠢᠯ ᠢ 11 ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠬᠦ ᠶᠢᠨ ᠬᠠᠮᠲᠤ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠣᠨ ᠤ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠫᠤᠷᠲ᠋ᠧᠯ ᠰᠦᠯᠵᠢᠶᠡᠨ ᠥᠷᠲᠡᠭᠡ ᠳᠤ ᠨᠢᠭᠡᠳᠦᠯᠲᠡᠢ ᠨᠡᠶᠢᠲᠡᠯᠡᠬᠦ ᠬᠡᠷᠡᠭᠲᠡᠢ᠃       ᠭᠤᠷᠪᠠᠳᠤᠭᠠᠷ ᠪᠦᠯᠦᠭ  ᠦᠨᠡᠯᠡᠬᠦ ᠪᠠᠷᠢᠮᠵᠢᠶ᠎ᠠ ᠬᠢᠭᠡᠳ ᠵᠡᠷᠭᠡ ᠳᠡᠰ      ᠠᠷᠪᠠᠳᠤᠭᠠᠷ ᠵᠦᠢᠯ  ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠩᠰᠠᠯᠠᠭᠤᠯᠬᠤ ᠬᠦᠰᠦᠨᠦᠭᠲᠦ︾ ᠳᠠᠬᠢ ᠮᠡᠳᠡᠭᠡ ᠵᠠᠩᠭᠢ ᠶᠢ ᠴᠤᠭᠯᠠᠭᠤᠯᠤᠨ ᠪᠢᠴᠢᠵᠦ ᠣᠷᠣᠭᠤᠯᠬᠤ ᠶᠢ ᠪᠡᠶᠡᠯᠡᠭᠦᠯᠦᠭᠰᠡᠨ ᠮᠥᠷᠲᠡᠭᠡᠨ ᠮᠡᠳᠡᠭᠡ ᠵᠠᠩᠭᠢ ᠶᠢ ᠪᠢᠴᠢᠵᠦ ᠣᠷᠣᠭᠤᠯᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠣᠨ ᠤ ᠢᠲᠡᠭᠡᠮᠵᠢ ᠶᠢᠨ ᠲᠠᠰ ᠤᠨ ᠦᠨᠡᠯᠡᠯᠲᠡ ᠶᠢᠨ ᠰᠠᠭᠤᠷᠢ ᠪᠠᠷᠢᠮᠵᠢᠶ᠎ᠠ ᠶᠢᠨ ᠬᠤᠪᠢ ᠶᠢ 100 ᠬᠤᠪᠢ ᠣᠯᠭᠤᠨ᠎ᠠ᠃       ᠠᠷᠪᠠᠨ ᠨᠢᠭᠡᠳᠦᠭᠡᠷ ᠵᠦᠢᠯ  ᠢᠲᠡᠭᠡᠮᠵᠢ ᠶᠢ ᠦᠨᠡᠯᠡᠭᠰᠡᠨ ᠬᠤᠪᠢ ᠶᠢᠨ ᠦᠷᠳᠡᠭ ᠢᠶᠠᠷ ᠨᠢ A ︵ᠢᠲᠡᠭᠡᠮᠵᠢ ᠰᠠᠶᠢᠨ ᠪᠠᠶᠢᠬᠤ︶᠂ B ︵ᠢᠲᠡᠭᠡᠮᠵᠢ ᠡᠩ ᠤᠨ ᠪᠠᠶᠢᠬᠤ︶᠂ C ︵ᠢᠲᠡᠭᠡᠮᠵᠢ ᠨᠡᠯᠢᠶᠡᠳ ᠪᠠᠷᠤᠭᠲᠠᠢ︶᠂ D ︵ᠢᠲᠡᠭᠡᠮᠵᠢ ᠲᠤᠶᠢᠯ ᠤᠨ ᠪᠠᠷᠤᠭᠲᠠᠢ︶ ᠵᠡᠷᠭᠡ ᠲᠦᠷᠪᠡᠨ ᠢᠲᠡᠭᠡᠮᠵᠢ ᠶᠢᠨ ᠲᠡᠰ ᠬᠤᠪᠢᠶᠠᠨ᠎ᠠ᠂ ᠡᠯ᠎ᠡ ᠢᠲᠡᠭᠡᠮᠵᠢ ᠶᠢᠨ ᠲᠡᠰ ᠤᠨ ᠵᠣᠬᠢᠴᠠᠯᠳᠤᠬᠤ ᠬᠤᠪᠢ ᠶᠢᠨ ᠦᠷᠳᠡᠭ ︵X︶ ᠤᠨ ᠬᠡᠪᠴᠢᠶ᠎ᠡ ᠨᠢ ᠳᠣᠣᠷᠠᠬᠢ ᠮᠡᠲᠦ᠄      A ᠳᠡᠰ᠄ 90 ᠬᠤᠪᠢ ≤ X ≤100 ᠬᠤᠪᠢ᠃       B ᠳᠡᠰ᠄ 70 ᠬᠤᠪᠢ ≤ X ≤ 90 ᠬᠤᠪᠢ᠃      C ᠳᠡᠰ᠄ 60 ᠬᠤᠪᠢ ≤ X ≤ 70 ᠬᠤᠪᠢ᠃      D ᠳᠡᠰ᠄ X< 60 ᠬᠤᠪᠢ᠃ 
     
      ᠠᠷᠪᠠᠨ ᠬᠤᠶᠠᠳᠤᠭᠠᠷ ᠵᠦᠢᠯ  ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠬᠤᠪᠢ ᠬᠠᠰᠤᠬᠤ ᠵᠦᠢᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠦᠶᠯᠡ ᠠᠵᠢᠯᠯᠠᠭ᠎ᠠ ᠶᠢᠨ ᠨᠠᠷᠢᠨ ᠬᠦᠰᠦᠨᠦᠭᠲᠦ ︵ᠳᠠᠭᠠᠯᠳᠤᠭᠤᠯᠤᠯ 2—1᠂ 2᠂ 3᠂ 4᠂ 5 ᠶᠢ ᠦᠵᠡ︶ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃       ᠠᠷᠪᠠᠨ ᠭᠤᠷᠪᠠᠳᠤᠭᠠᠷ ᠵᠦᠢᠯ  ᠪᠦᠲᠦᠭᠡᠨ ᠪᠠᠶᠢᠭᠤᠯᠬᠤ ᠳᠤ ᠣᠷᠣᠯᠴᠠᠭᠰᠠᠨ ᠨᠢᠭᠡᠴᠡ ᠶᠢᠨ ᠬᠠᠮᠤᠭ ᠤᠨ ᠡᠴᠦᠰ ᠤᠨ ᠦᠨᠡᠯᠡᠭᠰᠡᠨ ᠦᠷ᠎ᠡ ᠳ᠋ᠦᠩ ᠢ ᠭᠡᠷ᠎ᠡ ᠶᠢᠨ ᠬᠤᠭᠤᠴᠠᠭᠠᠨ ᠤ ᠬᠤᠭᠤᠴᠠᠭᠠᠨ ᠤ ᠣᠨ ᠤ ᠦᠨᠡᠯᠡᠭᠰᠡᠨ ᠦᠷ᠎ᠡ ᠳ᠋ᠦᠩ ᠤᠨ ᠬᠠᠮᠤᠭ ᠤᠨ ᠳᠣᠣᠷ᠎ᠠ ᠢᠲᠡᠭᠡᠮᠵᠢ ᠶᠢᠨ ᠲᠡᠰ ᠢᠶᠠᠷ ᠲᠣᠭᠲᠠᠭᠠᠨ᠎ᠠ ︵ᠳᠠᠭᠠᠯᠳᠤᠭᠤᠯᠤᠯ 3 ᠶᠢᠦᠵᠡ︶᠃       ᠠᠷᠪᠠᠨ ᠳᠥᠷᠪᠡᠳᠦᠭᠡᠷ ᠵᠦᠢᠯ  ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠨᠢ ᠳᠣᠣᠷᠠᠬᠢ ᠮᠡᠲᠦ ᠦᠶᠯᠡ ᠠᠵᠢᠯᠯᠠᠭ᠎ᠠ ᠲᠠᠢ ᠪᠠ ᠪᠠᠶᠢᠳᠠᠯ ᠤᠨ ᠨᠢᠭᠡ ᠨᠢ ᠪᠠᠶᠢᠪᠠᠯ D ᠲᠠᠰ ᠤᠨ ᠢᠲᠡᠭᠡᠮᠵᠢ ᠶᠢᠨ ᠲᠠᠰ ᠲᠤ ᠣᠷᠣᠭᠤᠯᠤᠨ᠎ᠠ᠃       ︵ᠨᠢᠭᠡ︶ ᠳᠠᠭᠠᠭᠠᠴᠢᠯᠠᠯᠲᠠ ᠶᠢ ᠬᠦᠷᠢᠶᠡᠯᠡᠬᠦ᠂ ᠳᠠᠭᠠᠭᠠᠴᠢᠯᠠᠯᠲᠠ ᠲᠠᠢ ᠰᠦᠯᠪᠡᠭᠡᠯᠡᠬᠦ ᠦᠢᠯᠡ ᠠᠵᠢᠯᠯᠠᠭ᠎ᠠ ᠲᠠᠢ ᠪᠠᠶᠢᠬᠤ︔ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠬᠠᠭ᠋ᠤᠤᠯᠢ ᠲᠦᠯᠬᠢᠬᠦ ᠪᠤᠶᠤ ᠬᠠᠤᠯᠢ ᠶᠢ ᠵᠥᠷᠢᠴᠡᠭᠰᠡᠨ ᠪᠤᠰᠤᠳ ᠬᠡᠯᠪᠡᠷᠢ ᠪᠠᠷ ᠳᠠᠭᠠᠭᠠᠴᠢᠯᠠᠯᠲᠠ ᠶᠢ ᠮᠡᠬᠡᠯᠡᠨ ᠣᠯᠣᠭᠰᠠᠨ︔ ᠪᠠᠷᠢᠯᠭ᠎ᠠ ᠶᠢᠨ ᠠᠵᠢᠯ ᠢ ᠬᠠᠤᠯᠢ ᠪᠤᠰᠤ ᠪᠠᠷ ᠬᠤᠪᠢᠶᠠᠨ ᠳᠠᠭᠠᠭᠠᠴᠢᠯᠠᠭᠤᠯᠤᠭᠰᠠᠨ᠂ ᠰᠢᠯᠵᠢᠭᠦᠯᠦᠨ ᠳᠠᠭᠠᠭᠠᠴᠢᠯᠠᠭᠤᠯᠤᠭᠰᠠᠨ︔ ᠬᠢᠷᠢ ᠴᠢᠳᠠᠯ ᠤᠨ ᠦᠨᠡᠮᠯᠡᠯ ᠢ ᠬᠠᠤᠯᠢ ᠪᠤᠰᠤ ᠪᠠᠷ ᠲᠦᠰᠢᠭᠯᠡᠬᠦ᠂ ᠵᠢᠭᠡᠯᠡᠭᠦᠯᠬᠦ ᠵᠡᠷᠭᠡ ᠵᠦᠢ ᠪᠤᠰᠤ ᠥᠷᠢᠰᠦᠯᠳᠦᠭᠡᠨ ᠤ ᠠᠷᠭ᠎ᠠ ᠪᠠᠷᠢᠯ ᠪᠠ ᠬᠤᠳᠠᠯ ᠬᠠᠭᠤᠷᠮᠠᠭ ᠠᠮᠠᠯᠠᠯᠲᠠ ᠪᠠᠷ ᠳᠠᠭᠠᠭᠠᠨ ᠠᠪᠬᠤ ᠲᠤᠬᠠᠶᠢᠯᠠᠭᠰᠠᠨ ᠠᠵᠢᠯ᠃       ︵ᠬᠤᠶᠠᠷ︶ ᠬᠤᠳᠠᠯ ᠬᠠᠭᠤᠷᠮᠠᠭ ᠮᠡᠳᠡᠭᠡ ᠵᠠᠩᠭᠢ᠂ ᠮᠠᠲ᠋ᠧᠷᠢᠶᠠᠯ ᠬᠠᠩᠭᠠᠵᠤ᠂ ᠠᠷᠠᠯᠵᠢᠶᠠᠨ ᠤ ᠪᠢᠴᠢᠭ ᠮᠠᠲ᠋ᠧᠷᠢᠶᠠᠯ ᠪᠠ ᠭᠡᠷᠡᠴᠢ ᠪᠠᠷᠢᠮᠲᠠ ᠶᠢ ᠬᠠᠭᠤᠷᠮᠠᠭᠯᠠᠨ ᠵᠣᠬᠢᠶᠠᠵᠤ᠂ ᠪᠠᠯᠠᠯᠤᠨ ᠵᠠᠰᠠᠬᠤ︔ ᠬᠤᠳᠠᠯ ᠬᠠᠭᠤᠷᠮᠠᠭ ᠬᠢᠨᠠᠨ ᠪᠤᠳᠤᠭᠰᠠᠨ ᠮᠡᠳᠡᠭᠦᠯᠦᠯᠲᠡ᠂ ᠪᠡᠯᠡ ᠰᠢᠯᠭᠠᠭᠰᠠᠨ ᠮᠡᠳᠡᠭᠦᠯᠦᠯᠲᠡ᠂ ᠦᠨᠡᠯᠡᠨ ᠵᠢᠱᠢᠭᠰᠡᠨ ᠮᠡᠳᠡᠭᠦᠯᠦᠯᠲᠡ᠂ ᠭᠡᠷᠡᠴᠢᠯᠡᠬᠦ ᠪᠢᠴᠢᠭ ᠮᠠᠲ᠋ᠧᠷᠢᠶᠠᠯ ᠵᠢᠴᠢ ᠪᠤᠰᠤᠳ ᠪᠢᠴᠢᠭ ᠮᠠᠲ᠋ᠧᠷᠢᠶᠠᠯ ᠢ ᠬᠠᠩᠭᠠᠨ᠎ᠠ᠃       ︵ᠭᠤᠷᠪᠠ︶ ᠭᠡᠷ᠎ᠡ ᠶᠢ ᠭᠦᠢᠴᠡᠳᠬᠡᠬᠦ ᠶᠠᠪᠤᠴᠠ ᠳᠤ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠪᠠᠶᠢᠳᠠᠯ ᠭᠠᠷᠬᠤ︔ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠬᠠᠷᠢᠭᠤᠴᠠᠯᠭᠠᠲᠠᠨ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠬᠦ ᠪᠠᠷ ᠰᠢᠢᠳᠬᠡᠭᠰᠡᠨ᠃       ︵ᠳᠥᠷᠪᠡ︶ ᠭᠡᠷ᠎ᠡ ᠶᠢ ᠭᠦᠢᠴᠡᠳᠬᠡᠬᠦ ᠶᠠᠪᠤᠴᠠ ᠳᠤ ᠬᠦᠨᠳᠦ ᠶᠡᠭᠡ ᠠᠯᠳᠠᠭ᠎ᠠ ᠭᠠᠷᠭᠠᠵᠤ᠂ ᠤᠯᠤᠰ ᠣᠷᠣᠨ ᠪᠠ ᠬᠠᠮᠲᠤ ᠨᠡᠶᠢᠲᠡ ᠶᠢᠨ ᠠᠰᠢᠭ ᠲᠤᠰᠠ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠪᠤᠶᠤ ᠬᠦᠨᠳᠦ ᠶᠡᠭᠡ ᠠᠰᠢᠭ ᠦᠭᠡᠢ ᠨᠥᠯᠥᠭᠡ ᠭᠠᠷᠭᠠᠭᠰᠠᠨ︔ ᠡᠰᠡᠬᠦᠯ᠎ᠡ ᠪᠠᠶᠢᠳᠠᠯ ᠢᠶᠠᠨ ᠮᠡᠳᠡᠭᠦᠯᠬᠦ ᠦᠭᠡᠢ ᠨᠢᠭᠤᠬᠤ᠂ ᠬᠤᠳᠠᠯ ᠢᠶᠠᠷ ᠮᠡᠳᠡᠭᠦᠯᠬᠦ᠃       ︵ᠲᠠᠪᠤ︶ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠨᠢ ᠠᠳᠠᠯᠢ ᠨᠢᠭᠡ ᠵᠢᠯ ᠳᠤ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠬᠡᠷᠡᠭᠵᠢᠭᠦᠯᠬᠦ ᠳᠤ ᠣᠷᠣᠯᠴᠠᠭᠰᠠᠨ ᠶᠠᠮᠠᠷ ᠨᠢᠭᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠢᠲᠡᠭᠡᠮᠵᠢ ᠶᠢᠨ ᠦᠨᠡᠯᠡᠯᠲᠡ ᠳᠤ D ᠲᠠᠰ ᠢᠶᠠᠷ ᠦᠨᠡᠯᠡᠨ ᠲᠣᠭᠲᠠᠭᠠᠭᠳᠠᠭᠰᠠᠨ᠃       ︵ᠵᠢᠷᠭᠤᠭ᠎ᠠ︶ ᠲᠣᠰ ᠠᠷᠭ᠎ᠠ ᠶᠢᠨ ᠳᠠᠭᠠᠯᠳᠤᠭᠤᠯᠤᠯ 2 ᠲᠤ ᠲᠣᠭᠲᠠᠭᠠᠭᠰᠠᠨ ᠪᠤᠰᠤᠳ ᠦᠨᠡᠯᠡᠨ ᠲᠣᠭᠲᠠᠭᠠᠯᠲᠠ ᠶᠢ D ᠲᠠᠰ ᠢᠶᠠᠷ ᠦᠨᠡᠯᠡᠨ ᠲᠣᠭᠲᠠᠭᠠᠭᠳᠠᠭᠰᠠᠨ᠃       ᠠᠷᠪᠠᠨ ᠲᠠᠪᠤᠳᠤᠭᠠᠷ ᠵᠦᠢᠯ  ᠢᠲᠡᠭᠡᠮᠵᠢ ᠶᠢᠨ ᠦᠨᠡᠯᠡᠯᠲᠡ ᠶᠢᠨ ᠲᠡᠰ ᠲᠣᠭᠲᠠᠭᠠᠭᠰᠠᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠶᠢᠨ ᠢᠲᠡᠭᠡᠮᠵᠢ ᠶᠢᠨ ᠲᠡᠰ ᠤᠨ ᠬᠦᠴᠦᠨ ᠲᠠᠢ ᠬᠤᠭᠤᠴᠠᠭ᠎ᠠ᠄      ︵ᠨᠢᠭᠡ︶ ᠢᠲᠡᠭᠡᠮᠵᠢ ᠶᠢᠨ ᠦᠨᠡᠯᠡᠯᠲᠡ ᠶᠢᠨ ᠲᠠᠰ ᠢ A᠂ B᠂ C ᠭᠤᠷᠪᠠᠨ ᠢᠲᠡᠭᠡᠮᠵᠢ ᠶᠢᠨ ᠲᠠᠰ ᠤᠨ ᠬᠦᠴᠦᠨ ᠲᠠᠢ ᠬᠤᠭᠤᠴᠠᠭ᠎ᠠ ᠪᠠᠷ ᠲᠣᠭᠲᠠᠭᠠᠵᠤ᠂ ᠲᠣᠰ ᠵᠢᠯ ᠤᠨ ᠶᠡᠷᠦᠩᠬᠡᠶᠢᠯᠡᠭᠰᠡᠨ ᠬᠤᠪᠢ ᠲᠣᠭᠲᠠᠭᠠᠵᠤ ᠲᠠᠰ ᠲᠣᠭᠲᠠᠭᠠᠬᠤ ᠶᠢ ᠨᠡᠶᠢᠲᠡᠯᠡᠭᠰᠡᠨ ᠡᠳᠦᠷ ᠠᠴᠠ ᠡᠬᠢᠯᠡᠨ 1 ᠵᠢᠯ ᠪᠣᠯᠣᠨ᠎ᠠ᠃       ︵ᠬᠤᠶᠠᠷ︶ ᠢᠲᠡᠭᠡᠮᠵᠢ ᠶᠢᠨ ᠦᠨᠡᠯᠡᠯᠲᠡ ᠶᠢᠨ ᠲᠠᠰ ᠢ D ᠲᠠᠰ ᠢᠶᠠᠷ ᠲᠣᠭᠲᠠᠭᠠᠭᠰᠠᠨ ᠬᠦᠴᠦᠨ ᠲᠠᠢ ᠬᠤᠭᠤᠴᠠᠭ᠎ᠠ ᠶᠢ ᠲᠣᠰ ᠵᠢᠯ ᠤᠨ ᠶᠡᠷᠦᠩᠬᠡᠶᠢᠯᠡᠭᠰᠡᠨ ᠬᠤᠪᠢ ᠲᠣᠭᠲᠠᠭᠠᠵᠤ ᠲᠠᠰ ᠲᠣᠭᠲᠠᠭᠠᠭᠰᠠᠨ ᠢ ᠨᠡᠶᠢᠲᠡᠯᠡᠭᠰᠡᠨ ᠡᠳᠦᠷ ᠠᠴᠠ ᠡᠬᠢᠯᠡᠨ 3 ᠵᠢᠯ ᠪᠣᠯᠣᠨ᠎ᠠ᠃       ᠠᠷᠪᠠᠨ ᠵᠢᠷᠭᠤᠳᠤᠭᠠᠷ ᠵᠦᠢᠯ  ᠣᠨ ᠤ ᠢᠲᠡᠭᠡᠮᠵᠢ ᠶᠢᠨ ᠦᠨᠡᠯᠡᠯᠲᠡ ᠨᠢ D ᠲᠠᠰ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠡᠭᠦᠨ ᠢ ᠢᠲᠡᠭᠡᠮᠵᠢ ᠶᠢᠨ ᠬᠠᠷ᠎ᠠ ᠲᠠᠩᠰᠠᠨ ᠳᠤ ᠣᠷᠣᠭᠤᠯᠬᠤ ᠬᠡᠷᠡᠭᠲᠡᠢ᠃       ᠳᠥᠷᠪᠡᠳᠦᠭᠡᠷ ᠪᠦᠯᠦᠭ  ᠦᠨᠡᠯᠡᠯᠲᠡ ᠶᠢᠨ ᠦᠷ᠎ᠡ ᠳ᠋ᠦᠩ ᠢ ᠬᠡᠷᠡᠭᠯᠡᠬᠦ      ᠠᠷᠪᠠᠨ ᠳᠣᠯᠣᠳᠤᠭᠠᠷ ᠵᠦᠢᠯ  ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠥᠨᠳᠥᠷ ᠠᠴᠠ ᠳᠣᠣᠷ᠎ᠠ ᠲᠠᠰ ᠳᠠᠷᠠᠭᠠᠯᠠᠯ ᠢᠶᠠᠷ ᠪᠥᠬᠦ ᠣᠷᠣᠨ ᠳᠤ ᠨᠡᠶᠢᠲᠡᠯᠡᠵᠦ᠂ ᠡᠯ᠎ᠡ ᠬᠠᠮᠢᠶ᠎ᠠ ᠪᠦᠬᠦᠢ ᠨᠢᠭᠡᠴᠡ ᠳᠠᠭᠠᠭᠠᠴᠢᠯᠠᠯᠲᠠ ᠦᠨᠡᠯᠡᠬᠦ ᠠᠷᠭ᠎ᠠ ᠶᠢ ᠲᠣᠭᠲᠠᠭᠠᠬᠤ ᠳᠠᠭᠠᠨ ᠯᠠᠪᠯᠠᠯᠲᠠ ᠪᠣᠯᠭᠠᠨ ᠬᠡᠷᠡᠭᠯᠡᠵᠦ᠂ ᠢᠲᠡᠭᠡᠮᠵᠢ ᠶᠢᠨ ᠵᠡᠷᠭᠡ ᠳᠡᠰ ᠢ ᠬᠤᠪᠢ ᠲᠣᠭᠲᠠᠭᠠᠬᠤ ᠵᠦᠢᠯ ᠪᠣᠯᠭᠠᠬᠤ ᠶᠢ ᠰᠠᠨᠠᠭᠤᠯᠬᠤ ᠬᠡᠷᠡᠭᠲᠡᠢ᠃       ᠠᠷᠪᠠᠨ ᠨᠠᠢᠮᠠᠳᠤᠭᠠᠷ ᠵᠦᠢᠯ  ᠢᠲᠡᠭᠡᠮᠵᠢ ᠶᠢᠨ ᠦᠨᠡᠯᠡᠯᠲᠡ ᠶᠢᠨ ᠲᠠᠰ ᠢ A ᠲᠠᠰ ᠢᠶᠠᠷ ᠲᠣᠭᠲᠠᠭᠠᠭᠰᠠᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢᠨ ᠳᠤᠮᠳᠠ ᠢᠲᠡᠭᠡᠮᠵᠢ ᠶᠢᠨ ᠬᠤᠪᠢ ᠶᠢᠨ ᠪᠦᠷᠢᠨ ᠬᠤᠪᠢ ᠣᠯᠭᠤᠬᠤ ᠪᠤᠶᠤ ᠡᠯ᠎ᠡ ᠠᠵᠢᠯ ᠲᠥᠷᠥᠯ ᠤᠨ ᠳᠡᠭᠡᠳᠦ ᠱᠠᠲᠤᠨ ᠤ  ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠬᠦ ᠳᠦᠷᠢᠮ ᠢᠶᠠᠷ ᠬᠡᠷᠡᠭᠵᠢᠭᠦᠯᠦᠨ᠎ᠡ᠃       ᠠᠷᠪᠠ ᠶᠢᠰᠦᠳᠦᠭᠡᠷ ᠵᠦᠢᠯ  ᠢᠲᠡᠭᠡᠮᠵᠢ ᠶᠢᠨ ᠦᠨᠡᠯᠡᠯᠲᠡ ᠶᠢᠨ ᠲᠠᠰ ᠢ B ᠲᠠᠰ ᠢᠶᠠᠷ ᠲᠣᠭᠲᠠᠭᠠᠭᠰᠠᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢᠨ ᠳᠤᠮᠳᠠ ᠢᠲᠡᠭᠡᠮᠵᠢ ᠶᠢᠨ ᠬᠤᠪᠢ ᠶᠢᠨ ᠪᠦᠷᠢᠨ ᠬᠤᠪᠢ ᠶᠢᠨ 70% ᠶᠢ ᠣᠯᠭᠤᠬᠤ ᠪᠤᠶᠤ ᠡᠯ᠎ᠡ ᠠᠵᠢᠯ ᠲᠥᠷᠥᠯ ᠤᠨ ᠳᠡᠭᠡᠳᠦ ᠱᠠᠲᠤᠨ ᠤ  ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠬᠦ ᠳᠦᠷᠢᠮ ᠢᠶᠠᠷ ᠬᠡᠷᠡᠭᠵᠢᠭᠦᠯᠦᠨ᠎ᠡ᠃       ᠬᠤᠷᠢᠳᠤᠭᠠᠷ ᠵᠦᠢᠯ  ᠢᠲᠡᠭᠡᠮᠵᠢ ᠶᠢᠨ ᠦᠨᠡᠯᠡᠯᠲᠡ ᠶᠢᠨ ᠲᠠᠰ ᠢ C ᠲᠠᠰ ᠢᠶᠠᠷ ᠲᠣᠭᠲᠠᠭᠠᠭᠰᠠᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠨᠢᠭᠡᠴᠡ ᠳᠤ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠳᠣᠣᠷᠠᠬᠢ ᠮᠡᠲᠦ ᠵᠦᠢᠯ ᠵᠤᠷᠪᠤᠰ ᠤᠳ ᠲᠤ ᠬᠠᠨᠳᠤᠵᠤ ᠪᠣᠯᠣᠨ᠎ᠠ᠄      ︵ᠨᠢᠭᠡ︶ ᠢᠲᠡᠭᠡᠮᠵᠢ ᠶᠢᠨ ᠦᠨᠡᠯᠡᠯᠲᠡ ᠶᠢᠨ ᠬᠦᠴᠦᠨ ᠲᠠᠢ ᠬᠤᠭᠤᠴᠠᠭᠠᠨ ᠳᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢᠨ ᠳᠤᠮᠳᠠ ᠢᠲᠡᠭᠡᠮᠵᠢ ᠶᠢᠨ ᠬᠤᠪᠢ ᠲᠡᠭ ᠬᠤᠪᠢ ᠣᠯᠭᠤᠬᠤ ᠪᠤᠶᠤ ᠡᠯ᠎ᠡ ᠠᠵᠢᠯ ᠲᠥᠷᠥᠯ ᠤᠨ ᠳᠡᠭᠡᠳᠦ ᠱᠠᠲᠤᠨ ᠤ  ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠬᠦ ᠳᠦᠷᠢᠮ ᠤᠨ ᠶᠣᠰᠣᠭᠠᠷ ᠬᠡᠷᠡᠭᠵᠢᠭᠦᠯᠦᠨ᠎ᠡ︔      ︵ᠬᠤᠶᠠᠷ︶ ᠢᠲᠡᠭᠡᠮᠵᠢ ᠶᠢᠨ ᠦᠨᠡᠯᠡᠯᠲᠡ ᠶᠢᠨ ᠬᠦᠴᠦᠨ ᠲᠠᠢ ᠬᠤᠭᠤᠴᠠᠭ᠎ᠠ ᠶᠢᠨ ᠳᠠᠷᠠᠭ᠎ᠠ᠂ ᠲᠡᠭᠦᠨ ᠤ ᠪᠠᠶᠢᠭᠤᠯᠬᠤ ᠳᠤ ᠣᠷᠣᠯᠴᠠᠭᠰᠠᠨ ᠲᠥᠷᠥᠯ ᠵᠦᠢᠯ ᠤᠨ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠳᠤ ᠭᠤᠣᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃       ᠬᠤᠷᠢᠨ ᠨᠢᠭᠡᠳᠦᠭᠡᠷ ᠵᠦᠢᠯ  ᠢᠲᠡᠭᠡᠮᠵᠢ ᠶᠢᠨ ᠦᠨᠡᠯᠡᠯᠲᠡ ᠶᠢᠨ ᠲᠠᠰ ᠢ D ᠲᠠᠰ ᠢᠶᠠᠷ ᠲᠣᠭᠲᠠᠭᠠᠭᠰᠠᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠨᠢᠭᠡᠴᠡ ᠳᠤ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠳᠣᠣᠷᠠᠬᠢ ᠮᠡᠲᠦ ᠵᠦᠢᠯ ᠵᠤᠷᠪᠤᠰ ᠤᠳ ᠲᠤ ᠬᠠᠨᠳᠤᠵᠤ ᠪᠣᠯᠣᠨ᠎ᠠ᠄      ︵ᠨᠢᠭᠡ︶ ᠦᠨᠡᠯᠡᠯᠲᠡ ᠶᠢᠨ ᠦᠷ᠎ᠡ ᠳ᠋ᠦᠩ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠭᠤᠷᠪᠠᠨ ᠵᠢᠯ ᠤᠨ ᠳᠣᠲᠣᠷ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠬᠤ ᠶᠢ ᠴᠠᠭᠠᠵᠠᠯᠠᠨ᠎ᠠ︔      ︵ᠬᠤᠶᠠᠷ︶ ᠢᠲᠡᠭᠡᠮᠵᠢ ᠶᠢᠨ ᠦᠨᠡᠯᠡᠯᠲᠡ ᠶᠢᠨ ᠬᠦᠴᠦᠨ ᠲᠠᠢ ᠬᠤᠭᠤᠴᠠᠭ᠎ᠠ ᠶᠢᠨ ᠳᠠᠷᠠᠭ᠎ᠠ᠂ ᠲᠡᠭᠦᠨ ᠤ ᠪᠠᠶᠢᠭᠤᠯᠬᠤ ᠳᠤ ᠣᠷᠣᠯᠴᠠᠭᠰᠠᠨ ᠲᠥᠷᠥᠯ ᠵᠦᠢᠯ ᠤᠨ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠳᠤ ᠭᠤᠣᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃       ᠬᠤᠷᠢᠨ ᠬᠤᠶᠠᠳᠤᠭᠠᠷ ᠵᠦᠢᠯ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠠᠩᠬ᠎ᠠ ᠤᠳᠠᠭ᠎ᠠ ᠣᠷᠣᠯᠴᠠᠭᠰᠠᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠲᠠᠰ ᠢ A ᠲᠠᠰ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠣᠯᠣᠭᠰᠠᠨ ᠬᠤᠪᠢ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠣᠨ᠎ᠠ᠃       ᠬᠤᠷᠢᠨ ᠭᠤᠷᠪᠠᠳᠤᠭᠠᠷ ᠵᠦᠢᠯ  ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠵᠣᠬᠢᠬᠤ ᠠᠷᠭ᠎ᠠ ᠮᠠᠲ᠋ᠧᠷᠢᠶᠠᠯ ᠢᠶᠠᠷ ᠬᠠᠮᠢᠶ᠎ᠠ ᠪᠦᠬᠦᠢ ᠠᠵᠢᠯ ᠲᠥᠷᠥᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠳᠤ ᠮᠡᠳᠡᠭᠳᠡᠨ ᠯᠠᠪᠯᠠᠯᠲᠠ ᠪᠣᠯᠭᠠᠨ ᠬᠡᠷᠡᠭᠯᠡᠭᠦᠯᠦᠨ᠎ᠡ᠃       ᠲᠠᠪᠤᠳᠤᠭᠠᠷ ᠪᠦᠯᠦᠭ  ᠢᠲᠡᠭᠡᠮᠵᠢ ᠶᠢ ᠵᠠᠰᠠᠨ ᠰᠡᠷᠭᠦᠭᠡᠬᠦ      ᠬᠤᠷᠢᠨ ᠳᠥᠷᠪᠡᠳᠦᠭᠡᠷ ᠵᠦᠢᠯ  ᠢᠲᠡᠭᠡᠮᠵᠢ ᠶᠢᠨ ᠦᠨᠡᠯᠡᠯᠲᠡ ᠶᠢᠨ ᠳᠡᠰ ᠨᠢ ᠬᠦᠴᠦᠨ ᠲᠠᠢ ᠬᠤᠭᠤᠴᠠᠭᠠᠨ ᠳᠤ ᠬᠦᠷᠦᠭᠰᠡᠨ ᠪᠠᠶᠢᠪᠠᠯ᠂ C ᠳᠡᠰ ᠪᠠ D ᠳᠡᠰ ᠤᠨ ᠨᠡᠷᠡᠰ ᠢ ᠠᠶᠠᠨᠳᠠᠭᠠᠨ ᠰᠢᠯᠵᠢᠭᠦᠯᠵᠦᠭᠠᠷᠭᠠᠨ᠎ᠠ᠃       ᠬᠤᠷᠢᠨ ᠲᠠᠪᠤᠳᠤᠭᠠᠷ ᠵᠦᠢᠯ  ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠦᠨᠡᠯᠡᠯᠲᠡ ᠶᠢᠨ ᠲᠠᠰ ᠨᠢ D ᠲᠠᠰ ᠤᠨ ᠠᠵᠤ ᠠᠬᠤᠶᠢᠯᠠᠯ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠢᠨᠠᠮᠠᠭᠠᠢ ᠪᠡᠶᠡᠯᠡᠭᠦᠯᠵᠦ᠂ ᠢᠲᠡᠭᠡᠯ ᠠᠯᠳᠠᠭᠰᠠᠨ ᠠᠵᠢᠯᠯᠠᠭ᠎ᠠ ᠶᠢ ᠵᠠᠯᠠᠷᠠᠭᠤᠯᠤᠨ᠂ ᠲᠣᠰ ᠪᠡᠶ᠎ᠡ ᠶᠢᠨ ᠢᠲᠡᠭᠡᠮᠵᠢ ᠶᠢᠨ ᠪᠠᠶᠢᠳᠠᠯ ᠢᠶᠠᠨ ᠰᠠᠶᠢᠵᠢᠷᠠᠭᠤᠯᠵᠤ᠂ ᠬᠠᠮᠢᠶ᠎ᠠ ᠪᠦᠬᠦᠢ ᠡᠭᠦᠷᠭᠡ ᠪᠠᠨ ᠭᠦᠢᠴᠡᠳᠬᠡᠵᠦ᠂ ᠮᠠᠭᠤ ᠨᠥᠯᠥᠭᠡ ᠶᠢ ᠠᠷᠢᠯᠭᠠᠭᠰᠠᠨ ᠪᠠᠶᠢᠪᠠᠯ᠂ ᠢᠲᠡᠭᠡᠮᠵᠢ ᠪᠠᠨ ᠰᠡᠷᠭᠦᠭᠡᠬᠦ ᠪᠠᠷ ᠭᠤᠶᠤᠴᠢᠯᠠᠵᠤ ᠪᠣᠯᠣᠨ᠎ᠠ᠃ ᠭᠡᠪᠡᠴᠦ ᠳᠣᠣᠷᠠᠬᠢ ᠦᠢᠯᠡ ᠠᠵᠢᠯᠯᠠᠭ᠎ᠠ ᠲᠠᠢ ᠪᠠᠶᠢᠪᠠᠯ ᠵᠠᠰᠠᠨ ᠰᠡᠷᠭᠦᠭᠡᠬᠦ ᠪᠠᠷ ᠭᠤᠶᠤᠴᠢᠯᠠᠵᠤ ᠪᠣᠯᠬᠤ ᠦᠭᠡᠢ᠃      ︵ᠨᠢᠭᠡ︶ ᠳᠠᠭᠠᠭᠠᠴᠢᠯᠠᠯᠲᠠ ᠶᠢ ᠬᠤᠤᠪᠢᠯᠳᠤᠬᠤ᠂ ᠳᠠᠭᠠᠭᠠᠴᠢᠯᠠᠯᠲᠠ ᠳᠤ ᠰᠦᠯᠪᠡᠭᠡᠯᠡᠬᠦ ᠦᠢᠯᠡ ᠠᠵᠢᠯᠯᠠᠭ᠎ᠠ ᠲᠠᠢ ᠪᠠᠶᠢᠬᠤ︔ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠬᠠᠭ᠋ᠤᠤᠯᠢ ᠲᠦᠯᠬᠢᠬᠦ ᠪᠤᠶᠤ ᠬᠠᠤᠯᠢ ᠶᠢ ᠵᠥᠷᠢᠴᠡᠭᠰᠡᠨ ᠪᠤᠰᠤᠳ ᠬᠡᠯᠪᠡᠷᠢ ᠪᠠᠷ ᠳᠠᠭᠠᠭᠠᠴᠢᠯᠠᠯᠲᠠ ᠶᠢ ᠮᠡᠬᠡᠯᠡᠨ ᠣᠯᠣᠭᠰᠠᠨ︔ ᠪᠠᠷᠢᠯᠭ᠎ᠠ ᠶᠢᠨ ᠠᠵᠢᠯ ᠢ ᠬᠠᠤᠯᠢ ᠪᠤᠰᠤ ᠪᠠᠷ ᠬᠤᠪᠢᠶᠠᠨ ᠳᠠᠭᠠᠭᠠᠴᠢᠯᠠᠭᠤᠯᠤᠭᠰᠠᠨ᠂ ᠰᠢᠯᠵᠢᠭᠦᠯᠦᠨ ᠳᠠᠭᠠᠭᠠᠴᠢᠯᠠᠭᠤᠯᠤᠭᠰᠠᠨ︔ ᠬᠢᠷᠢ ᠴᠢᠳᠠᠯ ᠤᠨ ᠦᠨᠡᠮᠯᠡᠯ ᠢ ᠬᠠᠤᠯᠢ ᠪᠤᠰᠤ ᠪᠠᠷ ᠲᠦᠰᠢᠭᠯᠡᠬᠦ᠂ ᠵᠢᠭᠡᠯᠡᠭᠦᠯᠬᠦ ᠵᠡᠷᠭᠡ ᠵᠦᠢ ᠪᠤᠰᠤ ᠥᠷᠢᠰᠦᠯᠳᠦᠭᠡᠨ ᠤ ᠠᠷᠭ᠎ᠠ ᠪᠠᠷᠢᠯ ᠪᠠ ᠬᠤᠳᠠᠯ ᠬᠠᠭᠤᠷᠮᠠᠭ ᠠᠮᠠᠯᠠᠯᠲᠠ ᠪᠠᠷ ᠳᠠᠭᠠᠭᠠᠨ ᠠᠪᠬᠤ ᠲᠤᠬᠠᠶᠢᠯᠠᠭᠰᠠᠨ ᠠᠵᠢᠯ᠃       ︵ᠬᠤᠶᠠᠷ︶ ᠬᠤᠳᠠᠯ ᠬᠠᠭᠤᠷᠮᠠᠭ ᠮᠡᠳᠡᠭᠡ ᠵᠠᠩᠭᠢ᠂ ᠮᠠᠲ᠋ᠧᠷᠢᠶᠠᠯ ᠬᠠᠩᠭᠠᠵᠤ᠂ ᠠᠷᠠᠯᠵᠢᠶᠠᠨ ᠤ ᠪᠢᠴᠢᠭ ᠮᠠᠲ᠋ᠧᠷᠢᠶᠠᠯ ᠪᠠ ᠭᠡᠷᠡᠴᠢ ᠪᠠᠷᠢᠮᠲᠠ ᠶᠢ ᠬᠠᠭᠤᠷᠮᠠᠭᠯᠠᠨ ᠵᠣᠬᠢᠶᠠᠵᠤ᠂ ᠪᠠᠯᠠᠯᠤᠨ ᠵᠠᠰᠠᠬᠤ︔ ᠬᠤᠳᠠᠯ ᠬᠠᠭᠤᠷᠮᠠᠭ ᠬᠢᠨᠠᠨ ᠪᠤᠳᠤᠭᠰᠠᠨ ᠮᠡᠳᠡᠭᠦᠯᠦᠯᠲᠡ᠂ ᠪᠡᠯᠡ ᠰᠢᠯᠭᠠᠭᠰᠠᠨ ᠮᠡᠳᠡᠭᠦᠯᠦᠯᠲᠡ᠂ ᠦᠨᠡᠯᠡᠨ ᠵᠢᠱᠢᠭᠰᠡᠨ ᠮᠡᠳᠡᠭᠦᠯᠦᠯᠲᠡ᠂ ᠭᠡᠷᠡᠴᠢᠯᠡᠬᠦ ᠪᠢᠴᠢᠭ ᠮᠠᠲ᠋ᠧᠷᠢᠶᠠᠯ ᠵᠢᠴᠢ ᠪᠤᠰᠤᠳ ᠪᠢᠴᠢᠭ ᠮᠠᠲ᠋ᠧᠷᠢᠶᠠᠯ ᠬᠠᠩᠭᠠᠬᠤ᠃       ︵ᠭᠤᠷᠪᠠ︶ ᠭᠡᠷ᠎ᠡ ᠶᠢ ᠭᠦᠢᠴᠡᠳᠬᠡᠬᠦ ᠶᠠᠪᠤᠴᠠ ᠳᠤ ᠤᠯᠤᠰ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠵᠥᠷᠢᠴᠡᠭᠰᠡᠨ ᠪᠠᠶᠢᠳᠠᠯ ᠭᠠᠷᠬᠤ︔ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠬᠠᠷᠢᠭᠤᠴᠠᠯᠭᠠᠲᠠᠨ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠬᠦ ᠪᠠᠷ ᠰᠢᠢᠳᠬᠡᠭᠳᠡᠭᠰᠡᠨ᠃       ︵ᠳᠥᠷᠪᠡ︶ ᠭᠡᠷ᠎ᠡ ᠶᠢ ᠭᠦᠢᠴᠡᠳᠬᠡᠬᠦ ᠶᠠᠪᠤᠴᠠ ᠳᠤ ᠬᠦᠨᠳᠦ ᠶᠡᠭᠡ ᠠᠯᠳᠠᠭ᠎ᠠ ᠭᠠᠷᠭᠠᠵᠤ᠂ ᠤᠯᠤᠰ ᠣᠷᠣᠨ ᠪᠠ ᠬᠠᠮᠲᠤ ᠨᠡᠶᠢᠲᠡ ᠶᠢᠨ ᠠᠰᠢᠭ ᠲᠤᠰᠠ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠪᠤᠶᠤ ᠬᠦᠨᠳᠦ ᠶᠡᠭᠡ ᠠᠰᠢᠭ ᠦᠭᠡᠢ ᠨᠥᠯᠥᠭᠡ ᠭᠠᠷᠭᠠᠭᠰᠠᠨ︔ ᠡᠰᠡᠬᠦᠯ᠎ᠡ ᠪᠠᠶᠢᠳᠠᠯ ᠢᠶᠠᠨ ᠮᠡᠳᠡᠭᠦᠯᠬᠦ ᠦᠭᠡᠢ ᠨᠢᠭᠤᠬᠤ᠂ ᠬᠤᠳᠠᠯ ᠢᠶᠠᠷ ᠮᠡᠳᠡᠭᠦᠯᠬᠦ᠃       ᠬᠤᠷᠢᠨ ᠵᠢᠷᠭᠤᠳᠤᠭᠠᠷ ᠵᠦᠢᠯ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠲᠠᠰ ᠤᠨ D ᠲᠠᠰ ᠤᠨ ᠢᠲᠡᠭᠡᠮᠵᠢ ᠶᠢ ᠰᠡᠷᠭᠦᠭᠡᠬᠦ ᠲᠠᠰ ᠳᠠᠷᠠᠭᠠᠯᠠᠯ ᠨᠢ ᠳᠣᠣᠷᠠᠬᠢ ᠮᠡᠲᠦ᠃       ︵ᠨᠢᠭᠡ︶ ᠠᠵᠤ ᠠᠬᠤᠶᠢᠯᠠᠯ ᠭᠤᠶᠤᠴᠢᠯᠠᠬᠤ᠂ ᠢᠲᠡᠭᠡᠮᠵᠢ ᠶᠢᠨ ᠰᠡᠷᠭᠦᠭᠡᠯᠲᠡ ᠶᠢᠨ ᠠᠵᠤ ᠠᠬᠤᠶᠢᠯᠠᠯ ᠨᠢ ᠦᠨᠡᠯᠡᠯᠲᠡ ᠬᠢᠬᠦ ᠭᠠᠵᠠᠷ ᠤᠨ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠳᠣᠣᠷᠠᠬᠢ ᠪᠢᠴᠢᠭ ᠤᠨ ᠭᠤᠶᠤᠴᠢᠯᠠᠯ ᠤᠨ ᠮᠠᠲ᠋ᠧᠷᠢᠶᠠᠯ ᠢ ᠲᠤᠰᠢᠶᠠᠬᠤ ᠬᠡᠷᠡᠭᠲᠡᠢ᠄      1. ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠠᠴᠠ ᠭᠠᠷ ᠤᠨ ᠥᠰᠥᠭ ᠵᠢᠷᠤᠭᠰᠠᠨ ᠪᠥᠭᠡᠳ ᠠᠯᠪᠠᠨ ᠲᠠᠮᠠᠭ᠎ᠠ ᠳᠠᠷᠤᠭᠰᠠᠨ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠲᠠᠰ ᠤᠨ D ᠲᠠᠰ ᠤᠨ ᠢᠲᠡᠭᠡᠮᠵᠢ ᠶᠢ ᠰᠡᠷᠭᠦᠭᠡᠬᠦ ᠭᠤᠶᠤᠴᠢᠯᠠᠯ ᠤᠨ ᠪᠢᠴᠢᠭ︾ ︵ᠳᠠᠭᠠᠯᠳᠤᠭᠤᠯᠤᠯ 4︶︔      2. ᠡᠵᠡᠩᠨᠡᠯᠲᠡ ᠶᠢᠨ ᠦᠨᠡᠮᠯᠡᠯ ᠤᠨ ᠤᠭ ᠮᠠᠲ᠋ᠧᠷᠢᠶᠠᠯ ᠵᠢᠴᠢ ᠠᠯᠪᠠᠨ ᠲᠠᠮᠠᠭ᠎ᠠ ᠳᠠᠷᠤᠭᠰᠠᠨ ᠪᠠᠭᠤᠯᠭᠠᠪᠤᠷᠢ︔       3. ᠵᠡᠷᠭᠡ ᠳᠡᠰ ᠤᠨ ᠦᠨᠡᠯᠡᠯᠲᠡ ᠶᠢᠨ ᠬᠤᠪᠢ ᠬᠠᠰᠤᠬᠤ ᠵᠦᠢᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠭᠡᠷᠡᠴᠢ ᠮᠠᠲ᠋ᠧᠷᠢᠶᠠᠯ︔      4. ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠵᠤ ᠡᠵᠡᠩᠨᠡᠬᠦ ᠢᠲᠡᠭᠡᠮᠵᠢ ᠶᠢᠨ ᠠᠮᠠᠯᠠᠯᠲᠠ ᠶᠢᠨ ᠪᠢᠴᠢᠭ ︵ᠨᠢᠭᠡ ᠬᠡᠯᠪᠡᠷᠢ ᠶᠢᠨ ᠭᠤᠷᠪᠠᠨ ᠬᠤᠪᠢ︶ ︵ᠳᠠᠭᠠᠯᠳᠤᠭᠤᠯᠤᠯ 5︶᠃       ︵ᠬᠤᠶᠠᠷ︶ ᠠᠩᠬᠠᠨ ᠤ ᠬᠢᠨᠠᠯᠲᠠ᠂ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠪᠠᠷ ᠪᠠᠶᠢᠭ᠎ᠠ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠵᠤ ᠠᠬᠤᠶᠢᠯᠠᠯ ᠤᠨ ᠳᠤᠷᠠᠳᠤᠭᠰᠠᠨ ᠭᠤᠶᠤᠴᠢᠯᠠᠭᠰᠠᠨ ᠵᠦᠢᠯᠡᠰ ᠪᠠ ᠭᠡᠷᠡᠴᠢᠯᠡᠬᠦ ᠮᠠᠲ᠋ᠧᠷᠢᠶᠠᠯ ᠢ ᠭᠥᠯᠢᠶᠡᠨ ᠠᠪᠴᠤ ᠰᠢᠢᠳᠪᠦᠷᠢᠯᠡᠬᠦ ᠪᠠᠷ ᠠᠩᠬᠠᠨ ᠤ ᠬᠢᠨᠠᠯᠲᠠ ᠬᠢᠨ᠎ᠡ᠃ ᠨᠥᠬᠦᠴᠡᠯ ᠳᠤ ᠨᠡᠶᠢᠴᠡᠭᠰᠡᠨ ᠪᠠᠶᠢᠪᠠᠯ᠂ ᠬᠦᠯᠢᠶᠡᠨ ᠠᠪᠴᠤ ᠰᠢᠢᠳᠪᠦᠷᠢᠯᠡᠬᠦ ᠮᠡᠳᠡᠭᠳᠡᠯ ᠤᠨ ᠪᠢᠴᠢᠭ ᠢ ᠴᠠᠭ ᠲᠤᠬᠠᠢ ᠳᠤᠨᠢ ᠭᠠᠷᠭᠠᠵᠤ ᠥᠭᠬᠦ ᠬᠡᠷᠡᠭᠲᠡᠢ︔ ᠨᠥᠬᠦᠴᠡᠯ ᠳᠤ ᠨᠡᠶᠢᠴᠡᠬᠦ ᠦᠭᠡᠢ ᠪᠣᠯ ᠦᠯᠦ ᠬᠦᠯᠢᠶᠡᠨ ᠠᠪᠴᠤ ᠰᠢᠢᠳᠪᠦᠷᠢᠯᠡᠬᠦ ᠮᠡᠳᠡᠭᠳᠡᠯ ᠤᠨ ᠪᠢᠴᠢᠭ ᠭᠠᠷᠭᠠᠵᠤ᠂ ᠠᠵᠤ ᠠᠬᠤᠶᠢᠯᠠᠯ ᠳᠤ ᠦᠯᠦ ᠬᠦᠯᠢᠶᠡᠨ ᠠᠪᠴᠤ ᠰᠢᠢᠳᠪᠦᠷᠢᠯᠡᠬᠦ ᠤᠴᠢᠷ ᠰᠢᠯᠲᠠᠭᠠᠨ ᠢᠶᠠᠨ ᠮᠡᠳᠡᠭᠳᠡᠬᠦ ᠬᠡᠷᠡᠭᠲᠡᠢ᠃ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠤ ᠳᠠᠷᠠᠭ᠎ᠠ 7 ᠠᠵᠢᠯᠯᠠᠬᠤ ᠡᠳᠦᠷ ᠤᠨ ᠳᠣᠲᠣᠷ᠎ᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ ᠬᠠᠷᠭᠤᠭᠤᠯᠬᠤ ᠶᠢᠨ ᠬᠠᠮᠲᠤ ᠠᠩᠬᠠᠨ ᠤ ᠬᠢᠨᠠᠯᠲᠠ ᠶᠢᠨ ᠰᠠᠨᠠᠯ ᠢᠶᠠᠨ ᠳᠤᠷᠠᠳᠬᠤ ᠬᠡᠷᠡᠭᠲᠡᠢ᠃ ᠬᠤᠰᠢᠭᠤ ᠰᠢᠶᠠᠨ ᠤ ᠲᠠᠷᠢᠶᠠᠯᠠᠩ ᠮᠠᠯ ᠠᠵᠤᠠᠬᠤᠢ ᠶᠢᠨ ᠰᠠᠯᠠᠭ᠎ᠠ ᠮᠥᠴᠢᠷ ᠤᠨ ᠠᠩᠬᠠᠨ ᠤ ᠬᠢᠨᠠᠯᠲᠠ ᠶᠢᠨ ᠰᠠᠨᠠᠯ ᠢ ᠭᠤᠣᠯ ᠬᠠᠷᠢᠭᠤᠴᠠᠯᠭᠠᠲᠠᠨ ᠢᠶᠠᠷ ᠭᠠᠷ ᠤᠨ ᠥᠰᠥᠭ ᠵᠢᠷᠤᠭᠤᠯᠤᠭᠰᠠᠨ ᠤ ᠳᠠᠷᠠᠭ᠎ᠠ᠂ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠪᠣᠯᠣᠨ ︽ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠢ ᠬᠠᠤᠯᠢ ᠶᠣᠰᠣᠭᠠᠷ ᠡᠵᠡᠩᠨᠡᠬᠦ ᠢᠲᠡᠭᠡᠮᠵᠢ ᠶᠢᠨ ᠠᠮᠠᠯᠠᠯᠲᠠ ᠶᠢᠨ ᠪᠢᠴᠢᠭ︾ ᠤᠨ ᠤᠭᠮᠠᠲ᠋ᠧᠷᠢᠶᠠᠯ ᠲᠠᠢ ᠨᠢ ᠬᠠᠮᠲᠤ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠮᠡᠳᠡᠭᠦᠯᠵᠦ ᠬᠢᠨᠠᠭᠤᠯᠤᠨ᠎ᠠ᠃       ︵ᠭᠤᠷᠪᠠ︶ ᠬᠢᠨᠠᠨ ᠬᠠᠷᠭᠤᠭᠤᠯᠵᠤ ᠲᠣᠭᠲᠠᠭᠠᠬᠤ᠂ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠠᠩᠬ᠎ᠠ ᠬᠢᠨᠠᠭᠰᠠᠨ ᠰᠠᠨᠠᠯ ᠢ ᠣᠯᠣᠭᠰᠠᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ᠂ ᠰᠢᠯᠵᠢᠭᠦᠯᠵᠦ ᠭᠠᠷᠭᠠᠬᠤ ᠶᠢ ᠵᠥᠪᠰᠢᠶᠡᠷᠡᠬᠦ ᠪᠤᠶᠤ ᠥᠯᠥ ᠵᠥᠪᠰᠢᠶᠡᠷᠡᠬᠦ ᠲᠣᠭᠲᠠᠭᠠᠯ ᠭᠠᠷᠭᠠᠵᠤ᠂ ᠠᠩᠬ᠎ᠠ ᠬᠢᠨᠠᠭᠰᠠᠨ ᠰᠠᠯᠠᠭ᠎ᠠ ᠮᠥᠴᠢᠷ ᠲᠤ ᠬᠠᠷᠢᠭᠤ ᠲᠤᠰᠬᠠᠵᠤ᠂ ᠮᠠᠷᠭᠤᠭᠠᠨ ᠦᠭᠡᠢ ᠪᠣᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠦᠨ᠎ᠡ᠃       ︵ᠳᠥᠷᠪᠡ︶ ᠦᠷ᠎ᠡ ᠳ᠋ᠦᠩ ᠢ ᠢᠯᠡ ᠨᠡᠶᠢᠲᠡᠯᠡᠵᠦ᠂ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ D ᠲᠠᠰ  ᠠᠴᠠ ᠰᠢᠯᠵᠢᠭᠦᠯᠦᠨ ᠭᠠᠷᠭᠠᠬᠤ ᠶᠢ ᠵᠥᠪᠰᠢᠶᠡᠷᠡᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠲᠣᠭᠲᠠᠮᠠᠯ ᠬᠤᠭᠤᠴᠠᠭ᠎ᠠ ᠲᠠᠢ ᠪᠠᠷ ᠫᠤᠷᠲ᠋ᠧᠯ ᠰᠦᠯᠵᠢᠶᠡᠨ  ᠳᠤ ᠨᠡᠶᠢᠲᠡᠯᠡᠭᠰᠡᠨ ᠦᠷ᠎ᠡ ᠳ᠋ᠦᠩ ᠢ ᠨᠢᠭᠡᠳᠦᠯᠲᠡᠢ ᠢᠯᠡ ᠨᠡᠶᠢᠲᠡᠯᠡᠵᠦ᠂ ᠲᠣᠰ ᠠᠵᠤ ᠠᠬᠤᠶᠢᠯᠠᠯ ᠢ D ᠲᠠᠰ ᠤᠨ ᠢᠲᠡᠭᠡᠮᠵᠢ ᠠᠴᠠ C ᠲᠠᠰ ᠪᠣᠯᠭᠠᠨ ᠰᠡᠷᠭᠦᠭᠡᠬᠦ ᠶᠢᠨ ᠬᠠᠮᠲᠤ ᠢᠲᠡᠭᠡᠮᠵᠢ ᠶᠢᠨ C ᠲᠠᠰ ᠢᠶᠠᠷ ᠬᠠᠮᠢᠶᠠᠷᠤᠨ᠎ᠠ᠃       ᠵᠢᠷᠭᠤᠳᠤᠭᠠᠷ ᠪᠦᠯᠦᠭ  ᠳᠠᠭᠠᠯᠳᠤᠭᠤᠯᠤᠯ ᠳᠦᠷᠢᠮ      ᠬᠤᠷᠢᠨ ᠳᠣᠯᠣᠳᠤᠭᠠᠷ ᠵᠦᠢᠯ  ᠢᠲᠡᠭᠡᠮᠵᠢ ᠶᠢᠨ ᠦᠨᠡᠯᠡᠯᠲᠡ ᠶᠢᠨ ᠬᠤᠪᠢ ᠲᠣᠭᠲᠠᠭᠠᠬᠤ ᠳᠤ ᠣᠷᠣᠯᠴᠠᠭᠰᠠᠨ ᠠᠵᠢᠯᠲᠠᠨ ᠢᠲᠡᠭᠡᠮᠵᠢ ᠶᠢᠨ ᠦᠨᠡᠯᠡᠯᠲᠡ ᠶᠢᠨ ᠠᠵᠢᠯ ᠢ ᠥᠷᠨᠢᠭᠦᠯᠬᠦ ᠳᠡᠭᠡᠨ ᠦᠨᠡᠨ ᠠᠴᠠ ᠵᠥᠪ ᠢ ᠡᠷᠢᠬᠦ ᠵᠠᠷᠴᠢᠮ ᠶᠣᠰᠣᠭᠠᠷ᠂ ᠦᠨᠡᠯᠡᠬᠦ ᠪᠠᠷᠢᠮᠵᠢᠶ᠎ᠠ ᠪᠠ ᠬᠤᠯᠪᠣᠭᠳᠠᠯ ᠪᠦᠬᠦᠢ ᠲᠣᠭᠲᠠᠭᠠᠯ ᠢ ᠲᠥᠪ ᠭᠤᠣᠯᠴᠢ᠂ ᠪᠤᠰᠤᠳᠴᠢ ᠪᠠᠷ ᠴᠢᠩᠭ᠎ᠠ ᠬᠡᠷᠡᠭᠵᠢᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠵᠤ᠂ ᠵᠥᠷᠢᠴᠡᠭᠰᠡᠳ ᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠰᠢᠢᠳᠪᠦᠷᠢᠯᠡᠬᠦ ᠬᠡᠷᠡᠭᠲᠡᠢ᠃        ᠬᠤᠷᠢᠨ ᠨᠠᠢᠮᠠᠳᠤᠭᠠᠷ ᠵᠦᠢᠯ  ᠦᠨᠡᠯᠡᠬᠦ ᠨᠢᠭᠡᠴᠡ ᠨᠢ ᠦᠨᠡᠯᠡᠬᠦ ᠶᠠᠪᠤᠴᠠ ᠳᠤ᠂ ᠲᠥᠷᠥᠯ ᠵᠦᠢᠯ  ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠬᠡᠪ ᠤᠨ ᠠᠵᠢᠯ ᠳᠤ ᠭᠠᠷ ᠳᠦᠷᠦᠵᠦ ᠪᠣᠯᠬᠤ ᠦᠭᠡᠢ᠂ ᠦᠨᠡᠯᠡᠬᠦ ᠨᠡᠷ᠎ᠡ ᠪᠠᠷ ᠵᠦᠢ ᠶᠣᠰᠣᠨ ᠤ ᠪᠤᠰᠤ ᠠᠰᠢᠭ ᠣᠯᠵᠤ ᠪᠣᠯᠬᠤ ᠦᠭᠡᠢ᠃       ᠬᠤᠷᠢ ᠶᠢᠰᠦᠳᠦᠭᠡᠷ ᠵᠦᠢᠯ  ᠲᠣᠰ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠠᠴᠠ ᠬᠠᠷᠢᠭᠤᠴᠠᠨ ᠲᠠᠶᠢᠯᠪᠤᠷᠢᠯᠠᠨ᠎ᠠ᠃       ᠭᠤᠴᠢᠳᠤᠭᠠᠷ ᠵᠦᠢᠯ  ᠲᠣᠰ ᠠᠷᠭ᠎ᠠ ᠶᠢ 2025 ᠣᠨ ᠤ 2 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠶᠢᠨ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠦᠨᠡᠯᠡᠯᠲᠡ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠥᠪᠥᠷ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠲᠣᠭᠲᠠᠭᠠᠯ ﹇202﹈ 1 ᠳ᠋ᠦ᠋ᠭᠡᠷ ᠲᠣᠭᠠᠲᠤ︶ ᠶᠢ ᠬᠦᠴᠦᠨ ᠦᠭᠡᠢ ᠪᠣᠯᠭᠠᠨ᠎ᠠ᠃       ᠳᠠᠭᠠᠯᠳᠤᠭᠤᠯᠤᠯ 1᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠰᠠᠭᠤᠷᠢ ᠮᠡᠳᠡᠭᠡ ᠵᠠᠩᠭᠢ ᠶᠢ ᠳᠠᠩᠰᠠᠯᠠᠬᠤ ᠬᠦᠰᠦᠨᠦᠭᠲᠦ       ᠳᠠᠭᠠᠯᠳᠤᠭᠤᠯᠤᠯ 2᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠠᠵᠢᠯᠯᠠᠭ᠎ᠠ ᠶᠢᠨ ᠲᠡᠮᠳᠡᠭᠯᠡᠯ ᠤᠨ ᠬᠦᠰᠦᠨᠦᠭᠲᠦ       ᠳᠠᠭᠠᠯᠳᠤᠭᠤᠯᠤᠯ 3᠄ ᠪᠠᠶᠢᠭᠤᠯᠬᠤ ᠳᠤ ᠣᠷᠣᠯᠴᠠᠭᠰᠠᠨ ᠨᠢᠭᠡᠴᠢ ᠶᠢᠨ ᠠᠵᠢᠯ ᠤᠨ ᠪᠦᠲᠦᠮᠵᠢ ᠶᠢᠨ ᠬᠤᠷᠢᠶᠠᠩᠭᠤᠢ ᠬᠦᠰᠦᠨᠦᠭᠲᠦ       ᠳᠠᠭᠠᠯᠳᠤᠭᠤᠯᠤᠯ 4᠄ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠲᠠᠰ D ᠲᠠᠰ ᠤᠨ ᠢᠲᠡᠭᠡᠮᠵᠢ ᠶᠢ ᠰᠡᠷᠭᠦᠭᠡᠬᠦ ᠭᠤᠶᠤᠴᠢᠯᠠᠯ ᠤᠨ ᠪᠢᠴᠢᠭ       ᠳᠠᠭᠠᠯᠳᠤᠭᠤᠯᠤᠯ 5᠄ ᠦᠨᠡᠨᠴᠢ ᠢᠲᠡᠭᠡᠮᠵᠢᠲᠡᠢ ᠪᠥᠭᠡᠳ ᠬᠠᠤᠯᠢ ᠶᠢ ᠰᠠᠬᠢᠵᠤ ᠡᠵᠡᠩᠨᠡᠬᠦ ᠢᠲᠡᠭᠡᠮᠵᠢ ᠶᠢᠨ ᠠᠮᠠᠯᠠᠯᠲᠠ ᠶᠢᠨ ᠪᠢᠴᠢᠭ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号