2024 ᠣᠨ ᠳᠤ᠂ ᠪᠥᠬᠦ ᠣᠷᠣᠨ ᠤ ᠠᠮᠤ ᠪᠤᠳᠠᠭᠠᠨ ᠤ ᠶᠡᠷᠦᠩᠬᠡᠢ ᠤᠨᠠᠯᠲᠠ 820.1 ᠳ᠋ᠦᠩᠰᠢᠭᠤᠷ | ᠵᠢᠩ ᠳᠤ ᠬᠦᠷᠴᠦ᠂ ᠠᠩᠬ᠎ᠠ ᠤᠳᠠᠭ᠎ᠠ 800 ᠳ᠋ᠦᠩᠰᠢᠭᠤᠷ ᠵᠢᠩ ᠤᠨ ᠪᠣᠭᠤᠮᠲᠠ ᠶᠢ ᠳᠠᠪᠠᠵᠤ᠂ ᠲᠦᠷᠦᠭᠦᠸ ᠵᠢᠯ ᠤᠨ | ᠬᠢ ᠠᠴᠠ 3.6% ᠪᠠᠷ ᠨᠡᠮᠡᠭᠳᠡᠪᠡ᠃ ᠪᠥᠬᠦ ᠣᠷᠣᠨ ᠤ ᠠᠮᠤ ᠪᠤᠳᠠᠭ᠎ᠠ ᠳᠠᠷᠢᠬᠤ ᠲᠠᠯᠠᠪᠠᠶ 10517.7 ᠲᠦᠮᠡᠨ | ᠮᠦ ᠳᠤ ᠬᠦᠷᠴᠦ᠂ ᠳᠡᠭᠡᠷ᠎ᠡ ᠵᠢᠯ ᠤᠨ ᠬᠢ ᠠᠴᠠ 40.6 ᠲᠦᠮᠡᠨ ᠮᠦ ᠨᠡᠮᠡᠭᠳᠡᠪᠡ︔ ᠠᠮᠤ ᠪᠤᠳᠠᠭᠠᠨ ᠤ ᠲᠠᠷᠢᠮᠠᠯ ᠤᠨ | ᠲᠠᠯᠠᠪᠠᠢ ᠨᠢᠭᠡᠴᠢ ᠶᠢᠨ ᠤᠨᠠᠯᠲᠠ ᠮᠦ ᠪᠦᠷᠢ ᠳᠤ 390 ᠺᠢᠯᠣᠭ᠍ᠷᠠᠮ ᠳᠤ ᠬᠦᠷᠴᠦ᠂ ᠲᠦᠷᠦᠭᠦᠦ ᠵᠢᠯ ᠤᠨ ᠬᠢ ᠠᠴᠠ | ᠪᠠᠷᠤᠭ 12 ᠺᠢᠯᠣᠭ᠍ᠷᠠᠮ ᠨᠡᠮᠡᠭᠳᠡᠪᠡ᠃ ᠮᠠᠯ ᠠᠵᠤ ᠠᠬᠤᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠪᠡ᠃ ᠪᠥᠬᠦ | ᠣᠷᠣᠨ ᠤ ᠭᠠᠭ᠋ᠠᠢ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 300.8 ᠲᠦᠮᠡᠨ ᠲᠣᠨ ᠳᠤ ᠬᠦᠷᠴᠦ᠂ | ᠳᠡᠭᠡᠷ᠎ᠡ ᠵᠢᠯ ᠤᠨ ᠬᠢ ᠠᠴᠠ 5.4% ᠨᠡᠮᠡᠭᠳᠡᠪᠡ᠃ ᠡᠭᠦᠨ ᠳᠤ ᠭᠠᠭ᠋ᠠᠢ ᠶᠢᠨ ᠮᠢᠬ᠎ᠠ 80.6 ᠲᠦᠮᠡᠨ ᠲᠣᠨ᠂ | ᠦᠬᠡᠷ ᠤᠨ ᠮᠢᠬ᠎ᠠ 89.1 ᠲᠦᠮᠡᠨ ᠲᠣᠨ᠂ ᠬᠤᠨᠢᠨ ᠮᠢᠬ᠎ᠠ 105.9 ᠲᠦᠮᠡᠨ ᠲᠣᠨ᠂ ᠵᠢᠭᠦᠷᠲᠡᠨ ᠤ ᠮᠢᠬ᠎ᠠ 25.3 | ᠲᠦᠮᠡᠨ ᠲᠣᠨ ᠪᠣᠢ᠃ ᠪᠥᠬᠦ ᠣᠷᠣᠨ ᠤ ᠰᠠᠭᠠᠯᠢ ᠶᠢᠨ ᠦᠨᠢᠶ᠎ᠡ 163.1 ᠲᠦᠮᠡ ᠳᠤ ᠬᠦᠷᠴᠦ᠂ ᠦᠨᠢᠶᠡᠨ ᠰᠦ ᠶᠢᠨ | ᠭᠠᠷᠤᠯᠲᠠ 776.7 ᠲᠦᠮᠡᠨ ᠲᠣᠨ ᠳᠤ ᠬᠥᠷᠪᠡ᠃ ᠬᠡᠪᠴᠢᠶ᠎ᠡ ᠠᠴᠠ ᠳᠡᠭᠡᠭᠰᠢᠬᠢ ᠴᠠᠭᠠᠨ ᠢᠳᠡᠭᠡᠨ ᠤ ᠭᠠᠷᠤᠯᠲᠠ | 461.9 ᠲᠦᠮᠡᠨ ᠲᠣᠨ ᠳᠤ ᠬᠦᠷᠴᠡᠢ᠃ |