ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠰᠠᠬᠢᠨ ᠬᠠᠮᠠᠭᠠᠯᠠᠭᠴᠢ
ᠨᠡᠶᠢᠲᠡᠯᠡᠭᠰᠡᠨ ᠴᠠᠭ᠄
2025/1/24
      ︽ᠬᠠᠯᠠᠭᠤᠨ ᠬᠠᠶᠢᠷ᠎ᠠ ᠪᠠᠷ ᠢᠶᠠᠨ ᠰᠤᠷᠭᠠᠨ ᠬᠥᠮᠥᠵᠢᠭᠦᠯᠵᠦ᠂ ᠰᠤᠷᠤᠭᠴᠢᠳ ᠤᠨ ᠰᠠᠬᠢᠭᠴᠢ ᠬᠠᠮᠠᠭᠠᠯᠠᠭᠴᠢ ᠪᠣᠯᠣᠨᠠᠮ︕︾ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠱᠠ ᠡᠯ ᠶᠢᠩ ᠭᠤᠣᠯ ᠰᠤᠷᠭᠠᠭᠤᠯᠢ ᠶᠢᠨ ᠬᠥᠳᠡᠭᠡ ᠲᠣᠰᠬᠤᠨ ᠤ ᠪᠠᠭᠰᠢ ᠯᠠᠩ ᠸᠠᠨ ᠰᠢ ᠡᠨᠡ ᠦᠭᠡ ᠪᠠᠷ ᠥᠪᠡᠷ ᠢ ᠪᠠᠨ ᠵᠣᠷᠢᠭᠵᠢᠭᠤᠯᠵᠤ᠂ ᠵᠠᠯᠠᠭᠤ ᠨᠠᠰᠤ ᠪᠠ ᠬᠠᠶᠢᠷ᠎ᠠ ᠰᠡᠳᠬᠢᠯᠭᠡ ᠪᠠᠷ ᠬᠥᠳᠡᠭᠡ ᠲᠣᠰᠬᠤᠨ ᠤ ᠬᠡᠦᠬᠡᠳ ᠢ ᠤᠮᠳᠠᠯᠠᠨ᠂ ᠢᠷᠡᠭᠡᠳᠦᠢ ᠵᠦᠭ ᠲᠡᠮᠡᠦᠯᠬᠦ ᠬᠦᠰᠡᠯ ᠬᠥᠪᠴᠢᠯᠡᠭᠰᠡᠭᠡᠷ ᠢᠷᠡᠵᠡᠢ᠃      ᠰᠠᠶ᠋ᠢᠬᠠᠨ ᠥᠩᠭᠡᠷᠡᠭᠰᠡᠨ 8 ᠰᠠᠷ᠎ᠠ ᠳᠤ᠂ ᠯᠠᠩ ᠸᠠᠨ ᠰᠢ ︽ᠪᠦᠬᠦ ᠤᠯᠤᠰ ᠤᠨ ᠵᠢᠱᠢᠶᠡᠴᠢ ᠪᠠᠭᠰᠢ︾  ᠪᠠᠷ ᠦᠨᠡᠯᠡᠭᠳᠡᠵᠦ᠂ ᠡᠨᠡ ᠬᠦ ᠦᠨ᠎ᠡ ᠪᠡᠨ᠎ᠡ ᠲᠠᠢ ᠢᠷᠠᠭᠤ ᠠᠯᠳᠠᠷ ᠪᠣᠯ ᠲᠡᠭᠦᠨ ᠤ ᠣᠯᠠᠨ ᠵᠢᠯ ᠤᠨ ᠲᠤᠷᠰᠢ ᠬᠥᠳᠡᠭᠡ ᠲᠣᠰᠬᠤᠨ ᠤ ᠰᠤᠷᠭᠠᠨ ᠬᠥᠮᠦᠵᠢᠯ ᠳᠤ ᠦᠨᠳᠦᠰᠦᠯᠡᠨ᠂ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠦᠭᠰᠡᠨ ᠤ ᠬᠠᠮᠤᠭ ᠤᠨ ᠰᠠᠶᠢᠨ ᠭᠡᠷᠡᠴᠢᠯᠡᠯ ᠪᠣᠯᠣᠨ᠎ᠠ᠃      2013 ᠣᠨ ᠳᠤ ᠯᠠᠩ ᠸᠠᠨ ᠰᠢ ᠪᠠᠭᠰᠢ ᠪᠣᠯᠬᠤ ᠬᠦᠰᠡᠯ ᠡᠪᠦᠷᠯᠡᠨ᠂ ᠱᠠ ᠡᠯ ᠶᠢᠩ ᠭᠤᠣᠯ ᠰᠤᠷᠭᠠᠭᠤᠯᠢ ᠪᠠᠶᠢᠭ᠎ᠠ ᠡᠨᠡ ᠬᠦ ᠬᠥᠳᠡᠭᠡ ᠳᠣᠰᠬᠤᠨ ᠳᠤ ᠢᠷᠡᠵᠦ᠂ ᠨᠢᠭᠡ ᠮᠡᠳᠡᠬᠦ ᠳᠤ 11 ᠵᠢᠯ ᠠᠵᠢᠯᠯᠠᠭᠰᠠᠨ ᠪᠠᠶᠢᠯ᠎ᠠ᠃ ᠲᠡᠷᠡ ᠪᠠᠷ ᠰᠤᠷᠭᠠᠭᠤᠯᠢ ᠶᠢ ᠭᠡᠷ ᠢᠶᠠᠨ ᠰᠢᠭ ᠪᠣᠳᠤᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠢ ᠪᠠᠲᠤ ᠰᠠᠬᠢᠨ᠂ ᠪᠠᠭ᠎ᠠ ᠰᠤᠷᠭᠠᠭᠤᠯᠢ ᠶᠢᠨ ᠲᠣᠭᠠᠨ ᠤ ᠤᠬᠠᠭᠠᠨ ᠤ ᠪᠠᠭᠰᠢ᠂ ᠠᠩᠭᠢ ᠶᠢᠨ ᠡᠷᠬᠢᠯᠡᠭᠴᠢ᠂ ᠳᠤᠮᠳᠠ ᠠᠩᠭᠢ ᠶᠢᠨ ᠬᠠᠪᠰᠤᠷᠤᠨ ᠵᠢᠯᠣᠭᠤᠳᠤᠭᠴᠢ ᠪᠣᠯᠵᠤ᠂ ᠲᠣᠭᠠᠨ ᠤ ᠤᠬᠠᠭᠠᠨ ᠤ ᠵᠢᠭᠠᠬᠤ ᠶᠢ ᠰᠤᠳᠤᠯᠬᠤ ᠳᠤᠭᠤᠶᠢᠯᠠᠩ ᠤᠨ ᠳᠠᠷᠤᠭ᠎ᠠ ᠶᠢ ᠬᠠᠪᠰᠤᠷᠭᠠᠨ ᠬᠠᠷᠢᠭᠤᠴᠠᠪᠠ᠃      ᠯᠠᠩ ᠸᠠᠨ ᠰᠢ ᠬᠠᠯᠠᠭᠤᠨ ᠬᠠᠶᠢᠷ᠎ᠠ ᠪᠠᠨ ᠪᠥᠬᠦᠨ ᠢ ᠰᠤᠷᠤᠭᠴᠢ ᠳᠤ ᠪᠠᠨ ᠵᠣᠷᠢᠭᠤᠯᠤᠭᠰᠠᠨ ᠶᠤᠮ᠃ ᠴᠧᠨ ᠭᠤᠸᠠᠨ ᠢᠦᠢ ᠳᠠᠰᠬᠠᠯ ᠢᠶᠠᠨ ᠦᠷᠭᠦᠯᠵᠢ ᠳᠠᠭᠤᠰᠬᠠᠳᠠᠭ ᠦᠭᠡᠢ᠂ ᠰᠤᠷᠤᠯᠭ᠎ᠠ ᠳᠤ ᠪᠠᠨ ᠢᠲᠡᠭᠡᠯ ᠠᠯᠳᠠᠭᠰᠠᠨ‌‍ᠪᠠᠶᠢᠯ᠎ᠠ᠃ ᠯᠠᠩ ᠸᠠᠨ ᠰᠢ ᠣᠯᠠᠨ ᠤᠳᠠᠭ᠎ᠠ ᠭᠡᠷ ᠲᠤ ᠨᠢ ᠬᠦᠷᠴᠦ ᠰᠤᠷᠪᠤᠯᠵᠢᠯᠠᠨ᠂ ᠲᠡᠭᠦᠨ ᠲᠠᠢ ᠨᠠᠶᠢᠵᠠ ᠪᠣᠯᠣᠯᠴᠠᠵᠤ᠂ ᠲᠡᠭᠦᠨ ᠤ ᠠᠮᠢᠳᠤᠷᠠᠯ ᠢ ᠨᠢ ᠬᠠᠯᠠᠮᠵᠢᠯᠠᠨ᠂ ᠲᠡᠭᠦᠨ ᠢ ᠬᠠᠪᠰᠤᠷᠤᠨ ᠬᠢᠴᠢᠶᠡᠯ ᠢ ᠨᠢ ᠨᠥᠬᠦᠵᠦ ᠥᠭᠳᠡᠭ᠃ ᠡᠴᠦᠰ ᠲᠤ᠂ ᠴᠧᠨ ᠭᠤᠸᠠᠨ ᠢᠦᠢ ᠶᠢᠨ ᠰᠤᠷᠤᠯᠭ᠎ᠠ ᠶᠢᠨ ᠬᠢᠷᠢ ᠪᠦᠲᠦᠮᠵᠢ ᠨᠢᠭᠡ ᠯᠡ ᠳᠡᠭᠡᠷ᠎ᠡ ᠳᠡᠭᠡᠭᠰᠢᠯᠡᠵᠦ᠂ ᠭᠤᠷᠪᠠᠨ ᠰᠠᠶᠢᠨᠲᠠᠢ ᠰᠤᠷᠤᠭᠴᠢ ᠪᠣᠯᠣᠨ᠂ ᠨᠡᠯᠢᠶᠡᠳ ᠰᠠᠶᠢᠨ ᠳᠤᠮᠳᠠᠳᠤ ᠰᠤᠷᠭᠠᠭᠤᠯᠢ ᠳᠤ ᠰᠢᠯᠭᠠᠨ ᠣᠷᠣᠭᠰᠠᠨ ᠪᠠᠶᠢᠨ᠎ᠠ᠃      ᠯᠠᠩ ᠸᠠᠨ ᠰᠢ ᠬᠠᠮᠲᠤ ᠶᠢᠨ ᠵᠢᠭᠠᠨ ᠰᠤᠷᠭᠠᠯᠲᠠ ᠪᠣᠯᠣᠨ ᠥᠪᠡᠷᠮᠢᠴᠡ ᠵᠢᠭᠠᠨ ᠰᠤᠷᠭᠠᠯᠲᠠ ᠶᠢ ᠤᠶᠠᠯᠳᠤᠭᠤᠯᠬᠤ ᠶᠢ ᠴᠢᠬᠤᠯᠠᠴᠢᠯᠠᠳᠠᠭ᠂ ᠸᠠᠩ ᠷᠥᠸᠧ ᠴᠢ᠂ ᠭᠦᠸᠧ ᠸᠧᠨ ᠯᠢᠩ ᠵᠡᠷᠭᠡ ᠰᠤᠷᠤᠭᠴᠢ ᠰᠤᠷᠤᠯᠴᠠᠬᠤ ᠳᠤᠷ᠎ᠠ ᠪᠠᠬ᠎ᠠ ᠦᠭᠡᠢ᠂ ᠥᠪᠡᠷ ᠢ ᠪᠠᠨ ᠡᠵᠡᠮᠳᠡᠬᠦ ᠴᠢᠳᠠᠪᠤᠷᠢ ᠳᠤᠲᠠᠮᠠᠭ ᠪᠠᠶᠢᠳᠠᠯ ᠳᠤ ᠬᠠᠨᠳᠤᠭᠤᠯᠤᠨ᠂ ᠲᠡᠳᠡᠨ ᠢ ᠵᠣᠷᠢᠭᠵᠢᠭᠤᠯᠵᠤ᠂ ᠲᠡᠳᠡᠨ ᠲᠠᠢ ᠶᠠᠷᠢᠯᠴᠠᠨ᠂ ᠲᠡᠳᠡᠨ ᠢ ᠬᠠᠪᠰᠣᠷᠤᠨ ᠵᠥᠷᠢᠶ᠎ᠡ ᠶᠢ ᠡᠷᠢᠵᠦ ᠲᠠᠨᠢᠭᠤᠯᠪᠠ᠃ ᠬᠤᠸᠠᠩ ᠪᠦᠸᠧ ᠶᠠᠩ᠂ ᠶᠠᠩ ᠯᠢ ᠪᠦᠸᠧ ᠵᠡᠷᠭᠡ ᠰᠤᠷᠤᠭᠴᠢ ᠰᠡᠴᠡᠨ ᠰᠡᠷᠭᠦᠯᠡᠩ ᠰᠤᠷᠤᠯᠭ᠎ᠠ ᠰᠠᠶᠢᠲᠠᠢ᠂ ᠲᠥᠬᠦᠭᠡᠷᠬᠦ ᠴᠢᠳᠠᠪᠤᠷᠢ ᠪᠠ ᠴᠡᠭᠡᠵᠢᠯᠡᠬᠦ ᠴᠢᠳᠠᠪᠤᠷᠢ ᠰᠠᠶᠢᠨ ᠪᠠᠶᠢᠳᠠᠯ ᠳᠤ ᠴᠢᠭᠯᠡᠭᠦᠯᠦᠨ᠂ ᠲᠡᠳᠡᠨ ᠢ ᠢᠯᠡᠭᠦᠦ ᠦᠵᠡᠵᠦ ᠢᠯᠡᠭᠦᠦ ᠤᠩᠰᠢᠵᠤ᠂ ᠬᠢᠴᠢᠶᠡᠯ ᠠᠴᠠ ᠭᠠᠳᠠᠨᠠᠬᠢ ᠰᠡᠳᠦᠪ ᠢ ᠢᠯᠡᠭᠦᠦ ᠬᠢ ᠭᠡᠵᠦ ᠱᠠᠭᠠᠷᠳᠠᠨ᠂ ᠡᠨᠡ ᠬᠦ ᠠᠷᠭ᠎ᠠ ᠨᠢ ᠰᠤᠷᠤᠭᠴᠢᠳ ᠤᠨ ᠵᠥᠷᠢᠶ᠎ᠡ ᠶᠢ ᠪᠠᠭᠠᠰᠬᠠᠵᠤ᠂ ᠬᠠᠮᠲᠤ ᠳᠤ ᠪᠠᠨ ᠳᠠᠪᠰᠢᠬᠤ ᠶᠢ ᠠᠬᠢᠭᠤᠯᠪᠠ᠃      ᠯᠠᠩ ᠸᠠᠨ ᠰᠢ ᠪᠣᠯ ᠬᠤᠷᠴᠠ ᠰᠡᠷᠭᠦᠯᠡᠩ ᠮᠥᠷᠲᠡᠭᠡᠨ ᠨᠠᠷᠢᠨ ᠬᠢᠨᠠᠮᠠᠭᠠᠢ ᠬᠥᠮᠥᠨ ᠶᠤᠮ᠂ ᠰᠤᠷᠤᠭᠴᠢᠳ ᠤᠨ ᠠᠰᠠᠭᠤᠳᠠᠯ ᠢ ᠳᠣᠣᠷ᠎ᠠ ᠨᠢ ᠰᠡᠷᠡᠵᠦ ᠮᠡᠳᠡᠳᠡᠭ᠃ ᠰᠤᠷᠤᠭᠴᠢ ᠯᠢᠦ ᠵᠢᠶᠣᠣ ᠰᠠᠶᠢᠨ ᠰᠤᠷᠳᠠᠭ ᠪᠣᠯᠪᠠᠴᠤ ᠬᠥᠮᠥᠨ ᠤ ᠡᠮᠦᠨ᠎ᠡ ᠦᠭᠡ ᠶᠠᠷᠢᠵᠤ ᠴᠢᠳᠠᠬᠤ ᠦᠭᠡᠢ᠂ ᠲᠡᠭᠦᠨ ᠢ ᠬᠤᠪᠢᠷᠠᠭᠤᠯᠬᠤ ᠶᠢᠨ ᠲᠥᠯᠥᠭᠡ ᠯᠠᠩ ᠸᠠᠨ ᠰᠢ ᠬᠢᠴᠢᠶᠡᠯ ᠳᠡᠭᠡᠷ᠎ᠡ ᠦᠷᠭᠦᠯᠵᠢ ᠲᠡᠭᠦᠨ ᠠᠴᠠ ᠠᠰᠠᠭᠤᠵᠤ᠂ ᠬᠢᠴᠢᠶᠡᠯ ᠤᠨ ᠳᠠᠷᠠᠭ᠎ᠠ ᠲᠡᠭᠦᠨ ᠲᠠᠢ ᠪᠣᠳᠣᠯ ᠰᠠᠨᠠᠯ ᠶᠠᠷᠢᠯᠴᠠᠨ᠂ ᠲᠡᠭᠦᠨ ᠢ ᠦᠷᠭᠦᠯᠵᠢ ᠵᠣᠷᠢᠭᠵᠢᠭᠤᠯᠤᠭᠰᠠᠨ ᠠᠴᠠ ᠠᠭᠠᠵᠢᠮ ᠢᠶᠠᠷ ᠪᠡᠶ᠎ᠡ ᠳᠤ ᠪᠠᠨ ᠢᠲᠡᠭᠡᠯ ᠲᠠᠢ ᠪᠣᠯᠵᠠᠢ᠃      ᠠᠵᠢᠯᠯᠠᠵᠤ ᠰᠤᠳᠤᠯᠤᠨ ᠰᠤᠷᠤᠯᠴᠠᠬᠤ ᠶᠠᠪᠤᠴᠠ ᠳᠤ ᠯᠠᠩ ᠸᠠᠨ ᠰᠢ ᠮᠠᠰᠢ ᠠᠷᠪᠢᠨ ᠲᠤᠷᠰᠢᠯᠭ᠎ᠠ ᠬᠤᠷᠠᠮᠳᠤᠭᠤᠯᠪᠠ᠃ ᠲᠡᠷᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ᠂ ᠬᠤᠰᠢᠭᠤᠨ ᠤ ᠳᠡᠰ ᠤᠨ ᠰᠢᠯᠢᠳᠡᠭ ᠠᠩᠭᠢ ᠶᠢᠨ ᠡᠷᠬᠢᠯᠡᠭᠴᠢ᠂ ᠰᠢᠯᠢᠳᠡᠭ ᠪᠠᠭᠰᠢ᠂ ᠰᠢᠯᠢᠳᠡᠭ ᠳᠤᠮᠳᠠ ᠠᠩᠭᠢ ᠶᠢᠨ ᠬᠠᠪᠰᠤᠷᠤᠨ ᠵᠢᠯᠣᠭᠤᠳᠤᠭᠴᠢ ᠪᠠᠷ ᠣᠯᠠᠨ ᠤᠳᠠᠭ᠎ᠠ ᠦᠨᠡᠯᠡᠭᠳᠡᠵᠦ᠂ ᠲᠡᠭᠦᠨ ᠤ ᠳᠠᠭᠠᠭᠤᠯᠤᠭᠰᠠᠨ ᠠᠩᠭᠢ ᠨᠢ ᠤᠳᠠᠭ᠎ᠠ ᠪᠦᠷᠢ ᠶᠢᠨ ᠶᠡᠷᠦᠩᠬᠡᠶᠢᠯᠡᠭᠰᠡᠨ ᠦᠨᠡᠯᠡᠯᠲᠡ ᠳᠤ ᠲᠡᠷᠢᠭᠦᠯᠡᠵᠦ᠂ ᠣᠯᠠᠨ ᠤᠳᠠᠭ᠎ᠠ ᠲᠡᠷᠢᠭᠦᠨ ᠤ ᠠᠩᠭᠢ ᠬᠠᠮᠲᠤ ᠨᠡᠶᠢᠲᠡ ᠪᠠᠷ ᠦᠨᠡᠯᠡᠭᠳᠡᠪᠡ᠃      ᠯᠠᠩ ᠸᠠᠨ ᠰᠢ ᠪᠣᠯ ᠥᠪᠥᠷ ᠮᠣᠩᠭᠤᠯ ᠤᠨ ᠬᠥᠳᠡᠭᠡ ᠲᠣᠰᠬᠤᠨ ᠤ ᠮᠠᠰᠢ ᠣᠯᠠᠨ ᠰᠢᠯᠢᠳᠡᠭ ᠪᠠᠭᠰᠢ ᠶᠢᠨ ᠨᠢᠭᠡ ᠪᠢᠯᠡ᠃ ᠡᠨᠡ ᠬᠦ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠲᠡᠭᠦᠨ ᠰᠢᠭ ᠮᠠᠰᠢ ᠣᠯᠠᠨ ᠪᠠᠭᠰᠢ ᠬᠥᠳᠡᠭᠡ ᠲᠣᠰᠬᠤᠨ ᠳᠤ ᠦᠨᠳᠦᠰᠦᠯᠡᠵᠦ᠂ ᠦᠭᠡ ᠳᠠᠭᠤᠨ ᠦᠭᠡᠢ ᠪᠠᠷ ᠬᠤᠪᠢ ᠨᠡᠮᠡᠷᠢ  ᠦᠵᠡᠭᠦᠯᠦᠨ᠂ ᠬᠠᠶᠢᠷ᠎ᠠ ᠪᠠ ᠬᠠᠷᠢᠭᠤᠴᠠᠯᠭ᠎ᠠ ᠪᠠᠷ ᠬᠡᠦᠬᠡᠳ ᠤᠨ ᠢᠷᠡᠭᠡᠳᠦᠢ ᠶᠢ ᠰᠠᠬᠢᠨ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠤᠷᠭᠠᠨ ᠬᠥᠮᠥᠵᠢᠭᠦᠯᠬᠦ ᠶᠣᠰᠣ ᠵᠦᠢ ᠶᠢ ᠲᠠᠶᠢᠯᠪᠤᠷᠢᠯᠠᠵᠤ᠂ ᠬᠥᠳᠡᠭᠡ ᠲᠣᠰᠬᠤᠨ ᠤ ᠬᠡᠦᠬᠡᠳ ᠲᠤ ᠬᠦᠰᠡᠯ ᠢᠶᠠᠨ ᠲᠡᠷᠭᠡᠯᠰᠢᠭᠦᠯᠬᠦ ᠵᠠᠮ ᠢ ᠳᠡᠪᠢᠰᠴᠦ ᠥᠭᠭᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ‌ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号