ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠩᠬᠠᠳᠤᠭᠠᠷ ᠬᠤᠭᠤᠴᠠᠭᠠᠨ ᠤ ᠬᠤᠸᠠᠩ ᠱᠢ ᠬᠤᠲᠠ ᠶᠢᠨ ᠡᠪᠦᠯ ᠤᠨ ᠨᠥᠬᠦᠪᠦᠷᠢ ᠶᠢᠨ ᠪᠠᠶᠠᠷ ᠲᠤ ᠣᠷᠣᠯᠴᠠᠪᠠ
ᠨᠡᠶᠢᠲᠡᠯᠡᠭᠰᠡᠨ ᠴᠠᠭ᠄
2025/1/3
      2024 ᠣᠨ ᠤ 12 ᠰᠠᠷ᠎ᠠ ᠶᠢᠨ 28 ᠤ ᠡᠳᠦᠷ ᠠᠴᠠ 2025 ᠣᠨ ᠤ 1 ᠰᠠᠷ᠎ᠠ ᠶᠢᠨ 1 ᠤ ᠡᠳᠦᠷ ᠪᠣᠯᠲᠠᠯ᠎ᠠ᠂ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠵᠠᠬ᠎ᠠ ᠳᠡᠯᠭᠡᠭᠦᠷ ᠬᠢᠭᠡᠳ ᠭᠠᠳᠠᠭᠠᠳᠤ ᠲᠠᠢ ᠬᠠᠮᠲᠤᠷᠠᠯᠴᠠᠬᠤ ᠰᠠᠯᠠᠭ᠎ᠠ ᠵᠢᠴᠢ ᠲᠦᠩᠯᠢᠶᠣᠣ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠢᠨ ᠢ ᠳᠠᠭᠠᠭᠤᠯᠤᠨ ᠬᠤᠪᠧᠢ ᠮᠤᠵᠢ ᠶᠢᠨ ᠬᠤᠸᠠᠩ ᠱᠢ ᠬᠤᠲᠠ ᠶᠢᠨ ᠬᠤᠸᠠᠩ ᠱᠢ ᠲᠢᠶᠠᠨ ᠳ᠋ᠢ ᠬᠤ᠋ ᠪᠢᠨ ᠵᠡᠭᠡᠯᠢ ᠶᠢᠨ ᠠᠭᠤᠳᠠᠮ ᠲᠠᠯᠠᠪᠠᠶ ᠳᠤ ᠡᠷᠭᠢᠯᠡᠭᠰᠡᠨ ︽ᠬᠤᠸᠠᠩ ᠱᠢ ᠬᠤᠲᠠ ᠶᠢᠨ ᠠᠩᠬᠠᠳᠤᠭᠠᠷ ᠬᠤᠭᠤᠴᠠᠭᠠᠨ ᠤ ᠡᠪᠦᠯ ᠤᠨ ᠨᠥᠬᠦᠪᠦᠷᠢ ᠶᠢᠨ ᠶᠡᠭᠡ ᠴᠤᠭᠯᠠᠭᠠᠨ︾ ᠤ ᠠᠵᠢᠯᠯᠠᠭ᠎ᠠ ᠳᠤ ᠣᠷᠣᠯᠴᠠᠪᠠ᠃ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ︽ᠬᠤᠸᠠᠩ ᠱᠢ ᠬᠤᠲᠠ︱ᠲᠦᠩᠯᠢᠶᠣᠣ ᠬᠤᠲᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ︾ ᠢ ᠭᠦᠨᠵᠡᠭᠡᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠬᠤᠶᠠᠷ ᠭᠠᠵᠠᠷ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠬᠢᠭᠡᠳ ᠰᠣᠶᠣᠯ ᠵᠢᠭᠤᠯᠴᠢᠯᠠᠯ ᠤᠨ ᠰᠣᠯᠢᠯᠴᠠᠭ᠎ᠠ ᠶᠢ ᠴᠢᠩᠭᠠᠳᠬᠠᠨ᠂ ᠲᠦᠩᠯᠢᠶᠣᠣ ᠬᠤᠲᠠ ᠶᠢᠨ ᠳᠠᠪᠠᠭᠤᠯᠢᠭ ᠠᠵᠤ ᠦᠢᠯᠡᠰ ᠪᠠ ᠣᠨᠴᠠᠯᠢᠭᠲᠤ ᠦᠢᠯᠡᠳᠬᠦᠨ ᠤ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠶᠢᠨ ᠲᠥᠯᠥᠭᠡ ᠶᠤᠮ᠃
图片1.png
 
图片2.png
      ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠭᠤᠣᠯᠳᠠᠭᠤ ᠬᠠᠮᠢᠶ᠎ᠠ ᠪᠦᠬᠦᠢ ᠬᠤᠰᠢᠭᠤ ᠰᠢᠶᠠᠨ ᠪᠣᠯᠣᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠲᠦᠩᠯᠢᠶᠣᠣ ᠶᠢᠨ ᠣᠨᠴᠠᠯᠢᠭᠲᠤ ᠠᠮᠲᠠᠲᠤ ᠢᠳᠡᠭᠡᠨ ᠢ ᠳᠡᠯᠭᠡᠨ ᠦᠵᠡᠭᠦᠯᠬᠦ ᠠᠵᠢᠯ ᠢ ᠬᠠᠷᠢᠭᠤᠴᠠᠪᠠ᠃ ᠠᠵᠢᠯᠯᠠᠭ᠎ᠠ ᠶᠢᠨ ᠳᠤᠮᠳᠠ ᠬᠠᠮᠢᠶ᠎ᠠ ᠪᠦᠬᠦᠢ ᠠᠵᠤ ᠠᠬᠤᠶᠢᠯᠠᠯ ᠠᠴᠠ ᠲᠦᠩᠯᠢᠶᠣᠣ ᠶᠢᠨ ᠦᠬᠡᠷ ᠤᠨ ᠮᠢᠬᠠᠨ ᠤ ᠰᠢᠷᠢᠰ ᠪᠦᠲᠦᠭᠡᠭᠳᠡᠬᠦᠨ᠂ ᠡᠯᠳᠡᠪ ᠠᠮᠤ ᠡᠯᠳᠡᠪ ᠪᠤᠷᠴᠠᠭ᠂ ᠰᠠᠭᠠᠭ᠂ ᠴᠠᠭᠠᠨ ᠢᠳᠡᠭᠡ ᠵᠡᠷᠭᠡ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠦᠵᠡᠭᠦᠯᠵᠦ᠂ ᠲᠦᠩᠯᠢᠶᠣᠣ ᠬᠤᠲᠠ ᠶᠢᠨ ᠮᠠᠯ ᠤᠨ ᠠᠰᠢᠭ ᠰᠢᠮ᠎ᠡ  ᠲᠠᠷᠢᠶᠠᠯᠠᠩ ᠤᠨ ᠪᠦᠲᠦᠭᠡᠭᠳᠡᠬᠦᠨ ᠤ ᠲᠠᠯ᠎ᠠ ᠪᠠᠷ ᠬᠢ ᠣᠨᠴᠠᠯᠢᠭ ᠪᠠ ᠳᠠᠪᠠᠭᠤᠯᠢᠭ ᠢ ᠳᠣᠪᠤᠶᠢᠯᠭᠠᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠲᠦᠩᠯᠢᠶᠣᠣ ᠶᠢᠨ ᠥᠪᠡᠷᠮᠢᠴᠡ ᠣᠨᠴᠠᠯᠢᠭ ᠲᠠᠢ ᠠᠮᠲᠠᠲᠤ ᠢᠳᠡᠭᠡᠨ᠂ ᠵᠢᠱᠢᠶᠡᠯᠡᠪᠡᠯ ᠦᠬᠡᠷ ᠤᠨ ᠮᠢᠬᠠᠨ ᠲᠣᠭᠤᠭ᠎ᠠ᠂ ᠬᠤᠨᠢᠨ ᠮᠢᠬᠠᠨ ᠱᠣᠷᠣᠯᠠᠭ᠂ ᠮᠣᠩᠭᠤᠯ ᠱᠠᠯᠪᠢᠩ᠂ ᠰᠠᠭᠠᠭ ᠤᠨ ᠭᠤᠯᠢᠷ ᠤᠨ ᠴᠠᠷᠳᠠᠭᠤᠯ᠂ ᠰᠦ ᠲᠠᠢ ᠴᠠᠢ ᠵᠡᠷᠭᠡ ᠶᠢ ᠬᠢᠵᠦ᠂ ᠶᠡᠭᠡ ᠬᠡᠮᠵᠢᠶᠡᠨ ᠤ ᠵᠤᠭᠠᠴᠠᠭᠰᠠᠳ ᠤᠨ ᠰᠣᠨᠢᠷᠬᠠᠯ ᠢ ᠲᠠᠲᠠᠵᠤ᠂ ᠲᠦᠩᠯᠢᠶᠣᠣ ᠶᠢᠨ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃
图片3.png
       ᠲᠣᠰ ᠤᠳᠠᠭᠠᠨ ᠤ ᠡᠪᠦᠯ ᠤᠨ ᠨᠥᠬᠦᠪᠦᠷᠢ ᠶᠢᠨ ᠪᠠᠶᠠᠷ ᠢᠶᠠᠷ ᠳᠡᠮᠵᠢᠨ᠂ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠲᠦᠩᠯᠢᠶᠣᠣ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠠ ᠰᠣᠶᠣᠯ ᠤᠨ ᠣᠨᠴᠠᠯᠢᠭ ᠢ ᠠᠮᠵᠢᠯᠲᠠ ᠲᠠᠢ ᠳᠡᠯᠭᠡᠨ ᠦᠵᠡᠭᠦᠯᠵᠦ᠂ ᠬᠤᠸᠠᠩ ᠱᠢ ᠬᠤᠲᠠ ᠶᠢᠨ ᠬᠡᠷᠡᠭᠯᠡᠭᠴᠢᠳ ᠪᠠ ᠠᠵᠤ ᠠᠬᠤᠶᠢᠯᠠᠯ ᠲᠠᠢ ᠬᠠᠷᠢᠯᠴᠠᠭ᠎ᠠ ᠪᠠᠶᠢᠭᠤᠯᠤᠨ᠂ ᠢᠷᠡᠭᠡᠳᠦᠢ ᠶᠢᠨ ᠬᠠᠮᠲᠤᠷᠠᠯᠴᠠᠭ᠎ᠠ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠡᠭᠦᠨ ᠤ ᠬᠠᠮᠲᠤ᠂ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠪᠠ ᠠᠮᠲᠠᠲᠤ ᠢᠳᠡᠭᠡᠨ ᠦᠢᠯᠡᠳᠴᠦ ᠳᠡᠯᠭᠡᠨ ᠦᠵᠡᠭᠦᠯᠬᠦ ᠪᠠᠷ ᠳᠠᠮᠵᠢᠭᠤᠯᠤᠨ᠂ ᠲᠦᠩᠯᠢᠶᠣᠣ ᠬᠤᠲᠠ ᠶᠢᠨ ᠨᠠᠷᠠᠲᠤ ᠲᠡᠮᠳᠡᠭᠲᠦ ᠶᠢᠨ ᠳᠦᠷᠢ ᠲᠥᠷᠬᠦ ᠶᠢ ᠴᠢᠩᠭᠠᠷᠠᠭᠤᠯᠵᠤ᠂ ᠣᠯᠠᠨ ᠨᠡᠶᠢᠲᠡ ᠶᠢᠨ ᠲᠦᠩᠯᠢᠶᠣᠣ ᠬᠤᠲᠠ ᠶᠢᠨ ᠲᠤᠬᠠᠢ ᠮᠡᠳᠡᠷᠡᠮᠵᠢ ᠶᠢ ᠳᠡᠭᠡᠭᠰᠢᠯᠡᠭᠦᠯᠪᠡ᠃
 
ᠢᠷᠡᠯᠲᠡ᠄ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号