ᠠᠮᠤ ᠪᠤᠳᠠᠭᠠᠨ ᠤ ᠡᠯᠪᠡᠭ ᠬᠤᠷᠢᠶᠠᠯᠲᠠ ︱ ᠤᠯᠠᠭᠠᠨᠴᠠᠪ ᠬᠤᠳᠠ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ ᠠᠮᠤ ᠪᠤᠳᠠᠭᠠᠨ ᠤ ᠦᠢᠯᠡᠳᠪᠦᠷᠢᠯᠡᠯ ᠰᠢᠨ᠎ᠡ ᠳᠡᠭᠲᠡᠷ ᠲᠤ ᠭᠠᠷᠪᠠ
ᠨᠡᠶᠢᠲᠡᠯᠡᠭᠰᠡᠨ ᠴᠠᠭ᠄
2025/1/3
      ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠡᠶᠢᠲᠡᠯᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2024 ᠣᠨ ᠳᠤ ᠤᠯᠠᠭᠠᠨᠴᠠᠪ ᠬᠤᠲᠠ ᠶᠢᠨ ᠠᠮᠤ ᠪᠤᠳᠠᠭ᠎ᠠ ᠳᠠᠷᠢᠭᠰᠠᠨ ᠲᠠᠯᠠᠪᠠᠶ 712.2 ᠲᠦᠮᠡᠨ ᠮᠦ ᠪᠠᠶᠢᠵᠤ᠂ ᠳᠡᠭᠡᠷ᠎ᠡ ᠵᠢᠯ ᠤᠨ ᠬᠢ ᠠᠴᠠ 2.4 ᠲᠦᠮᠡᠨ ᠮᠦ ᠨᠡᠮᠡᠭᠳᠡᠵᠡᠢ︔ ᠶᠡᠷᠦᠩᠬᠡᠢ ᠭᠠᠷᠤᠯᠲᠠ ᠠᠩᠬ᠎ᠠ ᠤᠳᠠᠭ᠎ᠠ 28 ᠳ᠋ᠦᠩᠰᠢᠭᠤᠷ ᠵᠢᠩ ᠢ ᠳᠠᠪᠠᠵᠤ᠂ 28.9 ᠳ᠋ᠦᠩᠰᠢᠭᠤᠷ ᠵᠢᠩ ᠳᠤ ᠬᠦᠷᠴᠦ᠂ ᠳᠡᠭᠡᠷ᠎ᠡᠵᠢᠯ ᠤᠨ ᠬᠢ ᠠᠴᠠ 2.7 ᠳ᠋ᠦᠩᠰᠢᠭᠤᠷ ᠵᠢᠩ ᠨᠡᠮᠡᠭᠳᠡᠵᠡᠢ︔ ᠳᠤᠮᠳᠠᠴᠢ ᠪᠠᠷ ᠲᠠᠯᠠᠪᠠᠢ ᠨᠢᠭᠡᠴᠢ ᠶᠢᠨ ᠤᠨᠠᠯᠲᠠ405.9 ᠵᠢᠩ / ᠮᠦ ᠳᠤ ᠬᠦᠷᠴᠦ᠂ ᠳᠡᠭᠡᠷ᠎ᠡ ᠵᠢᠯ ᠤᠨ ᠬᠢ ᠠᠴᠠ 36.5 ᠵᠢᠩ / ᠮᠦ ᠨᠡᠮᠡᠭᠳᠡᠵᠡᠢ᠃ ᠠᠮᠤ ᠪᠤᠳᠠᠭᠠᠨ ᠤ ᠶᠡᠷᠦᠩᠬᠡᠢ ᠤᠨᠠᠯᠲᠠ ᠪᠠ ᠲᠠᠯᠠᠪᠠᠢ ᠨᠢᠭᠡᠴᠢ ᠶᠢᠨ ᠤᠨᠠᠯᠲᠠ ᠶᠢᠨ ᠨᠡᠮᠡᠭᠳᠡᠯ ᠤᠨ ᠬᠡᠮᠵᠢᠶ᠎ᠡ ᠴᠥᠮ 10% ᠳᠤ ᠬᠦᠷᠪᠡ᠃      ︽ᠨᠠᠮ ᠵᠠᠰᠠᠭ ᠠᠳᠠᠯᠢ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠠᠢ᠃ ᠨᠢᠭᠡ ᠳᠤ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ  ᠠᠴᠠ ᠪᠠᠭᠤᠯᠭᠠᠭᠰᠠᠨ ᠠᠮᠤ ᠪᠤᠳᠠᠭ᠎ᠠ ᠰᠢᠷ᠎ᠠ ᠪᠤᠷᠴᠠᠭ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠤᠨ ᠡᠭᠦᠷᠭᠡ ᠪᠠᠷ ᠬᠠᠷᠠᠯᠲᠠ ᠪᠣᠯᠭᠠᠨ᠂ ᠡᠷᠲᠡ ᠠᠴᠠ ᠲᠥᠯᠥᠪᠵᠢᠭᠦᠯᠦᠨ ᠡᠷᠲᠡ ᠠᠴᠠ ᠪᠠᠶᠢᠷᠢᠯᠠᠭᠤᠯᠵᠤ᠂ ᠡᠭᠦᠷᠭᠡ ᠪᠠᠨ ᠨᠠᠷᠢᠯᠢᠭᠵᠢᠭᠤᠯᠤᠨ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠳᠤ ︽ᠬᠠᠮᠢᠶᠠᠷᠬᠤ ᠬᠥᠮᠥᠨ ᠲᠠᠢ᠂ ᠠᠳᠬᠤᠬᠤ ᠬᠥᠮᠥᠨ ᠲᠠᠢ︾ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠵᠠᠢ᠃ ᠬᠤᠶᠠᠷ ᠲᠤ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠠᠢ᠃ 2024 ᠣᠨ ᠤ ᠲᠠᠷᠢᠶᠠᠨ ᠭᠠᠵᠠᠷ ᠪᠠ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠦᠷᠢ᠂ ᠡᠷᠳᠡᠨᠢ ᠰᠢᠰᠢ ᠰᠢᠷ᠎ᠠ ᠪᠤᠷᠴᠠᠭ ᠲᠥᠮᠥᠰᠥ ᠦᠢᠯᠡᠳᠪᠦᠷᠢᠯᠡᠬᠦ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠶᠢ ᠴᠠᠭ ᠲᠤᠬᠠᠢ ᠳᠤᠨᠢ ᠰᠠᠯᠭᠠᠨ ᠪᠠᠭᠤᠯᠭᠠᠵᠤ᠂ ᠤᠯᠤᠰ ᠤᠨ ᠠᠮᠤ ᠪᠤᠳᠠᠭ᠎ᠠ ᠶᠢ ᠠᠳᠬᠤᠵᠤ ᠲᠠᠷᠢᠶᠠᠯᠠᠩ ᠢ ᠴᠢᠬᠤᠯᠠᠴᠢᠯᠠᠬᠤ ᠲᠦᠷᠦ ᠶᠢᠨ ᠪᠣᠳᠣᠯᠭ᠎ᠠ ᠶᠢᠨ ᠳᠣᠬᠢᠶ᠎ᠠ ᠶᠢ ᠡᠷᠲᠡᠬᠡᠨ ᠭᠠᠷᠭᠠᠵᠤ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠲᠡᠭᠡᠯ ᠢ ᠨᠡᠮᠡᠭᠳᠡᠭᠦᠯᠵᠡᠢ᠃ ᠭᠤᠷᠪᠠ ᠳᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠨᠢᠭᠡᠳᠦᠯᠲᠡᠢ ᠲᠥᠯᠥᠪᠵᠢᠭᠦᠯᠵᠡᠢ᠃ ︽ᠬᠠᠪᠤᠷ ᠤᠨ ᠲᠠᠷᠢᠶᠠᠯᠠᠭ᠎ᠠ ᠶᠢᠨ ᠠᠩᠬᠠᠨ ᠤ ᠦᠷᠡᠯᠡᠭᠦᠷ︾ ᠤᠨ ᠲᠤᠬᠠᠢ ᠶᠢᠨ ᠲᠠᠯᠠᠪᠠᠶ ᠶᠢᠨ ᠬᠤᠷᠠᠯ ᠢ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠡᠷᠲᠡ ᠠᠴᠠ ᠡᠬᠢᠯᠡᠨ᠂ ᠡᠷᠲᠡ ᠠᠴᠠ ᠲᠦᠯᠬᠢᠨ ᠠᠬᠢᠭᠤᠯᠵᠤ᠂ ᠲᠠᠷᠢᠶᠠᠯᠠᠩ ᠤᠨ ᠴᠠᠭ ᠢ ᠠᠮᠵᠢᠨ᠂ ᠠᠬᠢᠴᠠ ᠶᠢ ᠠᠮᠵᠢᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠬᠡᠷᠡᠭᠴᠡᠭᠡ ᠶᠢ ᠴᠢᠩᠭ᠎ᠠ ᠠᠩᠬᠠᠷᠴᠤ᠂ ᠵᠠᠬᠢᠶᠠᠯᠠᠭ᠎ᠠ ᠶᠢᠨ ᠬᠠᠭᠤᠳᠠᠰᠤ ᠪᠠᠷ ᠬᠤᠳᠠᠯᠳᠤᠨ ᠠᠪᠬᠤ᠂ ᠴᠡᠭ  ᠠᠴᠠ ᠴᠡᠭ ᠲᠤ ᠲᠣᠬᠢᠷᠠᠭᠤᠯᠤᠨ ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠬᠠᠩᠭᠠᠯᠭ᠎ᠠ ᠶᠢᠨ ᠭᠦᠢᠴᠡᠳ ᠪᠠᠶᠢᠬᠤ ᠶᠢ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠡᠢ᠃ ᠲᠠᠷᠢᠶᠠᠯᠠᠩ ᠤᠨ ᠮᠡᠷᠭᠡᠵᠢᠯ ᠤᠨ ᠵᠢᠭᠠᠨ ᠵᠢᠯᠤᠭᠤᠳᠬᠤ ᠳᠤᠭᠤᠶᠢᠯᠠᠩ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠪᠤᠷᠢ ᠪᠠᠭ᠎ᠠ ᠠᠩᠭᠢ ᠶᠢ ᠪᠠᠶᠢᠭᠤᠯᠵᠤ᠂ ᠮᠡᠷᠭᠡᠵᠢᠯ ᠤᠨ ᠵᠢᠯᠣᠭᠤᠳᠤᠯᠭ᠎ᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠳᠤᠯᠠᠵᠠᠢ᠃ ᠳᠥᠷᠪᠡ ᠳᠤ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠵᠤ ᠦᠢᠯᠡᠳᠪᠦᠷᠢᠯᠡᠯ ᠤᠨ ᠬᠤᠬᠢᠷᠠᠯ ᠢ ᠪᠠᠭᠠᠰᠬᠠᠵᠠᠢ᠃ ︽ᠭᠠᠮᠰᠢᠭ ᠢ ᠰᠡᠷᠭᠡᠶᠢᠯᠡᠬᠦ ᠪᠣᠯ ᠭᠠᠷᠤᠯᠲᠠ ᠶᠢ ᠨᠡᠮᠡᠭᠳᠡᠭᠦᠯᠬᠦ ᠶᠠᠪᠤᠳᠠᠯ ᠮᠥᠨ᠂ ᠬᠤᠬᠢᠷᠠᠯ ᠢ ᠪᠠᠭᠠᠰᠬᠠᠬᠤ ᠪᠣᠯ ᠠᠮᠤ ᠪᠤᠳᠠᠭ᠎ᠠ ᠶᠢ ᠨᠡᠮᠡᠭᠳᠡᠭᠦᠯᠬᠦ ᠶᠠᠪᠤᠳᠠᠯ ᠮᠥᠨ︾ ᠭᠡᠬᠦ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠥᠰᠥᠯ ᠪᠠ ᠲᠠᠷᠢᠮᠠᠯ ᠤᠨ ᠵᠦᠢᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠥᠰᠥᠯ ᠢ 64 ᠬᠤᠭᠤᠴᠠᠭ᠎ᠠ ᠨᠡᠶᠢᠲᠡᠯᠡᠬᠦ ᠶᠢᠨ ᠬᠠᠮᠲᠤ ᠴᠠᠭ ᠠᠭᠤᠷ ᠤᠨ ᠰᠠᠯᠠᠭ᠎ᠠ ᠮᠥᠴᠢᠷ ᠲᠠᠢ ᠬᠠᠮᠲᠤᠷᠠᠨ ᠬᠠᠪᠤᠷ ᠤᠨ ᠲᠠᠷᠢᠶᠠᠯᠠᠭ᠎ᠠ᠂ ᠨᠠᠮᠤᠷ ᠤᠨ ᠬᠤᠷᠢᠶᠠᠯᠲᠠ ᠶᠢᠨ ᠦᠢᠯᠡᠴᠢᠯᠡᠭᠡᠨ ᠤ ᠲᠤᠰᠬᠠᠢ ᠮᠡᠳᠡᠭᠦᠯᠦᠯᠲᠡ 13 ᠬᠤᠭᠤᠴᠠᠭ᠎ᠠ᠂ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠲᠥᠰᠥᠯ ᠢ 28 ᠬᠤᠭᠤᠴᠠᠭ᠎ᠠ ᠨᠡᠶᠢᠲᠡᠯᠡᠪᠡ᠃      ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠵᠦ᠂ ᠠᠮᠤ ᠪᠤᠳᠠᠭ᠎ᠠ ᠦᠢᠯᠡᠳᠪᠦᠷᠢᠯᠡᠬᠦ ᠴᠢᠳᠠᠪᠤᠷᠢ ᠶᠢ ᠪᠠᠲᠤᠯᠠᠵᠠᠢ᠃ ᠨᠢᠭᠡ ᠳᠤ ᠲᠠᠷᠢᠶᠠᠨ ᠭᠠᠵᠠᠷ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠡᠢ᠃ 13.05 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠬᠠᠭᠤᠷᠠᠢ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠳᠥᠷᠪᠡᠨ ᠱᠠᠲᠤ ᠪᠠᠷ ᠬᠠᠮᠲᠤ ᠪᠠᠷ ᠪᠠᠶᠢᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠦᠨᠡᠨ ᠬᠦ ᠰᠠᠶᠢᠲᠤᠷ ᠬᠢᠵᠦ᠂ ᠬᠠᠭᠤᠷᠠᠢ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 2155 ᠮᠦ ᠪᠠᠶᠢᠭᠤᠯᠵᠤ ᠳᠠᠭᠤᠰᠬᠠᠪᠠ︔ 37 ᠲᠦᠮᠡᠨ ᠮᠦ ᠭᠦᠨ ᠬᠠᠭᠠᠯᠪᠤᠷᠢᠯᠠᠵᠤ ᠭᠦᠨ ᠰᠤᠯᠠᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠪᠠ︔ ᠬᠤᠵᠢᠷᠯᠢᠭ ᠲᠠᠷᠢᠶᠠᠨ ᠭᠠᠵᠠᠷ ᠢ ᠶᠡᠷᠦᠩᠬᠡᠶᠢᠯᠡᠨ ᠵᠠᠰᠠᠬᠤ ᠲᠤᠷᠰᠢᠯᠲᠠ ᠶᠢᠨ ᠵᠢᠱᠢᠶ᠎ᠡ ᠦᠵᠡᠭᠦᠯᠬᠦ 100 ᠮᠦ ᠠᠵᠢᠯ ᠢ ᠥᠷᠨᠢᠭᠦᠯᠪᠡ︔ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠡᠭᠦᠷᠭᠡ ᠶᠢ 165 ᠲᠦᠮᠡᠨ ᠮᠦ ᠳᠤ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠰᠠᠪᠠ ᠭᠠᠵᠠᠷ ᠤᠨ ᠬᠡᠯᠪᠠᠶᠢᠯᠲᠡ ᠶᠢᠨ ᠡᠷᠴᠢᠮ ᠢ ᠴᠢᠩᠭᠠᠷᠠᠭᠤᠯᠤᠨ᠂ ᠡᠭᠦᠨ ᠳᠤ ᠳ᠋ᠠᠢ ᠬᠠᠢ ᠨᠠᠭᠤᠷ ᠤᠨ ᠰᠠᠪᠠ ᠭᠠᠵᠠᠷ ︵ᠯᠢᠶᠡᠩᠴᠧᠩ ᠰᠢᠶᠠᠨ︶ ᠤᠨ ᠡᠭᠡᠯᠵᠢᠯᠡᠨ ᠳᠠᠷᠢᠬᠤ ᠲᠠᠯᠠᠪᠠᠶ 25 ᠲᠦᠮᠡᠨ ᠮᠦ ᠳᠤ ᠬᠦᠷᠴᠦ᠂ ᠴᠠᠭᠠᠨ ᠨᠠᠭᠤᠷ ᠤᠨ ᠰᠠᠪᠠ ᠭᠠᠵᠠᠷ ᠲᠤ ᠬᠤᠯᠪᠣᠭᠳᠠᠭᠰᠠᠨ 5 ᠬᠤᠰᠢᠭᠤ ᠰᠢᠶᠠᠨ ᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠲᠠᠯᠠᠪᠠᠶ 80 ᠲᠦᠮᠡᠨ ᠮᠦ ᠳᠤ ᠬᠥᠷᠪᠡ᠃ ᠬᠤᠶᠠᠷ ᠲᠤ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠬᠡᠷᠡᠭᠵᠢᠭᠦᠯᠵᠡᠢ᠃ ᠪᠥᠬᠦ ᠬᠤᠲᠠ ᠳᠤ 1 ᠥᠪᠡᠷᠲᠡᠭᠡᠨ ᠵᠠᠰᠠᠬᠤ ᠣᠷᠣᠨ ᠤ ᠲᠠᠰ ᠤᠨ᠂ 3 ᠬᠤᠲᠠ ᠶᠢᠨ ᠲᠠᠰ ᠤᠨ ᠭᠤᠣᠯᠳᠠᠯᠭ᠎ᠠ ᠲᠠᠢ ᠲᠠᠷᠢᠮᠠᠯ ᠤᠨ ᠡᠭᠦᠯᠳᠡᠷ ᠢ ᠳᠡᠯᠭᠡᠨ ᠦᠵᠡᠭᠦᠯᠬᠦ ᠲᠠᠪᠴᠠᠩ ᠢ ᠪᠠᠶᠢᠭᠤᠯᠵᠤ᠂ ᠲᠥᠮᠥᠰᠥ᠂ ᠨᠣᠬᠠᠢ ᠶᠢᠨ ᠬᠤᠰᠢᠭᠤ᠂ ᠡᠷᠳᠡᠨᠢ ᠰᠢᠰᠢ᠂ ᠪᠤᠭᠤᠳᠠᠢ ᠶᠢᠨ 132 ᠡᠭᠦᠯᠳᠡᠷ ᠢ ᠳᠡᠯᠭᠡᠨ ᠦᠵᠡᠭᠦᠯᠵᠡᠢ᠃ ᠳᠥᠷᠪᠡᠳ ᠬᠤᠰᠢᠭᠤ᠂ ᠡᠮᠦᠨᠡᠲᠦ ᠬᠤᠰᠢᠭᠤᠨ ᠤ ᠲᠥᠮᠥᠰᠥ ᠶᠢᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠪᠣᠯᠣᠨ ᠵᠦᠸᠧᠽᠢ ᠶᠢᠨ ᠨᠣᠬᠠᠢ ᠶᠢᠨ ᠬᠤᠰᠢᠭᠤ ᠪᠦᠳᠦᠭᠦᠯᠢᠭ ᠠᠮᠤ ᠪᠦᠳᠦᠭᠦᠯᠢᠭ ᠪᠤᠷᠴᠠᠭ ᠤᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠪᠠᠬᠢᠵᠢᠭᠦᠯᠦᠨ ᠪᠦᠲᠦᠭᠡᠨ ᠪᠠᠶᠢᠭᠤᠯᠵᠠᠢ᠃ ᠭᠤᠷᠪᠠ ᠳᠤ ᠲᠠᠷᠢᠶᠠᠯᠠᠩ ᠤᠨ ᠮᠠᠰᠢᠨ ᠲᠣᠨᠣᠭᠯᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠡᠢ᠃ ᠪᠥᠬᠦ ᠬᠤᠲᠠ ᠶᠢᠨ 11 ᠬᠤᠰᠢᠭᠤ ᠰᠢᠶᠠᠨ ᠬᠤᠲᠠ ᠲᠣᠭᠤᠷᠢᠭ ᠴᠥᠮ ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠪᠠ᠃ 2024 ᠣᠨ ᠳᠤ ᠭᠤᠣᠯ ᠪᠣᠯᠬᠤ ᠠᠮᠤ ᠪᠤᠳᠠᠭᠠᠨ ᠤ ᠠᠵᠢᠯ ᠤᠨ ᠮᠧᠬᠠᠨᠢᠭᠵᠢᠭᠤᠯᠤᠯᠲᠠ ᠶᠢᠨ ᠨᠤᠷᠮ᠎ᠠ ᠪᠠ ᠲᠠᠷᠢᠶᠠᠯᠠᠭ᠎ᠠ ᠶᠢᠨ ᠲᠠᠷᠢᠶᠠᠯᠠᠭ᠎ᠠ ᠶᠢᠨ ᠶᠡᠷᠦᠩᠬᠡᠶᠢᠯᠡᠭᠰᠡᠨ ᠮᠧᠬᠠᠨᠢᠭᠵᠢᠭᠤᠯᠤᠯᠲᠠ ᠶᠢᠨ ᠨᠤᠷᠮ᠎ᠠ ᠶᠢ ᠲᠦᠷᠦᠭᠦᠦ ᠵᠢᠯ ᠤᠨ ᠰᠠᠭᠤᠷᠢᠨ ᠳᠡᠭᠡᠷ᠎ᠡ ᠲᠣᠭᠲᠠᠭᠤᠨ ᠢᠶᠠᠷ ᠨᠡᠮᠡᠭᠳᠡᠭᠦᠯᠵᠡᠢ᠃      ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠠᠵᠢᠯ ᠢ ᠴᠢᠩᠭᠠᠳᠬᠠᠵᠤ᠂ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠡᠢ᠃ ᠨᠢᠭᠡ ᠳᠤ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠪᠦᠬᠦ ᠬᠦᠴᠦᠨ ᠢᠶᠠᠷ ᠪᠣᠬᠢᠷᠲᠤᠯ ᠦᠭᠡᠢ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ᠂ ᠬᠡᠪᠴᠢᠶᠡᠵᠢᠭᠦᠯᠦᠨ ᠳᠠᠷᠢᠬᠤ ᠭᠤᠣᠯ ᠴᠣᠭᠴᠠ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ᠂ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠪᠠᠷ ᠠᠮᠤ ᠪᠤᠳᠠᠭ᠎ᠠ ᠶᠢ ᠨᠡᠮᠡᠭᠳᠡᠭᠦᠯᠬᠦ᠂ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠵᠤ ᠦᠷ᠎ᠡ ᠠᠰᠢᠭ ᠢ ᠨᠡᠮᠡᠭᠳᠡᠭᠦᠯᠬᠦ ᠵᠡᠷᠭᠡ ᠲᠥᠷᠥᠯ ᠵᠦᠢᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ 11 ᠬᠤᠰᠢᠭᠤ ᠰᠢᠶᠠᠨ ᠲᠣᠭᠤᠷᠢᠭ ᠲᠤ 15 ᠲᠦᠮᠡᠨ ᠬᠠᠪᠲᠠᠭᠠᠢ ᠮᠦ᠂ 109 ᠮᠢᠩᠭᠠᠨ ᠬᠠᠪᠲᠠᠭᠠᠢ ᠳᠥᠷᠪᠡᠯᠵᠢᠨ ᠮᠧᠲᠷ ᠮᠦ᠂ 89 ᠵᠠᠭᠤᠨ ᠮᠦ ᠶᠢᠨ ᠲᠠᠷᠢᠶᠠᠨ ᠭᠠᠵᠠᠷ ᠢ ᠪᠣᠶ ᠪᠣᠯᠭᠠᠵᠤ᠂ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠲᠠᠯᠠᠪᠠᠶ ᠶᠢ 31 ᠲᠦᠮᠡᠨ ᠮᠦ ᠳᠤ ᠬᠦᠷᠦᠭᠦᠯᠵᠡᠢ᠃ 10 ᠲᠦᠮᠡᠨ ᠮᠦ ᠲᠥᠮᠥᠰᠥ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ ᠢ ᠭᠤᠣᠯᠳᠠᠯᠭ᠎ᠠ ᠲᠠᠢ ᠪᠠᠶᠢᠭᠤᠯᠵᠤ᠂ ᠳᠤᠮᠳᠠᠴᠢ ᠲᠠᠯᠠᠪᠠᠶ ᠨᠢᠭᠡᠴᠢ ᠶᠢᠨ ᠤᠨᠠᠯᠲᠠ ᠶᠢ 9028 ᠵᠢᠩ ᠠᠴᠠ ᠳᠡᠭᠡᠭᠰᠢ ᠳᠤ ᠬᠦᠷᠦᠭᠦᠯᠵᠡᠢ᠂ ᠡᠭᠦᠨ ᠳᠤ ᠲᠥᠮᠥᠰᠥ ᠶᠢ ᠠᠮᠤ ᠪᠤᠳᠠᠭ᠎ᠠ ᠪᠠᠷ ᠨᠤᠭᠤᠯᠤᠨ ᠪᠤᠳᠤᠭᠰᠠᠨ ︽ᠲᠣᠨ ᠠᠮᠤ ᠶᠢᠨ ᠲᠠᠷᠢᠶᠠᠨ ᠭᠠᠵᠠᠷ︾ ᠤᠨ ᠵᠢᠱᠢᠶ᠎ᠡ ᠦᠵᠡᠭᠦᠯᠬᠦ ᠲᠠᠯᠠᠪᠠᠶ 2 ᠲᠦᠮᠡᠨ ᠮᠦ ᠰᠢᠬᠠᠮ ᠪᠠᠶᠢᠵᠤ᠂ ᠳᠤᠮᠳᠠᠴᠢ ᠲᠠᠯᠠᠪᠠᠶ ᠨᠢᠭᠡᠴᠢ ᠶᠢᠨ ᠤᠨᠠᠯᠲᠠ ᠶᠢ 11426 ᠵᠢᠩ ᠳᠤ ᠬᠦᠷᠦᠭᠦᠯᠵᠡᠢ᠃ ᠬᠤᠶᠠᠷ ᠲᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠥᠨᠳᠥᠷ ᠤᠨᠠᠯᠲᠠ ᠶᠢᠨ ᠨᠡᠶᠢᠲᠡᠯᠢᠭ ᠵᠢᠱᠢᠶ᠎ᠡ ᠶᠢ ᠪᠤᠢ ᠪᠣᠯᠭᠠᠵᠠᠢ᠃ ᠲᠥᠮᠥᠰᠥ᠂ ᠪᠦᠳᠦᠭᠦᠯᠢᠭ ᠠᠮᠤ᠂ ᠡᠷᠳᠡᠨᠢ ᠰᠢᠰᠢ ᠵᠡᠷᠭᠡ ᠠᠮᠤ ᠪᠤᠳᠠᠭᠠᠨ ᠤ ᠲᠠᠷᠢᠮᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠰᠠᠶᠢᠨ︾ ᠢ ᠠᠭᠤᠰᠤᠯᠴᠠᠭᠤᠯᠬᠤ ᠶᠢ ᠴᠢᠩᠭᠠᠳᠬᠠᠵᠤ᠂ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ ᠤ ᠲᠥᠮᠥᠰᠥ ᠡᠳ᠋ᠰᠢᠭᠦᠯᠦᠭᠰᠡᠨ ᠲᠥᠮᠥᠰᠥ ᠶᠢᠨ ᠳᠤᠮᠳᠠᠴᠢ ᠲᠠᠯᠠᠪᠠᠢ ᠨᠢᠭᠡᠴᠢ ᠶᠢᠨ ᠤᠨᠠᠯᠲᠠ 11708 ᠵᠢᠩ᠂ ᠬᠠᠭᠤᠷᠠᠢ ᠲᠠᠷᠢᠶᠠᠨ ᠤ ᠨᠠᠷᠢᠮᠤ ᠶᠢᠨ ᠳᠤᠮᠳᠠᠴᠢ ᠲᠠᠯᠠᠪᠠᠢ ᠨᠢᠭᠡᠴᠢ ᠶᠢᠨ ᠤᠨᠠᠯᠲᠠ 886 ᠵᠢᠩ / ᠮᠦ ᠳᠤ ᠬᠦᠷᠴᠦ᠂ ᠪᠦᠬᠦ ᠣᠷᠣᠨ ᠤ ᠥᠨᠳᠥᠷ ᠤᠨᠠᠯᠲᠠ ᠶᠢᠨ ᠲᠡᠮᠳᠡᠭᠯᠡᠯ ᠢ ᠡᠭᠦᠳᠴᠦ᠂ ᠡᠷᠳᠡᠨᠢ ᠰᠢᠰᠢ ᠶᠢᠨ ᠳᠤᠮᠳᠠᠴᠢ ᠲᠠᠯᠠᠪᠠᠢ ᠨᠢᠭᠡᠴᠢ ᠶᠢᠨ ᠤᠨᠠᠯᠲᠠ 2448 ᠵᠢᠩ ᠳᠤ ᠪᠦᠬᠦ ᠬᠤᠳᠠ ᠶᠢᠨ ᠥᠨᠳᠥᠷ ᠤᠨᠠᠯᠲᠠ ᠶᠢᠨ ᠲᠡᠮᠳᠡᠭᠯᠡᠯ ᠢ ᠰᠢᠨᠡᠳᠬᠡᠪᠡ᠃ ᠭᠤᠷᠪᠠ ᠳᠤ ᠬᠠᠭᠤᠷᠠᠢ ᠲᠠᠷᠢᠶᠠᠯᠠᠩ ᠢ ᠬᠥᠭᠵᠢᠭᠦᠯᠵᠡᠢ᠃ ᠭᠤᠷᠪᠠᠨ ᠶᠡᠭᠡ ᠲᠥᠷᠥᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠥᠷᠥᠯ ᠵᠦᠢᠯ ᠲᠠᠢ ᠤᠶᠠᠯᠳᠤᠭᠤᠯᠤᠨ᠂ ᠨᠣᠬᠠᠢ ᠶᠢᠨ ᠬᠤᠰᠢᠭᠤ ᠶᠢᠨ ᠥᠷᠭᠡᠨ ᠬᠡᠪᠴᠢᠶ᠎ᠡ ᠲᠠᠢ ᠵᠤᠷᠪᠤᠰᠯᠠᠨ ᠳᠠᠷᠢᠬᠤ ᠵᠢᠱᠢᠶ᠎ᠡ ᠦᠵᠡᠭᠦᠯᠬᠦ 5 ᠲᠦᠮᠡᠨ ᠮᠦ᠂ ᠨᠠᠷᠢᠮᠤ ᠶᠢᠨ ᠪᠥᠬᠦ ᠪᠦᠷᠬᠦᠪᠴᠢ ᠶᠢᠨ ᠬᠤᠣᠰ ᠳᠠᠯᠠᠩ ᠤᠨ ᠨᠦᠬᠡᠨ ᠳᠤ ᠳᠠᠷᠢᠬᠤ ᠵᠢᠱᠢᠶ᠎ᠡ ᠦᠵᠡᠭᠦᠯᠬᠦ 1 ᠲᠦᠮᠡᠨ ᠮᠦ᠂ 2 ᠲᠥᠮᠥᠰᠥ ᠶᠢᠨ ᠲᠡᠭᠰᠢ ᠳᠠᠯᠠᠩ ᠤᠨ ᠪᠦᠷᠬᠦᠪᠴᠢ ᠶᠢᠨ ᠬᠠᠵᠠᠭᠤ ᠳᠤ ᠳᠠᠷᠢᠬᠤ ᠪᠠ 1 ᠥᠨᠳᠥᠷ ᠳᠠᠯᠠᠩ ᠤᠨ ᠪᠦᠷᠬᠦᠪᠴᠢ ᠶᠢᠨ ᠵᠢᠱᠢᠶ᠎ᠡ ᠦᠵᠡᠭᠦᠯᠬᠦ ᠮᠢᠩᠭᠠᠨ ᠮᠦ ᠶᠢ ᠪᠣᠶ ᠪᠣᠯᠭᠠᠵᠤ᠂ ᠵᠢᠱᠢᠶ᠎ᠡ ᠦᠵᠡᠭᠦᠯᠬᠦ ᠣᠷᠣᠨ ᠤ ᠲᠠᠯᠠᠪᠠᠶ ᠨᠢᠭᠡᠴᠢ ᠶᠢᠨ ᠤᠨᠠᠯᠲᠠ ᠶᠢ ᠡᠩ ᠤᠨ ᠲᠠᠷᠢᠮᠠᠯ ᠲᠠᠢ ᠬᠠᠷᠢᠴᠠᠭᠤᠯᠪᠠᠯ 5% — 30% ᠪᠠᠷ ᠨᠡᠮᠡᠭᠳᠡᠭᠦᠯᠵᠡᠢ᠃      ᠪᠣᠬᠢᠷᠲᠤᠯ ᠦᠭᠡᠢ ᠪᠠᠷ ᠲᠠᠷᠢᠶᠠᠯᠠᠩ ᠢ ᠬᠥᠭᠵᠢᠭᠦᠯᠬᠦ ᠶᠢ ᠪᠠᠷᠢᠮᠲᠠᠯᠠᠵᠤ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠠᠢ᠃ ᠨᠢᠭᠡ ᠳᠤ ᠪᠣᠷᠳᠣᠭᠤᠷ ᠣᠷᠣᠭᠤᠯᠬᠤ ᠶᠢ ᠬᠢᠵᠠᠭᠠᠷᠯᠠᠵᠤ ᠦᠷ᠎ᠡ ᠠᠰᠢᠭ ᠢ ᠨᠡᠮᠡᠭᠳᠡᠭᠦᠯᠵᠡᠢ᠃ ︽ᠭᠤᠷᠪᠠᠨ ᠰᠢᠨ᠎ᠡ ᠮᠡᠷᠭᠡᠵᠢᠯ︾ ᠢ ᠲᠥᠪᠯᠡᠷᠡᠭᠦᠯᠦᠨ ᠢᠵᠢ ᠪᠦᠷᠢᠳᠦᠭᠦᠯᠬᠦ ᠶᠢ ᠠᠬᠢᠭᠤᠯᠬᠤ 2 ᠰᠢᠶᠠᠨ ᠢ ᠪᠦᠲᠦᠭᠡᠨ ᠪᠠᠶᠢᠭᠤᠯᠵᠤ᠂ ︽ᠴᠢᠬᠢ ᠦᠵᠡᠵᠦ ᠪᠣᠷᠳᠣᠭᠤᠷ ᠰᠣᠩᠭᠤᠬᠤ︾ ᠲᠠᠪᠴᠠᠩ ᠢ 3 ᠪᠠᠶᠢᠭᠤᠯᠵᠤ᠂ ᠲᠥᠮᠥᠰᠥ᠂ ᠡᠷᠳᠡᠨᠢ ᠰᠢᠰᠢ ᠶᠢᠨ ︽ᠰᠠᠭᠤᠷᠢ ᠪᠣᠷᠳᠣᠭᠤᠷ ᠦᠭᠡᠢ︾ ᠮᠢᠩᠭᠠᠨ ᠮᠦ ᠶᠢᠨ ᠵᠢᠱᠢᠶ᠎ᠡ ᠦᠵᠡᠭᠦᠯᠬᠦᠲᠤᠭᠤᠷᠢᠭ ᠢ 3 ᠶᠢ ᠪᠠᠶᠢᠭᠤᠯᠵᠤ᠂ 87 ᠲᠠᠷᠢᠮᠠᠯ ᠤᠨ ᠪᠣᠷᠳᠣᠭᠤᠷ ᠣᠷᠣᠭᠤᠯᠬᠤ ᠵᠣᠷ ᠢ ᠰᠢᠨᠡᠳᠬᠡᠵᠦ᠂ ᠪᠥᠬᠦ ᠬᠤᠲᠠ ᠶᠢᠨ ᠬᠥᠷᠥᠰᠥ ᠰᠢᠷᠣᠢ ᠶᠢ ᠬᠡᠮᠵᠢᠨ ᠪᠣᠷᠳᠣᠭᠤᠷ ᠣᠷᠣᠭᠤᠯᠬᠤ ᠮᠡᠷᠭᠡᠵᠢᠯ ᠤᠨ ᠪᠦᠷᠬᠦᠴᠡ ᠶᠢᠨ ᠨᠣᠷᠮ᠎ᠠ 92% ᠲᠤ ᠬᠥᠷᠪᠡ᠃ ᠬᠤᠶᠠᠷ ᠲᠤ ᠡᠮ ᠢ ᠬᠢᠵᠠᠭᠠᠷᠯᠠᠨ ᠬᠥᠨᠥᠭᠡᠯ ᠢ ᠪᠠᠭᠠᠰᠬᠠᠵᠠᠢ᠃ ︽ᠡᠪᠡᠳᠴᠢᠨ ᠳᠤᠨᠢ ᠲᠠᠭᠠᠷᠠᠭᠤᠯᠵᠤ ᠡᠮ ᠰᠣᠩᠭᠤᠬᠤ︾ 2 ᠲᠠᠪᠴᠠᠩ ᠢ ᠪᠠᠶᠢᠭᠤᠯᠵᠤ᠂ 382.4 ᠲᠦᠮᠡᠨ ᠮᠦ᠂ 438.1 ᠲᠦᠮᠡᠨ ᠮᠦ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠪᠡ᠃ ᠭᠤᠷᠪᠠ ᠳᠤ᠂ ᠤᠰᠤ ᠶᠢ ᠬᠢᠵᠠᠭᠠᠷᠯᠠᠵᠤ ᠬᠤᠷᠣᠭᠳᠠᠯ ᠢ ᠪᠠᠭᠠᠰᠬᠠᠵᠠᠢ᠃ ᠰᠢᠩ ᠾᠧ ᠰᠢᠶᠠᠨ ᠤ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠬᠦᠳᠴᠦ᠂ ᠣᠶᠤᠨᠴᠢ ᠤᠰᠤ ᠠᠷᠪᠢᠯᠠᠬᠤ ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠭᠠᠩ ᠢ ᠡᠰᠡᠷᠭᠦᠴᠡᠬᠦ 3.1 ᠲᠦᠮᠡᠨ ᠮᠦ ᠶᠢᠨ ᠡᠭᠦᠯᠳᠡᠷ ᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠨᠠᠷᠢᠮᠤ ᠵᠡᠷᠭᠡ ᠤᠰᠤ ᠪᠠᠭ᠎ᠠ ᠬᠤᠷᠣᠭᠳᠠᠭᠤᠯᠬᠤ ᠲᠠᠷᠢᠮᠠᠯ ᠢ 2 ᠲᠦᠮᠡᠨ ᠮᠦ ᠲᠣᠬᠢᠷᠠᠭᠤᠯᠤᠨ ᠪᠠᠭᠠᠰᠬᠠᠵᠠᠢ᠃ ᠳᠥᠷᠪᠡ ᠳᠤ᠂ ᠪᠦᠷᠬᠦᠪᠴᠢ ᠶᠢ ᠬᠢᠵᠠᠭᠠᠷᠯᠠᠨ ᠦᠷ᠎ᠡ ᠠᠰᠢᠭ ᠢ ᠳᠡᠭᠡᠭᠰᠢᠯᠡᠭᠦᠯᠵᠡᠢ᠃ ᠪᠥᠬᠦ ᠬᠤᠲᠠ ᠶᠢᠨ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠠᠵᠢᠯ ᠤᠨ ᠡᠭᠦᠷᠭᠡ ᠶᠢ ᠪᠡᠶᠡᠯᠡᠭᠦᠯᠵᠦ᠂ ᠡᠭᠦᠨ ᠳᠤ ᠥᠨᠳᠥᠷ ᠬᠦᠴᠦᠯᠡᠴᠡ ᠲᠠᠢ ᠰᠦᠯᠢᠶᠥᠦ ᠪᠦᠷᠬᠦᠪᠴᠢ ᠶᠢ 298 ᠲᠦᠮᠡᠨ ᠮᠦ᠂ ᠪᠥᠬᠦ ᠠᠮᠢᠳᠤ ᠪᠣᠳᠠᠰ ᠤᠨ ᠵᠠᠳᠠᠷᠠᠮᠠᠳᠠᠭᠠᠢ ᠰᠦᠯᠢᠶᠥᠦ ᠪᠦᠷᠬᠦᠪᠴᠢ ᠶᠢ 2 ᠲᠦᠮᠡᠨ ᠮᠦ ᠨᠡᠮᠡᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号