ᠬᠥᠯᠥᠨ ᠪᠤᠶᠢᠷ ᠬᠤᠲᠠ ᠶᠢᠨ 14 ᠣᠷᠤᠯᠴᠠᠭᠴᠢ ︽ᠥᠪᠥᠷ ᠮᠣᠩᠭᠤᠯ ᠤᠨ ᠲᠠᠷᠢᠶᠠᠯᠠᠩ ᠤᠨ ᠲᠠᠨᠢᠯᠴᠠᠭᠤᠯᠤᠭᠴᠢ︾ ᠪᠠᠷ ᠤᠷᠢᠭᠳᠠᠪᠠ
ᠨᠡᠶᠢᠲᠡᠯᠡᠭᠰᠡᠨ ᠴᠠᠭ᠄
2025/1/7
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠭᠡᠷ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶ᠎ᠡ ᠮᠡᠳᠡᠭᠡ ᠵᠠᠩᠭᠢ ᠶᠢᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠵᠡᠷᠭᠡ ᠨᠢᠭᠡᠴᠡ ᠲᠠᠢ ᠬᠠᠮᠲᠤᠷᠠᠨ ᠡᠷᠭᠢᠯᠡᠭᠰᠡᠨ ᠬᠤᠶᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ ᠲᠠᠷᠢᠶᠠᠯᠠᠩ ᠤᠨ ᠲᠠᠨᠢᠯᠴᠠᠭᠤᠯᠤᠭᠴᠢ︾ ᠶᠢᠨ ᠰᠢᠯᠭᠠᠷᠠᠭᠤᠯᠬᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠬᠥᠬᠡᠬᠤᠲᠠ ᠳᠤ ᠶᠠᠪᠤᠭᠳᠠᠪᠠ᠃ 
图片1.png
       ᠲᠤᠰ ᠤᠳᠠᠭ᠎ᠠ ᠶᠢᠨ ᠤᠷᠤᠯᠳᠤᠭᠠᠨ ᠨᠢ ᠡᠨᠡ ᠵᠢᠯ ᠤᠨ 3 ᠰᠠᠷ᠎ᠠ ᠠᠴᠠ ᠡᠬᠢᠯᠡᠵᠦ᠂ ᠠᠩᠬᠠᠨ ᠤ ᠤᠷᠤᠯᠳᠤᠭᠠᠨ᠂ ᠬᠤᠶᠠᠳᠠᠭᠢ ᠤᠷᠤᠯᠳᠤᠭᠠᠨ ᠠᠴᠠ ᠰᠢᠢᠳᠪᠦᠷᠢᠲᠦ ᠤᠷᠤᠯᠳᠤᠭᠠᠨ ᠪᠣᠯᠲᠠᠯ᠎ᠠ 9 ᠰᠠᠷ᠎ᠠ ᠶᠢᠨ ᠬᠤᠭᠤᠴᠠᠭ᠎ᠠ ᠶᠢ ᠬᠡᠷᠡᠭᠰᠡᠵᠦ᠂ ᠪᠦᠬᠦ ᠤᠯᠤᠰ ᠤᠨ ᠬᠡᠪᠴᠢᠶᠡᠨ ᠳᠤ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠷᠡᠭᠦᠯᠬᠦ‍ ᠨᠢᠭᠡ ᠪᠦᠯᠦᠭ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠡᠯᠰᠡᠵᠦ᠂ ᠰᠢᠯᠢᠨ ᠰᠣᠩᠭᠤᠵᠤ᠂ ᠬᠥᠮᠥᠵᠢᠭᠦᠯᠵᠦ᠂ ᠭᠡᠷᠡᠴᠢᠯᠡᠵᠦ᠂ ᠨᠤᠲᠤᠭ ᠤᠰᠤᠨ ᠤ ᠪᠠᠨ ᠰᠠᠶᠢᠨ ᠪᠦᠲᠦᠭᠡᠭᠳᠡᠬᠦᠨ ᠢ ᠬᠦᠴᠦ ᠪᠠᠨ ᠬᠠᠮᠲᠤᠳᠬᠠᠨ ᠲᠠᠨᠢᠯᠴᠠᠭᠤᠯᠬᠤ ᠪᠠᠶᠢᠳᠠᠯ ᠢ ᠪᠦᠷᠢᠯᠳᠦᠭᠦᠯᠵᠡᠢ᠃ ᠪᠥᠬᠦ ᠤᠯᠤᠰ ᠤᠨ ᠡᠯ᠎ᠡ ᠭᠠᠵᠠᠷ ᠲᠤ ᠨᠡᠶᠢᠲᠡ 1200 ᠭᠠᠷᠤᠢ ᠬᠥᠮᠥᠨ ᠤᠷᠤᠯᠳᠤᠭᠠᠨ ᠳᠤ ᠣᠷᠣᠯᠴᠠᠬᠤ ᠪᠠᠷ ᠨᠡᠷ᠎ᠡ ᠮᠡᠳᠡᠭᠦᠯᠵᠦ᠂ ᠡᠴᠦᠰ ᠲᠡᠭᠡᠨ 120 ᠣᠷᠤᠯᠴᠠᠭᠴᠢ ᠴᠣᠯᠭᠤᠷᠠᠨ ᠭᠠᠷᠴᠤ᠂ ᠬᠥᠯᠥᠨ ᠪᠤᠶᠢᠷ ᠬᠤᠲᠠ ᠶᠢᠨ ᠤᠷᠤᠯᠳᠤᠭᠠᠨ ᠳᠤ ᠣᠷᠣᠯᠴᠠᠭᠰᠠᠨ 14 ᠬᠦᠮᠦᠨ ︽ᠥᠪᠥᠷ ᠮᠣᠩᠭᠤᠯ ᠤᠨ ᠲᠠᠷᠢᠶᠠᠯᠠᠩ ᠤᠨ ᠲᠠᠨᠢᠯᠴᠠᠭᠤᠯᠤᠭᠴᠢ︾ ᠶᠢᠨ ᠢᠷᠠᠭᠤ ᠠᠯᠳᠠᠷ ᠢ ᠭᠥᠷᠳᠡᠪᠡ᠃ 
图片2.png
       ︽ᠲᠠᠷᠢᠶᠠᠯᠠᠩ︾  ᠨᠢ ᠤᠯᠤᠰ ᠢᠶᠠᠨ ᠬᠦᠴᠦᠷᠬᠡᠭᠵᠢᠭᠦᠯᠬᠦ ᠶᠢᠨ ᠦᠨᠳᠦᠰᠦ ᠮᠥᠨ᠃ ︽ᠲᠠᠨᠢᠯᠴᠠᠭᠤᠯᠤᠭᠴᠢ︾  ᠨᠢ ᠲᠠᠷᠢᠶᠠᠯᠠᠩ ᠤᠨ ᠭᠤᠸ᠎ᠠ ᠰᠠᠶᠢᠬᠠᠨ ᠢ ᠮᠠᠨᠳᠤᠭᠤᠯᠳᠠᠭ᠃ ︽ᠲᠠᠨᠢᠯᠴᠠᠭᠤᠯᠤᠭᠴᠢ︾  ᠨᠢ ᠠᠷᠠᠳ ᠲᠦᠮᠡᠨ ᠤ ᠲᠥᠯᠥᠭᠡ ᠵᠢᠳᠬᠦᠬᠦ ᠶᠠᠪᠤᠳᠠᠯ ᠮᠥᠨ᠃ 2025 ᠣᠨ ᠳᠤ᠂ ᠲᠠᠷᠢᠶᠠᠯᠠᠩ ᠤᠨ ᠲᠠᠨᠢᠯᠴᠠᠭᠤᠯᠤᠭᠴᠢᠳ ᠥᠪᠡᠷ ᠥᠪᠡᠷ ᠤᠨ ᠣᠨᠴᠠᠯᠢᠭ ᠪᠠ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠯᠥᠨ ᠪᠤᠶᠢᠷ ᠬᠤᠲᠠ ᠶᠢᠨ ᠪᠣᠬᠢᠷᠲᠤᠯ ᠦᠭᠡᠢ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠨᠴᠠᠯᠢᠭ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠴᠢᠨᠠᠷ ᠰᠠᠶᠢᠲᠠᠢ ᠠᠭᠤᠯᠭ᠎ᠠ ᠶᠢ ᠦᠷᠭᠦᠯᠵᠢᠯᠡᠨ ᠭᠠᠳᠠᠭᠰᠢ ᠨᠡᠶᠢᠳᠡᠯᠡᠵᠦ᠂ ᠨᠡᠶᠢᠲᠡᠯᠡᠭᠰᠡᠨ ᠠᠭᠤᠯᠭ᠎ᠠ ᠶᠢᠨ ᠶᠠᠰᠤ ᠴᠢᠨᠠᠷ ᠪᠠ ᠰᠢᠨ᠎ᠡ ᠶᠢ ᠡᠭᠦᠳᠬᠦ ᠴᠢᠨᠠᠷ ᠢ ᠪᠠᠲᠤᠯᠠᠨ᠂ ᠪᠢᠴᠢᠭ ᠮᠠᠲ᠋ᠧᠷᠢᠶᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠣᠬᠤᠷ ᠸᠢᠳᠢᠤ᠋ ᠦᠢᠯᠡᠳᠬᠦ᠂ ᠲᠠᠩᠰᠠᠨ ᠨᠣᠮᠧᠷ ᠢᠶᠠᠷ ᠡᠵᠡᠩᠨᠡᠬᠦ ᠵᠡᠷᠭᠡ ᠲᠠᠯ᠎ᠠ ᠶᠢᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠦᠨ᠂ ᠬᠥᠯᠥᠨ ᠪᠤᠶᠢᠷ ᠬᠤᠲᠠ ᠶᠢᠨ ᠪᠣᠬᠢᠷᠲᠤᠯ ᠦᠭᠡᠢ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠢᠯᠡᠴᠢᠯᠡᠬᠦ ᠬᠡᠮᠵᠢᠶ᠎ᠡ ᠪᠠ ᠠᠯᠳᠠᠷᠰᠢᠯ ᠢ ᠳᠡᠭᠡᠭᠰᠢᠯᠡᠭᠦᠯᠦᠨ᠎ᠡ᠃
微信截图_20250107171701.png
 
 
ᠢᠷᠡᠯᠲᠡ᠄ ᠬᠦᠯᠦᠨ ᠪᠣᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号