ᠤᠷᠠᠳ ᠤᠨ ᠳᠤᠮᠳᠠᠳᠤ ᠬᠤᠰᠢᠭᠤ 3 ᠡᠷᠳᠡᠨᠢ ᠰᠢᠰᠢ ᠶᠢᠨ ᠰᠢᠯᠢᠳᠡᠭ ᠡᠭᠦᠯᠳᠡᠷ ᠢ ᠲᠠᠨᠢᠯᠴᠠᠭᠤᠯᠪᠠ
ᠨᠡᠶᠢᠲᠡᠯᠡᠭᠰᠡᠨ ᠴᠠᠭ᠄
2025/2/12
      2024 ᠣᠨ ᠳᠤ᠂ ᠤᠷᠠᠳ ᠤᠨ ᠳᠤᠮᠳᠠᠳᠤ ᠬᠤᠰᠢᠭᠤ ︽ᠰᠠᠭᠤᠷᠢᠨ ᠭᠠᠵᠠᠷ ᠪᠠᠶᠢᠭᠤᠯᠬᠤ᠂ ᠡᠭᠦᠯᠳᠡᠷ ᠢ ᠣᠷᠣᠭᠤᠯᠬᠤ᠂ ᠳᠡᠯᠭᠡᠷᠡᠭᠦᠯᠦᠯᠳᠡ ᠶᠢ ᠠᠬᠢᠭᠤᠯᠬᠤ︾ ᠠᠵᠢᠯ ᠤᠨ ᠰᠡᠳᠬᠢᠮᠵᠢ ᠶᠢ ᠴᠢᠩᠭ᠎ᠠ ᠵᠢᠷᠤᠮᠯᠠᠨ᠂ ᠲᠠᠷᠢᠮᠠᠯ ᠤᠨ ᠡᠭᠦᠯᠳᠡᠷ ᠢ ᠳᠡᠯᠭᠡᠨ ᠦᠵᠡᠭᠦᠯᠵᠦ ᠵᠢᠱᠢᠶ᠎ᠡ ᠦᠵᠡᠭᠦᠯᠬᠦ᠂ ᠰᠢᠯᠭᠠᠨ ᠰᠣᠩᠭᠤᠵᠤ ᠦᠨᠡᠯᠡᠬᠦ ᠵᠢᠴᠢ ᠰᠢᠨ᠎ᠡ ᠡᠭᠦᠯᠳᠡᠷ ᠢ ᠲᠠᠨᠢᠯᠴᠠᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ᠃ ᠦᠵᠢᠶᠠ ᠡᠾᠧ ᠪᠠᠯᠭᠠᠰᠤ ᠶᠢᠨ ᠯᠢᠶᠠᠨ ᠹᠧᠩ ᠹᠧᠨ ᠳ᠋ᠸᠦ ᠲᠣᠰᠬᠤᠨ ᠳᠤ ᠬᠤᠳᠠ ᠶᠢᠨ ᠲᠡᠰ ᠤᠨ 1 ᠡᠷᠳᠡᠨᠢ ᠰᠢᠰᠢ ᠶᠢᠨ ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠢ ᠪᠠᠶᠢᠭᠤᠯᠵᠤ ᠂ ᠪᠦᠳᠦᠭᠡᠨ ᠪᠠᠶᠢᠭᠤᠯᠤᠯᠳᠠ ᠶᠢᠨ ᠲᠠᠯᠠᠪᠠᠢ ᠨᠢ 145 ᠮᠦ ᠳᠤ ᠬᠦᠷᠴᠦ᠂ ᠲᠤᠬᠠᠢ ᠶᠢᠨ ᠭᠠᠵᠠᠷ ᠤᠨ ᠲᠠᠷᠢᠬᠤ ᠳᠤ ᠲᠣᠬᠢᠷᠠᠬᠤ 34 ᠡᠷᠳᠡᠨᠢ ᠰᠢᠰᠢ ᠶᠢᠨ ᠰᠢᠨ᠎ᠡ ᠡᠭᠦᠯᠳᠡᠷ ᠢ ᠲᠥᠪᠯᠡᠷᠡᠭᠦᠯᠦᠨ ᠳᠡᠯᠭᠡᠨ ᠦᠵᠡᠭᠦᠯᠵᠦ ᠵᠢᠱᠢᠶ᠎ᠡ ᠦᠵᠡᠭᠦᠯᠦᠭᠡᠳ ᠲᠠᠷᠢᠶᠠᠴᠢᠳ ᠤᠨ ᠦᠢᠯᠡᠳᠪᠦᠷᠢᠯᠡᠯ ᠤᠨ ᠦᠷ᠎ᠡ ᠰᠣᠩᠭᠤᠬᠤ᠂ ᠦᠷ᠎ᠡ ᠬᠡᠷᠡᠭᠯᠡᠬᠦ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠭᠰᠠᠨ ᠪᠠᠶᠢᠨ᠎ᠠ᠃      ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠤᠨ ᠪᠠᠶᠢᠭᠤᠯᠤᠯᠲᠠ ᠶᠢᠨ ᠶᠠᠪᠤᠴᠠ ᠳᠤ᠂ ᠳᠤᠮᠳᠠᠳᠤ ᠬᠤᠰᠢᠭᠤᠨ ᠤ ᠬᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠠᠢ ᠢᠳᠡᠪᠬᠢᠲᠡᠢ ᠬᠠᠮᠵᠢᠯᠴᠠᠨ 34 ᠡᠷᠳᠡᠨᠢ ᠰᠢᠰᠢ ᠶᠢᠨ ᠡᠭᠦᠯᠳᠡᠷ ᠤᠨ ᠲᠠᠷᠢᠶᠠᠨ ᠭᠠᠵᠠᠷ ᠢ ᠰᠢᠯᠭᠠᠨ ᠦᠨᠡᠯᠡᠬᠦ᠂ ᠤᠨᠠᠯᠲᠠ ᠶᠢ ᠬᠡᠮᠵᠢᠨ ᠰᠢᠯᠭᠠᠨ ᠠᠪᠬᠤ ᠠᠵᠢᠯ ᠢ ᠪᠡᠶᠡᠯᠡᠭᠦᠯᠵᠡᠢ᠃ ᠲᠤᠷᠰᠢᠯᠲᠠ ᠪᠠᠷ ᠤᠨᠠᠯᠲᠠ ᠶᠢ ᠬᠡᠮᠵᠢᠬᠦ ᠪᠠ ᠲᠤᠰᠬᠠᠢ ᠮᠡᠷᠭᠡᠵᠢᠯᠲᠡᠨ᠂ ᠲᠠᠷᠢᠶᠠᠯᠠᠩ ᠤᠨ ᠮᠡᠷᠭᠡᠵᠢᠯᠲᠡᠨ ᠤ ᠲᠠᠷᠢᠶᠠᠨ ᠭᠠᠵᠠᠷ ᠤᠨ ᠲᠤᠬᠠᠢ ᠶᠢᠨ ᠲᠠᠯᠠᠪᠤᠷ ᠲᠤ ᠰᠢᠯᠭᠠᠨ ᠦᠨᠡᠯᠡᠬᠦ ᠪᠠᠷ ᠳᠡᠮᠵᠢᠨ᠂ 34 ᠮᠥᠬᠦᠯᠢᠭ ᠡᠷᠳᠡᠨᠢ ᠰᠢᠰᠢ ᠶᠢᠨ ᠤᠨᠠᠯᠲᠠ᠂ ᠲᠠᠷᠢᠶᠠᠨ ᠭᠠᠵᠠᠷ ᠤᠨ ᠶᠡᠷᠦᠩᠬᠡᠢ ᠢᠯᠡᠷᠡᠯ ᠵᠡᠷᠭᠡ ᠣᠨᠴᠠᠯᠢᠭ ᠲᠠᠢ ᠤᠶᠠᠯᠳᠤᠭᠤᠯᠤᠨ᠂ ᠲᠠᠷᠢᠶᠠᠨ ᠭᠠᠵᠠᠷ ᠤᠨ ᠲᠡᠮᠳᠡᠭᠯᠡᠭᠰᠡᠨ ᠮᠡᠳᠡᠭᠡ ᠵᠠᠩᠭᠢ᠂ ᠲᠠᠷᠢᠶᠠᠨ ᠭᠠᠵᠠᠷ ᠤᠨ ᠤᠨᠠᠯᠲᠠ ᠶᠢ ᠬᠡᠮᠵᠢᠬᠦ ᠶᠡᠷᠦᠩᠬᠡᠶᠢᠯᠡᠭᠰᠡᠨ ᠦᠨᠡᠯᠡᠯᠲᠡ ᠲᠠᠢ ᠤᠶᠠᠯᠳᠤᠭᠤᠯᠤᠨ ᠥᠨᠳᠥᠷ ᠤᠨᠠᠯᠲᠠ ᠲᠠᠢ᠂ ᠴᠢᠨᠠᠷ ᠰᠠᠶᠢᠲᠠᠢ᠂ ᠲᠡᠰᠪᠦᠷᠢᠯᠡᠬᠦ ᠴᠢᠨᠠᠷ ᠢᠶᠠᠷ ᠰᠠᠶᠢᠨ᠂ ᠲᠤᠬᠠᠢ ᠶᠢᠨ ᠭᠠᠵᠠᠷ ᠲᠤ ᠳᠡᠯᠭᠡᠷᠡᠭᠦᠯᠬᠦ ᠳᠤ ᠲᠣᠬᠢᠷᠠᠮᠵᠢᠲᠠᠢ 3 ᠡᠷᠳᠡᠨᠢ ᠰᠢᠰᠢ ᠶᠢᠨ ᠰᠢᠯᠢᠳᠡᠭ ᠡᠭᠦᠯᠳᠡᠷ ︵ᠵᠢᠦᠢ ᠹᠧᠩ 888᠂ ᠳ᠋ᠦᠩ ᠨᠦᠩ 258᠂ ᠶᠢᠨ ᠬᠤᠤ 198︶ ᠢ ᠰᠣᠩᠭᠤᠵᠤ ᠭᠠᠷᠭᠠᠪᠠ᠃ ᠶᠡᠷᠦᠩᠬᠡᠶᠢᠯᠡᠭᠰᠡᠨ ᠦᠨᠡᠯᠡᠯᠲᠡ ᠶᠢᠨ ᠦᠷ᠎ᠡ ᠳ᠋ᠦᠩ ᠢ ᠦᠨᠳᠦᠰᠦᠯᠡᠨ᠂ ᠤᠬᠠᠭᠤᠯᠭ᠎ᠠ ᠶᠢᠨ ᠳᠡᠪᠲᠡᠷ ᠢ ᠨᠢᠭᠡᠳᠦᠯᠲᠡᠢ ᠳᠠᠷᠤᠮᠠᠯᠯᠠᠨ ᠲᠠᠷᠬᠠᠭᠠᠬᠤ᠂ ᠠᠯᠪᠠᠨ ᠤ ᠲᠠᠪᠴᠠᠩ ᠳᠤ ᠨᠡᠶᠢᠲᠡᠯᠡᠬᠦ ᠵᠡᠷᠭᠡ ᠬᠡᠯᠪᠡᠷᠢ ᠪᠠᠷ ᠳᠡᠯᠭᠡᠷᠡᠭᠦᠯᠵᠦ᠂ ︽ᠴᠢᠬᠢ ᠦᠵᠡᠵᠦ ᠦᠷ᠎ᠡ ᠵᠠᠬᠢᠶᠠᠯᠠᠬᠤ︾ ᠴᠢᠳᠠᠮᠵᠢ ᠶᠢ ᠪᠠᠳᠠᠷᠠᠭᠤᠯᠤᠨ᠂ ᠲᠠᠷᠢᠶᠠᠴᠢᠳ ᠤᠨ ᠰᠠᠶᠢᠨ ᠡᠭᠦᠯᠳᠡᠷ ᠢ ᠰᠣᠩᠭᠤᠨ ᠬᠡᠷᠡᠭᠯᠡᠬᠦ ᠲᠠᠪᠴᠠᠩ ᠢ ᠪᠣᠶ ᠪᠣᠯᠭᠠᠵᠤ᠂ ᠤᠷᠠᠳ ᠤᠨ ᠳᠤᠮᠳᠠᠳᠤ ᠬᠤᠰᠢᠭᠤᠨ ᠤ ᠡᠷᠳᠡᠨᠢ ᠰᠢᠰᠢ ᠶᠢᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠡᠷᠳᠡᠨᠢ ᠰᠢᠰᠢ ᠶᠢᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠨᠡᠮᠡᠭᠳᠡᠭᠦᠯᠦᠨ᠂ ᠲᠠᠷᠢᠮᠠᠯ ᠤᠨ ᠡᠷᠦᠬᠡ ᠳᠤ ᠨᠠᠩ ᠥᠨᠳᠥᠷ ᠠᠵᠤ ᠠᠬᠤᠢ ᠶᠢᠨ ᠦᠷ᠎ᠡ ᠠᠰᠢᠭ ᠢ ᠣᠯᠭᠤᠭᠰᠠᠨ ᠪᠠᠶᠢᠨ᠎ᠠ᠃ ᠡᠨᠡ ᠵᠢᠯ ᠪᠦᠲᠦᠭᠡᠨ ᠪᠠᠶᠢᠭᠤᠯᠬᠤ ᠲᠠᠯᠠᠪᠠᠶ ᠨᠢ 120 ᠮᠦ ᠠᠴᠠ ᠳᠡᠭᠡᠭᠰᠢ ᠬᠤᠲᠠ ᠶᠢᠨ ᠱᠠᠲᠤᠨ ᠤ 1 ᠡᠷᠳᠡᠨᠢ ᠰᠢᠰᠢ ᠶᠢᠨ ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠢ ᠪᠠᠶᠢᠭᠤᠯᠵᠤ᠂ 50 ᠭᠠᠷᠤᠢ ᠵᠦᠢᠯ ᠤᠨ ᠦᠵᠡᠭᠦᠯᠭᠡ ᠶᠢᠨ ᠡᠭᠦᠯᠳᠡᠷ ᠢ ᠳᠡᠯᠭᠡᠨ ᠦᠵᠡᠭᠦᠯᠬᠦ ᠪᠠᠷ ᠲᠦᠯᠦᠪᠯᠡᠵᠦ᠂ ᠣᠲᠣ ᠶᠠᠭ ᠭᠠᠵᠠᠷ ᠰᠣᠩᠭᠤᠵᠤ ᠪᠠᠶᠢᠨ᠎ᠠ᠃
 
ᠢᠷᠡᠯᠲᠡ᠄ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号