ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠣᠭᠲᠠᠴᠠ ᠳᠤ ᠲᠦᠰᠢᠭᠯᠡᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2025/2/12
      ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠲᠤᠭᠤᠰᠢᠯᠠᠭᠤᠯᠤᠨ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠤ ᠪᠡᠭᠡᠵᠢᠩ ᠳᠤ ᠣᠷᠣᠵᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤ ᠬᠦᠴᠦ ᠨᠡᠮᠡᠷᠢᠯᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠣᠭᠲᠠᠴᠠ ᠳᠤ ᠲᠦᠰᠢᠭᠯᠡᠨ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢᠨ ᠠᠵᠢᠯ ᠤᠨ ᠪᠠᠶᠢᠷᠢ ᠬᠦᠷᠭᠡᠵᠦ ᠠᠵᠢᠯ ᠣᠯᠭᠤᠬᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨ᠎ᠠ ᠠᠴᠠ ᠤᠷᠢᠬᠤ ᠵᠡᠷᠭᠡ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠣᠨᠴᠠᠭᠠᠶᠢᠯᠠᠨ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠶᠢᠨ ᠬᠦᠴᠦᠨ ᠤ ᠠᠵᠢᠯ ᠣᠯᠭᠤᠯᠲᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠪᠡ᠃ 
W020250212620048907152.png
      ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠪᠠ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠪᠡᠭᠡᠵᠢᠩ ᠥᠪᠥᠷ ᠮᠣᠩᠭᠤᠯ ᠤᠨ ︽2+2︾ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢᠨ ᠪᠣᠷᠣ ᠲᠥᠯᠥᠪ ᠤᠨ ᠬᠡᠯᠡᠯᠴᠡᠭᠡᠷ ᠢ ᠢᠳᠡᠪᠬᠢᠲᠡᠢ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠡᠯᠰᠡᠬᠦ ᠬᠤᠷᠠᠯ ᠡᠭᠦᠯᠡᠨ ᠦᠢᠯᠡᠴᠢᠯᠡᠭᠡᠨ ᠤ ᠲᠠᠪᠴᠠᠩ ᠳᠤ ︽ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢᠨ ᠲᠤᠰᠬᠠᠢ ᠣᠷᠣᠨ︾ ᠭᠠᠷᠭᠠᠵᠤ᠂ ᠪᠡᠭᠡᠵᠢᠩ ᠬᠤᠲᠠ ᠶᠢᠨ 320 ᠭᠠᠷᠤᠢ ᠠᠵᠢᠯᠴᠢᠨ ᠬᠡᠷᠡᠭᠯᠡᠬᠦ ᠨᠢᠭᠡᠴᠡ ᠶᠢᠨ ᠲᠦᠮᠡ ᠭᠠᠷᠤᠢ ᠠᠵᠢᠯ ᠤᠨ ᠪᠠᠶᠢᠷᠢ ᠶᠢ ᠨᠡᠶᠢᠲᠡᠯᠡᠵᠦ᠂ ᠠᠵᠢᠯ ᠣᠯᠬᠤ ᠬᠦᠰᠡᠯ ᠲᠠᠢ ᠬᠥᠳᠡᠭᠡ ᠲᠣᠰᠬᠤᠨ ᠤ ᠬᠥᠳᠡᠯᠮᠦᠷᠢ ᠬᠦᠴᠦᠨ ᠳᠤ ᠠᠵᠢᠯ ᠣᠯᠭᠤᠬᠤ ᠦᠢᠯᠡᠴᠢᠯᠡᠭᠡ ᠬᠠᠩᠭᠠᠪᠠ᠃       ᠬᠢᠩᠭᠠᠨ ᠠᠶᠢᠮᠠᠭ ᠤᠨ ᠲᠦᠴᠢᠦᠸᠠᠨ ᠰᠢᠶᠠᠨ ︽ᠴᠡᠭ ᠠᠴᠠ ᠴᠡᠭ ᠲᠤ ᠬᠦᠷᠬᠦ︾ ᠬᠥᠳᠡᠯᠮᠦᠷᠢ ᠬᠦᠴᠦᠨ ᠤ ᠭᠠᠷᠭᠠᠯᠲᠠ ᠶᠢ ᠪᠡᠭᠡᠵᠢᠩ ᠳᠤ ᠣᠷᠣᠭᠤᠯᠬᠤ ᠠᠵᠢᠯᠯᠠᠭ᠎ᠠ ᠥᠷᠨᠢᠭᠦᠯᠵᠦ᠂ 80 ᠭᠠᠷᠤᠢ ᠬᠥᠯᠥᠰᠦᠨ ᠠᠵᠢᠯ ᠬᠢᠭᠰᠡᠳ ᠨᠢᠭᠡᠳᠦᠯᠲᠡᠢ ︽ᠰᠦᠢᠳᠬᠡᠯ ᠬᠤᠷᠢᠶᠠᠬᠤ ᠦᠭᠡᠢ ᠪᠠᠷ ᠬᠥᠯᠥᠰᠦᠨ ᠠᠵᠢᠯ ᠬᠢᠬᠦ ᠲᠤᠰᠬᠠᠢ ᠲᠡᠷᠭᠡ︾ ᠳᠤ ᠰᠠᠭᠤᠵᠤ ᠪᠡᠭᠡᠵᠢᠩ ᠵᠡᠷᠭᠡ ᠭᠠᠵᠠᠷ ᠲᠤ ᠬᠦᠷᠴᠦ ᠠᠵᠢᠯ ᠤᠨ ᠪᠠᠶᠢᠷᠢ ᠳᠠᠭᠠᠨ ᠪᠤᠴᠠᠵᠤ ᠬᠥᠯᠥᠰᠦᠨ ᠠᠵᠢᠯ ᠬᠢᠵᠦ᠂ ᠰᠢᠨ᠎ᠡ ᠨᠢᠭᠡ ᠵᠢᠯ ᠤᠨ ᠬᠥᠯᠥᠰᠦᠨ ᠠᠵᠢᠯ ᠬᠢᠵᠦ ᠣᠷᠣᠯᠭ᠎ᠠ ᠪᠠᠨ ᠨᠡᠮᠡᠭᠳᠡᠭᠦᠯᠬᠦ᠂ ᠠᠵᠢᠯ ᠣᠯᠵᠤ ᠪᠠᠶᠠᠵᠢᠬᠤ ᠰᠢᠨ᠎ᠡ ᠠᠶᠠᠨ ᠵᠠᠮ ᠢᠶᠠᠨ ᠡᠬᠢᠯᠡᠭᠦᠯᠪᠡ᠂ ᠮᠣᠷᠳᠠᠬᠤ  ᠠᠴᠠ ᠡᠮᠦᠨ᠎ᠡ᠂ ᠠᠵᠢᠯ ᠣᠯᠭᠤᠬᠤ ᠰᠠᠯᠠᠭ᠎ᠠ ᠮᠥᠴᠢᠷ ᠠᠴᠠ ︽ᠠᠵᠢᠯ ᠤᠨ ᠪᠠᠶᠢᠷᠢ ᠳᠠᠭᠠᠨ ᠪᠤᠴᠠᠬᠤ ᠲᠣᠮᠣ ᠪᠡᠯᠡᠭ︾ ᠪᠡᠯᠡᠳᠬᠡᠵᠦ᠂ ᠬᠥᠯᠥᠰᠦᠨ ᠠᠵᠢᠯ ᠬᠢᠭᠰᠡᠳ ᠤᠨ ᠬᠤᠪᠢ ᠬᠥᠮᠥᠨ ᠤ ᠮᠡᠳᠡᠭᠡ ᠵᠠᠩᠭᠢ ᠶᠢ ᠪᠦᠷᠢᠳᠬᠡᠵᠦ ᠥᠭᠬᠦ ᠶᠢᠨ ᠬᠠᠮᠲᠤ ᠬᠤᠯᠪᠣᠭᠳᠠᠯ ᠪᠦᠬᠦᠢ ᠬᠥᠮᠥᠰ ᠢ ᠲᠣᠮᠢᠯᠠᠨ ᠪᠡᠭᠡᠵᠢᠩ ᠬᠤᠲᠠ ᠳᠤ ᠥᠷᠲᠡᠭᠡ ᠲᠣᠰᠣᠭᠤᠯᠬᠤ ᠪᠥᠭᠡᠳ ᠳᠠᠷᠠᠭᠠᠴᠢ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷᠬᠢᠯᠭᠡᠵᠡᠢ᠃       ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤ ᠪᠡᠭᠡᠵᠢᠩ ᠬᠤᠲᠠ ᠶᠢᠨ ᠴᠠᠩᠫᠢᠩ ᠲᠣᠭᠤᠷᠢᠭ ᠲᠠᠢ ᠬᠠᠮᠲᠤᠷᠠᠨ 2025 ᠣᠨ ᠤ ᠴᠡᠭ ᠠᠴᠠ ᠴᠡᠭ ᠲᠠᠬᠢ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠵᠣᠯᠭᠠᠭᠤᠯᠬᠤ ᠬᠤᠷᠠᠯ ᠡᠷᠭᠢᠯᠡᠵᠦ᠂ ᠪᠡᠭᠡᠵᠢᠩ ᠤᠨ ᠬᠤᠸᠠ ᠮᠧᠶ ᠷᠧᠨ ᠱᠧᠩ ᠬᠥᠮᠥᠨ ᠤ ᠬᠦᠴᠦᠨ ᠤ ᠡᠬᠢ ᠪᠠᠶᠠᠯᠢᠭ ᠤᠨ ᠬᠢᠵᠠᠭᠠᠷᠲᠤ ᠺᠣᠮᠫᠠᠨᠢ᠂ ᠪᠡᠭᠡᠵᠢᠩ ᠤᠨ ᠢᠦᠢ ᠰᠢᠨ ᠬᠤᠶ ᠬᠥᠳᠡᠯᠮᠦᠷᠢ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠵᠡᠷᠭᠡ ᠪᠡᠭᠡᠵᠢᠩ ᠬᠤᠲᠠ ᠶᠢᠨ 13 ᠠᠵᠤ ᠠᠬᠤᠶᠢᠯᠠᠯ ᠢ ᠰᠣᠩᠭᠤᠨ ᠬᠤᠷᠠᠯ ᠳᠤ ᠣᠷᠣᠯᠴᠠᠭᠤᠯᠵᠤ᠂ ᠨᠡᠶᠢᠲᠡ 166 ᠠᠵᠢᠯ ᠤᠨ ᠪᠠᠶᠢᠷᠢ ᠬᠠᠩᠭᠠᠵᠤ᠂ ᠠᠩᠬ᠎ᠠ ᠠᠯᠬᠤᠮ ᠤᠨ ᠠᠵᠢᠯ ᠣᠯᠬᠤ ᠰᠠᠨᠠᠮᠵᠢ ᠶᠢ 120 ᠭᠠᠷᠤᠢ ᠬᠥᠮᠥᠨ ᠲᠣᠭᠲᠠᠭᠠᠵᠠᠢ᠃       ᠬᠥᠯᠥᠨ ᠪᠤᠶᠢᠷ ᠬᠤᠲᠠ ᠶᠢᠨ ᠣᠷᠴᠣᠨ ᠤ ᠥᠪᠡᠷᠲᠡᠭᠡᠨ ᠵᠠᠰᠠᠬᠤ ᠣᠷᠣᠨ ᠤ ᠬᠤᠰᠢᠭᠤ ᠪᠡᠭᠡᠵᠢᠩ ᠬᠤᠲᠠ ᠶᠢᠨ ᠰᠢ ᠴᠧᠩ ᠲᠣᠭᠤᠷᠢᠭ ᠲᠠᠢ ᠬᠠᠮᠲᠤᠷᠠᠨ 2025 ᠣᠨ ᠤ ︽ᠪᠡᠭᠡᠵᠢᠩ ᠥᠪᠥᠷ ᠮᠣᠩᠭᠤᠯ ᠬᠠᠮᠵᠢᠯᠴᠠᠭᠰᠠᠨ︾ ᠣᠷᠴᠣᠨ ᠬᠤᠰᠢᠭᠤᠨ ᠤ ᠰᠦᠯᠵᠢᠶ᠎ᠡ ᠪᠠᠷ ᠠᠵᠢᠯᠲᠠᠨ ᠡᠯᠰᠡᠬᠦ ᠴᠤᠭᠯᠠᠭᠠᠨ ᠢ ᠬᠠᠮᠲᠤ ᠪᠠᠷ ᠥᠷᠨᠢᠭᠦᠯᠵᠦ᠂ ᠠᠵᠢᠯᠯᠠᠭ᠎ᠠ ᠨᠢ ︽ᠪᠡᠭᠡᠵᠢᠩ ᠥᠪᠥᠷ ᠮᠣᠩᠭᠤᠯ ᠬᠠᠮᠵᠢᠯᠴᠠᠨ ᠠᠵᠢᠯᠯᠠᠵᠤ᠂ ᠠᠵᠢᠯ ᠣᠯᠭᠤᠬᠤ︾  ᠪᠠᠷ ᠭᠤᠣᠯ ᠰᠡᠳᠦᠪ ᠪᠣᠯᠭᠠᠨ᠂ ᠨᠡᠶᠢᠲᠡ 8 ᠨᠢᠭᠡᠴᠡ ᠶᠢᠨ 38 ᠠᠵᠢᠯ ᠲᠥᠷᠥᠯ ᠤᠨ 431 ᠠᠵᠢᠯ ᠤᠨ ᠪᠠᠶᠢᠷᠢ ᠬᠠᠩᠭᠠᠵᠤ᠂ ᠣᠲᠣ ᠶᠠᠭ ᠠᠵᠢᠯᠲᠠᠨ ᠡᠯᠰᠡᠬᠦ ᠠᠵᠢᠯ ᠦᠷᠭᠦᠯᠵᠢᠯᠡᠨ ᠶᠠᠪᠤᠭᠳᠠᠵᠤ ᠪᠠᠶᠢᠨ᠎ᠠ᠃       ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠬᠢᠨ ︽︿ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ﹀ ︿ᠬᠠᠪᠤᠷ ᠤᠨ ᠳᠤᠯᠠᠭᠠᠨ ᠬᠥᠯᠥᠰᠦᠨ ᠠᠵᠢᠯᠴᠢᠨ﹀ ᠤ ᠲᠤᠰᠬᠠᠢ ᠠᠵᠢᠯᠯᠠᠭ᠎ᠠ︾ ᠵᠢᠴᠢ ᠪᠡᠭᠡᠵᠢᠩ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠲᠤᠰᠬᠠᠢ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠡᠷᠭᠢᠯᠡᠵᠦ᠂ ᠬᠤᠰᠢᠭᠤᠨ ᠤ ᠳᠣᠲᠣᠨ᠎ᠠ ᠭᠠᠳᠠᠨᠠᠬᠢ 41 ᠠᠵᠤ ᠠᠬᠤᠶᠢᠯᠠᠯ ᠠᠵᠢᠯᠲᠠᠨ ᠡᠯᠰᠡᠵᠦ᠂ 173 ᠠᠵᠢᠯ ᠤᠨ ᠪᠠᠶᠢᠷᠢ ᠬᠠᠩᠭᠠᠪᠠ᠂ ᠡᠭᠦᠨ ᠳᠤ ᠪᠡᠭᠡᠵᠢᠩ ᠤᠨ ᠱᠦᠨ ᠢ ᠲᠣᠭᠤᠷᠢᠭ ᠤᠨ 6 ᠠᠵᠤ ᠠᠬᠤᠶᠢᠯᠠᠯ᠂ 80 ᠭᠠᠷᠤᠢ ᠠᠵᠢᠯ ᠤᠨ ᠪᠠᠶᠢᠷᠢ ᠬᠠᠩᠭᠠᠵᠤ᠂ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ 156 ᠬᠥᠮᠥᠨ ᠲᠠᠯᠠᠪᠠᠶ ᠳᠤ ᠣᠷᠣᠵᠤ ᠠᠰᠠᠭᠤᠨ ᠯᠠᠪᠯᠠᠵᠤ ᠠᠵᠢᠯ ᠡᠷᠢᠵᠦ᠂ 42 ᠬᠥᠮᠥᠨ ᠠᠩᠬ᠎ᠠ ᠠᠯᠬᠤᠮ ᠤᠨ ᠠᠵᠢᠯ ᠣᠯᠬᠤ ᠰᠠᠨᠠᠭ᠎ᠠ ᠲᠠᠢ ᠪᠣᠯᠪᠠ᠃       1 ᠰᠠᠷ᠎ᠠ ᠠᠴᠠ ᠨᠠᠭᠠᠰᠢ ᠰᠢᠯᠢ ᠶᠢᠨ ᠭᠤᠣᠯ ᠠᠶᠢᠮᠠᠭ ᠤᠨ ᠲᠠᠶᠢᠫᠤᠰᠧ ᠬᠤᠰᠢᠭᠤᠨ ᠤ ᠬᠢᠨ ᠪᠡᠭᠡᠵᠢᠩ ᠬᠤᠲᠠ ᠶᠢᠨ ᠴᠠᠩᠫᠢᠩ ᠤᠨ ᠠᠵᠢᠯ ᠣᠯᠭᠤᠯᠲᠠ ᠶᠢᠨ ᠲᠣᠪᠴᠢᠶ᠎ᠠ ᠲᠠᠢ ᠵᠠᠯᠭᠠᠯᠳᠤᠭᠤᠯᠤᠨ 3 ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠡᠷᠭᠢᠯᠡᠭᠰᠡᠨ ᠪᠥᠭᠡᠳ ᠲᠠᠶᠢᠫᠤᠰᠧ ᠬᠤᠰᠢᠭᠤᠨ ᠤ ᠠᠵᠢᠯ ᠣᠯᠭᠤᠯᠲᠠ  ᠶᠢᠨ ᠦᠢᠯᠡᠴᠢᠯᠡᠭᠡᠨ ᠤ ᠰᠦᠯᠵᠢᠶᠡᠨ ᠳᠡᠭᠡᠷ᠎ᠡ ᠮᠡᠳᠡᠭᠡ ᠵᠠᠩᠭᠢ ᠨᠡᠶᠢᠲᠡᠯᠡᠵᠦ᠂ ᠪᠡᠭᠡᠵᠢᠩ ᠬᠤᠲᠠ ᠶᠢᠨ ᠴᠠᠩᠫᠢᠩ ᠲᠣᠭᠤᠷᠢᠭ ᠤᠨ ᠠᠵᠢᠯ ᠤᠨ ᠪᠠᠶᠢᠷᠢ ᠶᠢ ᠨᠡᠶᠢᠲᠡ 1500 ᠬᠠᠩᠭᠠᠵᠤ᠂ 108 ᠬᠥᠮᠥᠨ ᠠᠵᠢᠯ ᠣᠯᠬᠤ ᠰᠠᠨᠠᠭ᠎ᠠ ᠲᠠᠢ ᠪᠣᠯᠤᠭᠰᠠᠨ ᠪᠠᠶᠢᠨ᠎ᠠ᠃       ᠤᠯᠠᠭᠠᠨᠬᠠᠳᠠ ᠬᠤᠳᠠ ᠶᠢᠨ ᠠᠤᠬᠠᠨ ᠬᠤᠰᠢᠭᠤ ᠪᠣᠯᠣᠨ ᠪᠡᠭᠡᠵᠢᠩ ᠬᠤᠳᠠ ᠶᠢᠨ ᠬᠠᠶᠢᠳᠢᠶᠠᠨ ᠲᠣᠭᠤᠷᠢᠭ ᠬᠠᠮᠲᠤᠷᠠᠨ 2025 ᠣᠨ ᠤ ︽ᠬᠠᠪᠤᠷ ᠤᠨ ᠰᠠᠯᠬᠢᠨ ᠤ ᠠᠵᠢᠯᠯᠠᠭ᠎ᠠ︾ ᠵᠢᠴᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠠᠵᠢᠯ ᠣᠯᠭᠤᠬᠤ ᠲᠤᠬᠠᠢ ᠶᠢᠨ ᠲᠠᠯᠠᠪᠠᠢ ᠶᠢᠨ ᠠᠵᠢᠯᠲᠠᠨ ᠡᠯᠰᠡᠬᠦ ᠴᠤᠭᠯᠠᠭᠠᠨ ᠢ ᠡᠷᠬᠢᠯᠡᠵᠦ᠂ ᠬᠤᠰᠢᠭᠤᠨ ᠤ ᠳᠣᠲᠣᠨ᠎ᠠ ᠭᠠᠳᠠᠨᠠᠬᠢ 70 ᠭᠠᠷᠤᠢ ᠠᠵᠤ ᠠᠬᠤᠶᠢᠯᠠᠯ ᠠᠴᠠ 600 ᠭᠠᠷᠤᠢ ᠠᠵᠢᠯ ᠤᠨ ᠪᠠᠶᠢᠷᠢ ᠬᠠᠩᠭᠠᠵᠤ᠂ ᠡᠭᠦᠨ ᠳᠤ ᠪᠡᠭᠡᠵᠢᠩ ᠬᠤᠳᠠ ᠶᠢᠨ ᠠᠵᠤ ᠠᠬᠤᠶᠢᠯᠠᠯ 12 ᠪᠠᠶᠢᠵᠤ᠂ 370 ᠠᠵᠢᠯ ᠤᠨ ᠪᠠᠶᠢᠷᠢ ᠬᠠᠩᠭᠠᠵᠠᠢ᠃ ᠲᠤᠬᠠᠢ ᠶᠢᠨ ᠲᠠᠯᠠᠪᠠᠢ ᠳᠤ 1500 ᠭᠠᠷᠤᠢ ᠬᠥᠳᠡᠭᠡ ᠲᠣᠰᠬᠤᠨ ᠤ ᠬᠥᠳᠡᠯᠮᠦᠷᠢ ᠬᠦᠴᠦ ᠲᠠᠯᠠᠪᠠᠢ ᠳᠤ ᠣᠷᠣᠵᠤ ᠤᠷᠢᠭᠳᠠᠵᠤ᠂ 300 ᠭᠠᠷᠤᠢ ᠬᠥᠮᠥᠨ ᠠᠵᠢᠯ ᠣᠯᠬᠤ ᠰᠠᠨᠠᠭ᠎ᠠ ᠲᠠᠢ ᠪᠣᠯᠵᠠᠢ᠃ 
2.png
      ᠳᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠡᠯ᠎ᠡ ᠬᠤᠯᠪᠣᠭᠳᠠᠯ ᠪᠦᠬᠦᠢ ᠬᠤᠰᠢᠭᠤ ᠰᠢᠶᠠᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠲᠣᠭᠲᠠᠴᠠ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡ ᠶᠢᠨ ᠵᠣᠯᠭᠠᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠦᠷᠢ ᠥᠭᠬᠦ᠂ ᠠᠵᠢᠯ ᠣᠯᠭᠤᠯᠲᠠ ᠶᠢᠨ ᠰᠢᠭᠤᠳ ᠨᠡᠪᠲᠡᠷᠡᠬᠦ ᠲᠡᠷᠭᠡ ᠶᠢ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯ ᠣᠯᠬᠤ ᠰᠠᠨᠠᠭ᠎ᠠ ᠲᠠᠢ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠢ ᠪᠡᠭᠡᠵᠢᠩ ᠳᠤ ᠰᠢᠯᠵᠢᠭᠦᠯᠦᠨ ᠠᠪᠴᠢᠷᠠᠬᠤ ᠶᠢᠨ ᠬᠠᠮᠲᠤ ᠪᠡᠭᠡᠵᠢᠩ ᠳᠤ ᠠᠵᠢᠯ ᠬᠥᠳᠡᠯᠮᠦᠷᠢ ᠬᠢᠵᠦ ᠪᠠᠶᠢᠭ᠎ᠠ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠳᠤ ᠵᠠᠯᠭᠠᠮᠵᠢ ᠠᠵᠢᠯ ᠣᠯᠭᠤᠯᠲᠠ ᠶᠢᠨ ᠮᠥᠷᠳᠡᠯᠲᠡ᠂ ᠠᠵᠢᠯ ᠮᠡᠷᠭᠡᠵᠢᠯ ᠤᠨ ᠵᠢᠯᠣᠭᠤᠳᠤᠯᠭ᠎ᠠ᠂ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ ᠦᠢᠯᠡᠴᠢᠯᠡᠭᠡ ᠬᠠᠩᠭᠠᠵᠤ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢᠨ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠪᠠ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠶᠢᠨ ᠬᠦᠴᠦᠨ ᠤ ᠠᠵᠢᠯ ᠣᠯᠬᠤ ᠴᠢᠳᠠᠪᠤᠷᠢ᠂ ᠠᠵᠢᠯ ᠣᠯᠭᠤᠯᠲᠠ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号