ᠨᠢᠭᠡ ᠳᠤ᠂ ︽ᠤᠰᠤ ᠠᠷᠪᠢᠯᠠᠬᠤ︾ ᠪᠠᠷ ᠭᠤᠣᠯ ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠰᠤ ᠬᠠᠳᠠᠭᠠᠯᠠᠬᠤ ᠬᠥᠭᠡᠷᠭᠡ ᠶᠢᠨ ᠦᠷᠳᠡᠭᠡ᠂ ᠬᠠᠲᠤᠨ ᠭᠤᠣᠯ ᠤᠨ | ᠤᠰᠤ ᠶᠢ ᠲᠠᠲᠠᠨ ᠠᠷᠢᠯᠭᠠᠵᠤ ᠳᠤᠰᠤᠯᠭᠠᠨ ᠤᠰᠤᠯᠠᠬᠤ ᠵᠡᠷᠭᠡ ᠥᠨᠳᠥᠷ ᠪᠦᠲᠦᠮᠵᠢᠲᠡᠢ ᠤᠰᠤ ᠠᠷᠪᠢᠯᠠᠬᠤ | ᠤᠰᠤᠯᠠᠯᠲᠠ ᠶᠢᠨ ᠢᠨᠵᠧᠨᠧᠷᠢᠩ ᠢ 200 ᠲᠦᠮᠡᠨ ᠮᠦ ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ ᠥᠨᠳᠥᠷ | ᠪᠠᠷᠢᠮᠵᠢᠶᠠᠲᠤ ᠤᠰᠤ ᠠᠷᠪᠢᠯᠠᠬᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ 20 ᠪᠠᠶᠢᠭᠤᠯᠤᠨ᠎ᠠ︔ ᠰᠤᠪᠠᠭ ᠢ | ᠳᠣᠲᠣᠷᠯᠠᠨ ᠤᠰᠤ ᠠᠷᠪᠢᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠰᠢᠨ᠎ᠡ ᠪᠠᠷ | ᠪᠠᠶᠢᠭᠤᠯᠬᠤ ᠲᠠᠯᠠᠪᠠᠢ ᠶᠢ 37 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠪᠣᠷᠣᠳᠣᠬᠤᠢ᠂ ᠳ᠋ᠧᠩᠺᠸᠦ ᠵᠡᠷᠭᠡ | ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠲᠠᠯᠠᠪᠠᠢ ᠶᠢ ᠰᠠᠶᠢᠵᠢᠷᠠᠭᠤᠯᠬᠤ ᠪᠠᠷ 30 ᠲᠦᠮᠡᠨ ᠮᠦ ᠠᠴᠠ ᠳᠡᠭᠡᠭᠰᠢ | ᠪᠠᠶᠢᠯᠭᠠᠨ᠎ᠠ᠃ | ᠬᠤᠶᠠᠷ ᠲᠤ᠂ ᠤᠰᠤ ᠠᠷᠪᠢᠯᠠᠬᠤ ᠲᠥᠬᠦᠭᠡᠷᠦᠮᠵᠢ ᠶᠢ ᠳᠡᠭᠡᠭᠰᠢᠯᠡᠭᠦᠯᠵᠦ᠂ ᠭᠠᠵᠠᠷ ᠳᠣᠣᠷᠠᠬᠢ ᠤᠰᠤ ᠶᠢ | ᠬᠡᠲᠦᠷᠡᠲᠡᠯ᠎ᠡ ᠲᠠᠲᠠᠭᠰᠠᠨ ᠣᠷᠣᠨ ᠤ ᠬᠤᠭᠤᠯᠠᠢ ᠭᠤᠤᠷᠰᠤ ᠪᠠᠷ ᠤᠰᠤᠯᠠᠬᠤ ᠵᠡᠷᠭᠡ ᠶᠢ ᠭᠤᠣᠯᠳᠠᠯᠭ᠎ᠠ ᠲᠠᠢ ᠪᠠᠷ | ᠥᠭᠡᠷᠡᠴᠢᠯᠡᠨ ᠰᠠᠶᠢᠵᠢᠷᠠᠭᠤᠯᠤᠭᠠᠳ ᠳᠤᠰᠤᠯᠭᠠᠨ ᠤᠰᠤᠯᠠᠬᠤ ᠪᠣᠯᠭᠠᠨ᠎ᠠ᠂ ᠬᠤᠭᠤᠯᠠᠢ ᠭᠤᠤᠷᠰᠤ ᠪᠠᠷ ᠤᠰᠤᠯᠠᠬᠤ ᠶᠢ | ᠥᠭᠡᠷᠡᠴᠢᠯᠡᠨ ᠰᠠᠶᠢᠵᠢᠷᠠᠭᠤᠯᠤᠭᠠᠳ ᠳᠤᠰᠤᠯᠭᠠᠨ ᠤᠰᠤᠯᠠᠬᠤ ᠪᠣᠯᠭᠠᠬᠤ ᠵᠡᠷᠭᠡ ᠥᠭᠡᠷᠡᠴᠢᠯᠡᠨ ᠳᠡᠭᠡᠭᠰᠢᠯᠡᠭᠦᠯᠬᠦ | ᠢᠨᠵᠧᠨᠧᠷᠢᠩ ᠢ 150 ᠲᠦᠮᠡᠨ ᠮᠦ ᠬᠡᠷᠡᠭᠵᠢᠭᠦᠯᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ | ᠢᠨᠵᠧᠨᠧᠷᠢᠩ ᠢ 27 ᠲᠦᠮᠡᠨ ᠮᠦ ᠠᠴᠠ ᠳᠡᠭᠡᠭᠰᠢ ᠪᠦᠲᠦᠭᠡᠨ ᠪᠠᠶᠢᠭᠤᠯᠤᠨ᠎ᠠ᠃ | ᠭᠤᠷᠪᠠ ᠳᠤ᠂ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠣᠶᠤᠨᠴᠢ ᠨᠠᠷᠢᠯᠢᠭ | ᠣᠨᠣᠴᠠᠲᠠᠢ ᠤᠰᠤᠯᠠᠬᠤ ᠵᠡᠷᠭᠡ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠦᠨ᠎ᠡ᠂ ᠤᠰᠤ ᠪᠣᠷᠳᠣᠭᠤᠷ ᠢ ᠨᠢᠭᠡ | ᠴᠣᠭᠴᠠᠵᠢᠭᠤᠯᠬᠤ ᠮᠡᠷᠭᠡᠵᠢᠯ ᠢ 271 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠤᠰᠤ ᠪᠣᠷᠳᠣᠭᠤᠷ ᠢ ᠨᠢᠭᠡ | ᠴᠣᠭᠴᠠᠵᠢᠭᠤᠯᠬᠤ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠥᠷᠨᠢᠭᠦᠯᠵᠦ᠂ ᠤᠰᠤ ᠠᠷᠪᠢᠯᠠᠵᠤ ᠠᠮᠤ ᠪᠤᠳᠠᠭᠠᠨ ᠤ ᠤᠨᠠᠯᠲᠠ ᠶᠢᠨ ᠨᠡᠮᠡᠭᠳᠡᠯ ᠢ ᠠᠬᠢᠭᠤᠯᠬᠤ ᠰᠢᠶᠠᠨ ᠢ 20 | ᠪᠠᠶᠢᠭᠤᠯᠤᠨ᠎ᠠ︔ ᠭᠠᠩ ᠬᠠᠭᠰᠠᠷᠠᠭᠠᠨ ᠢ ᠳᠠᠭᠠᠭᠠᠬᠤ ᠰᠥᠷᠬᠦ ᠶᠢ ᠳᠠᠭᠠᠭᠠᠬᠤ ᠰᠢᠨ᠎ᠡ ᠡᠭᠦᠯᠳᠡᠷ ᠪᠣᠯᠣᠨ ᠢᠵᠢ | ᠪᠦᠷᠢᠳᠦᠭᠦᠯᠦᠭᠰᠡᠨ ᠭᠠᠩ ᠬᠠᠭᠰᠠᠷᠠᠭᠠᠨ ᠢ ᠳᠠᠭᠠᠭᠠᠬᠤ ᠮᠡᠷᠭᠡᠵᠢᠯ ᠢ 93.5 ᠲᠦᠮᠡᠨ ᠮᠦ ᠳᠡᠯᠭᠡᠷᠡᠭᠦᠯᠦᠨ᠎ᠡ᠃ | ︵ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶ |