ᠴᠠᠭᠠᠨ ᠰᠠᠷ᠎ᠠ ᠥᠩᠭᠡᠷᠡᠭᠰᠡᠨ ᠤ ᠳᠠᠷᠠᠭ᠎ᠠ᠂ ᠪᠠᠶᠢᠳᠠᠯ ᠳᠤ ᠲᠦᠷᠭᠡᠨ ᠲᠣᠬᠢᠷᠠᠭᠤᠯᠤᠯᠲᠠ ᠬᠢᠵᠦ᠂ ᠠᠵᠢᠯ ᠤᠨ | ᠪᠠᠶᠢᠷᠢ ᠳᠠᠭᠠᠨ ᠪᠤᠴᠠᠵᠤ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ | ᠨᠡᠶᠢᠳᠡᠮ ᠤᠨ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠦᠷᠭᠦᠯᠵᠢᠯᠡᠨ ᠰᠠᠶᠢᠲᠤᠷ | ᠠᠳᠬᠤᠬᠤ ᠶᠢᠨ ᠲᠥᠯᠥᠭᠡ᠂ 2 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ | ᠤᠳᠠᠭ᠎ᠠ ᠶᠢᠨ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠤᠨ ᠲᠤᠰᠬᠠᠢ ᠠᠩᠭᠢ ᠶᠢᠨ ᠬᠢᠨ ᠭᠤᠷᠪᠠᠳᠤᠭᠠᠷ | ᠤᠳᠠᠭ᠎ᠠ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ | ᠬᠤᠷᠠᠯᠳᠤᠭᠤᠯᠪᠠ᠃ ᠬᠤᠷᠠᠯ ᠢ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭ᠎ᠠ ᠶᠢᠨ ᠨᠡᠶᠢᠳᠡᠮ ᠤᠨ | ᠪᠠᠶᠢᠴᠠᠭᠠᠯᠲᠠ ᠶᠢᠨ ᠠᠯᠪᠠᠨ ᠭᠡᠷ ᠤᠨ ᠲᠤᠰᠬᠠᠢ ᠠᠩᠭᠢ ᠶᠢᠨ ᠬᠠᠷᠢᠭᠤᠴᠠᠯᠭᠠᠲᠠᠨ ᠭᠤᠸ ᠹᠠᠨ ᠱᠧᠨ ᠭᠠᠵᠠᠷ ᠤᠨ | ᠳᠠᠷᠤᠭ᠎ᠠ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭ᠎ᠠ ᠶᠢᠨ ᠨᠡᠶᠢᠳᠡᠮ ᠤᠨ | ᠪᠠᠶᠢᠴᠠᠭᠠᠯᠲᠠ ᠶᠢᠨ ᠠᠯᠪᠠᠨ ᠭᠡᠷ ᠤᠨ ᠲᠤᠰᠬᠠᠢ ᠠᠩᠭᠢ ᠶᠢᠨ ᠪᠥᠬᠦ ᠠᠵᠢᠯᠲᠠᠨ ᠬᠤᠷᠠᠯ ᠳᠤ ᠣᠷᠣᠯᠴᠠᠵᠠᠢ᠃ | ᠬᠤᠷᠠᠯ ᠳᠡᠭᠡᠷ᠎ᠡ᠂ ᠬᠡᠭᠡᠷ᠎ᠡ ᠶᠢᠨ ᠠᠵᠢᠯ ᠤᠨ ᠪᠠᠶᠢᠴᠠᠭᠠᠯᠲᠠ ᠶᠢᠨ ᠥᠯᠢᠭᠡᠷ ᠡᠳ᠋ ᠠᠪᠬᠤ ᠳᠤᠭᠤᠶᠢᠯᠠᠩ᠂ | ᠳᠣᠲᠣᠭᠠᠳᠤ ᠠᠵᠢᠯ ᠤᠨ ᠲᠠᠪᠴᠠᠩ ᠤᠨ ᠳᠤᠭᠤᠶᠢᠯᠠᠩ᠂ ᠶᠠᠰᠤ ᠴᠢᠨᠠᠷ ᠢ ᠡᠵᠡᠮᠳᠡᠬᠦ ᠳᠤᠭᠤᠶᠢᠯᠠᠩ᠂ ᠬᠤᠵᠢᠷᠯᠢᠭ | ᠭᠠᠵᠠᠷ ᠤᠨ ᠲᠤᠰᠬᠠᠢ ᠰᠡᠳᠦᠪᠲᠦ ᠪᠠᠶᠢᠴᠠᠭᠠᠯᠲᠠ ᠶᠢᠨ ᠳᠤᠭᠤᠶᠢᠯᠠᠩ ᠲᠣᠰ ᠲᠣᠰ ᠠᠵᠢᠯ ᠤᠨ ᠠᠬᠢᠴᠠ ᠶᠢᠨ | ᠪᠠᠶᠢᠳᠠᠯ ᠢᠶᠠᠨ ᠬᠠᠷᠢᠭᠤ ᠮᠡᠳᠡᠭᠦᠯᠵᠦ᠂ ᠭᠠᠵᠠᠷ ᠤᠨ ᠳᠠᠷᠤᠭ᠎ᠠ ᠭᠤᠸ ᠹᠠᠨ ᠱᠧᠨ ᠲᠠᠷᠠᠭᠠᠴᠢ ᠶᠢᠨ ᠠᠯᠬᠤᠮ ᠤᠨ | ᠠᠵᠢᠯ ᠤᠨ ᠲᠠᠯ᠎ᠠ ᠪᠠᠷ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠡ᠃ ᠬᠡᠭᠡᠷ᠎ᠡ ᠶᠢᠨ ᠠᠵᠢᠯ ᠤᠨ ᠲᠠᠯ᠎ᠠ ᠪᠠᠷ᠂ | ᠰᠢᠯᠭᠠᠨ ᠠᠪᠬᠤ ᠳᠤ ᠳᠤᠷᠠᠳᠤᠭᠰᠠᠨ ᠰᠠᠨᠠᠯ ᠢ ᠦᠨᠳᠦᠰᠦᠯᠡᠨ᠂ ᠴᠡᠭᠴᠡᠯᠡᠨ ᠰᠠᠶᠢᠵᠢᠷᠠᠭᠤᠯᠬᠤ ᠪᠠ ᠳᠠᠬᠢᠨ ᠮᠠᠯᠲᠠᠬᠤ | ᠴᠢᠬᠤᠯᠠᠲᠠᠢ ᠥᠯᠢᠭᠡᠷ ᠶᠠᠩᠵᠤ ᠶᠢ ᠴᠢᠩᠭ᠎ᠠ ᠠᠩᠬᠠᠷᠴᠤ᠂ 2 ᠰᠠᠷ᠎ᠠ ᠶᠢᠨ 20 ᠤ ᠡᠳᠦᠷ ᠠᠴᠠ ᠡᠮᠦᠨ᠎ᠡ ᠲᠤᠭ᠎ᠠ | ᠪᠠᠷᠢᠮᠲᠠ ᠶᠢ ᠬᠢᠨᠠᠨ ᠬᠠᠷᠭᠤᠭᠤᠯᠬᠤ ᠪᠠ ᠳᠡᠭᠡᠭᠰᠢ ᠳᠠᠮᠵᠢᠭᠤᠯᠬᠤ ᠲᠠᠪᠴᠠᠩ ᠢ ᠪᠦᠬᠦᠨ ᠢ ᠪᠡᠶᠡᠯᠡᠭᠦᠯᠬᠦ ᠶᠢᠨ ᠬᠠᠮᠲᠤ | ᠬᠡᠭᠡᠷ᠎ᠡ ᠶᠢᠨ ᠠᠵᠢᠯ ᠤᠨ ᠪᠠᠶᠢᠴᠠᠭᠠᠯᠲᠠ ᠶᠢᠨ ᠥᠯᠢᠭᠡᠷ ᠡᠳ᠋ ᠠᠪᠬᠤ ᠳ᠋ᠦᠩᠨᠡᠯᠲᠡ ᠶᠢᠨ ᠮᠡᠳᠡᠭᠦᠯᠦᠯᠲᠡ ᠶᠢ | ᠲᠡᠭᠦᠯᠳᠡᠷᠵᠢᠭᠦᠯᠦᠨ᠎ᠡ︔ ᠥᠯᠢᠭᠡᠷ ᠡᠳ᠋ ᠤᠨ ᠬᠥᠮᠥᠷᠭᠡ ᠶᠢᠨ ᠥᠩᠭᠡᠨ ᠳᠠᠪᠬᠤᠷᠭ᠎ᠠ ᠶᠢᠨ ᠥᠯᠢᠭᠡᠷ ᠡᠳ᠋᠂ | ᠣᠭᠲᠣᠯᠣᠭᠠᠰᠤ ᠶᠢᠨ ᠥᠯᠢᠭᠡᠷ ᠡᠳ᠋ ᠢ ᠦᠷᠭᠦᠯᠵᠢᠯᠡᠨ ᠳᠠᠭᠠᠵᠤ᠂ ᠪᠦᠬᠦᠯᠢ ᠬᠡᠰᠡᠭ ᠥᠯᠢᠭᠡᠷ ᠡᠳ᠋ ᠢ ᠬᠦᠮᠦᠷᠭᠡᠯᠡᠬᠦ | ᠠᠬᠢᠴᠠ ᠶᠢ ᠦᠷᠭᠦᠯᠵᠢᠯᠡᠨ ᠳᠠᠭᠠᠨ᠎ᠠ᠃ ᠳᠣᠲᠣᠭᠠᠳᠤ ᠠᠵᠢᠯ ᠤᠨ ᠲᠠᠯ᠎ᠠ ᠪᠠᠷ᠂ ᠠᠶᠢᠮᠠᠭ ᠬᠤᠲᠠ ᠶᠢ ᠰᠢᠮᠳᠠᠭᠤᠯᠵᠤ | ᠪᠠᠶᠢᠭᠠᠳ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠶᠢ ᠴᠢᠩᠳᠠᠯᠠᠵᠤ᠂ ᠪᠠᠶᠢᠴᠠᠭᠠᠨ ᠰᠢᠯᠭᠠᠭᠰᠠᠨ ᠲᠤᠭ᠎ᠠ | ᠪᠠᠷᠢᠮᠲᠠ ᠶᠢ ᠲᠠᠪᠴᠠᠩ ᠳᠤ ᠳᠠᠮᠵᠢᠭᠤᠯᠬᠤ ᠶᠢᠨ ᠬᠠᠮᠲᠤ ᠺᠣᠫᠢᠳᠠᠬᠤ ᠶᠢ ᠪᠡᠶᠡᠯᠡᠭᠦᠯᠵᠦ᠂ ᠦᠷ᠎ᠡ ᠪᠦᠲᠦᠭᠡᠯ ᠢ | ᠬᠤᠷᠢᠶᠠᠩᠭᠤᠶᠢᠯᠠᠬᠤ ᠠᠴᠠ ᠡᠮᠦᠨ᠎ᠡ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠳᠠᠬᠢᠨ ᠬᠢᠨᠠᠨ | ᠬᠠᠷᠭᠤᠭᠤᠯᠬᠤ ᠶᠢ ᠥᠷᠨᠢᠭᠦᠯᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠪᠠᠲᠤᠯᠠᠬᠤ ᠶᠢᠨ ᠬᠠᠮᠲᠤ᠂ ᠡᠯ᠎ᠡ | ᠭᠠᠵᠠᠷ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠤᠭᠰᠠᠨ ᠮᠡᠳᠡᠭᠦᠯᠦᠯᠲᠡ ᠵᠢᠴᠢ ᠳᠣᠲᠣᠭᠠᠳᠤ ᠠᠵᠢᠯ ᠢ ᠰᠢᠯᠭᠠᠨ | ᠬᠤᠷᠢᠶᠠᠬᠤ ᠠᠷᠭ᠎ᠠ ᠮᠠᠶ᠋ᠢᠭ᠂ ᠱᠠᠭᠠᠷᠳᠠᠯᠭ᠎ᠠ ᠵᠡᠷᠭᠡ ᠠᠭᠤᠯᠭ᠎ᠠ ᠲᠠᠢ ᠤᠶᠠᠯᠳᠤᠭᠤᠯᠤᠨ ᠪᠥᠬᠦ ᠣᠷᠣᠨ ᠤ ᠳᠣᠲᠣᠷᠠᠬᠢ | ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠪᠠ ᠱᠠᠲᠤ ᠦᠶ᠎ᠡ ᠶᠢᠨ ᠰᠢᠯᠭᠠᠨ ᠬᠤᠷᠢᠶᠠᠬᠤ ᠮᠡᠷᠭᠡᠵᠢᠯ ᠤᠨ | ᠪᠣᠯᠪᠠᠰᠤᠷᠠᠯ ᠤᠨ ᠠᠵᠢᠯ ᠢ ᠰᠠᠶᠢᠲᠤᠷ ᠬᠢᠨ᠎ᠡ᠃ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠢ ᠶᠢᠨ ᠡᠬᠢ | ᠪᠠᠶᠠᠯᠢᠭ ᠤᠨ ᠳ᠋ᠠᠶᠢᠲ᠋ᠠ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠡᠭᠦᠷᠭᠡᠯᠡᠭᠰᠡᠨ 6 ᠮᠡᠷᠭᠡᠵᠢᠯ ᠤᠨ ᠨᠢᠭᠡᠴᠡ ᠶᠢᠨ | ᠨᠢᠭᠤᠴᠠ ᠨᠣᠮᠧᠷ ᠢ ᠰᠢᠯᠭᠠᠨ ᠲᠣᠭᠲᠠᠭᠠᠬᠤ᠂ ᠵᠥᠭᠡᠯᠡᠨ ᠲᠣᠨᠤᠭ ᠢ ᠰᠢᠯᠭᠠᠨ ᠲᠣᠭᠲᠠᠭᠠᠬᠤ᠂ ᠬᠢᠨᠠᠨ ᠪᠤᠳᠤᠬᠤ ᠵᠡᠷᠭᠡ | ᠠᠵᠢᠯ ᠢ ᠥᠷᠨᠢᠭᠦᠯᠬᠦ ᠶᠢ ᠠᠬᠢᠭᠤᠯᠤᠨ᠎ᠠ᠃ ᠬᠤᠵᠢᠷᠯᠢᠭ ᠭᠠᠵᠠᠷ ᠤᠨ ᠲᠤᠰᠬᠠᠢ ᠰᠡᠳᠦᠪᠲᠦ ᠪᠠᠶᠢᠴᠠᠭᠠᠯᠲᠠ ᠶᠢᠨ | ᠲᠠᠯ᠎ᠠ ᠪᠠᠷ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠡᠵᠡᠮᠳᠡᠵᠦ᠂ ᠲᠤᠬᠠᠢ ᠶᠢᠨ ᠭᠠᠵᠠᠷ ᠲᠤᠨᠢ | ᠬᠠᠷᠭᠤᠭᠤᠯᠤᠨ ᠬᠢᠨᠠᠬᠤ ᠶᠢ ᠪᠡᠶᠡᠯᠡᠭᠦᠯᠦᠭᠡᠳᠦᠢ ᠬᠤᠰᠢᠭᠤ ᠰᠢᠶᠠᠨ ᠳᠤ ᠬᠠᠷᠭᠤᠭᠤᠯᠤᠨ ᠬᠢᠨᠠᠬᠤ ᠠᠵᠢᠯ ᠢ ᠱᠠᠯᠠᠪᠳᠠᠨ | ᠥᠷᠨᠢᠭᠦᠯᠵᠦ᠂ ᠤᠯᠤᠰ ᠤᠨ ᠬᠥᠷᠥᠰᠥ ᠰᠢᠷᠣᠢ ᠶᠢᠨ ᠵᠢᠷᠤᠭᠯᠠᠬᠤ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ | ᠵᠢᠷᠤᠭ ᠦᠢᠯᠡᠳᠬᠦ᠂ ᠳ᠋ᠠᠶᠢᠲ᠋ᠠ ᠶᠢᠨ ᠬᠥᠮᠥᠷᠭᠡ ᠪᠠᠶᠢᠭᠤᠯᠬᠤ ᠪᠠ ᠮᠡᠳᠡᠭᠦᠯᠦᠯᠲᠡ ᠨᠠᠶᠢᠷᠠᠭᠤᠯᠤᠨ ᠵᠣᠬᠢᠶᠠᠬᠤ ᠠᠵᠢᠯ ᠢ | ᠪᠡᠶᠡᠯᠡᠭᠦᠯᠦᠨ᠎ᠡ ᠭᠡᠵᠡᠢ᠃ | | | | ᠬᠤᠷᠠᠯ ᠠᠴᠠ ᠴᠢᠬᠤᠯᠠᠴᠢᠯᠠᠭᠰᠠᠨ ᠨᠢ᠂ ᠭᠤᠷᠪᠠᠳᠤᠭᠠᠷ ᠤᠳᠠᠭ᠎ᠠ ᠶᠢᠨ ᠨᠡᠶᠢᠳᠡᠮ ᠤᠨ ᠪᠠᠶᠢᠴᠠᠭᠠᠯᠲᠠ ᠶᠢᠨ | ᠠᠯᠪᠠᠨ ᠭᠡᠷ ᠤᠨ ᠲᠤᠰᠬᠠᠢ ᠠᠩᠭᠢ ᠶᠢᠨ ᠪᠦᠬᠦ ᠠᠵᠢᠯᠲᠠᠳ ᠡᠷᠬᠡᠪᠰᠢ ᠦᠨᠡᠨᠴᠢ ᠰᠢᠳᠤᠷᠭᠤ ᠪᠠᠷ ᠴᠢᠷᠮᠠᠶᠢᠨ | ᠠᠵᠢᠯᠯᠠᠵᠤ᠂ ᠡᠷᠴᠢ ᠵᠣᠷᠢᠭ ᠢᠶᠠᠨ ᠬᠥᠪᠴᠢᠯᠡᠵᠦ᠂ ᠭᠤᠷᠪᠠᠳᠤᠭᠠᠷ ᠤᠳᠠᠭ᠎ᠠ ᠶᠢᠨ ᠨᠡᠶᠢᠳᠡᠮ ᠤᠨ ᠪᠠᠶᠢᠴᠠᠭᠠᠯᠲᠠ ᠶᠢᠨ | ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠨᠢᠭᠡ ᠳᠤ ᠪᠠᠶᠢᠳᠠᠯ ᠢᠶᠠᠨ ᠦᠳᠲᠡᠷ ᠲᠦᠷᠭᠡᠨ ᠰᠠᠶᠢᠲᠤᠷ | ᠲᠣᠬᠢᠷᠠᠭᠤᠯᠬᠤ ᠬᠡᠷᠡᠭᠲᠡᠢ᠃ 2025 ᠣᠨ ᠤ ᠪᠥᠬᠦ ᠣᠷᠣᠨ ᠤ ᠭᠤᠷᠪᠠᠳᠤᠭᠠᠷ ᠤᠳᠠᠭ᠎ᠠ ᠶᠢᠨ ᠬᠥᠷᠥᠰᠥ ᠰᠢᠷᠣᠢ ᠶᠢᠨ | ᠨᠡᠶᠢᠳᠡᠮ ᠤᠨ ᠪᠠᠶᠢᠴᠠᠭᠠᠯᠲᠠ ᠨᠢ ᠨᠢᠭᠡᠨᠲᠡ ᠦᠷ᠎ᠡ ᠪᠦᠲᠦᠭᠡᠯ ᠢ ᠨᠠᠶᠢᠷᠠᠭᠤᠯᠤᠨ ᠡᠮᠬᠢᠳᠬᠡᠵᠦ ᠬᠤᠷᠢᠶᠠᠩᠭᠤᠶᠢᠯᠠᠬᠤ | ᠱᠠᠲᠤᠨ ᠳᠤ ᠣᠷᠣᠵᠤ᠂ ᠴᠠᠭ ᠪᠠᠴᠢᠮ᠂ ᠡᠭᠦᠷᠭᠡ ᠬᠦᠨᠳᠦ᠂ ᠱᠠᠭᠠᠷᠳᠠᠯᠭ᠎ᠠ ᠥᠨᠳᠥᠷ᠂ ᠲᠤᠰᠬᠠᠢ ᠮᠡᠷᠭᠡᠵᠢᠯ ᠤᠨ | ᠴᠢᠨᠠᠷ ᠢᠶᠠᠷ ᠴᠢᠩᠭ᠎ᠠ ᠪᠠᠶᠢᠵᠤ᠂ ᠬᠦᠨᠳᠦ ᠨᠦᠰᠡᠷ ᠡᠭᠦᠷᠭᠡ ᠶᠢᠨ ᠡᠮᠦᠨ᠎ᠡ ᠥᠴᠥᠬᠡᠨ ᠴᠦ ᠬᠤᠶᠢᠷᠭᠤᠰᠢᠵᠤ ᠪᠣᠯᠬᠤ | ᠦᠭᠡᠢ᠂ ᠡᠷᠬᠡᠪᠰᠢ ᠪᠠᠶᠢᠳᠠᠯ ᠢᠶᠠᠨ ᠲᠦᠷᠭᠡᠨ ᠲᠣᠬᠢᠷᠠᠭᠤᠯᠵᠤ᠂ ᠴᠤᠭ ᠰᠦᠯᠳᠡ ᠪᠠᠨ ᠪᠠᠳᠠᠷᠠᠭᠤᠯᠤᠨ᠂ ᠠᠵᠢᠯ ᠤᠨ | ᠲᠠᠯ᠎ᠠ ᠪᠠᠷ ᠪᠠᠴᠢᠮᠳᠠᠨ ᠰᠠᠨᠳᠤᠷᠴᠤ᠂ 2025 ᠣᠨ ᠤ ᠡᠨᠡ ᠬᠦ ᠵᠠᠩᠭᠢᠯᠠᠭ᠎ᠠ ᠶᠢᠨ ᠵᠢᠯ ᠢ ︽ᠳᠦᠭᠦᠷᠡᠩ ᠪᠠᠶᠢᠳᠠᠯ︾ ᠢᠶᠠᠷ | ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ ᠰᠠᠬᠢᠯᠭ᠎ᠠ ᠪᠠᠲᠤ ᠣᠪᠣᠷ ᠰᠤᠷᠲᠠᠯ ᠢᠶᠠᠨ ᠴᠢᠩᠳᠠᠯᠠᠬᠤ ᠬᠡᠷᠡᠭᠲᠡᠢ᠃ | ᠪᠥᠬᠦ ᠬᠥᠮᠥᠰ ᠬᠡᠪ ᠤᠨ ᠠᠵᠢᠯ ᠤᠨ ᠪᠠᠶᠢᠳᠠᠯ ᠳᠤ ᠦᠳᠲᠡᠷ ᠲᠦᠷᠭᠡᠨ ᠣᠷᠣᠵᠤ᠂ ᠣᠷᠦ᠋ᠢᠲᠠᠵᠤ ᠢᠷᠡᠬᠦ ᠪᠠ ᠡᠷᠲᠡ | ᠪᠤᠴᠠᠬᠤ ᠦᠵᠡᠭᠳᠡᠯ ᠭᠠᠷᠬᠤ ᠶᠢ ᠲᠠᠰᠤ ᠬᠤᠷᠢᠭᠯᠠᠵᠤ᠂ ᠡᠯ᠎ᠡ ᠵᠦᠢᠯ ᠤᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ᠂ | ᠰᠠᠶᠢᠨ ᠰᠠᠶᠢᠬᠠᠨ ᠰᠠᠬᠢᠯᠭ᠎ᠠ ᠪᠠᠲᠤ ᠣᠪᠣᠷ ᠰᠤᠷᠲᠠᠯ ᠢ ᠪᠣᠶ ᠪᠣᠯᠭᠠᠵᠤ᠂ ᠡᠳᠦᠷ ᠲᠤᠲᠤᠮ ᠤᠨ ᠠᠷᠢᠭᠤᠨ ᠴᠡᠪᠡᠷ ᠢ | ᠰᠠᠶᠢᠲᠤᠷ ᠬᠢᠵᠦ᠂ ᠠᠯᠪᠠᠨ ᠭᠡᠷ ᠤᠨ ᠤᠰᠤ ᠴᠠᠬᠢᠯᠭᠠᠨ ᠤ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠷᠠᠭᠤᠯᠬᠤ | ᠬᠡᠷᠡᠭᠲᠡᠢ᠃ ᠭᠤᠷᠪᠠ ᠳᠤ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠢ ᠪᠣᠯᠭᠠᠬᠤ ᠬᠡᠷᠡᠭᠲᠡᠢ᠃ ᠭᠤᠷᠪᠠᠳᠤᠭᠠᠷ | ᠤᠳᠠᠭ᠎ᠠ ᠶᠢᠨ ᠨᠡᠶᠢᠳᠡᠮ ᠤᠨ ᠪᠠᠶᠢᠴᠠᠭᠠᠯᠲᠠ ᠶᠢᠨ ᠲᠤᠰᠬᠠᠢ ᠠᠩᠭᠢ ᠶᠢᠨ ᠪᠥᠬᠦ ᠠᠵᠢᠯᠲᠠᠨ ᠡᠭᠦᠷᠭᠡ ᠶᠢᠨ ᠠᠵᠢᠯ ᠤᠨ | ᠬᠤᠪᠢᠶᠠᠷᠢᠯᠠᠯ ᠢᠶᠠᠨ ᠦᠨᠳᠦᠰᠦᠯᠡᠨ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠣᠰ ᠲᠣᠰ ᠤᠨ | ᠬᠠᠷᠢᠭᠤᠴᠠᠯᠭ᠎ᠠ ᠪᠠᠨ ᠭᠦᠢᠴᠡᠳᠬᠡᠵᠦ᠂ ᠭᠤᠷᠪᠠᠳᠤᠭᠠᠷ ᠤᠳᠠᠭ᠎ᠠ ᠶᠢᠨ ᠬᠥᠷᠥᠰᠥ ᠰᠢᠷᠣᠢ ᠶᠢᠨ ᠨᠡᠶᠢᠳᠡᠮ ᠤᠨ | ᠪᠠᠶᠢᠴᠠᠭᠠᠯᠲᠠ ᠶᠢᠨ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ︽ᠵᠠᠪᠠᠯ ᠬᠠᠷᠢᠭᠤᠯᠬᠤ ᠰᠡᠳᠦᠪ︾ ᠢ ᠰᠠᠶᠢᠲᠤᠷ | ᠬᠠᠷᠢᠭᠤᠯᠵᠤ᠂ ︽ᠬᠠᠨᠤᠮᠵᠢᠲᠠᠶ ᠡᠪᠬᠡᠮᠡᠯ︾ ᠢ ᠲᠤᠰᠢᠶᠠᠵᠤ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠠᠷ | ᠭᠤᠷᠪᠠᠳᠤᠭᠠᠷ ᠤᠳᠠᠭ᠎ᠠ ᠶᠢᠨ ᠨᠡᠶᠢᠳᠡᠮ ᠤᠨ ᠪᠠᠶᠢᠴᠠᠭᠠᠯᠲᠠ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠠᠶᠢᠵᠢᠭᠤᠯᠤᠨ | ᠨᠠᠷᠢᠯᠢᠭᠵᠢᠭᠤᠯᠬᠤ ᠬᠡᠷᠡᠭᠲᠡᠢ ᠭᠡᠪᠡ᠃ | 2025 ᠣᠨ ᠤ ᠡᠨᠡᠬᠦ ᠰᠢᠨ᠎ᠡ ᠡᠬᠢᠯᠡᠯᠲᠡ ᠶᠢᠨ ᠴᠡᠭ ᠳᠤ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ | ᠤᠳᠠᠭ᠎ᠠ ᠶᠢᠨ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ︽ᠠᠵᠢᠯᠯᠠᠬᠤ︾ ᠳᠡᠭᠡᠷ᠎ᠡ ᠬᠦᠴᠦᠯᠡᠵᠦ᠂ ᠦᠷ᠎ᠡ | ᠪᠦᠲᠦᠭᠡᠯ ᠢ ᠨᠠᠶᠢᠷᠠᠭᠤᠯᠤᠨ ᠬᠤᠷᠢᠶᠠᠩᠭᠤᠶᠢᠯᠠᠬᠤ ᠠᠵᠢᠯ ᠢ ᠪᠥᠬᠦ ᠲᠠᠯ᠎ᠠ ᠪᠠᠷ ᠠᠬᠢᠭᠤᠯᠵᠤ᠂ ︽ᠴᠢᠩᠭ᠎ᠠ︾ ᠳᠡᠭᠡᠷ᠎ᠡ | ᠬᠦᠴᠦᠯᠡᠵᠦ᠂ ᠨᠡᠶᠢᠳᠡᠮ ᠤᠨ ᠪᠠᠶᠢᠴᠠᠭᠠᠯᠲᠠ ᠶᠢᠨ ᠶᠠᠰᠤ ᠴᠢᠨᠠᠷ ᠤᠨ ︽ᠠᠮᠢᠨ ᠰᠤᠳᠠᠰᠤ︾ ᠶᠢ ᠪᠠᠲᠤ ᠰᠠᠬᠢᠵᠤ᠂ ᠦᠷ᠎ᠡ | ᠪᠦᠲᠦᠭᠡᠯ ᠤᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠦᠨ᠂ ︽ᠰᠢᠯᠢᠳᠡᠭ︾ ᠳᠡᠭᠡᠷ᠎ᠡ ᠬᠦᠴᠦ ᠪᠠᠨ ᠲᠥᠪᠯᠡᠷᠡᠭᠦᠯᠵᠦ᠂ | ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭ᠎ᠠ ᠶᠢᠨ ᠬᠥᠷᠥᠰᠥ ᠰᠢᠷᠣᠢ ᠶᠢᠨ ᠨᠡᠶᠢᠳᠡᠮ ᠤᠨ | ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠬᠡᠪ ᠵᠠᠭᠪᠤᠷ ᠢ ᠪᠣᠶ ᠪᠣᠯᠭᠠᠵᠤ᠂ ᠨᠡᠶᠢᠳᠡᠮ ᠤᠨ ᠪᠠᠶᠢᠴᠠᠭᠠᠯᠲᠠ ᠶᠢᠨ ᠦᠷ᠎ᠡ | ᠪᠦᠲᠦᠭᠡᠯ ᠢ ᠦᠢᠯᠡᠳᠪᠦᠷᠢᠯᠡᠯ ᠤᠨ ᠦᠢᠯᠡᠳᠦᠯᠭᠡ ᠳᠤ ᠦᠢᠯᠡᠴᠢᠯᠡᠭᠦᠯᠬᠦ᠂ ᠲᠠᠷᠢᠶᠠᠯᠠᠩ ᠤᠨ ᠭᠠᠷᠤᠯᠲᠠ ᠶᠢᠨ | ᠦᠢᠯᠡᠳᠪᠦᠷᠢᠯᠡᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠳᠤ ᠪᠠᠲᠤ ᠰᠠᠭᠤᠷᠢ ᠲᠠᠯᠪᠢᠵᠤ ᠥᠭᠭᠦᠨ᠎ᠡ᠃ | |