ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠨᠢ ᠠᠮᠤ | ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠲᠠᠢ ᠬᠤᠯᠪᠣᠭᠳᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠦᠬᠦ ᠲᠠᠯ᠎ᠠ ᠲᠠᠢ ᠬᠤᠯᠪᠣᠭᠳᠠᠵᠤ᠂ ᠮᠠᠯᠴᠢᠨ ᠲᠠᠷᠢᠶᠠᠴᠢᠨ ᠤ ᠬᠠᠮᠲᠤᠪᠠᠷ ᠪᠠᠶᠠᠵᠢᠨ ᠴᠢᠨᠡᠭᠡᠯᠢᠭᠵᠢᠬᠦ ᠲᠠᠢ | ᠬᠤᠯᠪᠣᠭᠳᠠᠵᠤ᠂ ᠲᠠᠷᠢᠶᠠᠯᠠᠩ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠪᠣᠯᠣᠨ ᠮᠠᠯ ᠠᠵᠤ ᠠᠬᠤᠢ | ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠭᠠᠷᠳᠠᠴᠠ ᠪᠣᠯᠣᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠠᠪᠠᠭᠤᠯᠢᠭ | ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠬᠡᠮᠵᠢᠶ᠎ᠡ ᠪᠠᠷ | ᠴᠢᠬᠤᠯᠠᠴᠢᠯᠠᠵᠤ᠂ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠪᠡᠯᠡ | ᠲᠣᠬᠢᠷᠠᠭᠤᠯᠭ᠎ᠠ ᠶᠢᠨ ︽ᠬᠦᠴᠢᠷ ᠲᠠᠢ᠂ ᠦᠨ᠎ᠡ ᠲᠠᠢ᠂ ᠶᠠᠷᠰᠢᠭ ᠲᠦᠪᠡᠭᠲᠡᠢ︾ ᠵᠡᠷᠭᠡ ᠠᠰᠠᠭᠤᠳᠠᠯ ᠳᠤ ᠴᠢᠭᠯᠡᠭᠦᠯᠦᠨ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ᠂ ᠡᠳ᠋ ᠤᠨ ᠵᠠᠰᠠᠭ ᠤᠨ | ᠰᠠᠯᠠᠭ᠎ᠠ ᠮᠥᠴᠢᠷ ᠤᠳ ᠭᠦᠨᠵᠡᠭᠡᠢ ᠰᠤᠳᠤᠯᠤᠨ ᠨᠠᠷᠢᠨ ᠰᠦᠪᠡᠭᠴᠢᠯᠡᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠨ᠂ ᠡᠳ᠋ ᠤᠨ ᠵᠠᠰᠠᠭ ᠤᠨ ᠪᠡᠯᠡ ᠮᠥᠩᠭᠦ ᠶᠢᠨ ︽ᠳᠥᠷᠪᠡᠨ ᠯᠠᠩ ᠢᠶᠠᠷ ᠮᠢᠩᠭᠠᠨ ᠵᠢᠩ ᠢ ᠲᠠᠲᠠᠬᠤ︾ | ᠦᠢᠯᠡᠳᠦᠯ ᠢ ᠭᠦᠢᠴᠡᠳ ᠪᠠᠳᠠᠷᠠᠭᠤᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ | ᠪᠠᠶᠢᠭᠤᠯᠤᠯᠲᠠ ᠶᠢᠨ ᠣᠯᠠᠨ ᠡᠰᠢᠲᠦ ᠣᠷᠣᠭᠤᠯᠤᠯᠲᠠ ᠶᠢᠨ ᠰᠢᠨ᠎ᠡ ᠠᠷᠭ᠎ᠠ ᠵᠠᠮ ᠢ ᠢᠳᠡᠪᠬᠢᠲᠡᠢ ᠪᠠᠷ ᠬᠠᠶᠢᠨ | ᠰᠦᠪᠡᠭᠴᠢᠯᠡᠵᠦ᠂ ᠮᠥᠩᠭᠦᠨ ᠭᠦᠢᠯᠭᠡᠭᠡᠨ ᠤ ᠲᠤᠯᠭᠠᠭᠤᠷᠢᠯᠠᠯ ᠢ ᠭᠦᠢᠴᠡᠳ ᠰᠠᠶᠢᠲᠤᠷ ᠬᠡᠷᠡᠭᠯᠡᠨ᠂ ᠳᠠᠪᠠᠭᠤᠯᠢᠭ | ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠴᠢᠨᠠᠷ ᠰᠠᠶᠢᠲᠠᠢ ᠬᠥᠭᠵᠢᠯᠲᠡ ᠳᠤ ᠡᠨᠧᠷᠭᠢ ᠣᠯᠭᠤᠵᠠᠢ᠃ | ᠡᠳ᠋ ᠤᠨ ᠵᠠᠰᠠᠭ ᠤᠨ ᠳᠡᠮᠵᠢᠯᠭᠡ ᠶᠢᠨ ᠭᠤᠣᠯᠳᠠᠯᠭ᠎ᠠ ᠶᠢ ᠳᠣᠪᠤᠶᠢᠯᠭᠠᠵᠤ᠂ ᠪᠥᠭᠡᠮᠨᠡᠷᠡᠯ ᠪᠦᠲᠦᠭᠡᠨ ᠪᠠᠶᠢᠭᠤᠯᠬᠤ | ᠪᠡᠯᠡ ᠮᠥᠩᠭᠦ ᠶᠢᠨ ᠨᠠᠷᠢᠯᠢᠭ ᠣᠨᠣᠪᠴᠢᠲᠤ ᠴᠢᠨᠠᠷ ᠢ ᠴᠢᠩᠭᠠᠷᠠᠭᠤᠯᠵᠠᠢ | ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠢ ᠭᠦᠢᠴᠡᠳ | ︽ᠬᠤᠤᠵᠤᠤ ᠶᠢᠨ ᠭᠤᠯᠢᠷ︾ ᠢ ᠰᠠᠴᠤᠬᠤ ᠠᠴᠠ ᠵᠠᠶᠢᠯᠠᠰᠬᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠠᠵᠤ ᠠᠬᠤᠢ ᠶᠢᠨ ᠬᠥᠭᠵᠢᠯᠲᠡ ᠶᠢᠨ ᠵᠢᠮ᠎ᠡ ᠶᠣᠰᠣ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠶᠢ ᠡᠵᠡᠮᠳᠡᠵᠦ᠂ | ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠵᠠᠭᠤᠨ ᠳ᠋ᠦᠩᠰᠢᠭᠤᠷ ᠤᠨ | ᠳᠡᠰ ᠤᠨ ᠳᠠᠪᠠᠭᠤᠯᠢᠭ ᠣᠨᠴᠠᠯᠢᠭᠲᠤ ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ | ᠠᠵᠤ ᠦᠢᠯᠡᠰ ᠤᠨ ᠬᠡᠯᠬᠢᠶ᠎ᠡ ᠶᠢ ᠨᠡᠭᠡᠭᠡᠨ ᠬᠥᠭᠵᠢᠭᠦᠯᠬᠦ ᠶᠢ ᠬᠠᠷᠠᠭᠠᠯᠠᠨ᠂ ᠪᠦᠬᠦ ᠥᠷᠲᠡᠭ ᠤᠨ ᠬᠡᠯᠬᠢᠶ᠎ᠡ ᠶᠢ | ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢ ᠭᠤᠣᠯᠳᠠᠭᠤ ᠬᠡᠪᠴᠢᠶᠡᠵᠢᠭᠰᠡᠨ ᠦᠢᠯᠡᠳᠪᠦᠷᠢᠯᠡᠯ ᠤᠨ | ᠰᠠᠭᠤᠷᠢᠨ ᠭᠠᠵᠠᠷ ᠤᠨ ᠪᠠᠷᠢᠮᠵᠢᠶᠠᠵᠢᠭᠰᠠᠨ᠂ ᠲᠠᠸᠠᠷᠴᠢᠯᠠᠭᠰᠠᠨ ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠠᠩᠬ᠎ᠠ ᠡᠳ᠋ᠰᠢᠭᠦᠯᠬᠦ᠂ ᠨᠠᠷᠢᠯᠢᠭ | ᠡᠳ᠋ᠰᠢᠭᠦᠯᠬᠦ ᠪᠠ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ | ᠠᠬᠤᠢ ᠶᠢᠨ ᠪᠥᠬᠦ ᠠᠵᠤ ᠦᠢᠯᠡᠰ ᠤᠨ ᠬᠡᠯᠬᠢᠶᠡᠵᠢᠯ ᠢ ᠲᠣᠭᠠᠴᠢᠯᠠᠬᠤ ᠵᠡᠷᠭᠡ ᠰᠢᠨ᠎ᠡ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠴᠣᠭᠴᠠᠯᠠᠯᠲᠠ᠂ ᠵᠠᠬ᠎ᠠ ᠳᠡᠯᠭᠡᠭᠦᠷ ᠤᠨ ᠨᠠᠷᠠᠲᠤ ᠲᠥᠷᠥᠯ ᠲᠡᠮᠳᠡᠭᠲᠦ ᠶᠢᠨ ᠰᠢᠰᠲ᠋ᠧᠮᠵᠢ ᠪᠠ ᠣᠯᠠᠨ | ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠲᠡᠭᠦᠯᠳᠡᠷᠵᠢᠭᠦᠯᠬᠦ ᠵᠢᠴᠢ ᠡᠵᠡᠩᠨᠡᠯᠲᠡ ᠶᠢᠨ ᠭᠤᠣᠯ ᠴᠣᠭᠴᠠ ᠪᠠ | ᠦᠢᠯᠡᠴᠢᠯᠡᠭᠡᠨ ᠤ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠬᠤ ᠵᠡᠷᠭᠡ ᠲᠠᠯ᠎ᠠ ᠳᠤ ᠬᠡᠷᠡᠭᠯᠡᠵᠡᠢ᠃ | ︽ᠳᠥᠷᠪᠡ ᠶᠢ ᠨᠥᠬᠦᠪᠦᠷᠢᠯᠡᠬᠦ ᠠᠷᠭ᠎ᠠ︾ ︵ᠪᠡᠯᠡ ᠮᠥᠩᠭᠦ ᠪᠠᠷ ᠰᠢᠭᠤᠳ ᠨᠥᠬᠦᠪᠦᠷᠢᠯᠡᠬᠦ᠂ ᠤᠷᠢᠳᠠᠪᠠᠷ ᠪᠠᠶᠢᠭᠤᠯᠵᠤ | ᠳᠠᠷᠠᠭ᠎ᠠ ᠨᠢ ᠨᠥᠬᠦᠪᠦᠷᠢᠯᠡᠬᠦ᠂ ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ᠂ ᠳᠠᠮ ᠬᠦᠦ ᠪᠠᠷ ᠱᠠᠩᠨᠠᠵᠤ | ᠨᠥᠬᠦᠪᠦᠷᠢᠯᠡᠬᠦ︶ ᠶᠢ ᠠᠪᠴᠤ᠂ ᠮᠥᠩᠭᠦᠨ ᠭᠦᠢᠯᠭᠡᠭᠡᠨ ᠤ ᠬᠥᠷᠥᠩᠭᠡ ᠪᠣᠯᠣᠨ ᠨᠡᠶᠢᠭᠡᠮ ᠤᠨ ᠬᠥᠷᠥᠩᠭᠡ ᠶᠢ ᠳᠠᠪᠠᠭᠤᠯᠢᠭ | ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠳᠤ ᠣᠷᠣᠭᠤᠯᠬᠤ ᠡᠯ᠎ᠡ ᠭᠠᠵᠠᠷ ᠤᠨ | ᠠᠵᠤ ᠦᠢᠯᠡᠰ ᠤᠨ ᠪᠥᠭᠡᠮᠨᠡᠷᠡᠯ ᠤᠨ ᠬᠡᠯᠪᠡᠷᠢ ᠳᠠᠰᠢ ᠬᠥᠭᠵᠢᠬᠦ ᠶᠢ ᠠᠬᠢᠭᠤᠯᠵᠤ᠂ ᠪᠦᠲᠦᠭᠡᠨ ᠪᠠᠶᠢᠭᠤᠯᠤᠯᠲᠠ ᠶᠢᠨ | ᠭᠤᠣᠯ ᠴᠣᠭᠴᠠ ᠶᠢ ᠠᠵᠢᠯ ᠲᠥᠷᠥᠯ ᠢᠶᠠᠷ ᠬᠥᠲᠥᠯᠥᠨ ᠳᠠᠭᠠᠭᠤᠯᠬᠤ ᠬᠡᠯᠪᠡᠷᠢ ᠳᠠᠰᠢ ᠤᠷᠤᠭᠰᠢᠯᠠᠭᠤᠯᠵᠤ᠂ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠥᠷᠲᠡᠭ ᠤᠨ ᠬᠡᠯᠬᠢᠶ᠎ᠡ ᠶᠢᠨ ᠦᠵᠦᠭᠦᠷ ᠳᠠᠰᠢ ᠤᠷᠲᠤᠳᠬᠠᠨ᠂ | ᠠᠵᠤ ᠦᠢᠯᠡᠰ ᠤᠨ ᠬᠡᠯᠪᠡᠷᠢ ᠪᠠᠶᠢᠳᠠᠯ ᠢ ︽ᠵᠢᠵᠢᠭ ᠣᠨᠴᠠ ᠭᠠᠷᠤᠯᠲᠠ︾ ᠠᠴᠠ ︽ᠲᠣᠮᠣ ᠠᠵᠤ ᠦᠢᠯᠡᠰ︾ ᠪᠣᠯᠭᠠᠨ | ᠬᠤᠪᠢᠷᠠᠭᠤᠯᠬᠤ ᠶᠢ ᠦᠨᠡᠨᠬᠦ ᠠᠬᠢᠭᠤᠯᠵᠤ᠂ ᠨᠡᠯᠢᠶᠡᠳ ᠴᠢᠩᠭ᠎ᠠ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠲᠠᠢ | ᠣᠲᠣ ᠦᠶ᠎ᠡ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠠᠵᠤ ᠠᠬᠤᠢ ᠶᠢᠨ ᠪᠦᠰᠡ ᠶᠢ ᠪᠣᠶ ᠪᠣᠯᠭᠠᠵᠤ᠂ 8 | ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠦᠢᠯᠡᠳᠬᠦᠨ ᠤ ᠥᠷᠲᠡᠭ ᠨᠢᠭᠡᠨᠲᠡ 3666 | ᠳ᠋ᠦᠩᠰᠢᠭᠤᠷ ᠲᠥᠭᠦᠷᠢᠭ ᠲᠤ ᠬᠥᠷᠪᠡ᠃ | ᠲᠤᠰᠬᠠᠢ ᠵᠦᠢᠯ ᠤᠨ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠪᠥᠭᠡᠮᠨᠡᠷᠡᠯ ᠪᠦᠲᠦᠭᠡᠨ | ᠪᠠᠶᠢᠭᠤᠯᠤᠯᠲᠠ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠡᠢ | ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠨᠢ ᠣᠳᠣᠬᠠᠨ ᠤ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠥᠷᠥᠯ ᠵᠦᠢᠯ ᠤᠨ ᠳᠠᠩ ᠴᠣᠭᠴᠠᠲᠤ ᠪᠡᠯᠡ | ᠮᠥᠩᠭᠦ ᠶᠢᠨ ᠲᠤᠭ᠎ᠠ ᠬᠡᠮᠵᠢᠶ᠎ᠡ ᠪᠠᠷ ᠬᠠᠮᠤᠭ ᠤᠨ ᠶᠡᠭᠡ᠂ ᠨᠥᠯᠥᠭᠡᠯᠡᠬᠦ ᠬᠡᠪᠴᠢᠶ᠎ᠡ ᠪᠠᠷ ᠬᠠᠮᠤᠭ ᠤᠨ ᠥᠷᠭᠡᠨ᠂ | ᠲᠠᠷᠢᠶᠠᠯᠠᠩ ᠢ ᠳᠠᠭᠠᠭᠤᠯᠤᠨ ᠣᠷᠣᠯᠭ᠎ᠠ ᠨᠡᠮᠡᠭᠳᠡᠭᠦᠯᠬᠦ ᠦᠢᠯᠡᠳᠦᠯ ᠢᠶᠠᠷ ᠬᠠᠮᠤᠭ ᠤᠨ ᠴᠢᠩᠭ᠎ᠠ ᠨᠡᠷᠡᠲᠦ ᠲᠥᠷᠥᠯ ᠵᠦᠢᠯ | ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠥᠷᠥᠯ ᠵᠦᠢᠯ ᠢ ᠪᠣᠶᠢᠵᠢᠭᠤᠯᠬᠤ | ᠪᠠ ᠵᠥᠪ ᠴᠢᠭᠯᠡᠯ ᠢᠶᠠᠷ ᠤᠷᠮᠠᠰᠢᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠢ | ᠠᠭᠤᠰᠤᠯᠴᠠᠭᠤᠯᠤᠨ ᠬᠥᠭᠵᠢᠭᠦᠯᠬᠦ ᠪᠣᠶᠢᠵᠢᠭᠤᠯᠬᠤ ᠲᠥᠰᠥᠯ︾ ᠢ ᠲᠣᠭᠲᠠᠭᠠᠵᠤ᠂ ᠨᠢᠭᠡ ᠪᠦᠯᠦᠭ ᠳᠠᠪᠠᠭᠤᠯᠢᠭ ᠢᠶᠠᠷ | ᠲᠣᠪᠣᠶᠢᠮ᠎ᠠ᠂ ᠰᠠᠭᠤᠷᠢ ᠨᠥᠬᠦᠴᠡᠯ ᠢᠶᠠᠷ ᠨᠡᠯᠢᠶᠡᠳ ᠰᠠᠶᠢᠨ᠂ ᠬᠥᠭᠵᠢᠯᠲᠡ ᠶᠢᠨ ᠬᠦᠴᠦᠨ ᠵᠦᠢᠯ ᠲᠥᠪᠯᠡᠷᠡᠭᠰᠡᠨ᠂ ᠠᠮᠢ | ᠠᠬᠤᠢ ᠶᠢᠨ ᠤᠳᠤᠷᠢᠳᠤᠮᠵᠢ ᠪᠠᠷ ᠢᠯᠡ ᠲᠣᠳᠣ᠂ ᠶᠠᠰᠤ ᠴᠢᠨᠠᠷ ᠦᠷ᠎ᠡ ᠠᠰᠢᠭ ᠢᠶᠠᠷ ᠢᠯᠡᠷᠬᠡᠢ᠂ ᠨᠥᠯᠥᠭᠡᠯᠡᠨ | ᠳᠠᠶᠢᠴᠢᠯᠠᠬᠤ ᠪᠠᠷ ᠬᠦᠴᠦᠲᠡᠢ ᠳᠠᠪᠠᠭᠤᠯᠢᠭ ᠣᠨᠴᠠᠯᠢᠭᠲᠤ ᠠᠵᠤ ᠦᠢᠯᠡᠰ ᠢ ᠲᠥᠪᠯᠡᠷᠡᠭᠦᠯᠦᠨ ᠪᠣᠶᠢᠵᠢᠭᠤᠯᠪᠠ᠃ | ᠤᠯᠤᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠲᠤᠰᠬᠠᠢ ᠵᠦᠢᠯ ᠤᠨ ᠤᠷᠮᠠᠰᠢᠭᠤᠯᠬᠤ | ᠲᠣᠭᠲᠠᠴᠠ ᠶᠢ ᠤᠷᠢᠳ ᠢᠶᠠᠷ ᠪᠠᠶᠢᠭᠤᠯᠵᠤ᠂ ᠵᠥᠪᠰᠢᠶᠡᠷᠡᠯ ᠣᠯᠣᠭᠰᠠᠨ ᠪᠠ ᠦᠨᠡᠯᠡᠭᠰᠡᠨ ᠦᠷ᠎ᠡ ᠳ᠋ᠦᠩ ᠨᠢ | ᠲᠦᠷᠦᠭᠦᠨ ᠳᠤ ᠣᠷᠣᠭᠰᠠᠨ ᠤᠯᠤᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠭᠠᠵᠠᠷ | ᠣᠷᠣᠨ ᠢ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠲᠤᠭ᠎ᠠ ᠬᠡᠮᠵᠢᠶᠡᠨ ᠤ 10% ᠪᠠᠷ ᠱᠠᠩᠨᠠᠵᠤ | ᠨᠥᠬᠦᠪᠦᠷᠢᠯᠡᠪᠡ᠃ ᠣᠳᠣᠬᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠡᠯᠡᠳᠬᠡᠯ | ᠲᠥᠬᠦᠭᠡᠷᠥᠮᠵᠢᠲᠦ ᠢᠳᠡᠰᠢᠨ ᠨᠣᠭᠤᠭ᠎ᠠ᠂ ᠪᠤᠭᠤᠳᠠᠢ᠂ ᠰᠢᠬᠢᠷ ᠯᠤᠤᠪᠠᠩ ᠵᠡᠷᠭᠡ ᠵᠠᠭᠤᠨ ᠳ᠋ᠦᠩᠰᠢᠭᠤᠷ ᠤᠨ ᠲᠠᠰ ᠤᠨ | ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠢ 9 ᠪᠣᠶᠢᠵᠢᠭᠤᠯᠵᠤ᠂ ᠳᠠᠪᠠᠭᠤᠯᠢᠭ ᠣᠨᠴᠠᠯᠢᠭᠲᠤ ᠠᠵᠤ | ᠦᠢᠯᠡᠰ ᠤᠨ ᠪᠥᠭᠡᠮᠨᠡᠷᠡᠯ ᠳᠤ ᠥᠪᠡᠷᠲᠡᠭᠡᠨ ᠵᠠᠰᠠᠬᠤ ᠣᠷᠣᠨ ᠤ ᠤᠷᠮᠠᠰᠢᠭᠤᠯᠬᠤ ᠪᠡᠯᠡ ᠮᠥᠩᠭᠦ ᠶᠢ ᠨᠡᠶᠢᠲᠡ 1500 | ᠲᠦᠮᠡᠨ ᠲᠥᠭᠦᠷᠢᠭ ᠪᠠᠭᠤᠯᠭᠠᠵᠤ᠂ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢᠨ ᠳᠠᠪᠠᠭᠤᠯᠢᠭ ᠣᠨᠴᠠᠯᠢᠭᠲᠤ | ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠲᠠᠰᠤᠷᠠᠯᠲᠠ | ᠦᠭᠡᠢ ᠳᠡᠭᠡᠭᠰᠢᠯᠡᠭᠦᠯᠪᠡ᠃ | ᠲᠠᠷᠢᠶᠠᠯᠠᠩ ᠮᠠᠯ ᠠᠵᠤ ᠠᠬᠤᠢ ᠶᠢᠨ ᠮᠥᠩᠭᠦᠨ ᠭᠦᠢᠯᠭᠡᠭᠡᠨ ᠤ ᠬᠠᠮᠵᠢᠯᠴᠠᠭ᠎ᠠ ᠶᠢ ᠴᠢᠩᠭᠠᠳᠬᠠᠵᠤ᠂ ᠪᠦᠯᠦᠭᠯᠡᠨ | ᠪᠦᠲᠦᠭᠡᠨ ᠪᠠᠶᠢᠭᠤᠯᠬᠤ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠵᠡᠢ | ᠣᠶᠢᠷ᠎ᠠ ᠶᠢᠨ ᠵᠢᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ | ᠪᠦᠲᠦᠭᠡᠨ ᠪᠠᠶᠢᠭᠤᠯᠤᠯᠲᠠ ᠶᠢᠨ ᠣᠯᠠᠨ ᠡᠰᠢᠲᠦ ᠣᠷᠣᠭᠤᠯᠤᠯᠲᠠ ᠶᠢᠨ ᠰᠢᠨ᠎ᠡ ᠠᠷᠭ᠎ᠠ ᠵᠠᠰᠠᠭ ᠤᠨ ᠣᠷᠳᠣᠨ ᠤ | ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠢᠰᠲ᠋ᠧᠮ ᠤᠨ ᠪᠠᠶᠢᠭᠤᠯᠤᠯᠲᠠ ᠤᠷᠢᠳ ᠬᠤᠵᠢᠳ ᠣᠷᠣᠨ | ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠤᠢ ᠰᠢᠭᠤᠢ ᠡᠪᠡᠰᠦ ᠪᠡᠯᠴᠢᠭᠡᠷ᠂ ᠤᠰᠤᠨ | ᠠᠰᠢᠭᠯᠠᠯᠲᠠ᠂ ᠠᠷᠠᠳ ᠤᠨ ᠪᠠᠩᠬᠢ ᠵᠡᠷᠭᠡ ᠰᠠᠯᠠᠭ᠎ᠠ ᠮᠥᠴᠢᠷ ᠲᠠᠢ ᠬᠤᠯᠪᠣᠭᠠᠯᠠᠵᠤ᠂ ᠮᠥᠩᠭᠦᠨ ᠭᠦᠢᠯᠭᠡᠭᠡ ᠬᠢᠭᠡᠳ | ᠲᠠᠷᠢᠶᠠᠯᠠᠩ ᠮᠠᠯ ᠠᠵᠤ ᠠᠬᠤᠢ ᠶᠢ ᠠᠭᠤᠰᠤᠯᠴᠠᠭᠤᠯᠤᠨ ᠬᠥᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠦᠢᠯᠡᠴᠢᠯᠡᠬᠦ ᠶᠢ ᠬᠠᠮᠵᠢᠯᠴᠠᠨ ᠠᠬᠢᠭᠤᠯᠬᠤ ᠲᠣᠭᠲᠠᠴᠠ ᠶᠢ ᠬᠠᠮᠲᠤᠪᠠᠷ ᠪᠠᠶᠢᠭᠤᠯᠵᠤ᠂ ᠬᠥᠳᠡᠭᠡ | ᠲᠣᠰᠬᠤᠨ ᠤ ᠮᠡᠳᠡᠭᠡ ᠵᠠᠩᠭᠢᠵᠢᠯᠲᠠ ᠶᠢᠨ ᠬᠤᠷᠰᠢᠶ᠎ᠠ᠂ ᠲᠠᠷᠢᠶᠠᠯᠠᠩ ᠤᠨ ᠪᠠᠩᠬᠢ ᠵᠡᠷᠭᠡ ︽ᠬᠥᠳᠡᠭᠡ ᠲᠣᠰᠬᠤᠨ ᠤ | ᠪᠦᠲᠦᠭᠡᠭᠳᠡᠬᠦᠨ ᠤ ᠲᠦᠷᠦᠭᠦᠦ︾ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠷ ᠲᠦᠷᠦᠭᠦᠯᠡᠭᠦᠯᠬᠦ ᠶᠢ ᠬᠥᠲᠥᠯᠥᠨ | ᠳᠠᠭᠠᠭᠤᠯᠵᠤ᠂ ᠮᠥᠩᠭᠦᠨ ᠭᠦᠢᠯᠭᠡᠭᠡᠨ ᠤ ᠪᠦᠬᠦ ᠣᠷᠣᠨ ᠤ 18 ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠳᠠᠪᠠᠭᠤᠯᠢᠭ ᠠᠵᠤ ᠦᠢᠯᠡᠰ ᠤᠨ ᠪᠦᠰᠡ ᠪᠣᠯᠣᠨ 8 ᠳᠠᠪᠠᠭᠤᠯᠢᠭ ᠣᠨᠴᠠᠯᠢᠭᠲᠤ ᠠᠵᠤ | ᠦᠢᠯᠡᠰ ᠤᠨ ᠪᠦᠯᠦᠭᠵᠢᠯ ᠢ ᠳᠡᠮᠵᠢᠬᠦ ᠡᠷᠴᠢᠮ ᠢ ᠴᠢᠩᠭᠠᠷᠠᠭᠤᠯᠪᠠ᠃ ︽ᠳᠠᠭᠠᠳᠬᠠᠯ + ᠪᠠᠩᠬᠢ + ᠳᠠᠭᠠᠭᠠᠯᠲᠠ + | ᠬᠢᠨᠠᠨ ᠬᠠᠮᠢᠶᠠᠷᠬᠤ︾ ᠮᠠᠯ ᠤᠨ ᠠᠮᠢᠳᠤ ᠪᠡᠶᠡᠲᠦ ᠵᠢᠭᠡᠯᠡᠯᠭᠡ ᠶᠢᠨ ᠵᠠᠭᠪᠤᠷ ᠢ ᠢᠳᠡᠪᠬᠢᠲᠡᠢ ᠪᠠᠷ ᠳᠡᠯᠭᠡᠷᠡᠭᠦᠯᠵᠦ᠂ | ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ ᠰᠢᠯᠢᠳᠡᠭᠵᠢᠭᠦᠯᠦᠨ᠂ ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠵᠠᠢ᠃ | ᠣᠲᠣ ᠪᠣᠯᠲᠠᠯ᠎ᠠ᠂ 8 ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠡᠳ᠋ ᠤᠨ ᠵᠠᠰᠠᠭ ᠤᠨ ᠪᠡᠯᠡ | ᠮᠥᠩᠭᠦ ᠶᠢᠨ ᠣᠷᠣᠭᠤᠯᠤᠯᠲᠠ ᠶᠢ 5.7 ᠳᠠᠬᠢᠨ ᠨᠡᠮᠡᠭᠳᠡᠭᠦᠯᠵᠦ᠂ ᠡᠯ᠎ᠡ ᠲᠥᠷᠥᠯ ᠤᠨ ᠮᠥᠩᠭᠦᠨ ᠭᠦᠢᠯᠭᠡᠭᠡ᠂ | ᠨᠡᠶᠢᠭᠡᠮ ᠤᠨ ᠪᠡᠯᠡ ᠮᠥᠩᠭᠦ ᠶᠢᠨ ᠣᠷᠣᠭᠤᠯᠤᠯᠲᠠ ᠶᠢ ᠨᠡᠶᠢᠲᠡ 89.6 ᠳ᠋ᠦᠩᠰᠢᠭᠤᠷ ᠲᠥᠭᠦᠷᠢᠭ ᠬᠥᠳᠡᠯᠭᠡᠵᠦ᠂ | ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ | ᠪᠣᠭᠤᠮᠢ ᠶᠢ ᠪᠦᠲᠦᠮᠵᠢᠲᠡᠶ ᠰᠢᠢᠳᠪᠦᠷᠢᠯᠡᠪᠡ᠃ |