︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠨᠢᠭᠡᠳᠦᠭᠡᠷ ᠪᠦᠯᠦᠭ ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠦᠢᠯᠡᠳᠬᠦᠨ ᠤ ᠲᠥᠷᠥᠯ ᠵᠦᠢᠯ ᠤᠨ ᠵᠦᠭᠯᠡᠭᠦᠷ︾ ᠢ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/2/13
ᠬᠤᠯᠪᠣᠭᠳᠠᠯ ᠪᠦᠬᠦᠢ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ ᠳᠤ᠄      ︽ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠠᠷᠭ᠎ᠠ︾ ︵ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠷᠯᠢᠭ 2018 ᠣᠨ ᠤ 3 ᠳ᠋ᠤᠭᠠᠷ ᠲᠣᠭᠠᠲᠤ︶᠂ ︽ᠲᠠᠷᠢᠶᠠᠯᠠᠩ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠠᠵᠢᠯ ᠤᠨ ᠵᠢᠷᠤᠮᠵᠢᠯ︾ ︵ᠲᠠᠷᠢᠶᠠᠯᠠᠩ ᠮᠠᠰᠢᠨ ᠲᠠᠷᠬᠠᠭᠠᠭᠰᠠᠨ ﹇2019﹈ 3 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠳᠡᠯᠭᠡᠷᠭᠦᠯᠦᠯᠲᠡ ᠶᠢᠨ ᠬᠢᠨᠠᠨ ᠲᠣᠭᠲᠠᠭᠠᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ︵ᠥᠪᠥᠷ ᠲᠠᠷᠢᠶᠠᠯᠠᠩ ᠮᠠᠰᠢᠨ ᠰᠢᠯᠭᠠᠨ ᠲᠠᠷᠬᠠᠭᠠᠭᠰᠠᠨ ﹇2019﹈ 15 ᠳ᠋ᠤᠭᠠᠷ ᠲᠣᠭᠠᠲᠤ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠲᠤᠰᠬᠠᠢ ᠬᠢᠨᠠᠨ ᠲᠣᠭᠲᠠᠭᠠᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ︵ᠥᠪᠥᠷ ᠲᠠᠷᠢᠶᠠᠯᠠᠩ ᠮᠠᠰᠢᠨ ᠰᠢᠯᠭᠠᠨ ᠲᠠᠷᠬᠠᠭᠠᠭᠰᠠᠨ ﹇2019﹈ 17 ᠳ᠋ᠤᠭᠠᠷ ᠲᠣᠭᠠᠲᠤ︶ ᠤᠨ ᠲᠣᠭᠲᠠᠭᠠᠯ ᠢ ᠦᠨᠳᠦᠰᠦᠯᠡᠵᠦ᠂ ︽ᠤᠯᠤᠰ ᠠᠴᠠ ᠳᠡᠮᠵᠢᠵᠦ ᠪᠠᠶᠢᠭ᠎ᠠ ᠲᠠᠷᠢᠶᠠᠯᠠᠩ ᠤᠨ ᠮᠠᠰᠢᠨ  ᠤ ᠳᠡᠯᠭᠡᠷᠭᠦᠯᠦᠯᠲᠡ ᠶᠢᠨ ᠬᠢᠨᠠᠨ ᠲᠣᠭᠲᠠᠭᠠᠬᠤ ᠦᠢᠯᠡᠳᠬᠦᠨ ᠤ ᠲᠥᠷᠥᠯ ᠵᠦᠢᠯ ᠤᠨ ᠵᠦᠭᠯᠡᠭᠦᠷ︾ ᠪᠣᠯᠣᠨ ᠥᠪᠡᠷᠲᠡᠭᠡᠨ ᠵᠠᠰᠠᠬᠤ ᠣᠷᠣᠨ ᠤᠣᠲᠣ ᠶᠢᠨ ᠪᠠᠶᠢᠭ᠎ᠠ ᠬᠢᠨᠠᠨ ᠲᠣᠭᠲᠠᠭᠠᠬᠤ ᠴᠢᠳᠠᠪᠤᠷᠢ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠢᠶᠠᠷ ᠵᠥᠪᠰᠢᠶᠡᠷᠡᠭᠦᠯᠦᠭᠡᠳ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠨᠢᠭᠡᠳᠦᠭᠡᠷ ᠪᠦᠯᠦᠭ ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠦᠢᠯᠡᠳᠬᠦᠨ ᠤ ᠲᠥᠷᠥᠯ ᠵᠦᠢᠯ ᠤᠨ ᠵᠦᠭᠯᠡᠭᠦᠷ︾ ᠢ ᠨᠡᠶᠢᠲᠡᠯᠡᠬᠦ ᠶᠢᠨ ᠬᠠᠮᠲᠤ ᠲᠣᠰ ᠡᠳᠦᠷ ᠠᠴᠠ ᠡᠬᠢᠯᠡᠨ ᠬᠡᠷᠡᠭᠵᠢᠭᠦᠯᠵᠦ᠂ 2024 ᠣᠨ ᠳᠤ ᠨᠡᠶᠢᠲᠡᠯᠡᠭᠰᠡᠨ ᠵᠦᠭᠯᠡᠭᠦᠷ ᠢ ᠲᠣᠰ ᠡᠳᠦᠷ ᠠᠴᠠ ᠡᠬᠢᠯᠡᠨ ᠬᠦᠴᠦᠨ ᠦᠭᠡᠢ ᠪᠣᠯᠭᠠᠨ᠎ᠠ᠃ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ ᠤᠳ ᠳᠡᠭᠡᠷᠡᠬᠢ ᠪᠢᠴᠢᠭ ᠮᠠᠲ᠋ᠧᠷᠢᠶᠠᠯ ᠢ ᠦᠨᠳᠦᠰᠦᠯᠡᠨ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠣᠷ ︵http://zwfw.nmg.gov.cn︶ ᠳᠡᠭᠡᠷ᠎ᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠯᠲᠠ ᠶᠢ ᠰᠠᠶᠢᠨᠳᠤᠷ᠎ᠠ ᠠᠴᠠ ᠪᠠᠨ ᠭᠤᠶᠤᠴᠢᠯᠠᠵᠤ ᠪᠣᠯᠣᠨ᠎ᠠ᠃      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠯᠲᠠ ᠬᠢᠬᠦ ᠭᠤᠶᠤᠴᠢᠯᠠᠯ ᠤᠨ ᠬᠦᠰᠦᠨᠦᠭᠲᠦ︾᠂ ︽ᠬᠡᠷᠡᠭᠯᠡᠭᠴᠢ ᠶᠢᠨ ᠨᠡᠷᠡᠰ︾ ᠢ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠬᠤᠭᠤᠰᠤᠨ ᠥᠯᠢᠭᠡᠷ ᠬᠦᠰᠦᠨᠦᠭᠲᠦ ᠪᠠᠭᠤᠯᠭᠠᠵᠤ᠂ ᠪᠤᠰᠤᠳ ᠮᠠᠲ᠋ᠧᠷᠢᠶᠠᠯ ᠢ ᠲᠤᠷᠰᠢᠯᠲᠠ ᠶᠢᠨ ᠬᠢᠨᠠᠨ ᠲᠣᠭᠲᠠᠭᠠᠯᠲᠠ ᠶᠢᠨ ᠲᠥᠷᠥᠯ ᠬᠡᠯᠪᠡᠷᠢ ᠪᠠ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ᠱᠠᠭᠠᠷᠳᠠᠯᠭ᠎ᠠ ᠶᠣᠰᠣᠭᠠᠷ ᠪᠡᠯᠡᠳᠬᠡᠵᠦ᠂ ᠡᠯᠧᠺᠲᠷᠣᠨ ᠮᠠᠲ᠋ᠧᠷᠢᠶᠠᠯ ᠢ ᠬᠠᠷᠠᠭᠠᠯᠵᠠᠭᠰᠠᠨ ᠪᠤᠯᠤᠩ ᠳᠤ ᠳᠠᠮᠵᠢᠭᠤᠯᠵᠤ᠂ ᠴᠠᠭᠠᠰᠤᠨ ᠮᠠᠲ᠋ᠧᠷᠢᠶᠠᠯ ᠢ ᠭᠤᠶᠤᠴᠢᠯᠠᠯ ᠤᠨ ᠬᠦᠰᠦᠨᠦᠭᠲᠦ ᠪᠠ ᠪᠦᠲᠦᠭᠡᠭᠳᠡᠬᠦᠨ ᠤ ᠲᠣᠳᠣᠷᠬᠠᠶᠢᠯᠠᠯᠲᠠ ᠶᠢᠨ ᠪᠢᠴᠢᠭ ᠢ ᠰᠢᠤᠳᠠᠨ ᠢᠶᠠᠷ ᠢᠯᠡᠭᠡᠬᠦ ᠬᠡᠷᠡᠭᠲᠡᠢ᠃ ᠲᠤᠰᠬᠠᠢ ᠬᠢᠨᠠᠨ ᠲᠣᠭᠲᠠᠭᠠᠯᠲᠠ ᠬᠢᠯᠭᠡᠬᠦ ᠪᠠᠷ ᠮᠡᠳᠡᠭᠦᠯᠬᠦ ᠳᠤ ᠠᠩᠬᠠᠷᠬᠤ ᠴᠢᠬᠤᠯᠠᠲᠠᠢ ᠵᠦᠢᠯ ᠭᠡᠪᠡᠯ᠄ ᠬᠥᠲᠥᠯᠪᠦᠷᠢ ᠶᠢᠨ ᠱᠠᠭᠠᠷᠳᠠᠯᠭ᠎ᠠ ᠳᠤ ᠨᠡᠶᠢᠴᠡᠬᠦ ᠰᠢᠨ᠎ᠡ ᠶᠢ ᠡᠭᠦᠳᠬᠦ ᠴᠢᠨᠠᠷᠲᠠᠢ ᠭᠡᠷᠡᠴᠢᠯᠡᠬᠦ ᠪᠢᠴᠢᠭ ᠮᠠᠲ᠋ᠧᠷᠢᠶᠠᠯ ᠢ ᠬᠡᠷᠡᠭᠯᠡᠭᠴᠢ ᠶᠢᠨ ᠨᠡᠷᠡᠰ ᠤᠨ ᠭᠠᠵᠠᠷ ᠲᠤ ᠳᠠᠮᠵᠢᠭᠤᠯᠵᠤ᠂ ᠬᠥᠲᠥᠯᠪᠦᠷᠢ ᠶᠢᠨ ᠱᠠᠭᠠᠷᠳᠠᠯᠭ᠎ᠠ ᠳᠤ ᠨᠡᠶᠢᠴᠡᠬᠦ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠪᠤᠶᠤ ᠦᠢᠯᠡᠳᠬᠦᠨ ᠤ ᠬᠡᠷᠡᠭᠯᠡᠭᠡᠨ ᠤ ᠮᠡᠳᠡᠭᠦᠯᠦᠯᠲᠡ ︵ᠪᠠᠶᠢᠪᠠᠯ︶ ᠬᠢᠭᠡᠳ ᠰᠢᠨ᠎ᠡ ᠶᠢ ᠡᠭᠦᠳᠬᠦ ᠴᠢᠨᠠᠷᠲᠠᠢ ᠭᠡᠷᠡᠴᠢᠯᠡᠬᠦ ᠪᠢᠴᠢᠭ ᠮᠠᠲ᠋ᠧᠷᠢᠶᠠᠯ ᠢ ᠨᠡᠶᠢᠯᠡᠭᠦᠯᠦᠨ ᠳᠠᠮᠵᠢᠭᠤᠯᠵᠤ ᠥᠭᠭᠦᠨ᠎ᠡ᠃      ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ᠠᠰᠠᠭᠤᠨ ᠯᠠᠪᠯᠠᠬᠤ ᠤᠲᠠᠰᠤ᠄ 0471—5332462      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠥᠷᠲᠡᠭᠡ ᠶᠢᠨ ᠠᠰᠠᠭᠤᠨ ᠯᠠᠪᠯᠠᠬᠤ ᠤᠲᠠᠰᠤ᠄ 0471—4314387      ᠮᠠᠲ᠋ᠧᠷᠢᠶᠠᠯ ᠢᠯᠡᠭᠡᠬᠦ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠴᠡᠯᠡᠭᠡᠷ ᠲᠠᠯ᠎ᠠ ᠶᠡᠭᠡ ᠵᠡᠭᠡᠯᠢ ᠬᠢᠭᠡᠳ ᠸᠠᠨ ᠲᠦᠩ ᠵᠠᠮ ᠤᠨ ᠠᠭᠤᠯᠵᠠᠷ ᠤᠨ ᠵᠡᠭᠦᠨ ᠡᠮᠦᠨ᠎ᠡ ᠥᠨᠴᠥᠭ      ᠬᠦᠯᠢᠶᠡᠨ ᠠᠪᠤᠭᠴᠢ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ 12 ᠳ᠋ᠤᠭᠠᠷ ᠳᠠᠪᠬᠤᠷᠭ᠎ᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︵ᠶᠡᠭᠡ ᠲᠢᠩᠬᠢᠮ︶       ᠬᠦᠯᠢᠶᠡᠨ ᠠᠪᠤᠭᠴᠢ ᠶᠢᠨ ᠤᠲᠠᠰᠤ᠄ 0471—5332462      ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠨᠢᠭᠡᠳᠦᠭᠡᠷ ᠪᠦᠯᠦᠭ ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠦᠢᠯᠡᠳᠬᠦᠨ ᠤ ᠲᠥᠷᠥᠯ ᠵᠦᠢᠯ ᠤᠨ ᠵᠦᠭᠯᠡᠭᠦᠷ                       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                          ᠮᠠᠯ ᠠᠵᠤ ᠠᠬᠤᠢ ᠶᠢᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠥᠷᠲᠡᠭᠡ                                                 2025 ᠣᠨ ᠤ 2 ᠰᠠᠷ᠎ᠠ ᠶᠢᠨ 12 ᠤ ᠡᠳᠦᠷ 
 
ᠢᠷᠡᠯᠲᠡ᠄ ᠥᠪᠥᠷ ᠮᠣᠩᠭᠤᠯ ᠤᠨ​ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠥᠷᠲᠡᠭᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号