ᠡᠪᠦᠯ ᠤᠨ ᠤᠯᠠᠷᠢᠯ ᠳᠠᠬᠢ ᠲᠤᠭᠤᠯ ᠤᠨ ᠬᠠᠮᠢᠶᠠᠷᠤᠯᠲᠠ ᠶᠢᠨ ᠮᠡᠷᠭᠡᠵᠢᠯ ᠤᠨ ᠵᠦᠭᠯᠡᠭᠦᠷ ︵ᠬᠤᠶᠠᠷ︶
ᠨᠡᠶᠢᠲᠡᠯᠡᠭᠰᠡᠨ ᠴᠠᠭ᠄
2025/2/13
      4. ᠰᠦ ᠠᠴᠠ ᠪᠠᠨ ᠰᠠᠯᠤᠭᠰᠠᠨ ᠲᠤᠭᠤᠯ  ᠢ ᠲᠡᠵᠢᠭᠡᠬᠦ ᠪᠠ ᠳᠤᠯᠠᠭᠠᠯᠠᠬᠤ ᠬᠠᠮᠢᠶᠠᠷᠤᠯᠲᠠ       ᠡᠪᠦᠯ ᠤᠨ ᠤᠯᠠᠷᠢᠯ ᠤᠨ ᠬᠦᠢᠲᠡᠨ ᠣᠷᠴᠢᠨ ᠲᠣᠭᠤᠷᠢᠨ ᠳᠤ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠪᠠᠷ ᠲᠡᠵᠢᠭᠡᠨ ᠠᠷᠠᠴᠢᠯᠠᠬᠤ ᠪᠠ ᠳᠤᠯᠠᠭᠠᠯᠠᠬᠤ ᠠᠷᠭ᠎ᠠ ᠬᠡᠮᠵᠢᠶ᠎ᠡ ᠨᠢ ᠰᠦ ᠠᠴᠠ ᠪᠠᠨ ᠰᠠᠯᠤᠭᠰᠠᠨ ᠲᠤᠭᠤᠯ ᠤᠨ ᠥᠰᠦᠨ ᠪᠣᠶᠢᠵᠢᠬᠤ ᠪᠠ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠳᠤ ᠲᠤᠶᠢᠯ ᠤᠨ ᠴᠢᠬᠤᠯᠠ ᠪᠠᠶᠢᠳᠠᠭ᠃      4.1 ᠬᠦᠢᠲᠡᠨ ᠢ ᠰᠡᠷᠭᠡᠶᠢᠯᠡᠬᠦ ᠠᠷᠭ᠎ᠠ ᠬᠡᠮᠵᠢᠶ᠎ᠡ      ᠰᠦ ᠠᠴᠠ ᠪᠠᠨ ᠰᠠᠯᠤᠭᠰᠠᠨ ᠲᠤᠭᠤᠯ ᠤᠨ ᠬᠦᠢᠲᠡᠨ ᠢ ᠲᠡᠰᠪᠦᠷᠢᠯᠡᠬᠦ ᠴᠢᠳᠠᠪᠤᠷᠢ ᠨᠢ ᠨᠢᠯᠬ᠎ᠠ ᠲᠤᠭᠤᠯ ᠤᠨ ᠬᠢ ᠠᠴᠠ ᠨᠡᠩ ᠰᠠᠶᠢᠨ ᠪᠠᠶᠢᠳᠠᠭ᠂ ᠡᠨᠡ ᠬᠦ ᠬᠤᠭᠤᠴᠠᠭᠠᠨ ᠳᠤ ᠬᠦᠢᠲᠡᠨ ᠢ ᠰᠡᠷᠭᠡᠶᠢᠯᠡᠬᠦ ᠠᠷᠭ᠎ᠠ ᠬᠡᠮᠵᠢᠶ᠎ᠡ ᠨᠢ ᠰᠠᠯᠬᠢᠨ ᠠᠴᠠ ᠰᠡᠷᠭᠡᠶᠢᠯᠡᠬᠦ᠂ ᠵᠤᠵᠠᠭᠠᠨ ᠦᠵᠢᠯ ᠡᠪᠡᠰᠦ ᠳᠡᠪᠢᠰᠬᠦ᠂ ᠪᠦᠯᠢᠶᠡᠨ ᠤᠰᠤ ᠤᠤᠭᠤᠯᠭᠠᠬᠤ ᠠᠴᠠ ᠭᠠᠳᠠᠨ᠎ᠠ ᠪᠠᠰᠠ ᠰᠢᠨ᠎ᠡ ᠰᠣᠷᠭᠤᠭ ᠠᠭᠠᠷ᠂ ᠭᠦᠢᠴᠡᠳ ᠬᠡᠮᠵᠢᠶᠡᠨ ᠤ ᠳᠤᠷ᠎ᠠ ᠪᠠᠷ ᠢᠶᠠᠨ ᠢᠳᠡᠵᠦ ᠪᠣᠯᠬᠤ ᠰᠢᠮ᠎ᠡ ᠲᠡᠵᠢᠭᠡᠯ ᠡᠯᠪᠡᠭ ᠲᠤᠭᠤᠯ ᠤᠨ ᠲᠡᠵᠢᠭᠡᠯ ᠪᠣᠷᠳᠤᠭ᠎ᠠ ᠶᠢ ᠪᠠᠲᠤᠯᠠᠨ᠎ᠠ᠃ ᠰᠠᠯᠬᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠤᠬᠠᠢ ᠶᠢᠨ ᠭᠠᠵᠠᠷ ᠲᠤᠨᠢ ᠲᠣᠬᠢᠷᠠᠭᠤᠯᠵᠤ᠂ ᠲᠤᠬᠠᠢ ᠶᠢᠨ ᠭᠠᠵᠠᠷ ᠠᠴᠠ ᠮᠠᠲ᠋ᠧᠷᠢᠶᠠᠯ ᠠᠪᠴᠤ ᠪᠣᠯᠣᠨ᠎ᠠ᠂ ᠲᠠᠷᠢᠶᠠᠯᠠᠬᠤ ᠣᠷᠣᠨ ᠤ ᠡᠰᠢ ᠰᠦᠷᠡᠯ ᠡᠯᠪᠡᠭ ᠭᠠᠵᠠᠷ ᠣᠷᠣᠨ ᠳᠤ᠂ ᠡᠰᠢ ᠰᠦᠷᠡᠯ ᠡᠪᠡᠰᠦᠨ ᠪᠣᠭᠤᠵᠢ ᠶᠢ ᠭᠦᠢᠴᠡᠳ ᠠᠰᠢᠭᠯᠠᠵᠤ ᠪᠣᠯᠣᠨ᠎ᠠ᠂ ᠡᠨᠡ ᠨᠢ ᠰᠠᠯᠬᠢ ᠶᠢ ᠰᠡᠷᠭᠡᠶᠢᠯᠡᠬᠦ ᠬᠡᠷᠡᠭᠴᠡᠭᠡ ᠶᠢ ᠬᠠᠩᠭᠠᠵᠤ ᠳᠡᠶᠢᠯᠬᠦ ᠪᠠᠷ ᠪᠠᠷᠠᠬᠤ ᠦᠭᠡᠢ ᠪᠠᠰᠠ ᠦᠵᠢᠯ ᠡᠪᠡᠰᠦ ᠳᠡᠪᠢᠰᠬᠦ ᠠᠰᠠᠭᠤᠳᠠᠯ ᠢ ᠰᠢᠢᠳᠪᠦᠷᠢᠯᠡᠵᠦ ᠳᠡᠶᠢᠯᠦᠨ᠎ᠡ᠂ ᠭᠡᠪᠡᠴᠦ ᠭᠠᠯ ᠤᠨ ᠠᠶᠤᠯ ᠲᠦᠭᠰᠢᠭᠦᠷᠢ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠭᠠᠯ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃        4.2 ᠲᠡᠵᠢᠭᠡᠯ ᠪᠣᠷᠳᠤᠭ᠎ᠠ ᠬᠢᠭᠡᠳ ᠤᠤᠭᠤᠬᠤ ᠤᠰᠤᠨ ᠤ ᠬᠠᠮᠢᠶᠠᠷᠤᠯᠲᠠ      ᠡᠪᠦᠯ ᠤᠨ ᠤᠯᠠᠷᠢᠯ ᠳᠤ ᠲᠤᠭᠤᠯ ᠤᠨ ᠰᠢᠮ᠎ᠡ ᠲᠡᠵᠢᠭᠡᠯ ᠤᠨ ᠬᠠᠩᠭᠠᠯᠲᠠ ᠶᠢ ᠪᠠᠲᠤᠯᠠᠬᠤ ᠬᠡᠷᠡᠭᠲᠡᠢ᠂ ᠨᠠᠷᠢᠯᠢᠭ ᠪᠣᠷᠳᠤᠭ᠎ᠠ ᠪᠠ ᠴᠢᠨᠠᠷ ᠰᠠᠶᠢᠲᠠᠢ ᠬᠠᠭᠤᠷᠠᠢ ᠡᠪᠡᠰᠦ ᠪᠣᠯ ᠲᠤᠭᠤᠯ ᠤᠨ ᠡᠨᠧᠷᠭᠢ ᠶᠢᠨ ᠭᠤᠣᠯ ᠢᠷᠡᠯᠲᠡ ᠮᠥᠨ᠃ ᠨᠠᠷᠢᠯᠢᠭ ᠪᠣᠷᠳᠤᠭ᠎ᠠ ᠶᠢ ᠡᠳᠦᠷ ᠪᠦᠷᠢ ᠪᠠᠭ᠎ᠠ ᠬᠡᠮᠵᠢᠶ᠎ᠡ ᠪᠠᠷ ᠣᠯᠠᠨ ᠤᠳᠠᠭ᠎ᠠ ᠢᠳᠡᠭᠦᠯᠵᠦ᠂ ᠰᠢᠨ᠎ᠡ ᠰᠣᠷᠭᠤᠭ ᠪᠠᠶᠢᠯᠭᠠᠵᠤ᠂ ᠬᠥᠯᠳᠡᠬᠦ ᠪᠤᠶᠤ ᠸᠠᠯᠠᠵᠤ ᠢᠯᠵᠢᠷᠡᠬᠦ ᠠᠴᠠ ᠵᠠᠶᠢᠯᠠᠰᠬᠢᠨ᠎ᠡ᠃ ᠴᠢᠨᠠᠷ ᠰᠠᠶᠢᠲᠠᠢ ᠬᠠᠭᠤᠷᠠᠢ ᠡᠪᠡᠰᠦ ᠶᠢ ᠵᠥᠭᠡᠯᠡᠨ᠂ ᠬᠠᠭᠤᠷᠠᠢ᠂ ᠴᠡᠪᠡᠷ ᠪᠠᠶᠢᠯᠭᠠᠵᠤ᠂ ᠲᠤᠭᠤᠯ ᠤᠨ ᠳᠤᠷ᠎ᠠ ᠪᠠᠷ ᠢᠶᠠᠨ ᠢᠳᠡᠬᠦ ᠳᠤ ᠲᠥᠬᠦᠮ ᠪᠣᠯᠭᠠᠨ᠎ᠠ᠃ ᠡᠭᠦᠨ ᠠᠴᠠ ᠭᠠᠳᠠᠨ᠎ᠠ᠂ ᠤᠤᠭᠤᠬᠤ ᠤᠰᠤᠨ ᠤ ᠳᠤᠯᠠᠭᠠᠨ ᠤ ᠬᠡᠮᠵᠢᠶ᠎ᠡ ᠶᠢ 20~30°C ᠢᠶᠠᠷ ᠬᠢᠵᠠᠭᠠᠷᠯᠠᠵᠤ᠂ ᠲᠤᠭᠤᠯ ᠤᠨ ᠭᠦᠵᠡᠭᠡᠨ ᠤ ᠪᠠᠺᠲ᠋ᠧᠷᠢ ᠶᠢᠨ ᠪᠥᠭᠡᠮᠨᠡᠷᠡᠯ ᠤᠨ ᠲᠣᠭᠲᠠᠭᠤᠨ ᠢᠶᠠᠷ ᠪᠣᠶᠢᠵᠢᠬᠤ ᠶᠢ ᠠᠬᠢᠭᠤᠯᠬᠤ ᠶᠢᠨ ᠬᠠᠮᠲᠤ ᠬᠦᠢᠲᠡᠨ ᠤᠰᠤ ᠤᠤᠭᠤᠭᠰᠠᠨ ᠠᠴᠠ ᠪᠣᠯᠵᠤ ᠡᠨᠧᠷᠭᠢ ᠬᠤᠷᠤᠭᠳᠠᠬᠤ ᠶᠢ ᠰᠡᠷᠭᠡᠶᠢᠯᠡᠬᠦ ᠬᠡᠷᠡᠭᠲᠡᠢ᠃      4.3 ᠰᠦ ᠠᠴᠠ  ᠨᠢ ᠵᠣᠭᠰᠣᠭᠠᠬᠤ ᠶᠢ ᠬᠤᠶᠢᠰᠢᠯᠠᠭᠤᠯᠬᠤ ᠪᠠ ᠥᠨᠳᠥᠷ ᠡᠨᠧᠷᠭᠢ ᠪᠠᠷ ᠨᠥᠬᠦᠪᠦᠷᠢᠯᠡᠬᠦ      ᠲᠤᠶᠢᠯ ᠤᠨ ᠬᠦᠢᠲᠡᠨ ᠨᠥᠬᠦᠴᠡᠯ ᠳᠤ ᠲᠤᠭᠤᠯ ᠤᠨ ᠬᠦᠢᠲᠡᠨ ᠤ ᠰᠡᠷᠡᠯᠵᠢᠯ ᠢ ᠪᠠᠭᠠᠰᠬᠠᠬᠤ ᠶᠢᠨ ᠲᠥᠯᠥᠭᠡ᠂ ᠰᠦ ᠠᠴᠠ  ᠨᠢ ᠵᠣᠭᠰᠣᠭᠠᠬᠤ ᠶᠢ ᠵᠣᠬᠢᠬᠤ ᠬᠡᠮᠵᠢᠶ᠎ᠡ ᠪᠠᠷ 7~10 ᠡᠳᠦᠷ ᠬᠤᠶᠢᠰᠢᠯᠠᠭᠤᠯᠵᠤ᠂ ᠲᠤᠭᠤᠯ ᠳᠤ ᠨᠡᠩ ᠠᠷᠪᠢᠨ ᠰᠦᠨ ᠤ ᠡᠨᠧᠷᠭᠢ ᠶᠢ ᠬᠠᠩᠭᠠᠨ᠎ᠠ᠃ ᠰᠦ ᠠᠴᠠ  ᠨᠢ ᠵᠣᠭᠰᠣᠭᠠᠭᠰᠠᠨ ᠤ ᠳᠠᠷᠠᠭ᠎ᠠ᠂ ᠰᠢᠩᠭᠡᠭᠡᠯᠲᠡ ᠶᠢᠨ ᠴᠢᠨᠠᠷ ᠢᠶᠠᠷ ᠥᠨᠳᠥᠷ ᠲᠡᠵᠢᠭᠡᠯ ᠪᠣᠷᠳᠤᠭ᠎ᠠ ︵ᠵᠢᠱᠢᠶᠡᠯᠡᠪᠡᠯ ᠥᠨᠳᠥᠷ ᠡᠨᠧᠷᠭᠢᠲᠦ ᠮᠥᠬᠦᠯᠢᠭᠲᠦ ᠲᠡᠵᠢᠭᠡᠯᠪᠣᠷᠳᠤᠭ᠎ᠠ︶ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠡᠨᠧᠷᠭᠢ ᠶᠢᠨ ᠬᠡᠷᠡᠭᠴᠡᠭᠡ ᠶᠢ ᠬᠠᠩᠭᠠᠬᠤ ᠶᠢᠨ ᠬᠠᠮᠲᠤ ᠨᠠᠷᠢᠯᠢᠭ ᠪᠣᠷᠳᠤᠭ᠎ᠠ ᠪᠠ ᠬᠠᠭᠤᠷᠠᠢ ᠡᠪᠡᠰᠦ ᠶᠢᠨ ᠲᠡᠵᠢᠭᠡᠯ ᠢ ᠠᠭᠠᠵᠢᠮ ᠢᠶᠠᠷ ᠨᠡᠮᠡᠭᠳᠡᠭᠦᠯᠦᠨ᠎ᠡ᠃ ᠰᠦ  ᠠᠴᠠ  ᠨᠢ ᠵᠣᠭᠰᠣᠭᠠᠬᠤ᠂ ᠰᠦᠷᠦᠭ ᠬᠤᠪᠢᠶᠠᠬᠤ᠂ ᠮᠠᠲ᠋ᠧᠷᠢᠶᠠᠯ ᠰᠣᠯᠢᠬᠤ ᠵᠡᠷᠭᠡ ᠶᠢ ᠵᠡᠷᠭᠡ ᠪᠠᠷ ᠬᠢᠬᠦ ᠶᠢ ᠬᠢᠴᠢᠶᠡᠵᠦ᠂ ᠰᠡᠷᠡᠯᠵᠢᠯ ᠤᠨ ᠳᠠᠪᠬᠤᠴᠠᠯ ᠤᠨ ᠲᠤᠭᠤᠯ ᠤᠨ ᠡᠷᠡᠭᠦᠯ ᠮᠡᠨᠳᠦ ᠳᠤ ᠦᠵᠡᠭᠦᠯᠬᠦ ᠮᠠᠭᠤ ᠨᠥᠯᠥᠭᠡ ᠶᠢ ᠪᠠᠭᠠᠰᠬᠠᠨ᠎ᠠ᠃      4.4 ᠲᠤᠭᠤᠯ ᠤᠨ ᠳᠤᠯᠠᠭᠠᠯᠠᠭ᠎ᠠ ᠶᠢᠨ ᠨᠥᠮᠥᠷᠭᠡ      ᠳᠤᠯᠠᠭᠠᠯᠠᠭ᠎ᠠ ᠶᠢᠨ ᠨᠥᠮᠥᠷᠭᠡ ᠪᠣᠯ ᠥᠪᠡᠷ ᠤᠨ ᠥᠷᠲᠡᠭ ᠢᠶᠠᠷ ᠳᠣᠣᠷ᠎ᠠ᠂ ᠦᠷ᠎ᠡ ᠠᠰᠢᠭ ᠢᠶᠠᠷ ᠰᠠᠶᠢᠨ ᠳᠤᠯᠠᠭᠠᠯᠠᠬᠤ ᠨᠢᠭᠡ ᠵᠦᠢᠯ ᠤᠨ ᠬᠡᠯᠪᠡᠷᠢ ᠮᠥᠨ᠂ ᠳᠤᠮᠳᠠ ᠪᠠᠭ᠎ᠠ ᠬᠡᠪᠴᠢᠶᠡᠨ ᠤ ᠦᠬᠡᠷ ᠤᠨ ᠲᠠᠯᠠᠪᠠᠶ ᠳᠤ ᠲᠣᠬᠢᠷᠠᠨ᠎ᠠ᠃ ᠲᠤᠷᠰᠢᠯᠲᠠ ᠠᠴᠠ ᠦᠵᠡᠪᠡᠯ᠂ ᠨᠥᠮᠥᠷᠭᠡ ᠨᠥᠮᠥᠷᠪᠡᠯ ᠲᠤᠭᠤᠯ ᠤᠨ ᠭᠦᠵᠡᠭᠡᠨ ᠳᠤ ᠬᠥᠭᠡᠷᠬᠦ᠂ ᠰᠠᠭᠤᠯᠭᠠᠬᠤ᠂ ᠠᠭᠤᠰᠬᠢᠨ ᠤ ᠦᠷᠪᠢᠰᠦᠯ ᠵᠡᠷᠭᠡ ᠡᠪᠡᠳᠴᠢᠨ ᠤ ᠡᠭᠦᠰᠬᠦ ᠨᠣᠷᠮ᠎ᠠ ᠶᠢ ᠪᠠᠷᠤᠭ 18% ᠪᠠᠷ ᠪᠠᠭᠤᠷᠠᠭᠤᠯᠵᠤ᠂ ᠡᠮᠴᠢᠯᠡᠭᠡᠨ ᠤ ᠵᠠᠷᠤᠳᠠᠯ ᠢ 77% ᠪᠠᠷ ᠪᠠᠭᠠᠰᠬᠠᠨ᠎ᠠ᠃ ᠨᠥᠮᠥᠷᠭᠡ ᠪᠦᠷᠢ ᠶᠢᠨ ᠥᠪᠡᠷ ᠤᠨ ᠥᠷᠲᠡᠭ ᠨᠢ ᠪᠠᠷᠤᠭ 40 ᠲᠥᠭᠦᠷᠢᠭ ᠪᠥᠭᠡᠳ ᠳᠠᠬᠢᠨ ᠳᠠᠪᠲᠠᠨ ᠬᠡᠷᠡᠭᠯᠡᠵᠦ ᠪᠣᠯᠬᠤ ᠲᠤᠯᠠ ᠬᠡᠷᠡᠭᠯᠡᠬᠦ ᠳᠤ ᠬᠢᠯᠪᠠᠷ᠂ ᠬᠡᠷᠡᠭᠯᠡᠬᠦ ᠳᠤ ᠬᠢᠮᠳᠠ ᠣᠨᠴᠠᠯᠢᠭ ᠲᠠᠢ ᠪᠠᠶᠢᠳᠠᠭ᠃      4.5 ᠳᠤᠯᠠᠭᠠᠯᠭ᠎ᠠ ᠶᠢᠨ ᠮᠡᠷᠭᠡᠵᠢᠯ      ᠲᠤᠭᠤᠯ ᠤᠨ ᠬᠠᠰᠢᠶ᠎ᠠ ᠶᠢ ᠵᠢᠷᠤᠵᠤ ᠲᠥᠯᠥᠪᠯᠡᠬᠦ ᠳᠤ ᠳᠤᠯᠠᠭᠠᠨ ᠢ ᠬᠠᠮᠠᠭᠠᠯᠠᠬᠤ ᠪᠠ ᠰᠠᠯᠬᠢ ᠨᠡᠪᠲᠡᠷᠡᠭᠦᠯᠬᠦ ᠶᠢ ᠬᠠᠮᠲᠤ ᠳᠤᠨᠢ ᠬᠠᠷᠠᠭᠠᠯᠵᠠᠬᠤ ᠬᠡᠷᠡᠭᠲᠡᠢ᠃ ᠨᠥᠬᠦᠴᠡᠯ ᠢᠶᠠᠷ ᠰᠠᠶᠢᠨ ᠦᠬᠡᠷ ᠤᠨ ᠲᠠᠯᠠᠪᠠᠶ ᠳᠤ ᠳᠤᠯᠠᠭᠠᠨ ᠳ᠋ᠧᠩ ᠪᠤᠶᠤ ᠳᠤᠯᠠᠭᠠᠨ ᠰᠠᠷᠠᠪᠴᠢ ᠶᠢ ᠬᠡᠷᠡᠭᠯᠡᠵᠦ᠂ ᠲᠤᠭᠤᠯ  ᠳᠤ ᠲᠠᠭᠠᠯᠠᠮᠵᠢᠲᠠᠢ ᠬᠡᠰᠡᠭ ᠭᠠᠵᠠᠷ ᠢ ᠬᠠᠩᠭᠠᠵᠤ ᠪᠣᠯᠣᠨ᠎ᠠ᠃ ᠪᠠᠰᠠ ᠳᠤᠯᠠᠭᠠᠨ ᠰᠠᠯᠬᠢᠨ ᠤ ᠮᠠᠰᠢᠨ ᠪᠠ ᠰᠠᠯᠬᠢᠨ ᠬᠤᠭᠤᠯᠠᠢ ᠶᠢᠨ ᠰᠠᠯᠬᠢ ᠬᠦᠷᠭᠡᠬᠦ ᠰᠢᠰᠲ᠋ᠧᠮ ᠢ ᠬᠡᠷᠡᠭᠯᠡᠵᠦ᠂ ᠰᠠᠯᠬᠢ ᠨᠡᠪᠲᠡᠷᠡᠭᠦᠯᠬᠦ ᠠᠮᠠᠰᠠᠷ ᠤᠨ ᠳᠤᠯᠠᠭᠠᠨ ᠤ ᠬᠡᠮᠵᠢᠶ᠎ᠡ ᠪᠠ ᠰᠠᠯᠬᠢᠨ ᠤ ᠬᠤᠷᠳᠤᠴᠠ ᠶᠢ ᠣᠨᠣᠪᠴᠢᠲᠠᠶ ᠡᠵᠡᠮᠳᠡᠬᠦ ᠪᠠᠷ ᠳᠠᠮᠵᠢᠭᠤᠯᠤᠨ᠂ ᠲᠤᠭᠤᠯ ᠤᠨ ᠬᠥᠳᠡᠯᠭᠡᠭᠡᠨ ᠤ ᠣᠷᠣᠨ ᠤ ᠲᠣᠬᠢᠷᠠᠮᠵᠢᠲᠠᠢ ᠳᠤᠯᠠᠭᠠᠨ ᠤ ᠬᠡᠮᠵᠢᠶ᠎ᠡ ᠪᠠ ᠠᠭᠠᠷ ᠤᠨ ᠴᠢᠨᠠᠷ ᠴᠢᠨᠰᠠᠭ᠎ᠠ ᠶᠢ ᠦᠨᠡᠨ ᠬᠦ ᠪᠠᠲᠤᠯᠠᠵᠤ ᠪᠣᠯᠣᠨ᠎ᠠ᠃ ᠡᠭᠦᠨ ᠠᠴᠠ ᠭᠠᠳᠠᠨ᠎ᠠ᠂ ᠬᠡᠪᠲᠡᠭᠰᠡᠨ ᠣᠷᠣᠨ ᠤ ᠭᠠᠵᠠᠷ ᠤᠨ ᠭᠠᠳᠠᠷᠭᠤ ᠳᠤ ᠳᠤᠯᠠᠭᠠᠯᠠᠭ᠎ᠠ ᠶᠢᠨ ᠬᠤᠭᠤᠯᠠᠢ ᠪᠤᠶᠤ ᠭᠤᠮ ᠳᠡᠪᠢᠰᠬᠡᠷ ᠤᠨ ᠬᠠᠯᠠᠭᠠᠯᠲᠠ ᠶᠢᠨ ᠬᠠᠪᠲᠠᠰᠤ ᠳᠡᠪᠢᠰᠪᠡᠯ ᠲᠤᠭᠤᠯ ᠤᠨ ᠲᠠᠭᠠᠯᠠᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ ᠴᠢᠳᠠᠬᠤ ᠪᠠᠷ ᠪᠠᠷᠠᠬᠤ ᠦᠭᠡᠢ᠂ ᠰᠠᠭᠤᠯᠭᠠᠬᠤ ᠨᠣᠷᠮ᠎ᠠ ᠪᠠ ᠠᠭᠤᠰᠬᠢᠨ ᠦᠷᠪᠢᠰᠦᠯ ᠡᠭᠦᠰᠬᠦ ᠨᠣᠷᠮ᠎ᠠ ᠶᠢ ᠴᠤ ᠪᠦᠲᠦᠮᠵᠢᠲᠡᠶ ᠪᠠᠭᠤᠷᠠᠭᠤᠯᠵᠤ᠂ ᠲᠤᠭᠤᠯ ᠤᠨ ᠡᠳᠦᠷ ᠤᠨ ᠬᠦᠨᠳᠦ ᠶᠢᠨ ᠨᠡᠮᠡᠭᠳᠡᠯ ᠢ ᠢᠯᠡᠳᠲᠡ ᠳᠡᠭᠡᠭᠰᠢᠯᠡᠭᠦᠯᠵᠦ ᠴᠢᠳᠠᠨ᠎ᠠ᠃      5. ᠡᠷᠡᠭᠦᠯ ᠮᠡᠨᠳᠦ ᠪᠠ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ      5.1 ᠴᠢᠴᠠᠭ᠎ᠠ ᠠᠯᠳᠠᠬᠤ ᠶᠢ ᠰᠡᠷᠭᠡᠶᠢᠯᠡᠨ ᠬᠢᠵᠠᠭᠠᠷᠯᠠᠬᠤ      ᠰᠠᠭᠤᠯᠭᠠᠬᠤ ᠪᠣᠯ ᠡᠪᠦᠯ ᠤᠨ ᠤᠯᠠᠷᠢᠯ ᠳᠤ ᠲᠤᠭᠤᠯ ᠤᠨ ᠦᠷᠭᠦᠯᠵᠢ ᠲᠣᠬᠢᠶᠠᠯᠳᠤᠳᠠᠭ ᠡᠪᠡᠳᠴᠢᠨ᠃ ᠰᠠᠭᠤᠯᠭᠠᠬᠤ ᠶᠢ ᠰᠡᠷᠭᠡᠶᠢᠯᠡᠬᠦ ᠶᠢᠨ ᠲᠥᠯᠥᠭᠡ᠂ ᠲᠤᠭᠤᠯ ᠤᠨ ᠬᠠᠰᠢᠶ᠎ᠠ ᠰᠠᠷᠠᠪᠴᠢ ᠶᠢ ᠬᠠᠭᠤᠷᠠᠢ ᠴᠡᠪᠡᠷ ᠪᠠᠶᠢᠯᠭᠠᠵᠤ᠂ 30cm ᠵᠤᠵᠠᠭᠠᠨ ᠦᠵᠢᠯ ᠡᠪᠡᠰᠦ ᠳᠡᠪᠢᠰᠴᠦ᠂ 20~30°C ᠤᠨ ᠪᠦᠯᠢᠶᠡᠨ ᠤᠰᠤ  ᠤᠤᠭᠤᠯᠭᠠᠵᠤ᠂ ᠰᠠᠭᠤᠯᠭᠠᠬᠤ ᠶᠢᠨ ᠠᠶᠤᠯ ᠢ ᠪᠠᠭᠠᠰᠬᠠᠬᠤ ᠴᠢᠬᠤᠯᠠ ᠲᠠᠢ ᠪᠠᠶᠢᠳᠠᠭ᠃ ᠡᠭᠦᠨ ᠤ ᠬᠠᠮᠲᠤ ᠨᠠᠷᠢᠯᠢᠭ ᠪᠣᠷᠳᠤᠭ᠎ᠠ ᠪᠠ ᠬᠠᠭᠤᠷᠠᠢ ᠡᠪᠡᠰᠦ ᠶᠢ ᠪᠣᠬᠢᠷᠲᠤᠭᠤᠯᠤᠯ ᠦᠭᠡᠢ ᠰᠢᠨ᠎ᠡ ᠰᠣᠷᠭᠤᠭ ᠪᠠᠶᠢᠯᠭᠠᠵᠤ᠂ ᠬᠥᠯᠳᠡᠬᠦ ᠪᠤᠶᠤ ᠸᠠᠯᠠᠵᠤ ᠬᠤᠪᠢᠷᠠᠬᠤ ᠠᠴᠠ ᠰᠡᠷᠭᠡᠶᠢᠯᠡᠨ᠂ ᠲᠤᠭᠤᠯ ᠤᠨ ᠰᠢᠮ᠎ᠡ ᠲᠡᠵᠢᠭᠡᠯ ᠤᠨ ᠬᠠᠩᠭᠠᠯᠲᠠ ᠶᠢ ᠪᠠᠲᠤᠯᠠᠬᠤ ᠬᠡᠷᠡᠭᠲᠡᠢ᠃      5.2 ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ      ᠠᠭᠤᠰᠬᠢᠨ ᠤ ᠦᠷᠪᠢᠰᠦᠯ ᠡᠭᠦᠰᠬᠦ ᠶᠢ ᠰᠡᠷᠭᠡᠶᠢᠯᠡᠬᠦ ᠶᠢᠨ ᠲᠥᠯᠥᠭᠡ᠂ ᠰᠠᠯᠬᠢ ᠨᠡᠪᠲᠡᠷᠡᠬᠦ ᠨᠥᠬᠦᠴᠡᠯ ᠢ ᠰᠢᠯᠢᠳᠡᠭᠵᠢᠭᠦᠯᠵᠦ᠂ ᠰᠠᠯᠬᠢ ᠨᠡᠪᠲᠡᠷᠡᠬᠦ ᠬᠠᠮᠤᠭ ᠪᠠᠭ᠎ᠠ ᠬᠡᠮᠵᠢᠶ᠎ᠡ ᠶᠢ ᠪᠠᠲᠤᠯᠠᠵᠤ᠂ ᠬᠦᠷᠢᠶ᠎ᠡ ᠬᠠᠰᠢᠶ᠎ᠠ ᠶᠢᠨ ᠳᠣᠲᠣᠷᠠᠬᠢ ᠠᠭᠠᠷ ᠤᠨ ᠴᠢᠨᠠᠷ ᠢ ᠰᠠᠶᠢᠵᠢᠷᠠᠭᠤᠯᠬᠤ ᠬᠡᠷᠡᠭᠲᠡᠢ᠂ ᠭᠡᠪᠡᠴᠦ ᠬᠤᠯᠠᠭᠠᠢ ᠰᠠᠯᠬᠢ ᠰᠢᠭᠤᠳ ᠦᠯᠢᠶᠡᠬᠦ ᠠᠴᠠ ᠵᠠᠶᠢᠯᠠᠰᠬᠢᠬᠦ ᠬᠡᠷᠡᠭᠲᠡᠢ᠃ ᠡᠭᠦᠨ ᠠᠴᠠ ᠭᠠᠳᠠᠨ᠎ᠠ᠂ ᠲᠤᠭᠤᠯ ᠤᠨ ᠳᠤᠯᠠᠭᠠᠯᠠᠭ᠎ᠠ ᠶᠢᠨ ᠨᠥᠮᠥᠷᠭᠡ ᠪᠤᠶᠤ ᠳᠤᠯᠠᠭᠠᠯᠠᠬᠤ ᠳ᠋ᠧᠩ ᠢ ᠬᠡᠷᠡᠭᠯᠡᠪᠡᠯ ᠳᠤᠯᠠᠭᠠᠨ ᠢ ᠬᠠᠮᠠᠭᠠᠯᠠᠬᠤ ᠦᠢᠯᠡᠳᠦᠯ ᠢ ᠮᠡᠳᠡᠭᠳᠡᠮ᠎ᠡ ᠳᠡᠭᠡᠭᠰᠢᠯᠡᠭᠦᠯᠵᠦ᠂ ᠬᠦᠢᠲᠡᠨ ᠠᠴᠠ ᠪᠣᠯᠤᠭᠰᠠᠨ ᠰᠡᠷᠡᠯᠵᠢᠯ ᠪᠠ ᠡᠪᠡᠳᠴᠢᠨ ᠢ ᠪᠠᠭᠠᠰᠬᠠᠬᠤ ᠳᠤ ᠲᠤᠰᠠᠲᠠᠢ᠂ 3~4 ᠭᠠᠷᠠᠭ ᠠᠴᠠ ᠳᠣᠷᠣᠭᠰᠢᠬᠢ ᠲᠤᠭᠤᠯ ᠳᠤ ᠠᠪᠴᠤ ᠬᠡᠯᠡᠪᠡᠯ ᠨᠡᠩ ᠴᠢᠬᠤᠯᠠ ᠪᠠᠶᠢᠳᠠᠭ᠃      5.3 ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠭᠡᠳ ᠡᠭᠡᠯᠢᠯᠡᠭᠡ ᠶᠢᠨ ᠬᠠᠮᠢᠶᠠᠷᠤᠯᠲᠠ      ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠪᠠ ᠡᠭᠡᠯᠢᠯᠡᠭᠡ ᠶᠢᠨ ᠬᠠᠮᠢᠶᠠᠷᠤᠯᠲᠠ ᠪᠣᠯ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠡᠳᠦᠷ ᠪᠦᠷᠢ ᠲᠤᠭᠤᠯ ᠤᠨ ᠢᠳᠡᠭᠡᠨ ᠤ ᠳᠤᠷᠠᠰᠢᠯ᠂ ᠴᠤᠭ ᠰᠦᠯᠳᠡ ᠶᠢᠨ ᠪᠠᠶᠢᠳᠠᠯ ᠵᠢᠴᠢ ᠪᠠᠭᠠᠰᠤ ᠰᠢᠭᠡᠰᠦᠨ ᠤ ᠪᠠᠶᠢᠳᠠᠯ ᠢ ᠪᠠᠶᠢᠴᠠᠭᠠᠵᠤ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠡᠭᠡᠯᠢᠯᠡᠭᠡ ᠶᠢᠨ ᠲᠥᠯᠥᠪᠯᠡᠭᠡ ᠶᠢ ᠴᠢᠩᠭ᠎ᠠ ᠵᠢᠷᠤᠮᠯᠠᠨ ᠸᠠᠺᠼᠢᠨ ᠤ ᠲᠠᠷᠢᠯᠭ᠎ᠠ ᠬᠢᠵᠦ᠂ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠨᠢ ᠨᠡᠮᠡᠭᠳᠡᠭᠦᠯᠦᠨ᠎ᠡ᠃      5.4 ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ      ᠴᠠᠰᠤ ᠰᠢᠭᠤᠷᠭ᠎ᠠ᠂ ᠴᠠᠬᠢᠯᠭᠠᠨ ᠵᠣᠭᠰᠣᠬᠤ ᠵᠡᠷᠭᠡ ᠭᠡᠨᠡᠳᠲᠡ ᠶᠢᠨ ᠬᠡᠷᠡᠭ ᠲᠤ ᠴᠢᠭᠯᠡᠭᠦᠯᠦᠨ᠂ ᠲᠡᠵᠢᠭᠡᠯ ᠪᠣᠷᠳᠤᠭ᠎ᠠ᠂ ᠳᠡᠪᠢᠰᠬᠦ ᠦᠵᠢᠯ ᠡᠪᠡᠰᠦ ᠪᠠ ᠪᠠᠴᠢᠮ ᠪᠠᠶᠢᠳᠠᠯ ᠢ ᠠᠷᠭᠠᠴᠠᠬᠤ ᠳᠤᠯᠠᠭᠠᠯᠠᠭ᠎ᠠ ᠶᠢᠨ ᠲᠥᠬᠦᠭᠡᠷᠦᠮᠵᠢ ᠶᠢ ᠤᠷᠢᠳᠴᠢᠯᠠᠨ ᠪᠡᠯᠡᠳᠬᠡᠵᠦ᠂ ᠮᠠᠭᠤ ᠴᠠᠭ ᠠᠭᠤᠷ ᠤᠨ ᠨᠥᠬᠦᠴᠡᠯ ᠳᠣᠣᠷ᠎ᠠ ᠲᠤᠭᠤᠯ ᠤᠨ ᠠᠮᠤᠷ ᠲᠦᠪᠰᠢᠨ ᠪᠠ ᠡᠷᠡᠭᠦᠯ ᠮᠡᠨᠳᠦ ᠶᠢ ᠬᠠᠮᠠᠭᠠᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃      6. ᠳ᠋ᠦᠩᠨᠡᠯᠲᠡ ᠪᠠ ᠪᠠᠷᠠᠭᠠᠯᠠᠯ      ᠰᠢᠨᠵᠢᠯᠡᠬᠦ ᠤᠬᠠᠭᠠᠨᠴᠢ ᠪᠠᠷ ᠡᠪᠦᠯᠵᠢᠭᠦᠯᠬᠦ ᠬᠠᠮᠢᠶᠠᠷᠤᠯᠲᠠ ᠶᠢᠨ ᠮᠡᠷᠭᠡᠵᠢᠯ ᠪᠣᠯ ᠲᠤᠭᠤᠯ ᠤᠨ ᠡᠷᠡᠭᠦᠯ ᠢᠶᠠᠷ ᠦᠰᠦᠨ ᠪᠣᠶᠢᠵᠢᠬᠤ ᠶᠢ ᠪᠠᠲᠤᠯᠠᠬᠤ ᠰᠠᠭᠤᠷᠢ ᠪᠣᠯᠣᠨ᠎ᠠ᠃ ᠲᠣᠰ ᠵᠢᠭᠠᠯᠲᠠ ᠳᠤ ᠬᠠᠬᠢᠷ ᠬᠦᠢᠲᠡᠨ ᠭᠠᠵᠠᠷ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠰᠢᠨ᠎ᠡ ᠲᠤᠭᠤᠯ ᠲᠡᠵᠢᠭᠡᠬᠦ ᠠᠴᠠ ᠰᠦ ᠠᠴᠠ  ᠨᠢ ᠵᠣᠭᠰᠣᠭᠠᠬᠤ ᠬᠦᠷᠲᠡᠯᠡᠬᠢ ᠱᠠᠲᠤᠨ ᠤ ᠠᠷᠠᠴᠢᠯᠠᠵᠤ ᠲᠡᠵᠢᠭᠡᠬᠦ ᠬᠠᠮᠢᠶᠠᠷᠤᠯᠲᠠ᠂ ᠳᠤᠯᠠᠭᠠᠨ ᠢ ᠬᠠᠮᠠᠭᠠᠯᠠᠬᠤ ᠠᠷᠭ᠎ᠠ ᠬᠡᠮᠵᠢᠶ᠎ᠡ᠂ ᠡᠷᠡᠭᠦᠯ ᠮᠡᠨᠳᠦ ᠶᠢᠨ ᠬᠠᠮᠢᠶᠠᠷᠤᠯᠲᠠ ᠵᠢᠴᠢ ᠡᠪᠡᠳᠴᠢᠨ ᠡᠮᠭᠡᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠢᠰᠲ᠋ᠧᠮ ᠲᠠᠢ ᠳ᠋ᠦᠩᠨᠡᠵᠦ᠂ ᠬᠡᠷᠡᠭᠵᠢᠭᠦᠯᠬᠦ ᠴᠢᠨᠠᠷ ᠢᠶᠠᠷ ᠴᠢᠩᠭ᠎ᠠ ᠪᠠᠶᠢᠵᠤ᠂ ᠳᠤᠮᠳᠠ ᠵᠢᠵᠢᠭ ᠬᠡᠯᠪᠡᠷᠢ ᠶᠢᠨ ᠲᠡᠵᠢᠭᠡᠨ ᠦᠷᠡᠵᠢᠭᠦᠯᠬᠦ ᠡᠷᠦᠬᠡ ᠪᠠ ᠬᠡᠪᠴᠢᠶᠡᠵᠢᠭᠦᠯᠦᠭᠰᠡᠨ ᠦᠬᠡᠷ ᠤᠨ ᠲᠠᠯᠠᠪᠠᠶ ᠳᠤ ᠴᠥᠮ ᠲᠣᠬᠢᠷᠠᠨ᠎ᠠ᠃ ᠲᠣᠰ ᠵᠢᠭᠠᠯᠲᠠ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠶᠢ ᠵᠦᠢ ᠵᠣᠬᠢᠰᠲᠠᠢ ᠬᠡᠷᠡᠭᠯᠡᠬᠦ ᠨᠢ ᠬᠠᠬᠢᠷ ᠬᠦᠢᠲᠡᠨ ᠠᠭᠤᠷ ᠠᠮᠢᠰᠬᠤᠯ ᠠᠴᠠ ᠪᠣᠯᠤᠭᠰᠠᠨ ᠠᠵᠤ ᠠᠬᠤᠢ ᠶᠢᠨ ᠬᠤᠬᠢᠷᠠᠯ ᠢ ᠪᠠᠭᠠᠰᠬᠠᠬᠤ ᠳᠤ ᠠᠰᠢᠭᠲᠠᠢ ᠪᠥᠭᠡᠳ ᠡᠷᠡᠭᠦᠯ ᠴᠢᠭᠢᠷᠠᠭ᠂ ᠥᠨᠳᠥᠷ ᠪᠦᠲᠦᠮᠵᠢᠲᠡᠶ᠂ ᠦᠷᠬᠦᠯᠵᠢᠯᠡᠬᠦᠶᠢᠴᠡ ᠠᠯᠠᠰᠢᠨ ᠦᠬᠡᠷ ᠲᠡᠵᠢᠭᠡᠨ ᠦᠷᠡᠵᠢᠭᠦᠯᠬᠦ ᠳᠤ ᠬᠦᠴᠦᠲᠡᠢ ᠳᠡᠮᠵᠢᠯᠭᠡ ᠬᠠᠩᠭᠠᠨ᠎ᠠ᠃
 
ᠢᠷᠡᠯᠲᠡ᠄ ᠲᠦᠩᠯᠢᠶᠣᠣ ᠬᠤᠲᠠ ᠶᠢᠨ ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠨ ᠬᠢᠵᠠᠭᠠᠷᠯᠠᠬᠤ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号