ᠬᠦᠬᠡᠬᠤᠲᠠ ᠶᠢᠨ ᠠᠩᠬᠠᠳᠠᠭᠴᠢ ᠰᠠᠭᠠᠯᠢ ᠶᠢᠨ ᠢᠮᠠᠭᠠᠨ ᠤ ᠭᠤᠣᠯ ᠡᠭᠦᠯᠳᠡᠷ ᠪᠣᠶᠢᠵᠢᠭᠤᠯᠬᠤ ᠲᠠᠯᠠᠪᠠᠢ ᠠᠮᠵᠢᠯᠲᠠ ᠲᠠᠢ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2025/2/14
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠠᠯᠢ ᠶᠢᠨ ᠦᠨᠢᠶ᠎ᠡ ︵ᠰᠠᠭᠠᠯᠢ ᠶᠢᠨ ᠢᠮᠠᠭ᠎ᠠ︶ ᠶᠢᠨ ᠭᠤᠣᠯ ᠡᠭᠦᠯᠳᠡᠷ ᠪᠣᠶᠢᠵᠢᠭᠤᠯᠬᠤ ᠲᠠᠯᠠᠪᠠᠶ ᠶᠢ ᠡᠭᠦᠳᠦᠨ ᠪᠠᠶᠢᠭᠤᠯᠤᠭᠰᠠᠨ ᠦᠷ᠎ᠡ ᠳ᠋ᠦᠩ ᠤᠨ ᠲᠤᠬᠠᠢ ᠠᠯᠪᠠᠨ ᠵᠠᠷ︾ ᠢ ᠨᠡᠶᠢᠲᠡᠯᠡᠵᠦ᠂ ᠬᠦᠬᠡᠬᠤᠲᠠ ᠶᠢᠨ ᠲᠣᠭᠲᠠᠬᠤ ᠰᠢᠶᠠᠨ ᠤ ᠥᠪᠥᠷ ᠮᠣᠩᠭᠤᠯ ᠤᠨ ᠳ᠋ᠧ ᠶᠠᠩ ᠬᠦᠶ ᠷᠦ ᠪᠦᠯᠦᠭᠯᠡᠯ ᠤᠨ ᠬᠢᠵᠠᠭᠠᠷᠲᠤ ᠺᠣᠮᠫᠠᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠰᠠᠭᠠᠯᠢ ᠶᠢᠨ ᠢᠮᠠᠭᠠᠨ ᠤ ᠭᠤᠣᠯ ᠡᠭᠦᠯᠳᠡᠷ ᠪᠣᠶᠢᠵᠢᠭᠤᠯᠬᠤ ᠲᠠᠯᠠᠪᠠᠶ ᠶᠢ ᠠᠮᠵᠢᠯᠲᠠ ᠲᠠᠢ ᠡᠭᠦᠳᠦᠨ ᠪᠠᠶᠢᠭᠤᠯᠪᠠ᠃      ᠡᠨᠡ ᠪᠣᠯ ᠬᠦᠬᠡᠬᠤᠲᠠ ᠶᠢᠨ ᠠᠩᠬᠠᠳᠠᠭᠴᠢ ᠰᠠᠭᠠᠯᠢ ᠶᠢᠨ ᠢᠮᠠᠭᠠᠨ ᠤ ᠡᠭᠦᠯᠳᠡᠷ ᠪᠣᠶᠢᠵᠢᠭᠤᠯᠬᠤ ᠭᠤᠣᠯ ᠲᠠᠯᠠᠪᠠᠶ ᠪᠣᠯᠣᠨ᠎ᠠ᠂ ᠡᠨᠡ ᠨᠢ ᠬᠦᠬᠡᠬᠤᠳᠠ ᠳᠤ ᠤᠷᠤᠨ ᠤ  ᠳᠡᠰ ᠤᠨ ᠰᠠᠭᠠᠯᠢ ᠶᠢᠨ ᠢᠮᠠᠭᠠᠨ ᠤ ᠡᠭᠦᠯᠳᠡᠷ ᠪᠣᠶᠢᠵᠢᠭᠤᠯᠬᠤ ᠭᠤᠣᠯ ᠲᠠᠯᠠᠪᠠᠶ ᠪᠠᠶᠢᠭ᠎ᠠ ᠦᠭᠡᠢ ᠪᠠᠶᠢᠭᠰᠠᠨ ᠬᠤᠭᠤᠰᠤᠨ ᠢ ᠨᠦᠬᠦᠪᠦᠷᠢᠯᠡᠪᠡ᠃ ᠰᠠᠭᠠᠯᠢ ᠶᠢᠨ ᠢᠮᠠᠭᠠᠨ ᠤ ᠡᠭᠦᠯᠳᠡᠷ ᠪᠣᠶᠢᠵᠢᠭᠤᠯᠬᠤ ᠭᠤᠣᠯ ᠲᠠᠯᠠᠪᠠᠶ ᠶᠢ ᠡᠭᠦᠳᠦᠨ ᠪᠠᠶᠢᠭᠤᠯᠬᠤ ᠪᠠᠷ ᠳᠠᠮᠵᠢᠭᠤᠯᠤᠨ᠂ ᠰᠠᠭᠠᠯᠢ ᠶᠢᠨ ᠢᠮᠠᠭᠠᠨ ᠤ ᠡᠭᠦᠯᠳᠡᠷ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠠᠭᠠᠯᠢ ᠶᠢᠨ ᠭᠠᠷᠤᠯᠲᠠ᠂ ᠰᠦᠨ ᠤ ᠦᠭᠡᠬᠦ ᠶᠢᠨ ᠨᠣᠷᠮ᠎ᠠ᠂ ᠡᠪᠡᠳᠴᠢᠨ ᠡᠰᠡᠷᠭᠦᠴᠡᠬᠦ ᠴᠢᠨᠠᠷ ᠵᠡᠷᠭᠡ ᠶᠢ ᠳᠡᠭᠡᠭᠰᠢᠯᠡᠭᠦᠯᠦᠨ᠂ ᠴᠢᠨᠠᠷ ᠰᠠᠶᠢᠲᠠᠢ ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠬᠦᠴᠦ ᠨᠡᠮᠡᠷᠢᠯᠡᠵᠦ᠂ ᠦᠢᠯᠡᠳᠬᠦᠨ ᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠦᠷᠭᠡᠳᠭᠡᠭᠰᠡᠨ ᠪᠠᠶᠢᠨ᠎ᠠ᠃      ︽ᠳᠤᠮᠳᠠᠳᠤ ᠤᠯᠤᠰ ᠤᠨ ᠰᠠᠭᠠᠯᠢ ᠶᠢᠨ ᠬᠤᠲᠠ︾ ᠪᠣᠯᠤᠭᠰᠠᠨ ᠤ ᠬᠤᠪᠢ ᠳᠤ᠂ ︽ᠪᠠᠰᠠ ᠨᠢᠭᠡ ᠴᠣᠮᠣ ᠰᠦ ᠨᠡᠮᠡᠬᠦ︾ ᠶᠢᠨ ᠲᠥᠯᠥᠭᠡ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠶᠢ ᠬᠥᠭᠵᠢᠭᠦᠯᠬᠦ ᠶᠢᠨ ᠬᠠᠮᠲᠤ ᠣᠨᠴᠠᠯᠢᠭᠲᠤ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠶᠢ ᠥᠨᠳᠥᠷ ᠡᠬᠢᠯᠡᠯᠲᠡ ᠲᠠᠢ ᠪᠠᠶᠢᠷᠢᠯᠠᠭᠤᠯᠪᠠ᠃ ᠣᠳᠣᠬᠠᠨ ᠳᠤ ᠬᠦᠬᠡᠬᠤᠲᠠ ᠶᠢᠨ ᠰᠠᠭᠠᠯᠢ ᠶᠢᠨ ᠢᠮᠠᠭ᠎ᠠ 7.3 ᠲᠦᠮᠡ ᠪᠠᠶᠢᠵᠤ᠂ ᠬᠡᠪᠴᠢᠶᠡᠵᠢᠭᠦᠯᠦᠭᠰᠡᠨ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠲᠠᠯᠠᠪᠠᠶ 13 ᠪᠠᠶᠢᠨ᠎ᠠ᠃ ᠴᠢᠩ ᠱᠦᠢ ᠾᠧ ᠰᠢᠶᠠᠨ ᠤ ᠶᠢᠦ ᠷᠠᠨ ᠮᠠᠯ ᠠᠵᠤ ᠠᠬᠤᠢ ᠶᠢᠨ 5 ᠲᠦᠮᠡᠨ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠬᠤᠷᠢᠨᠭᠡᠷ ᠰᠢᠶᠠᠨ ᠤ ᠱᠧᠩ ᠵᠢᠶᠠᠨ ᠪᠦᠯᠦᠭᠯᠡᠯ ᠤᠨ ᠪᠣᠬᠢᠷᠲᠤᠯ ᠦᠭᠡᠢ ᠨᠡᠭᠦᠷᠡᠰᠦᠳᠦᠷᠦᠭᠴᠢ ᠦᠭᠡᠢ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠵᠡᠷᠭᠡ ᠶᠢ ᠨᠢᠭᠡᠨᠲᠡ ᠪᠠᠶᠢᠭᠤᠯᠵᠤ᠂ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠶᠢ ᠪᠠᠷᠢᠮᠵᠢᠶᠠᠵᠢᠭᠤᠯᠵᠤ᠂ ᠣᠶᠤᠨᠵᠢᠭᠤᠯᠬᠤ ᠶᠢ ᠪᠡᠶᠡᠯᠡᠭᠦᠯᠪᠡ᠃ ᠲᠣᠰ ᠤᠳᠠᠭᠠᠨ ᠤ ᠰᠠᠭᠠᠯᠢ ᠶᠢᠨ ᠢᠮᠠᠭᠠᠨ ᠤ ᠭᠤᠣᠯ ᠡᠭᠦᠯᠳᠡᠷ ᠪᠣᠶᠢᠵᠢᠭᠤᠯᠬᠤ ᠲᠠᠯᠠᠪᠠᠶ ᠶᠢ ᠠᠮᠵᠢᠯᠲᠠ ᠲᠠᠢ ᠪᠠᠶᠢᠭᠤᠯᠤᠭᠰᠠᠨ ᠢᠶᠠᠷ ᠠᠵᠠ ᠲᠣᠬᠢᠶᠠᠯ ᠪᠣᠯᠭᠠᠵᠤ᠂ ᠬᠦᠬᠡᠬᠤᠲᠠ ᠰᠠᠭᠠᠯᠢ ᠶᠢᠨ ᠢᠮᠠᠭᠠᠨ ᠤ ᠠᠵᠤ ᠦᠢᠯᠡᠰ ᠢ ᠤᠯᠠᠮ ᠨᠢᠭᠡ ᠠᠯᠬᠤᠮ ᠬᠥᠭᠵᠢᠭᠦᠯᠵᠦ᠂ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ︽ᠳᠤᠮᠳᠠᠳᠤ ᠤᠯᠤᠰ ᠤᠨ ᠰᠠᠭᠠᠯᠢ ᠶᠢᠨ ᠬᠤᠲᠠ︾ ᠶᠢᠨ ᠲᠠᠰ ᠲᠡᠪᠰᠢᠯᠳᠡ ᠶᠢ ᠢᠳᠡᠪᠬᠢᠲᠡᠢ ᠪᠠᠷ ᠠᠬᠢᠭᠤᠯᠵᠤ ᠪᠤᠢ᠃
 
ᠢᠷᠡᠯᠲᠡ᠄ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号