ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ 2025 ᠣᠨ ᠤ 2 ᠰᠠᠷ᠎ᠠ ᠶᠢᠨ 14 ᠤ ᠡᠳᠦᠷ ᠤᠨ 18 ᠴᠠᠭ 00 ᠮᠢᠨᠦ᠋ᠲ ᠲᠤ ᠬᠠᠮᠲᠤᠷᠠᠨ | ᠲᠥᠬᠦᠭᠡᠷᠦᠮᠵᠢᠲᠦ ᠲᠠᠷᠢᠶᠠᠯᠠᠩ ᠤᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ ᠶᠢ | ᠮᠡᠳᠡᠭᠡᠯᠡᠪᠡ᠃ | 2 ᠳ᠋ᠤᠭᠠᠷ ᠰᠠᠷ᠎ᠠ ᠶᠢᠨ 15 ᠠᠴᠠ 17 ᠤ ᠡᠳᠦᠷ ᠪᠣᠯᠲᠠᠯ᠎ᠠ᠂ ᠨᠢᠭᠡ ᠤᠳᠠᠭᠠᠨ ᠤ ᠪᠠᠭᠤᠷᠠᠢ ᠬᠦᠢᠲᠡᠨ ᠠᠭᠤᠷ | ᠠᠮᠢᠰᠬᠤᠯ ᠮᠠᠨ ᠤ ᠣᠷᠣᠨ ᠢ ᠨᠥᠯᠥᠭᠡᠯᠡᠬᠦ ᠪᠣᠯᠣᠨ᠎ᠠ᠃ ᠳᠤᠮᠳᠠ ᠪᠠ ᠵᠡᠭᠦᠨ ᠬᠡᠰᠡᠭ ᠤᠨ ᠶᠡᠬᠡᠩᠬᠢ ᠭᠠᠵᠠᠷ ᠣᠷᠣᠨ ᠤ | ᠠᠭᠠᠷ ᠤᠨ ᠳᠤᠯᠠᠭᠠᠨ 4—6℃ ᠳᠣᠷᠣᠭᠰᠢᠯᠠᠨ᠎ᠠ᠂ ᠡᠭᠦᠨ ᠳᠤ᠂ ᠳᠤᠮᠳᠠ ᠬᠡᠰᠡᠭ ᠤᠨ ᠵᠡᠭᠦᠨ ᠬᠤᠶᠢᠲᠤ ᠪᠠ ᠵᠡᠭᠦᠨ | ᠬᠡᠰᠡᠭ ᠤᠨ ᠪᠠᠷᠠᠭᠤᠨ ᠪᠡᠶ᠎ᠡ ᠶᠢᠨ ᠭᠠᠵᠠᠷ ᠣᠷᠣᠨ ᠤ ᠠᠭᠠᠷ ᠤᠨ ᠳᠤᠯᠠᠭᠠᠨ 6—8℃ ᠳᠣᠷᠣᠭᠰᠢᠯᠠᠵᠤ᠂ ᠵᠡᠭᠦᠨ | ᠬᠤᠶᠢᠲᠤ ᠬᠡᠰᠡᠭ ᠤᠨ ᠪᠠᠷᠠᠭᠤᠨ ᠪᠡᠶ᠎ᠡ ᠶᠢᠨ ᠬᠡᠰᠡᠭ ᠭᠠᠵᠠᠷ ᠤᠨ ᠠᠭᠠᠷ ᠤᠨ ᠳᠤᠯᠠᠭᠠᠨ 8—10℃ | ᠳᠣᠷᠣᠭᠰᠢᠯᠠᠨ᠎ᠠ︔ 14 ᠠᠴᠠ 16 ᠤ ᠡᠳᠦᠷ ᠪᠣᠯᠲᠠᠯ᠎ᠠ ᠪᠥᠬᠦ ᠣᠷᠣᠨ ᠤ ᠶᠡᠬᠡᠩᠬᠢ ᠭᠠᠵᠠᠷ ᠣᠷᠣᠨ ᠳᠤ 4᠂ 5 | ᠲᠠᠰ ᠤᠨ᠂ ᠣᠬᠤᠷ ᠴᠠᠭ ᠲᠤ 6᠂ 7 ᠲᠠᠰ ᠤᠨ ᠪᠠᠷᠠᠭᠤᠨ ᠤ ᠰᠠᠯᠬᠢ ᠪᠤᠶᠤ ᠪᠠᠷᠠᠭᠤᠨ ᠬᠤᠶᠢᠲᠤ ᠶᠢᠨ ᠰᠠᠯᠬᠢ | ᠰᠠᠯᠬᠢᠯᠠᠵᠤ᠂ ᠬᠡᠰᠡᠭ ᠭᠠᠵᠠᠷ ᠲᠤ 8 ᠲᠠᠰ ᠠᠴᠠ ᠳᠡᠭᠡᠭᠰᠢ ᠬᠦᠷᠦᠨ᠎ᠡ᠃ | ᠣᠶᠤᠨᠲᠤ ᠰᠦᠯᠵᠢᠶᠡᠨ ᠤ ᠤᠷᠢᠳᠴᠢᠯᠠᠨ ᠮᠡᠳᠡᠭᠡᠯᠡᠬᠦ ᠲᠤᠭ᠎ᠠ ᠪᠠᠷᠢᠮᠲᠠ ᠶᠢ ᠦᠨᠳᠦᠰᠦᠯᠡᠵᠦ᠂ | ᠲᠥᠬᠦᠭᠡᠷᠦᠮᠵᠢᠲᠦ ᠲᠠᠷᠢᠶᠠᠯᠠᠩ ᠤᠨ ᠬᠦᠢᠲᠡᠨ ᠤ ᠭᠠᠮᠰᠢᠭ᠂ ᠰᠠᠯᠬᠢᠨ ᠤ ᠭᠠᠮᠰᠢᠭ ᠤᠨ ᠭᠦᠢᠴᠡᠳᠬᠡᠯ ᠲᠤᠭ᠎ᠠ ᠲᠠᠢ | ᠤᠶᠠᠯᠳᠤᠭᠤᠯᠪᠠᠯ᠂ 15 ᠠᠴᠠ 17 ᠤ ᠡᠳᠦᠷ ᠪᠣᠯᠲᠠᠯ᠎ᠠ᠂ ᠬᠥᠯᠥᠨ ᠪᠤᠶᠢᠷ ᠬᠤᠲᠠ ᠶᠢᠨ ᠪᠠᠷᠠᠭᠤᠨ ᠬᠡᠰᠡᠭ ᠵᠢᠴᠢ | ᠳᠤᠮᠳᠠ ᠬᠡᠰᠡᠭ ᠤᠨ ᠶᠡᠬᠡᠩᠬᠢ ᠭᠠᠵᠠᠷ ᠣᠷᠣᠨ᠂ ᠬᠢᠩᠭᠠᠨ ᠠᠶᠢᠮᠠᠭ ᠤᠨ ᠶᠡᠬᠡᠩᠬᠢ ᠭᠠᠵᠠᠷ ᠣᠷᠣᠨ᠂ ᠲᠦᠩᠯᠢᠶᠣᠣ | ᠬᠤᠲᠠ ᠶᠢᠨ ᠬᠤᠶᠢᠲᠤ ᠬᠡᠰᠡᠭ ᠤᠨ ᠬᠡᠰᠡᠭ ᠭᠠᠵᠠᠷ ᠣᠷᠣᠨ᠂ ᠤᠯᠠᠭᠠᠨᠬᠠᠳᠠ ᠬᠤᠲᠠ ᠶᠢᠨ ᠳᠤᠮᠳᠠ ᠬᠡᠰᠡᠭ ᠤᠨ | ᠪᠠᠷᠠᠭᠤᠨ ᠪᠡᠶ᠎ᠡ ᠶᠢᠨ ᠭᠠᠵᠠᠷ ᠣᠷᠣᠨ᠂ ᠪᠤᠭᠤᠲᠤ ᠬᠤᠲᠠ ᠶᠢᠨ ᠡᠮᠦᠨᠡᠭᠦᠷᠬᠢ ᠬᠡᠰᠡᠭ ᠭᠠᠵᠠᠷ ᠣᠷᠣᠨ᠂ ᠪᠠᠶᠠᠨᠨᠠᠭᠤᠷ | ᠬᠤᠲᠠ ᠶᠢᠨ ᠡᠮᠦᠨᠡᠭᠦᠷᠬᠢ ᠬᠡᠰᠡᠭ ᠭᠠᠵᠠᠷ ᠣᠷᠣᠨ᠂ ᠣᠷᠳᠣᠰ ᠬᠤᠲᠠ ᠵᠢᠴᠢ ᠠᠯᠠᠱᠠ ᠠᠶᠢᠮᠠᠭ ᠤᠨ ᠬᠡᠰᠡᠭ ᠭᠠᠵᠠᠷ | ᠣᠷᠣᠨ ᠪᠣᠯ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠤ ᠭᠠᠮᠰᠢᠭ ᠤᠨ ᠳᠣᠣᠷ᠎ᠠ ᠵᠡᠷᠭᠡ ᠶᠢᠨ | ᠪᠤᠶᠤ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ︔ ᠬᠥᠯᠥᠨ ᠪᠤᠶᠢᠷ ᠬᠤᠲᠠ ᠶᠢᠨ ᠳᠤᠮᠳᠠ | ᠬᠡᠰᠡᠭ ᠤᠨ ᠬᠤᠶᠢᠭᠤᠷᠬᠢ ᠵᠢᠴᠢ ᠪᠠᠷᠠᠭᠤᠨ ᠡᠮᠦᠨᠡᠲᠦ ᠬᠡᠰᠡᠭ ᠤᠨ ᠬᠡᠰᠡᠭ ᠭᠠᠵᠠᠷ ᠣᠷᠣᠨ᠂ ᠰᠢᠯᠢ ᠶᠢᠨ ᠭᠤᠣᠯ | ᠠᠶᠢᠮᠠᠭ ᠤᠨ ᠵᠡᠭᠦᠨ ᠬᠤᠶᠢᠲᠤ ᠬᠡᠰᠡᠭ ᠵᠢᠴᠢ ᠡᠮᠦᠨᠡᠭᠦᠷᠬᠢ ᠬᠡᠰᠡᠭ ᠭᠠᠵᠠᠷ ᠣᠷᠣᠨ᠂ ᠤᠯᠠᠭᠠᠨᠴᠠᠪ ᠬᠤᠲᠠ ᠶᠢᠨ | ᠡᠮᠦᠨ᠎ᠡ ᠬᠡᠰᠡᠭ᠂ ᠪᠤᠭᠤᠲᠤ ᠬᠤᠲᠠ ᠶᠢᠨ ᠡᠮᠦᠨ᠎ᠡ ᠬᠡᠰᠡᠭ᠂ ᠬᠥᠬᠡᠬᠤᠲᠠ ᠶᠢᠨ ᠶᠡᠬᠡᠩᠬᠢ ᠬᠡᠰᠡᠭ ᠭᠠᠵᠠᠷ ᠣᠷᠣᠨ᠂ | ᠪᠠᠶᠠᠨᠨᠠᠭᠤᠷ ᠬᠤᠲᠠ ᠶᠢᠨ ᠵᠡᠭᠦᠨ ᠡᠮᠦᠨᠡᠲᠦ ᠬᠡᠰᠡᠭ ᠤᠨ ᠬᠡᠰᠡᠭ ᠭᠠᠵᠠᠷ ᠣᠷᠣᠨ ᠵᠢᠴᠢ ᠣᠷᠳᠣᠰ ᠬᠤᠲᠠ ᠶᠢᠨ ᠬᠡᠰᠡᠭ | ᠭᠠᠵᠠᠷ ᠣᠷᠣᠨ ᠪᠣᠯ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠤ ᠭᠠᠮᠰᠢᠭ ᠤᠨ ᠥᠨᠳᠥᠷ | ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ ︵ᠵᠢᠷᠤᠭ 1︶᠃ 15 ᠠᠴᠠ17 ᠤ ᠡᠳᠦᠷ ᠬᠥᠯᠥᠨ ᠪᠤᠶᠢᠷ | ᠬᠤᠲᠠ ᠶᠢᠨ ᠳᠤᠮᠳᠠ ᠬᠡᠰᠡᠭ ᠵᠢᠴᠢ ᠪᠠᠷᠠᠭᠤᠨ ᠬᠡᠰᠡᠭ ᠤᠨ ᠬᠡᠰᠡᠭ ᠭᠠᠵᠠᠷ ᠣᠷᠣᠨ᠂ ᠬᠢᠩᠭᠠᠨ ᠠᠶᠢᠮᠠᠭ ᠤᠨ ᠪᠠᠷᠠᠭᠤᠨ | ᠬᠡᠰᠡᠭ ᠵᠢᠴᠢ ᠡᠮᠦᠨᠡᠲᠦ ᠬᠡᠰᠡᠭ ᠤᠨ ᠶᠡᠬᠡᠩᠬᠢ ᠬᠡᠰᠡᠭ᠂ ᠲᠦᠩᠯᠢᠶᠣᠣ ᠬᠤᠲᠠ ᠶᠢᠨ ᠶᠡᠬᠡᠩᠬᠢ ᠬᠡᠰᠡᠭ᠂ ᠤᠯᠠᠭᠠᠨᠬᠠᠳᠠ | ᠬᠤᠲᠠ ᠶᠢᠨ ᠶᠡᠬᠡᠩᠬᠢ ᠬᠡᠰᠡᠭ᠂ ᠰᠢᠯᠢ ᠶᠢᠨ ᠭᠤᠣᠯ ᠠᠶᠢᠮᠠᠭ ᠤᠨ ᠵᠡᠭᠦᠨ ᠬᠤᠶᠢᠲᠤ ᠬᠡᠰᠡᠭ ᠵᠢᠴᠢ ᠡᠮᠦᠨᠡᠭᠦᠷᠬᠢ ᠬᠡᠰᠡᠭ | ᠭᠠᠵᠠᠷ ᠣᠷᠣᠨ᠂ ᠤᠯᠠᠭᠠᠨᠴᠠᠪ ᠬᠤᠲᠠ ᠶᠢᠨ ᠡᠮᠦᠨᠡᠲᠦ ᠬᠡᠰᠡᠭ᠂ ᠪᠤᠭᠤᠲᠤ ᠬᠤᠲᠠ ᠶᠢᠨ ᠳᠤᠮᠳᠠ ᠬᠡᠰᠡᠭ ᠤᠨ ᠬᠡᠰᠡᠭ | ᠭᠠᠵᠠᠷ ᠣᠷᠣᠨ᠂ ᠣᠷᠳᠣᠰ ᠬᠤᠲᠠ ᠶᠢᠨ ᠵᠡᠭᠦᠨ ᠬᠡᠰᠡᠭ ᠵᠢᠴᠢ ᠳᠤᠮᠳᠠ ᠬᠡᠰᠡᠭ ᠤᠨ ᠬᠡᠰᠡᠭ ᠭᠠᠵᠠᠷ ᠣᠷᠣᠨ ᠪᠣᠯ | ᠲᠥᠬᠦᠭᠡᠷᠦᠮᠵᠢᠲᠦ ᠲᠠᠷᠢᠶᠠᠯᠠᠩ ᠤᠨ ᠰᠠᠯᠬᠢᠨ ᠤ ᠭᠠᠮᠰᠢᠭ ᠤᠨ ᠳᠣᠣᠷ᠎ᠠ ᠵᠡᠷᠭᠡ ᠶᠢᠨ ᠪᠤᠶᠤ ᠳᠤᠮᠳᠠ ᠵᠡᠷᠭᠡ ᠶᠢᠨ | ᠲᠦᠭᠰᠢᠭᠦᠷᠢᠲᠡᠢ ᠭᠠᠵᠠᠷ ᠣᠷᠣᠨ ᠪᠣᠯᠣᠨ᠎ᠠ ︵ᠵᠢᠷᠤᠭ 2︶᠃ ᠳᠤᠯᠠᠭᠠᠨ ᠤ ᠬᠡᠮᠵᠢᠶ᠎ᠡ ᠪᠠᠭᠤᠷᠠᠬᠤ ᠶᠠᠪᠤᠴᠠ ᠨᠢ ᠫᠧᠩ | ᠳᠣᠲᠣᠷᠠᠬᠢ ᠳᠤᠯᠠᠭᠠᠨ ᠤ ᠬᠡᠮᠵᠢᠶ᠎ᠡ ᠶᠢ ᠠᠮᠠᠷᠬᠠᠨ ᠪᠠᠭᠤᠷᠠᠭᠤᠯᠵᠤ᠂ ᠲᠠᠷᠢᠮᠠᠯ ᠤᠨ ᠤᠷᠭᠤᠯᠲᠠ ᠶᠢᠨ ᠠᠬᠢᠴᠠ ᠶᠢ | ᠤᠳᠠᠭᠠᠰᠢᠷᠠᠭᠤᠯᠤᠨ᠂ ᠲᠤᠶᠢᠯ ᠤᠨ ᠳᠣᠣᠷ᠎ᠠ ᠳᠤᠯᠠᠭᠠᠨ ᠳᠤ ᠲᠠᠷᠢᠮᠠᠯ ᠤᠨ ᠬᠥᠯᠳᠡᠬᠦ ᠭᠠᠮᠰᠢᠭ ᠢ ᠪᠣᠶ ᠪᠣᠯᠭᠠᠨ᠎ᠠ︔ ᠶᠡᠭᠡ | ᠰᠠᠯᠬᠢ ᠲᠠᠢ ᠴᠠᠭ ᠠᠭᠤᠷ ᠨᠢ ᠫᠧᠩ ᠤᠨ ᠵᠢᠶᠠᠰᠠ ᠡᠪᠳᠡᠷᠡᠬᠦ᠂ ᠫᠧᠩ ᠤᠨ ᠪᠦᠷᠬᠦᠪᠴᠢ ᠤᠷᠠᠭᠳᠠᠬᠤ ᠵᠡᠷᠭᠡ | ᠲᠥᠬᠦᠭᠡᠷᠦᠮᠵᠢᠲᠦ ᠲᠠᠷᠢᠶᠠᠯᠠᠩ ᠤᠨ ᠲᠥᠬᠦᠭᠡᠷᠦᠮᠵᠢ ᠶᠢ ᠠᠮᠠᠷᠬᠠᠨ ᠡᠪᠳᠡᠳᠡᠭ᠃ | ᠰᠡᠷᠭᠡᠶᠢᠯᠡᠬᠦ ᠠᠷᠭ᠎ᠠ ᠪᠣᠳᠣᠯᠭ᠎ᠠ᠄ ᠨᠢᠭᠡ ᠳᠤ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ | ᠪᠠᠶᠢᠴᠠᠭᠠᠬᠤ ᠶᠢ ᠴᠢᠩᠭᠠᠳᠬᠠᠨ᠎ᠠ᠃ ᠲᠥᠬᠦᠭᠡᠷᠦᠮᠵᠢᠲᠦ ᠳᠤᠯᠠᠭᠠᠨ ᠫᠧᠩ ᠤᠨ ᠴᠠᠬᠢᠯᠭᠠᠨ ᠬᠡᠷᠡᠭᠯᠡᠬᠦ᠂ ᠰᠠᠯᠬᠢ | ᠬᠠᠯᠬᠠᠯᠠᠬᠤ᠂ ᠬᠦᠨᠳᠦ ᠶᠢ ᠳᠠᠭᠠᠭᠠᠬᠤ ᠵᠡᠷᠭᠡ ᠠᠮᠤᠷ ᠲᠦᠪᠰᠢᠨ ᠪᠤᠰᠤ ᠲᠠᠯᠳᠠ ᠭᠡᠮ ᠢ ᠵᠢᠭᠰᠠᠭᠠᠨ ᠪᠠᠶᠢᠴᠠᠭᠠᠬᠤ ᠶᠢ | ᠤᠷᠢᠳᠴᠢᠯᠠᠨ ᠰᠠᠶᠢᠲᠤᠷ ᠬᠢᠵᠦ᠂ ᠫᠧᠩ ᠤᠨ ᠵᠢᠶᠠᠰᠠ᠂ ᠬᠦᠯᠡᠮᠵᠢ ᠶᠢᠨ ᠬᠡᠷᠡᠮ᠂ ᠫᠧᠩ ᠤᠨ ᠪᠦᠷᠬᠦᠪᠴᠢ᠂ ᠬᠤᠯᠪᠣᠬᠤ | ᠬᠠᠪᠴᠢᠭᠤᠷ᠂ ᠪᠦᠷᠬᠦᠭᠦᠯ ᠳᠠᠷᠤᠬᠤ ᠳᠡᠭᠡᠰᠦ᠂ ᠭᠠᠳᠠᠷ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠵᠡᠷᠭᠡ ᠶᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠨ ᠪᠠᠬᠢᠯᠡᠵᠦ᠂ ᠶᠡᠭᠡ ᠰᠠᠯᠬᠢᠨ ᠠᠴᠠ ᠲᠥᠬᠦᠭᠡᠷᠦᠮᠵᠢ ᠶᠢᠨ ᠬᠡᠷᠡᠮ᠂ ᠶᠠᠰᠤᠨ | ᠵᠢᠶᠠᠰᠠ ᠶᠢᠨ ᠪᠦᠲᠦᠴᠡ᠂ ᠭᠠᠳᠠᠷ ᠲᠥᠬᠦᠭᠡᠷᠦᠮᠵᠢ ᠵᠡᠷᠭᠡ ᠳᠤ ᠬᠦᠨᠳᠦ ᠨᠣᠴᠢᠲᠠᠢ ᠬᠤᠬᠢᠷᠠᠯ ᠤᠴᠠᠷᠠᠭᠤᠯᠬᠤ ᠶᠢ | ᠰᠡᠷᠭᠡᠶᠢᠯᠡᠬᠦ ᠬᠡᠷᠡᠭᠲᠡᠢ᠃ ᠬᠤᠶᠠᠷ ᠲᠤ ᠬᠦᠢᠲᠡᠨ ᠢ ᠰᠡᠷᠭᠡᠶᠢᠯᠡᠵᠦ ᠳᠤᠯᠠᠭᠠᠨ ᠢ ᠬᠠᠮᠠᠭᠠᠯᠠᠬᠤ ᠠᠵᠢᠯ ᠢ ᠴᠢᠩᠭᠠᠳᠬᠠᠨ᠎ᠠ᠃ | ᠣᠯᠠᠨ ᠳᠠᠪᠬᠤᠷ ᠪᠦᠷᠬᠦᠭᠡᠰᠦ ᠪᠠᠷ ᠬᠦᠢᠲᠡᠨ ᠢ ᠰᠡᠷᠭᠡᠶᠢᠯᠡᠬᠦ ᠵᠡᠷᠭᠡ ᠠᠷᠭ᠎ᠠ ᠮᠠᠶ᠋ᠢᠭ ᠢ ᠠᠪᠴᠤ ᠫᠧᠩ ᠳᠣᠲᠣᠷᠠᠬᠢ | ᠢᠯᠴᠢ ᠶᠢᠨ ᠤᠷᠤᠰᠤᠭᠳᠠᠯ ᠢ ᠪᠠᠭᠠᠰᠬᠠᠵᠤ᠂ ᠫᠧᠩ ᠤᠨ ᠢᠯᠴᠢ ᠶᠢ ᠬᠠᠳᠠᠭᠠᠯᠠᠵᠤ ᠳᠤᠯᠠᠭᠠᠨ ᠢ ᠬᠠᠮᠠᠭᠠᠯᠠᠨ ᠬᠦᠢᠲᠡᠨ ᠢ | ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ︔ ᠬᠦᠢᠲᠡᠨ ᠤ ᠭᠠᠮᠰᠢᠭ ᠤᠨ ᠲᠦᠭᠰᠢᠭᠦᠷᠢ ᠶᠡᠬᠡᠲᠡᠢ ᠣᠷᠣᠨ ᠳᠤ ᠲᠦᠷ | ᠴᠠᠭ ᠳᠤᠯᠠᠭᠠᠨ ᠤ ᠬᠡᠮᠵᠢᠶ᠎ᠡ ᠶᠢ ᠨᠡᠮᠡᠭᠳᠡᠭᠦᠯᠬᠦ ᠠᠷᠭ᠎ᠠ ᠮᠠᠶ᠋ᠢᠭ ᠢᠶᠠᠷ ᠲᠠᠷᠢᠮᠠᠯ ᠤᠨ ᠬᠤᠬᠢᠷᠠᠯ ᠠᠴᠠ ᠵᠠᠶᠢᠯᠠᠰᠬᠢᠵᠦ | ᠪᠣᠯᠣᠨ᠎ᠠ᠃ | | | | | | ᠵᠢᠷᠤᠭ 1 2 ᠰᠠᠷ᠎ᠠ ᠶᠢᠨ 15 ᠠᠴᠠ 17 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ | ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ | ᠲᠠᠰ ᠤᠨ ᠲᠠᠷᠬᠠᠯᠲᠠ ᠶᠢᠨ ᠵᠢᠷᠤᠭ | | | | | | ᠵᠢᠷᠤᠭ 2 2 ᠰᠠᠷ᠎ᠠ ᠶᠢᠨ 15 ᠠᠴᠠ 17 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ | ᠲᠠᠷᠢᠶᠠᠯᠠᠩ ᠤᠨ ᠰᠠᠯᠬᠢᠨ ᠤ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠤᠨ | ᠲᠠᠷᠬᠠᠯᠲᠠ ᠶᠢᠨ ᠵᠢᠷᠤᠭ |