ᠮᠠᠨ ᠤ ᠣᠷᠣᠨ 2025 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/14
      2 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ 2025 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠪᠠ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠵᠢᠷᠭᠤᠭᠠᠨ ᠠᠵᠢᠯᠯᠠᠭ᠎ᠠ︾ ᠶᠢᠨ ᠲᠣᠭᠤᠷᠢᠨ ᠳᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠪᠠ ︽ᠳᠥᠷᠪᠡᠨ ᠵᠦᠢᠯ ᠤᠨ ᠠᠵᠢᠯᠯᠠᠭ᠎ᠠ︾ ᠳᠤ ᠠᠩᠬᠠᠷᠤᠯ ᠢᠶᠠᠨ ᠲᠥᠪᠯᠡᠷᠡᠭᠦᠯᠵᠦ᠂ 2024 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠠᠬᠢᠭᠤᠯᠤᠭᠰᠠᠨ ᠪᠠᠶᠢᠳᠠᠯ ᠢ ᠳ᠋ᠦᠩᠨᠡᠵᠦ᠂ 2025 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠵᠠᠢ᠃      ᠬᠤᠷᠠᠯ ᠢ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠬᠠᠶᠢᠱᠠᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ 2024 ᠣᠨ ᠤ ᠶᠡᠷᠦᠩᠬᠡᠢ ᠠᠬᠢᠴᠠ ᠶᠢᠨ ᠪᠠᠶᠢᠳᠠᠯ ᠪᠣᠯᠣᠨ 2025 ᠣᠨ ᠤ ᠠᠵᠢᠯ ᠤᠨ ᠲᠥᠯᠥᠪᠯᠡᠭᠡ ᠶᠢ ᠬᠠᠷᠢᠭᠤ ᠮᠡᠳᠡᠭᠦᠯᠵᠦ᠂ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠵᠤᠭᠠᠴᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠤᠰ ᠲᠤᠰ ᠡᠯ᠎ᠡ ᠬᠦᠷᠢᠶᠡᠨ ᠤ ᠠᠵᠢᠯ ᠢᠶᠠᠨ ᠬᠠᠷᠢᠭᠤ ᠮᠡᠳᠡᠭᠦᠯᠵᠡᠢ᠃      ᠬᠤᠷᠠᠯ ᠠᠴᠠ᠂ 2024 ᠣᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠵᠣᠬᠢᠴᠠᠭᠤᠯᠭ᠎ᠠ ᠳᠡᠮᠵᠢᠯᠭᠡ ᠪᠠᠷ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠣᠨ ᠤ ᠬᠠᠷᠠᠯᠲᠠ ᠡᠭᠦᠷᠭᠡ ᠶᠢ ᠴᠥᠮ ᠳᠠᠪᠠᠭᠤᠯᠤᠨ ᠪᠡᠶᠡᠯᠡᠭᠦᠯᠵᠦ᠂ ᠵᠢᠷᠭᠤᠭ᠎ᠠ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾  ᠶᠢ ᠦᠷᠭᠦᠯᠵᠢᠯᠡᠨ ᠥᠷᠭᠡᠳᠬᠡᠨ ᠲᠡᠰ ᠳᠡᠪᠰᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠨᠡᠩ ᠶᠡᠭᠡ ᠠᠬᠢᠴᠠ ᠲᠠᠢ ᠪᠣᠯᠵᠤ᠂ ᠡᠯ᠎ᠡ ᠵᠦᠢᠯ ᠤᠨ ᠠᠵᠢᠯ ᠰᠢᠨ᠎ᠡ ᠳᠡᠭᠲᠡᠷ ᠲᠤ ᠭᠠᠷᠴᠠᠢ ᠭᠡᠵᠦ ᠵᠢᠭᠠᠵᠤ ᠭᠠᠷᠭᠠᠵᠠᠢ᠃      ᠬᠤᠷᠠᠯ ᠠᠴᠠ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠪᠠᠷ ᠭᠤᠣᠯᠳᠠᠭᠤᠯᠵᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠣᠯᠣᠨ᠎ᠠ᠃ ᠡᠨᠡ ᠵᠢᠯ᠂ ᠥᠪᠡᠷᠲᠡᠭᠡᠨ ᠵᠠᠰᠠᠬᠤ ᠣᠷᠣᠨ ︽ᠵᠢᠷᠭᠤᠭᠠᠨ ᠠᠵᠢᠯᠯᠠᠭ᠎ᠠ︾ ᠶᠢ ᠬᠡᠷᠡᠭᠵᠢᠭᠦᠯᠦᠨ ᠥᠷᠨᠢᠭᠦᠯᠦᠨ᠎ᠡ᠂ ᠡᠭᠦᠨ ᠤ ᠳᠣᠲᠣᠷᠠᠬᠢ ᠨᠢᠭᠡ ᠨᠢ ᠳᠠᠷᠤᠢ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠪᠣᠯᠣᠨ᠎ᠠ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠣᠯ ᠲᠡᠭᠦᠨ ᠤ ᠳᠣᠲᠣᠷᠠᠬᠢ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠢᠲᠡᠭᠡᠯ ᠵᠣᠷᠢᠭ ᠲᠡᠭᠦᠯᠳᠡᠷ᠂ ᠡᠷᠡᠰ ᠵᠣᠷᠢᠭ ᠢᠶᠠᠨ ᠪᠠᠲᠤᠳᠬᠠᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠪᠦᠬᠦ ᠲᠠᠯ᠎ᠠ ᠪᠠᠷ᠂ ᠭᠦᠨ ᠳᠠᠪᠬᠤᠷᠭ᠎ᠠ ᠪᠠᠷ᠂ ᠥᠨᠳᠥᠷ ᠲᠦᠪᠰᠢᠨ ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃      ᠬᠤᠷᠠᠯ ᠠᠴᠠ᠂ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠳᠤ ᠲᠣᠭᠲᠠᠭᠠᠭᠰᠠᠨ ᠶᠡᠷᠦᠩᠬᠡᠢ ᠬᠠᠷᠠᠯᠲᠠ ᠶᠢᠨ ᠡᠭᠦᠷᠭᠡ ᠲᠠᠢ ᠬᠠᠷᠢᠴᠠᠭᠤᠯᠵᠤ᠂ ᠡᠯ᠎ᠡ ᠵᠦᠢᠯ ᠤᠨ ᠡᠭᠦᠷᠭᠡ ᠶᠢ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠵᠦ᠂ ᠲᠡᠭᠦᠰ ᠠᠮᠵᠢᠯᠲᠠ ᠲᠠᠢ ᠲᠡᠭᠦᠰᠬᠡᠬᠦ ᠶᠢ ᠪᠠᠲᠤᠯᠠᠬᠤ ᠬᠡᠷᠡᠭᠲᠡᠢ᠃ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠲᠠᠷᠠᠭᠠᠴᠢ ᠶᠢᠨ ᠠᠯᠬᠤᠮ ᠤᠨ ᠬᠠᠮᠲᠤᠷᠠᠯᠴᠠᠭᠠᠨ ᠤ ᠭᠤᠣᠯᠳᠠᠯᠭ᠎ᠠ ᠪᠠᠨ ᠤᠷᠢᠳᠴᠢᠯᠠᠨ ᠲᠥᠯᠥᠪᠯᠡᠵᠦ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠪᠠᠨ ᠲᠠᠰᠤᠷᠠᠯᠲᠠ ᠦᠭᠡᠢ ᠥᠷᠭᠡᠳᠬᠡᠨ᠂ ᠨᠠᠩ ᠣᠯᠠᠨ ᠳᠡᠭᠡᠭᠰᠢᠯᠡᠯᠲᠡ ᠶᠢ ᠠᠬᠢᠭᠤᠯᠬᠤ᠂ ᠠᠯᠤᠰ ᠬᠡᠲᠦ ᠳᠤ ᠠᠰᠢᠭᠲᠠᠢ᠂ ᠠᠷᠠᠳ ᠤᠨ ᠰᠡᠳᠬᠢᠯ ᠳᠤ ᠨᠡᠶᠢᠴᠡᠬᠦ ᠰᠠᠶᠢᠨ ᠲᠥᠷᠥᠯ ᠵᠦᠢᠯ ᠢ ᠪᠣᠳᠠᠲᠠᠢ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠵᠠᠢ᠃      ᠬᠤᠷᠠᠯ ᠠᠴᠠ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠣᠯ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠴᠢᠬᠤᠯᠠ ᠠᠭᠤᠯᠭ᠎ᠠ ᠪᠣᠯᠣᠨ᠎ᠠ᠂ ᠡᠯ᠎ᠡ ᠰᠠᠯᠠᠭ᠎ᠠ ᠮᠥᠴᠢᠷ ᠤᠨ ᠬᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠣᠨ ᠤ ᠶᠡᠷᠦᠩᠬᠡᠢ ᠲᠣᠬᠢᠷᠠᠭᠤᠯᠤᠯᠲᠠ ᠶᠣᠰᠣᠭᠠᠷ᠂ ᠣᠨ ᠤ ᠵᠥᠪᠯᠡᠯᠴᠡᠭᠡᠷ ᠤᠨ ᠡᠭᠦᠷᠭᠡ ᠶᠢ ᠱᠠᠯᠠᠪᠳᠠᠨ ᠲᠣᠭᠲᠠᠭᠠᠵᠤ᠂ ᠳᠦᠷᠦᠯ ᠵᠦᠢᠯ ᠤᠨ ᠡᠷᠲᠡ ᠠᠵᠢᠯ ᠡᠬᠢᠯᠡᠭᠦᠯᠬᠦ᠂ ᠡᠷᠲᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠣᠨᠴᠠᠯᠢᠭᠲᠤ ᠠᠵᠤ ᠦᠢᠯᠡᠰ ᠢ ᠳᠡᠭᠡᠭᠰᠢᠯᠡᠭᠦᠯᠬᠦ᠂ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ᠂ ᠬᠡᠷᠡᠭᠯᠡᠭᠡ ᠶᠢ ᠬᠠᠪᠰᠤᠷᠤᠨ ᠲᠡᠳᠬᠦᠵᠦ ᠣᠷᠣᠯᠭ᠎ᠠ ᠶᠢ ᠨᠡᠮᠡᠭᠳᠡᠭᠦᠯᠬᠦ᠂ ᠬᠥᠳᠡᠯᠮᠦᠷᠢ ᠦᠢᠯᠡᠴᠢᠯᠡᠭᠡ ᠶᠢᠨ ᠬᠠᠮᠵᠢᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ︽ᠲᠦᠷᠪᠡᠨ ᠵᠦᠢᠯ ᠤᠨ ᠠᠵᠢᠯᠯᠠᠭ᠎ᠠ︾  ᠶᠢ ᠦᠷᠭᠦᠯᠵᠢᠯᠡᠨ ᠰᠠᠶᠢᠲᠤᠷ ᠥᠷᠨᠢᠭᠦᠯᠬᠦ ᠬᠡᠷᠡᠭᠲᠡᠢ᠃ ᠠᠵᠢᠯ ᠤᠨ ᠬᠠᠮᠲᠤᠷᠠᠯ ᠤᠨ ᠬᠦᠴᠦᠨ ᠢ ᠤᠯᠠᠮ ᠴᠢᠨᠠᠭᠰᠢᠳᠠ ᠨᠢᠭᠲᠠᠷᠠᠭᠤᠯᠵᠤ᠂ ᠠᠵᠢᠯ ᠢᠶᠠᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠵᠤ᠂ ᠪᠦᠬᠦ ᠤᠯᠤᠰ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢᠨ ᠳᠤᠮᠳᠠ ᠦᠷᠭᠦᠯᠵᠢᠯᠡᠨ ᠲᠦᠷᠦᠭᠦᠯᠡᠵᠦ᠂ ᠦᠯᠢᠬᠡᠷ ᠳᠠᠭᠤᠷᠢᠶᠠᠯ ᠪᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号